ᠥᠪᠡᠷᠲᠡᠭᠡᠨ ᠵᠠᠰᠠᠬᠤ ᠣᠷᠣᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ  ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠬᠤᠷᠠᠯᠳᠤᠪᠠ ᠰᠦᠨ ᠱᠤᠤ ᠴᠧᠩ ᠳᠠᠶᠢᠴᠢᠯᠠᠨ ᠪᠠᠶᠢᠷᠢᠯᠠᠭᠤᠯᠵᠤ  ᠴᠧ ᠵᠢᠶᠦ᠋ᠨ ᠶᠠᠷᠢᠶ᠎ᠠ ᠲᠠᠯᠪᠢᠪᠠ ᠸᠠᠩ ᠯᠢ ᠰᠢᠶᠠ ᠬᠤᠷᠠᠯ ᠢ ᠡᠷᠭᠢᠯᠡᠵᠦ  ᠵᠠᠩ ᠶᠠᠨ ᠺᠦᠨ ᠣᠷᠣᠯᠴᠠᠵᠠᠢ
ᠨᠡᠶᠢᠲᠡᠯᠡᠭᠰᠡᠨ ᠴᠠᠭ᠄
2023/4/12
     4 ᠰᠠᠷ᠎ᠠ ᠶᠢᠨ 10  ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ  ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ  ᠭᠦᠭᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ  ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠦᠨ ᠱᠤᠤ ᠴᠧᠩ ᠳᠠᠶᠢᠴᠢᠯᠠᠨ ᠪᠠᠶᠢᠷᠢᠯᠠᠭᠤᠯᠬᠤ ᠶᠠᠷᠢᠶ᠎ᠠ ᠲᠠᠯᠪᠢᠵᠤ᠂ ᠰᠢ ᠶᠢᠨ  ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ  ᠰᠡᠳᠦᠪᠲᠦ ᠬᠥᠮᠦᠵᠢᠯ ᠤᠨ ᠲᠥᠪ ᠤᠨ ᠨᠢᠭᠡᠳᠦᠭᠡᠷ ᠵᠢᠯᠤᠭᠤᠳᠬᠤ ᠳᠤᠭᠤᠶᠢᠯᠠᠩ ᠤᠨ ᠳᠠᠷᠤᠭ᠎ᠠ ᠴᠧ ᠵᠢᠶᠦ᠋ᠨ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ  ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ  ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠲᠥᠪ ᠤᠨ ᠨᠢᠭᠡᠳᠦᠭᠡᠷ ᠵᠢᠯᠤᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠯᠢ ᠰᠢᠶᠣᠣ ᠰᠠᠨ  ᠬᠤᠷᠠᠯ ᠳᠤ ᠣᠷᠣᠯᠴᠠᠵᠠᠢ᠃
      ᠰᠦᠨ ᠱᠤᠤ ᠴᠧᠩ᠂ ᠰᠢᠶᠠᠨ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠢᠶᠠᠷ ᠭᠤᠣᠯᠳᠠᠯᠭ᠎ᠠ ᠪᠤᠯᠭᠠᠵᠤ ᠪᠦᠭᠦ ᠨᠠᠮ ᠤᠨ ᠳᠣᠲᠣᠷ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠬᠤ᠂ ᠪᠦᠭᠦ ᠨᠠᠮ ᠢ ᠲᠠᠶᠢᠴᠢᠯᠠᠨ ᠨᠠᠮ ᠤᠨ ᠭᠤᠣᠯ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠬᠦ ᠲᠠᠯ᠎ᠠ ᠠᠴᠠ ᠪᠣᠳᠣᠯᠬᠢᠯᠠᠵᠤ ᠲᠣᠭᠲᠠᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠮᠥᠨ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠠᠳᠬᠤᠬᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠲᠡᠦᠬᠡᠨ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠬᠠᠷᠠᠯᠲᠠ ᠡᠭᠦᠷᠭᠡ ᠪᠠᠨ ᠴᠢᠩᠭ᠎ᠠ ᠣᠨᠢᠯᠠᠵᠤ᠂ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠤᠨ ᠶᠠᠰᠤ ᠴᠢᠨᠠᠷ ᠪᠣᠯᠣᠨ ᠦᠷ᠎ᠡ ᠪᠦᠲᠦᠮᠵᠢ ᠶᠢ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ  ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾  ᠶᠢ ᠦᠢᠯᠡᠳᠦᠯᠭᠡᠵᠢᠭᠦᠯᠬᠦ ᠬᠡᠷᠡᠭᠲᠡᠢ ᠭᠡᠵᠦ ᠬᠡᠯᠡᠪᠡ᠃       ᠰᠦᠨ ᠱᠤᠤ ᠴᠧᠩ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠳᠤ ᠵᠠᠩᠭᠢᠯᠠᠭ᠎ᠠ ᠨᠢ ᠪᠣᠳᠠᠲᠤ ᠦᠷ᠎ᠡ ᠪᠦᠲᠦᠮᠵᠢ ᠶᠢ ᠡᠷᠭᠢᠮᠯᠡᠭᠦ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠵᠦ᠂ ᠭᠦᠭ ᠠᠶᠢᠵᠠᠮ ᠢ ᠡᠵᠡᠮᠳᠡᠵᠦ᠂ ᠭᠤᠣᠯᠳᠠᠯᠭ᠎ᠠ ᠲᠠᠢ ᠡᠭᠦᠷᠭᠡ ᠠᠷᠭ᠎ᠠ ᠬᠡᠮᠵᠢᠶ᠎ᠡ ᠶᠢ ᠭᠦᠨᠵᠡᠭᠡᠢ ᠠᠬᠢᠭᠤᠯᠤᠨ ᠪᠣᠳᠠᠲᠠᠶᠢᠵᠢᠭᠤᠯᠵᠤ᠂ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠠᠵᠢᠯ ᠢ ᠢᠳᠡ ᠭᠦᠭ ᠲᠠᠢ ᠥᠷᠨᠢᠭᠦᠯᠵᠦ᠂ ᠬᠦᠴᠦᠲᠡᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠨᠢᠭᠡ ᠳᠤ᠂ ᠤᠨᠤᠯ ᠤᠨ ᠰᠤᠷᠤᠯᠴᠠᠯᠭ᠎ᠠ ᠶᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠰᠤᠷᠤᠯᠴᠠᠬᠤ ᠰᠤᠷᠲᠠᠯ ᠢ ᠦᠨᠡᠨ ᠬᠦ ᠲᠥᠪ ᠴᠢᠬᠡᠴᠢ ᠪᠤᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠡᠳᠬᠢᠯ ᠲᠠᠯᠪᠢᠨ ᠰᠤᠷᠤᠯᠴᠠᠵᠤ᠂ ᠰᠢᠨᠵᠢᠯᠡᠬᠦ ᠤᠬᠠᠭᠠᠨᠴᠢ ᠰᠢᠰᠲ᠋ᠧᠮ᠂ ᠭᠤᠣᠯ ᠴᠢᠮᠦᠭᠡ ᠪᠤᠯᠬᠤ ᠴᠢᠬᠤᠯᠠ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠰᠢᠰᠲ᠋ᠧᠮ ᠲᠠᠢ ᠡᠵᠡᠮᠰᠢᠵᠦ᠂ ︽ᠦᠨᠡᠨ ᠶᠣᠰᠣᠨ ᠤ ᠦᠨᠦᠷ ᠠᠮᠲᠠ︾ ᠶᠢ ᠦᠨᠡᠨ ᠬᠦ ᠰᠤᠷᠤᠯᠴᠠᠨ ᠡᠵᠡᠮᠰᠢᠵᠦ᠂ ︽ᠠᠮᠢᠳᠤᠯᠢᠭ ᠰᠦᠭ ᠰᠦᠨᠡᠰᠦ︾ ᠶᠢ ᠨᠡᠪᠲᠡᠷᠡᠳᠡᠯ᠎ᠠ ᠣᠶᠢᠯᠠᠭᠠᠵᠤ᠂ ᠲᠡᠭᠦᠨ ᠢ ︽ᠥᠪᠡᠷ ᠤᠨ ᠢᠶᠠᠨ ᠦᠵᠡᠯ ᠰᠠᠨᠠᠭᠠᠨ ᠤ ᠵᠡᠪᠰᠡᠭ︾ ᠢᠶᠠᠨ ᠪᠣᠯᠭᠠᠨ ᠣᠨᠳᠣᠣᠰᠢᠭᠤᠯᠬᠤ ᠬᠡᠷᠡᠭᠲᠡᠢ᠃ ᠬᠤᠶᠠᠷ ᠲᠤ᠂ ᠪᠠᠶᠢᠴᠠᠭᠠᠨ ᠰᠤᠳᠤᠯᠤᠯᠲᠠ ᠬᠢᠬᠦ ᠳᠤ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠭᠡᠯᠪᠡᠷᠢ ᠶᠢ ᠳᠥᠭᠦᠮᠴᠢᠯᠡᠵᠦ᠂ ᠣᠨᠣᠴᠠᠲᠠᠢ ᠰᠡᠳᠦᠪ ᠰᠣᠩᠭᠤᠵᠤ᠂ ᠭᠦᠨᠵᠡᠭᠡᠢ ᠪᠠᠶᠢᠴᠠᠭᠠᠨ ᠰᠤᠳᠤᠯᠵᠤ᠂ ᠰᠡᠳᠬᠢᠯ ᠲᠠᠯᠪᠢᠨ ᠰᠤᠳᠤᠯᠵᠤ᠂ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠰᠠᠶᠢᠲᠤᠷ ᠬᠢᠵᠦ᠂ ᠬᠡᠯᠪᠡᠷᠢᠴᠢ ᠦᠵᠡᠯ ᠢ ᠡᠷᠡᠰ ᠰᠡᠷᠭᠡᠶᠢᠯᠡᠬᠦ ᠬᠡᠷᠡᠭᠲᠡᠢ᠃ ᠭᠤᠷᠪᠠ ᠳᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠣᠳᠠᠲᠤ ᠦᠷ᠎ᠡ ᠪᠦᠲᠦᠮᠵᠢ ᠣᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠲᠠᠢ ᠨᠢᠭᠲᠠ ᠤᠶᠠᠯᠳᠤᠭᠤᠯᠤᠨ᠂ ᠭᠤᠣᠯᠳᠠᠯᠭ᠎ᠠ ᠶᠢ ᠠᠳᠬᠤᠵᠤ᠂ ᠬᠦᠴᠢᠷ ᠠᠰᠠᠭᠤᠳᠠᠯ ᠢ ᠰᠢᠢᠳᠪᠦᠷᠢᠯᠡᠨ᠂ ᠬᠤᠷᠢᠭ᠎ᠠ ᠴᠡᠭ ᠢ ᠨᠠᠪᠲᠠᠷᠡᠭᠦᠯᠵᠦ᠂ ᠲᠦᠭᠵᠢᠷᠡᠯ ᠢ ᠠᠷᠢᠯᠭᠠᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠵᠤ ᠬᠦᠴᠦ ᠣᠷᠣᠭᠤᠯᠤᠨ ᠰᠠᠶᠢᠲᠤᠷ ᠬᠢᠵᠦ᠂ ᠰᠢᠨ᠎ᠡ ᠳᠦᠷᠰᠦ ᠪᠠᠶᠢᠳᠠᠯ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠪᠠᠷ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠭᠦ ᠬᠡᠷᠡᠭᠲᠡᠢ᠃ ᠳᠥᠷᠪᠡ ᠳᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠳᠠᠭᠠᠨ ᠦᠨᠡᠨ ᠬᠦ ᠬᠠᠲᠠᠭᠤ ᠲᠠᠢ ᠨᠢ ᠬᠠᠯᠳᠠᠵᠤ᠂ ᠡᠬᠢᠯᠡᠩᠭᠦᠲᠡ ᠪᠠᠨ ᠳᠠᠷᠤᠢ ᠠᠰᠠᠭᠤᠳᠠᠯ ᠳᠤ ᠬᠠᠨᠳᠤᠭᠤᠯᠤᠨ᠂ ᠠᠰᠠᠭᠤᠳᠠᠯ ᠤᠨ ᠲᠤᠬᠠᠢ ︽ᠲᠤᠶᠢᠯᠪᠤᠷᠢᠲᠠᠢ ᠪᠠᠶᠢᠴᠠᠭᠠᠯᠲᠠ︾ ᠬᠢᠵᠦ᠂ ᠴᠡᠭᠴᠡᠯᠡᠨ ᠰᠠᠶᠢᠵᠢᠷᠠᠭᠤᠯᠬᠤ ᠳᠤᠮᠳᠠ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠦᠢᠯᠡᠳᠦᠭᠰᠡᠳ ᠲᠤ ︽ᠳᠠᠪᠬᠤᠷ ᠶᠠᠯ᠎ᠠ ᠲᠤᠯᠭᠠᠵᠤ︾ ᠴᠢᠩᠭ᠎ᠠ ᠰᠢᠢᠳᠪᠦᠷᠢᠯᠡᠬᠦ ᠬᠡᠷᠡᠭᠲᠡᠢ᠃ ᠲᠠᠪᠤ ᠳᠤ᠂ ᠳᠦᠷᠢᠮ ᠲᠣᠭᠲᠠᠭᠠᠯ ᠲᠣᠭᠲᠠᠭᠠᠬᠤ ᠳᠠᠭᠠᠨ ᠲᠤᠰᠠᠲᠠᠢ ᠪᠦᠲᠦᠮᠵᠢᠲᠡᠢ ᠪᠠᠶᠢᠵᠤ᠂ ᠬᠠᠨᠳᠤᠯᠭᠠᠲᠤ ᠴᠢᠨᠠᠷ ᠪᠣᠯᠣᠨ ᠰᠢᠰᠲ᠋ᠧᠮᠲᠦ ᠴᠢᠨᠠᠷ ᠢ ᠨᠡᠩ ᠴᠢᠬᠤᠯᠠᠴᠢᠯᠠᠵᠤ᠂ ᠡᠯ᠎ᠡ ᠵᠦᠢᠯ ᠤᠨ ᠳᠦᠷᠢᠮ ᠤᠨ ᠲᠣᠭᠲᠠᠵᠤ ᠳᠡᠶᠢᠯᠭᠦ᠂ ᠨᠠᠶᠢᠳᠠᠪᠤᠷᠢᠵᠢᠵᠤ ᠳᠡᠶᠢᠯᠭᠦ᠂ ᠬᠤᠯᠠ ᠶᠠᠪᠤᠵᠤ ᠳᠡᠶᠢᠯᠭᠦ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃       ᠰᠦᠨ ᠱᠤᠤ ᠴᠧᠩ᠂ ᠪᠦᠭᠦ ᠣᠷᠣᠨ ᠤ ᠡᠯ᠎ᠡ ᠱᠠᠲᠤᠨ ᠤ ᠬᠢᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠵᠢᠯᠤᠭᠤᠳᠬᠤ ᠳᠤᠭᠤᠶᠢᠯᠠᠩ ᠤᠨ ᠱᠠᠯᠠᠪᠳᠠᠭᠤᠯᠤᠨ ᠵᠢᠯᠤᠭᠤᠳᠬᠤ ᠶᠢ ᠨᠠᠷᠢᠨ ᠬᠢᠨᠠᠮᠠᠭᠠᠢ ᠬᠦᠯᠢᠶᠡᠵᠦ᠂ ᠭᠤᠣᠯ ᠰᠡᠳᠦᠪᠲᠦ ᠬᠥᠮᠦᠵᠢᠯ ᠤᠨ ᠬᠤᠭᠤᠰᠤᠨ ᠪᠤᠯᠬᠤ ᠦᠭᠡᠢ ᠬᠡᠯᠪᠡᠶᠢᠬᠦ ᠦᠭᠡᠢ ᠪᠠᠶᠢᠬᠤ ᠶᠢ ᠪᠠᠲᠤᠯᠠᠵᠤ᠂ ᠥᠨᠳᠥᠷ ᠪᠠᠷᠢᠮᠵᠢᠶ᠎ᠠ ᠪᠠᠷ ᠥᠷᠨᠢᠭᠦᠯᠵᠦ᠂ ᠴᠢᠨᠠᠷ ᠰᠠᠶᠢᠲᠠᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠨᠢᠭᠡᠳᠦᠯᠲᠡᠢ ᠲᠥᠯᠥᠪᠵᠢᠭᠦᠯᠦᠨ ᠶᠡᠷᠦᠩᠬᠡᠢ ᠳᠤᠨᠢ ᠠᠳᠬᠤᠬᠤ ᠦᠢᠯᠡᠳᠦᠯ ᠢᠶᠠᠨ ᠪᠠᠳᠠᠷᠠᠭᠤᠯᠵᠤ᠂ ᠡᠯ᠎ᠡ ᠪᠦᠷᠢᠯᠳᠦᠭᠦᠨ ᠨᠢᠭᠡᠴᠢ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠵᠢᠯᠤᠭᠤᠳᠬᠤ ᠳᠤᠭᠤᠶᠢᠯᠠᠩ ᠴᠢᠩᠭ᠎ᠠ ᠱᠠᠯᠠᠪᠳᠠᠭᠤᠯᠤᠨ ᠪᠣᠳᠠᠲᠠᠢ ᠵᠢᠯᠤᠭᠤᠳᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠭᠤᠣᠯ ᠬᠠᠷᠢᠭᠤᠴᠠᠯᠭᠠᠲᠠᠨ ᠨᠥᠬᠦᠳ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠬᠤ ᠠᠵᠢᠯ ᠢ ᠰᠠᠶᠢᠲᠤᠷ ᠬᠢᠵᠦ᠂ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠡᠷᠬᠡᠪᠰᠢ ᠭᠤᠣᠯ ᠰᠡᠳᠦᠪᠲᠦ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃
     ᠴᠧ ᠵᠢᠶᠦ᠋ᠨ᠂ ᠶᠡᠷᠦᠩᠬᠡᠢ ᠱᠦᠵᠢ ᠰᠢ ᠶᠢᠨ ᠫᠢᠩ ᠭᠤᠣᠯ ᠰᠡᠳᠦᠪᠲᠦ ᠬᠥᠮᠦᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠪᠦᠭᠦ ᠨᠠᠮ ᠤᠨ ᠳᠣᠲᠣᠷ᠎ᠠ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠳᠤ ᠵᠥᠪ ᠴᠢᠭᠯᠡᠯ ᠢ ᠲᠣᠳᠣᠷᠬᠠᠢ ᠵᠢᠭᠠᠵᠤ ᠥᠭᠴᠦ᠂ ᠲᠣᠳᠣᠷᠬᠠᠢ ᠱᠠᠭᠠᠷᠳᠠᠯᠭ᠎ᠠ ᠳᠤᠷᠠᠳᠴᠠᠢ᠂ ᠪᠢᠳᠡ ᠡᠷᠬᠡᠪᠰᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠲᠥᠪ ᠤᠨ ᠵᠢᠯᠤᠭᠤᠳᠬᠤ ᠳᠤᠭᠤᠶᠢᠯᠠᠩ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠣᠯᠣᠨ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠤ ᠨᠠᠶᠢᠳᠠᠪᠤᠷᠢᠵᠢᠭᠤᠯᠤᠯᠲᠠ ᠶᠢ ᠠᠬᠢᠭᠤᠯᠬᠤ᠂ ᠶᠡᠷᠦᠩᠬᠡᠢ ᠱᠠᠭᠠᠷᠳᠠᠯᠭ᠎ᠠ ᠶᠢ ᠡᠵᠡᠮᠳᠡᠵᠦ ᠨᠠᠶᠢᠳᠠᠪᠤᠷᠢᠵᠢᠭᠤᠯᠤᠯᠲᠠ ᠶᠢ ᠠᠬᠢᠭᠤᠯᠬᠤ᠂ ᠦᠨᠳᠦᠰᠦᠨ ᠡᠭᠦᠷᠭᠡ ᠶᠢ ᠨᠢᠭᠲᠠ ᠠᠩᠬᠠᠷᠴᠤ ᠨᠠᠶᠢᠳᠠᠪᠤᠷᠢᠵᠢᠭᠤᠯᠤᠯᠲᠠ ᠶᠢ ᠠᠬᠢᠭᠤᠯᠬᠤ᠂ ᠪᠣᠳᠠᠲᠠᠢ ᠬᠠᠷᠠᠯᠲᠠ ᠶᠢᠨ ᠲᠣᠭᠤᠷᠢᠨ ᠳᠤ ᠨᠠᠶᠢᠳᠠᠪᠤᠷᠢᠵᠢᠭᠤᠯᠤᠯᠲᠠ ᠶᠢ ᠠᠬᠢᠭᠤᠯᠬᠤ᠂ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠪᠠᠷ ᠳᠠᠮᠵᠢᠭᠤᠯᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠲᠠᠪᠤᠨ ᠲᠠᠯ᠎ᠠ ᠪᠠᠷ ᠱᠠᠯᠠᠪᠳᠠᠭᠤᠯᠤᠨ ᠵᠢᠯᠤᠭᠤᠳᠬᠤ ᠠᠵᠢᠯ ᠢᠶᠠᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠯᠤᠭ᠎ᠠ ᠠᠳᠠᠯᠢ ᠰᠡᠳᠦᠪ ᠢ ᠬᠠᠮᠲᠤ ᠪᠠᠷ ᠬᠠᠷᠢᠭᠤᠯᠵᠤ᠂ ᠵᠢᠯᠤᠭᠤᠳᠬᠤ ᠠᠵᠢᠯ ᠢ ᠬᠠᠪᠰᠤᠷᠤᠨ ᠦᠢᠯᠡᠴᠢᠯᠡᠬᠦ ᠳᠤᠮᠳᠠ ᠠᠬᠤᠭᠤᠯᠵᠤ᠂ ᠪᠠᠶᠢᠳᠠᠯ ᠢ ᠭᠦᠨᠵᠡᠭᠡᠢ ᠣᠶᠢᠯᠠᠭᠠᠵᠤ᠂ ᠠᠵᠢᠯ ᠤᠨ ᠰᠠᠨᠠᠭᠤᠯᠭ᠎ᠠ ᠳᠤᠷᠠᠳᠬᠤ ᠪᠣᠯᠣᠨ᠎ᠠ᠃ ᠪᠦᠭᠦ ᠶᠠᠪᠤᠴᠠ ᠳᠤ ᠵᠢᠯᠤᠭᠤᠳᠴᠤ᠂ ᠪᠦᠭᠦ ᠲᠠᠯ᠎ᠠ ᠪᠠᠷ ᠵᠢᠯᠤᠭᠤᠳᠬᠤ ᠶᠢᠨ ᠬᠠᠮᠲᠤ᠂ ᠭᠤᠣᠯᠳᠠᠯᠭ᠎ᠠ ᠲᠠᠢ ᠡᠲᠡᠭᠡᠳ᠂ ᠭᠤᠣᠯᠳᠠᠯᠭ᠎ᠠ ᠲᠠᠢ ᠠᠷᠭ᠎ᠠ ᠬᠡᠮᠵᠢᠶ᠎ᠡ᠂ ᠭᠤᠣᠯᠳᠠᠯᠭ᠎ᠠ ᠲᠠᠢ ᠱᠠᠭᠠᠷᠳᠠᠯᠭ᠎ᠠ ᠶᠢ ᠳᠣᠪᠤᠶᠢᠯᠭᠠᠵᠤ᠂ ᠨᠡᠶᠢᠲᠡᠯᠢᠭ ᠵᠢᠱᠢᠶ᠎ᠡ ᠶᠢ ᠢᠯᠡᠷᠡᠭᠦᠯᠦᠨ ᠳ᠋ᠦᠩᠨᠡᠭᠦ ᠶᠢ ᠠᠩᠬᠠᠷᠴᠤ᠂ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠡᠷᠬᠡᠪᠰᠢ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠭᠤᠣᠯ ᠰᠡᠳᠦᠪᠲᠦ ᠬᠥᠮᠦᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠭᠤᠣᠯ ᠰᠡᠳᠦᠪ ᠠᠴᠠ ᠰᠠᠯᠬᠤ ᠦᠭᠡᠢ ᠪᠠᠶᠢᠬᠤ ᠳᠡᠭᠡᠷ᠎ᠡ ᠠᠩᠬᠠᠷᠤᠯ ᠢᠶᠠᠨ ᠨᠢᠭᠲᠠ ᠲᠥᠪᠯᠡᠷᠡᠭᠦᠯᠵᠦ ᠂ ᠭᠤᠣᠯ ᠰᠡᠳᠦᠪᠲᠦ ᠬᠥᠮᠦᠵᠢᠯ ᠤᠨ ᠶᠠᠰᠤ ᠴᠢᠨᠠᠷ ᠢ ᠦᠨᠡᠨ ᠬᠦ ᠪᠠᠲᠤᠯᠠᠵᠤ᠂ ᠥᠪᠥᠷ ᠮᠣᠩᠭᠤᠯ ᠤᠨ ᠭᠤᠣᠯ ᠰᠡᠳᠦᠪᠲᠦ ᠬᠥᠮᠦᠵᠢᠯ ᠢ ᠡᠮᠦᠨ᠎ᠡ ᠡᠩᠨᠡᠭᠡᠨ ᠳᠤ ᠣᠷᠣᠭᠤᠯᠵᠤ᠂ ᠥᠯᠢᠭᠡᠷ ᠳᠠᠭᠤᠷᠢᠶᠠᠯ ᠪᠤᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃
       ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠪᠠ᠃ ᠲᠥᠪ ᠤᠨ ᠨᠢᠭᠡᠳᠦᠭᠡᠷ ᠵᠢᠯᠤᠭᠤᠳᠬᠤ ᠳᠤᠭᠤᠶᠢᠯᠠᠩ ᠤᠨ ᠪᠦᠭᠦ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ ᠤ ᠲᠤᠰᠢᠶᠠᠯ ᠳᠤ ᠪᠠᠶᠢᠭ᠎ᠠ ᠮᠤᠵᠢ ᠶᠢᠨ ᠲᠠᠰ ᠤᠨ ᠤᠳᠤᠷᠢᠳᠬᠤ ᠨᠥᠬᠦᠳ᠂ ᠠᠵᠢᠯ ᠠᠴᠠ ᠪᠠᠨ ᠠᠮᠠᠷᠠᠭᠰᠠᠨ ᠮᠤᠵᠢ ᠶᠢᠨ ᠲᠡᠰ ᠤᠨ ᠠᠬᠠᠮᠠᠳ ᠨᠥᠬᠦᠳ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠡᠰᠢᠭᠦᠨ᠂ ᠣᠷᠣᠯᠠᠭᠴᠢ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ᠂ ᠨᠠᠮ ᠤᠨ ᠬᠤᠷᠢᠶ᠎ᠠ  ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠪᠣᠯᠣᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠭᠤᠣᠯ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠭᠤᠣᠯ ᠬᠠᠷᠢᠭᠤᠴᠠᠯᠭᠠᠲᠠᠨ ᠪᠠ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠵᠢᠴᠢ ᠠᠯᠪᠠᠨ ᠭᠡᠷ ᠤᠨ ᠬᠠᠷᠢᠭᠤᠴᠠᠯᠭᠠᠲᠠᠨ ᠨᠥᠬᠦᠳ᠂ ᠲᠣᠭᠤᠷᠢᠨ ᠵᠢᠯᠤᠭᠤᠳᠬᠤ ᠳᠤᠭᠤᠶᠢᠯᠠᠩ ᠤᠨ ᠡᠯ᠎ᠡ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠨᠠᠷ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶  ᠳᠤ ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠪᠠ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号