《 ᠳᠥᠷᠪᠡᠨ ᠨᠢᠭᠡ 》 ᠶᠢᠨ ᠠᠵᠢᠯ ᠤᠨ ᠠᠬᠢᠴᠠ ᠶᠢ ᠲᠦᠷᠭᠡᠳᠬᠡᠨ 《 ᠮᠧᠩ ᠺᠧ ᠵᠢᠦᠢ 》ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/4/13
     《〈ᠮᠧᠩ ᠺᠧ ᠵᠢᠦᠢ〉  ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ ᠤ ᠲᠥᠰᠦᠯ 》   ᠢ ᠭᠦᠨᠵᠡᠭᠡᠶ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠲᠢᠩᠬᠢᠮ ᠬᠥᠬᠡᠬᠤᠲᠠ ᠳᠤ 《 ᠮᠧᠩ ᠺᠧ ᠵᠢᠦᠢ 》 ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠶᠢᠨ ᠠᠬᠢᠭᠤᠯᠬᠤ ᠬᠤᠷᠠᠯ ᠬᠤᠷᠠᠯᠳᠤᠭᠤᠯᠵᠤ᠂ 《 ᠨᠢᠭᠡ ᠲᠥᠪ 》《 ᠨᠢᠭᠡ ᠺᠣᠮᠫᠠᠨᠢ 》《 ᠨᠢᠭᠡ ᠬᠦᠷᠢᠶᠡᠯᠡᠩ ᠭᠠᠵᠠᠷ 》 《 ᠨᠢᠭᠡ ᠰᠦᠯᠵᠢᠶ᠎ᠡ 》 ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠶᠢᠷ᠎ᠠ ᠶᠢᠨ ᠬᠤᠭᠤᠴᠠᠭᠠᠨ ᠤ ᠠᠵᠢᠯ ᠤᠨ ᠲᠤᠬᠠᠶ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠶᠢᠨ ᠬᠠᠮᠲᠤ ᠲᠠᠷᠠᠭᠠᠴᠢ  ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ  ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠹᠧᠩ ᠵᠢᠶᠠ ᠵᠢᠤᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠯᠢᠦ ᠱᠤᠸᠠᠩ᠂ ᠢᠦᠢ ᠸᠧᠶ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠼᠤᠤ ᠶᠢᠨ ᠰᠢᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠡᠯ᠎ᠡ ᠭᠠᠵᠠᠷ ᠲᠠᠰᠤᠭ᠂ ᠲᠢᠩᠬᠢᠮ ᠤᠨ ᠬᠠᠷᠢᠶ᠎ᠠ ᠠᠵᠢᠯ ᠦᠶᠯᠡᠰ  ᠤᠨ ᠨᠢᠭᠡᠴᠢ ᠶᠢᠨ ᠬᠠᠷᠢᠭᠤᠴᠠᠯᠭᠠᠲᠠᠨ ᠨᠥᠬᠦᠳ᠂ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠵᠢᠴᠢ ᠬᠠᠮᠢᠶ᠎ᠠ ᠪᠥᠬᠦᠶ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ  ᠳᠤ ᠣᠷᠣᠯᠴᠠᠵᠠᠶ  ᠃
      ᠹᠧᠩ ᠵᠢᠶᠠ ᠵᠢᠤᠢ᠂ 《 ᠮᠧᠩ ᠺᠧ ᠵᠢᠦᠢ 》 ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠠᠪᠴᠠᠩ ᠢ ᠪᠠᠶᠢᠭᠤᠯᠬᠤ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ  ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠲᠦᠷᠭᠡᠳᠬᠡᠨ ᠬᠡᠷᠡᠭᠵᠢᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠪᠣᠯᠤᠨ᠎ᠠ  ᠃ 《 ᠨᠢᠭᠡ ᠲᠥᠪ 》᠂ 《 ᠨᠢᠭᠡ ᠺᠣᠮᠫᠠᠨᠢ 》 ᠶᠢᠨ ᠦᠶᠯᠡᠳᠦᠯ ᠢ ᠪᠠᠳᠠᠷᠠᠭᠤᠯᠵᠤ᠂ 《 ᠨᠢᠭᠡ ᠬᠦᠷᠢᠶᠡᠯᠡᠩ ᠭᠠᠵᠠᠷ 》 ᠲᠠᠢ ᠬᠠᠮᠵᠢᠯᠴᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠰᠢᠨ᠎ᠡ ᠶᠢ ᠡᠭᠦᠳᠬᠦ 《 ᠨᠢᠭᠡ ᠰᠦᠯᠵᠢᠶ᠎ᠡ 》 ᠶᠢ ᠪᠠᠶᠢᠭᠤᠯᠵᠤ᠂ ᠵᠣᠷᠢᠭᠲᠠᠶ ᠪᠠᠷ ᠰᠢᠪᠲᠤᠯᠵᠤ᠂ ᠵᠣᠷᠢᠭᠲᠠᠶ  ᠪᠠᠷ ᠲᠤᠷᠰᠢᠵᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠤᠭᠯᠠᠷᠠᠯ ᠤᠨ ᠪᠥᠲᠥᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ ᠠᠬᠢᠭᠤᠯᠵᠤ᠂ ᠰᠢᠨ᠎ᠡ ᠶᠢ ᠡᠭᠦᠳᠬᠦ ᠡᠯᠧᠮᠧᠨ᠋ᠲ ᠤᠨ ᠤᠷᠢᠳ ᠢᠶᠠᠷ 《 ᠪᠥᠭᠡᠮᠨᠡᠷᠡᠭᠦᠯᠬᠦ 》᠂ ᠳᠠᠷᠠᠭ᠎ᠠ ᠨᠢ 《 ᠨᠡᠶᠢᠯᠡᠯᠲᠡ 》 ᠶᠢ ᠠᠬᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠦᠷᠳᠦ ᠶᠢ ᠡᠷᠭᠢᠯᠳᠦᠭᠦᠯᠦᠨ᠂ ᠲᠦᠷᠭᠡᠨ ᠬᠥᠭᠵᠢᠭᠦᠯᠵᠦ᠂ 《 ᠲᠠᠪᠴᠠᠩ 》 ᠢ ᠦᠨᠡᠨ ᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥ ᠶᠢᠨ ᠪᠣᠳᠣᠯᠭ᠎ᠠ ᠶᠢᠨ ᠦᠶᠯᠡᠴᠢᠯᠡᠭᠡᠨ ᠤ ᠴᠢᠬᠤᠯᠠ ᠴᠤᠩᠬᠤᠪᠴᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠲᠥᠪᠯᠡᠷᠡᠭᠦᠯᠬᠦ ᠴᠢᠬᠤᠯᠠ ᠭᠠᠷᠳᠠᠴᠠ  ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢ ᠤᠷᠮᠠᠰᠢᠭᠤᠯᠬᠤ ᠴᠢᠬᠤᠯᠠ ᠬᠥᠳᠡᠯᠭᠡᠭᠦᠷ ᠪᠣᠯᠭᠠᠨ ᠪᠥᠲᠥᠭᠡᠨ ᠪᠠᠶᠢᠭᠤᠯᠵᠤ  ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠢᠭᠡᠳ ᠠᠵᠤ ᠠᠬᠤᠢ ᠶᠢᠨ ᠨᠢᠭᠲᠠ ᠤᠶᠠᠯᠳᠤᠯ ᠢ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠲᠦᠷᠭᠡᠳᠬᠡᠨ᠎ᠡ ᠭᠡᠵᠦ ᠵᠢᠭᠠᠵᠤ ᠭᠠᠷᠭᠠᠪᠠ  ᠃      ᠵᠢᠯ ᠤᠨ ᠡᠬᠢᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠲᠢᠩᠬᠢᠮ ᠱᠠᠨᠰᠢ ᠮᠤᠵᠢ ᠶᠢᠨ ᠴᠢᠨ ᠴᠤᠸᠠᠩ ᠶᠤᠸᠠᠨ  ᠂ ᠳᠤᠮᠳᠠᠳᠤ ᠤᠯᠤᠰ ᠤᠨ ᠮᠡᠷᠭᠡᠵᠢᠯ ᠤᠨ ᠠᠷᠠᠯᠵᠢᠶᠠᠨ ᠤ ᠭᠠᠵᠠᠷ ᠵᠡᠷᠭᠡ ᠪᠥᠲᠥᠭᠡᠨ ᠪᠠᠶᠢᠭᠤᠯᠤᠯᠲᠠ ᠶᠢᠨ ᠠᠮᠵᠢᠯᠲᠠ ᠲᠠᠢ ᠲᠤᠷᠰᠢᠯᠭ᠎ᠠ ᠶᠢ ᠰᠤᠷᠤᠯᠴᠠᠨ ᠲᠣᠯᠢᠯᠠᠵᠤ ᠶᠢᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ 8 ᠲᠣᠮᠣ ᠠᠵᠤ ᠦᠢᠯᠡᠰ ᠤᠨ ᠲᠥᠪᠯᠡᠷᠡᠯ ᠪᠣᠯᠤᠨ 16 ᠵᠤᠷᠪᠤᠰ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠢᠯᠠᠯ ᠳᠤ ᠦᠶᠯᠡᠴᠢᠯᠡᠬᠦ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠪᠥᠭᠡᠮᠨᠡᠷᠡᠯ ᠢ ᠪᠣᠶᠢᠵᠢᠭᠤᠯᠬᠤ᠂  ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠵᠠᠰᠠᠭ ᠤᠨ ᠣᠷᠳᠣᠨ ᠤ ᠵᠢᠯᠣᠭᠤᠳᠤᠯᠭ᠎ᠠ᠂ ᠵᠠᠬ᠎ᠠ ᠳᠡᠯᠭᠡᠭᠦᠷᠴᠢᠯᠡᠭᠰᠡᠨ ᠠᠵᠢᠯᠯᠠᠭ᠎ᠠ᠂ ᠲᠤᠰᠬᠠᠶᠢᠵᠢᠭᠤᠯᠤᠨ ᠲᠤᠯᠭᠠᠭᠤᠷᠢᠯᠠᠬᠤ᠂ ᠪᠦᠬᠦ ᠬᠡᠯᠬᠢᠶᠡᠨ ᠤ ᠦᠶᠯᠡᠴᠢᠯᠡᠭᠡᠨ ᠤ ᠣᠶᠢᠯᠠᠭᠠᠭᠳᠠᠬᠤᠨ ᠪᠠ ᠵᠠᠭᠪᠤᠷ ᠢᠶᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠯᠲᠡ᠂ ᠬᠥᠷᠥᠩᠭᠡ ᠶᠢᠨ ᠠᠵᠢᠯᠯᠠᠭ᠎ᠠ᠂ ᠲᠥᠰᠦᠯ ᠤᠨ ᠨᠡᠪᠴᠢᠭᠦᠯᠦᠯᠲᠡ᠂ ᠦᠷ᠎ᠡ ᠪᠦᠲᠦᠭᠡᠯ ᠢ ᠬᠤᠪᠢᠷᠠᠭᠤᠯᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠵᠡᠷᠭᠡ ᠴᠢᠳᠠᠮᠵᠢ ᠶᠢ ᠴᠤᠭᠯᠠᠷᠠᠭᠤᠯᠵᠤ᠂ 《 ᠮᠧᠩ ᠺᠧ ᠵᠢᠦᠢ 》  ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠠᠪᠴᠠᠩ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠤᠭᠠᠳ᠂ ᠲᠡᠷᠢᠭᠦᠨ ᠤ ᠰᠢᠨ᠎ᠡ ᠶᠢ ᠡᠭᠦᠳᠬᠦ ᠠᠮᠢ ᠠᠬᠤᠶ ᠶᠢ ᠪᠠᠶᠢᠭᠤᠯᠤᠨ᠂  ᠰᠢᠨ᠎ᠡ ᠶᠢ ᠡᠭᠦᠳᠬᠦ ᠡᠬᠢ ᠪᠠᠶᠠᠯᠢᠭ ᠤᠨ ᠲᠤᠬᠢᠷᠠᠭᠤᠯᠤᠯᠲᠠ ᠶᠢ ᠰᠢᠯᠢᠳᠡᠭᠵᠢᠭᠦᠯᠦᠨ᠂ ᠣᠷᠣᠨ ᠪᠦᠰᠡ ᠶᠢᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂  ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠶᠢ ᠵᠢᠯᠣᠭᠤᠳᠴᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ 《 ᠲᠠᠪᠤᠨ ᠶᠡᠭᠡ ᠡᠭᠦᠷᠭᠡ 》 ᠶᠢ ᠰᠠᠶᠢᠲᠤᠷ ᠪᠡᠶᠡᠯᠡᠭᠦᠯᠦᠨ᠂ 《 ᠵᠢᠱᠢᠶᠡᠴᠢ ᠥᠪᠡᠷᠲᠡᠭᠡᠨ ᠵᠠᠰᠠᠬᠤ ᠣᠷᠣᠨ 》 ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠨᠡᠮᠡᠷᠢᠯᠡᠶ᠎ᠡ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号