ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠵᠦᠶᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2023/4/20
   ᠨᠢᠭᠡᠳᠦᠭᠡᠷ ᠪᠦᠯᠦᠭ ᠶᠡᠷᠦᠩᠬᠡᠢ ᠳᠦᠷᠢᠮ    ᠨᠢᠭᠡᠳᠦᠭᠡᠷ ᠵᠦᠶᠯ 《 〈 ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 〉 ᠠᠵᠢᠯᠯᠠᠭ᠎ᠠ ᠶᠢ ᠲᠦᠷᠭᠡᠳᠬᠡᠨ ᠠᠬᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ 〉 ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ 》 ( ᠥᠪᠥᠷ ᠨᠠᠮ ᠲᠠᠷᠬᠠᠭᠠᠭᠰᠠᠨ 202017 ᠳ᠋ᠤᠭᠠᠷ ᠲᠣᠭᠠᠲᠤ ) ᠪᠣᠯᠤᠨ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠬᠠᠮᠢᠶᠠᠷᠤᠯᠲᠠ ᠶᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ 》 ( ᠥᠪᠥᠷ ᠵᠠᠰᠠᠭ ᠠᠯᠪᠠᠨ ᠲᠠᠷᠬᠠᠭᠠᠭᠰᠠᠨ 202237 ᠳ᠋ᠤᠭᠠᠷ ᠲᠣᠭᠠᠲᠤ ) ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢ ᠵᠢᠷᠤᠮᠵᠢᠭᠤᠯᠤᠨ ᠴᠢᠩᠭᠠᠳᠬᠠᠨ᠎ᠠ᠂ 《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ 》 ᠵᠢᠴᠢ ᠬᠡᠷᠡᠭᠵᠢᠭᠦᠯᠬᠦ ᠲᠦᠷᠢᠮ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ  ᠃    ᠬᠤᠶᠠᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠪᠠᠯᠠ ᠮᠥᠩᠭᠦ ( ᠳᠣᠷᠣᠭᠰᠢ ᠲᠤᠰᠬᠠᠶ ᠪᠠᠯᠠ ᠮᠥᠩᠭᠦ ᠭᠡᠵᠦ ᠲᠣᠪᠴᠢᠯᠠᠨ᠎ᠠ ) ᠶᠢ ᠥᠪᠡᠷᠲᠡᠭᠡᠨ ᠵᠠᠰᠠᠬᠤ ᠣᠷᠣᠨ ᠤ ᠡᠳ᠋  ᠤᠨ ᠵᠠᠰᠠᠭ ᠠᠴᠠ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ  ᠶᠢᠨ ᠲᠥᠷᠥᠯ ᠵᠦᠶᠯ ᠤᠨ ᠬᠡᠷᠡᠭᠵᠢᠭᠦᠯᠦᠯᠲᠡ ᠶᠢ ᠳᠡᠮᠵᠢᠵᠦ᠂ ᠭᠤᠤᠯᠳᠠᠭᠤ ᠠᠵᠤ ᠠᠬᠤᠶ ᠨᠡᠶᠢᠭᠡᠮ ᠤᠨ ᠬᠥᠭᠵᠢᠯᠲᠡ  ᠳᠤ ᠬᠤᠯᠪᠣᠭᠳᠠᠬᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠰᠠᠭᠤᠳᠠᠯ ᠢ ᠰᠢᠶᠳᠪᠦᠷᠢᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠬᠥᠲᠥᠯᠦᠨ ᠵᠢᠯᠣᠭᠤᠳᠴᠤ᠂ ᠰᠠᠭᠤᠷᠢ ᠬᠤᠰᠢᠭᠤᠷᠠᠯ ᠰᠢᠨᠵᠢᠯᠡᠭᠡᠨ ᠢ ᠳᠡᠮᠵᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠪᠣᠶᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠠᠬᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠣᠷᠴᠢᠨ ᠲᠣᠭᠤᠷᠢᠨ ᠤ ᠨᠥᠬᠦᠴᠡᠯ ᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠶᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠤᠯᠭᠠᠭᠤᠷᠢᠯᠠᠨ ᠬᠥᠲᠥᠯᠦᠨ ᠳᠠᠭᠠᠭᠤᠯᠤᠨ᠎ᠠ  ᠃ ᠭᠤᠤᠯ ᠬᠠᠷᠠᠯᠲᠠ ᠨᠢ ᠪᠥᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ  ᠃    ᠭᠤᠷᠪᠠᠳᠤᠭᠠᠷ ᠵᠦᠢᠯ ᠲᠤᠰᠬᠠᠢ ᠪᠡᠯᠡ ᠮᠥᠩᠭᠦ ᠳᠤ ᠭᠤᠣᠯᠳᠠᠭᠤ᠄ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ᠂ ᠬᠡᠷᠡᠭᠯᠡᠭᠡᠨ ᠤ ᠮᠡᠷᠭᠡᠵᠢᠯ ᠤᠨ ᠰᠤᠳᠤᠯᠭᠠᠨ ᠪᠠ ᠨᠡᠭᠡᠭᠡᠨ ᠬᠥᠭᠵᠢᠭᠦᠯᠦᠯᠲᠡ ᠶᠢᠨ ᠪᠡᠯᠡ ᠮᠥᠩᠭᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠪᠡᠯᠡ ᠮᠥᠩᠭᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠲᠤᠰᠬᠠᠢ ᠪᠡᠯᠡ ᠮᠥᠩᠭᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠦᠲᠦᠯᠦᠨ ᠵᠢᠯᠣᠭᠤᠳᠬᠤ ᠱᠠᠩᠨᠠᠯ ᠤᠨ ᠪᠡᠯᠡ ᠮᠥᠩᠭᠦ ᠵᠡᠷᠭᠡ ᠪᠠᠭᠲᠠᠨ᠎ᠠ  ᠃  ᠳᠥᠷᠪᠡᠳᠦᠭᠡᠷ ᠵᠦᠢᠯ ᠲᠤᠰᠬᠠᠶ ᠵᠦᠢᠯ ᠤᠨ ᠪᠡᠯᠡ ᠮᠥᠩᠭᠦ ᠶᠢ ᠬᠠᠮᠢᠶᠠᠷᠬᠤ ᠪᠠ ᠬᠡᠷᠡᠭᠯᠡᠬᠦ ᠳᠤ 《 ᠡᠳ ᠤᠨ ᠬᠦᠴᠦᠨ ᠢ ᠲᠥᠪᠯᠡᠷᠡᠭᠦᠯᠬᠦ᠂ ᠭᠤᠣᠯᠳᠠᠯᠭ᠎ᠠ ᠶᠢ ᠲᠣᠪᠣᠶᠢᠯᠭᠠᠬᠤ᠂ ᠲᠥᠷᠥᠯ ᠬᠤᠪᠢᠶᠠᠨ ᠳᠡᠮᠵᠢᠬᠦ᠂ ᠣᠯᠠᠨ ᠲᠠᠯ᠎ᠠ  ᠠᠴᠠ ᠣᠷᠣᠭᠤᠯᠤᠯᠲᠠ ᠣᠷᠣᠭᠤᠯᠬᠤ᠂ ᠵᠢᠮ᠎ᠡ ᠶᠣᠰᠣ ᠶᠢ ᠵᠢᠷᠤᠮᠯᠠᠬᠤ᠂ ᠠᠮᠵᠢᠯᠲᠠ ᠪᠦᠲᠦᠮᠵᠢ ᠶᠢ ᠴᠢᠬᠤᠯᠠᠴᠢᠯᠠᠬᠤ᠂ ᠢᠯᠡ ᠲᠣᠳᠣᠷᠬᠠᠶ ᠪᠠᠶᠢᠯᠭᠠᠬᠤ᠂ ᠰᠢᠯᠢᠳᠡᠭ ᠢ ᠨᠢ ᠰᠣᠩᠭᠤᠵᠤ ᠲᠤᠰᠠᠯᠠᠬᠤ 》 ᠵᠠᠷᠴᠢᠮ ᠢ ᠵᠢᠷᠤᠮᠯᠠᠬᠤ ᠬᠡᠷᠡᠭᠲᠡᠶ  ᠃  ᠬᠤᠶᠠᠳᠤᠭᠠᠷ ᠪᠦᠯᠦᠭ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ  ᠃ᠲᠠᠪᠤᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠭᠤᠤᠯ ᠡᠭᠦᠷᠭᠡ ᠬᠠᠷᠢᠭᠤᠴᠠᠯᠭ᠎ᠠ ᠪᠣᠯ᠄  ᠃( ᠨᠢᠭᠡ ) ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠲᠠᠢ ᠬᠠᠮᠲᠤᠷᠠᠨ ᠲᠤᠰᠬᠠᠶ ᠵᠦᠶᠯ  ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ︔  ( ᠬᠤᠶᠠᠷ ) ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠲᠠᠢ ᠬᠠᠮᠵᠢᠯᠴᠠᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠶᠯ ᠤᠨ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ︔  ( ᠭᠤᠷᠪᠠ ) ᠲᠤᠰᠬᠠᠶ ᠵᠦᠶᠯ ᠤᠨ ᠪᠡᠯᠡ ᠮᠥᠩᠭᠦ ᠶᠢᠨ ᠣᠨ ᠤ ᠲᠥᠰᠦᠪ ᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠨ᠎ᠠ︔  ( ᠳᠥᠷᠪᠡ ) ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠳᠤᠷᠠᠳᠤᠭᠰᠠᠨ ᠪᠡᠯᠡ ᠮᠥᠩᠭᠦ ᠬᠤᠪᠢᠶᠠᠷᠢᠯᠠᠬᠤ ᠲᠥᠰᠦᠯ ᠢ ᠬᠢᠨᠠᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠲᠠᠢ ᠬᠠᠮᠲᠤᠷᠠᠨ ᠲᠤᠰᠬᠠᠶ ᠵᠦᠢᠯ ᠤᠨ ᠪᠡᠯᠡ ᠮᠥᠩᠭᠦ ᠪᠠᠭᠤᠯᠭᠠᠨ᠎ᠠ︔  ( ᠲᠠᠪᠤ ) ᠭᠤᠣᠯᠳᠠᠯᠭ᠎ᠠ ᠲᠠᠢ ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠥᠷᠨᠢᠭᠦᠯᠵᠦ᠂ ᠲᠤᠰᠬᠠᠶ ᠵᠦᠢᠯ ᠤᠨ ᠪᠡᠯᠡ ᠮᠥᠩᠭᠦ ᠶᠢ ᠬᠡᠷᠡᠭᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ᠎ᠠ︔  ( ᠵᠢᠷᠭᠤᠭ᠎ᠠ ) ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠨᠤᠲᠠᠯᠠᠨ ᠵᠥᠪᠰᠢᠶᠡᠷᠡᠭᠰᠡᠨ ᠬᠤᠷᠢᠶᠠᠨ ᠠᠪᠬᠤ ᠴᠢᠬᠤᠯᠠᠲᠠᠶ ᠲᠤᠰᠬᠠᠶ ᠵᠦᠢᠯ ᠤᠨ ᠪᠡᠯᠡ  ᠶᠢ ᠴᠠᠭ ᠲᠤᠬᠠᠶ ᠳᠤᠨᠢ ᠬᠤᠷᠢᠶᠠᠨ ᠠᠪᠬᠤ ᠬᠡᠷᠡᠭᠲᠡᠶ  ᠃ᠠᠯᠲᠠ︔  ( ᠲᠤᠯᠤᠭ᠎ᠠ ) ᠲᠣᠭᠲᠠᠭᠠᠯ ᠶᠣᠰᠣᠭᠠᠷ ᠭᠦᠢᠴᠡᠳᠬᠡᠬᠦ ᠶᠣᠰᠣᠲᠠᠢ ᠪᠤᠰᠤᠳ ᠲᠤᠰᠢᠶᠠᠯ ᠬᠠᠷᠢᠭᠤᠴᠠᠯᠭ᠎ᠠ ᠨᠤᠭᠤᠳ  ᠃  ᠵᠢᠷᠭᠤᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠭᠤᠤᠯ ᠡᠭᠦᠷᠭᠡ ᠬᠠᠷᠢᠭᠤᠴᠠᠯᠭ᠎ᠠ ᠪᠣᠯ᠄  ( ᠨᠢᠭᠡ ) ᠥᠪᠡᠷᠲᠡᠭᠡᠨ ᠵᠠᠰᠠᠬᠤ ᠣᠷᠣᠨ ᠤ ᠡᠳ ᠤᠨ ᠵᠠᠰᠠᠭ ᠤᠨ ᠲᠢᠩᠬᠢᠮ ᠲᠠᠢ ᠬᠠᠮᠵᠢᠯᠴᠠᠨ ᠲᠤᠰᠬᠠᠶ ᠵᠦᠢᠯ  ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ︔  ( ᠬᠤᠶᠠᠷ ) ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠶᠯ ᠤᠨ ᠬᠥᠮᠥᠷᠭᠡ ᠶᠢᠨ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠵᠤ᠂ ᠲᠥᠷᠥᠯ ᠵᠦᠶᠯ ᠤᠨ ᠬᠥᠮᠥᠷᠭᠡ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ︔  ( ᠭᠤᠷᠪᠠ ) ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠶᠯ ᠢ ᠮᠡᠳᠡᠭᠦᠯᠬᠦ᠂ ᠬᠢᠨᠠᠨ ᠲᠣᠭᠲᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠡᠯᠡ ᠮᠥᠩᠭᠦ ᠬᠤᠪᠢᠶᠠᠷᠢᠯᠠᠬᠤ ᠲᠥᠰᠦᠯ ᠢ ᠰᠤᠳᠤᠯᠤᠨ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠬᠠᠮᠵᠢᠯᠴᠠᠨ ᠲᠤᠰᠬᠠᠶ ᠵᠦᠶᠯ  ᠤᠨ ᠪᠡᠯᠡ ᠮᠥᠩᠭᠦ ᠪᠠᠭᠤᠯᠭᠠᠨ᠎ᠠ︔  ( ᠳᠥᠷᠪᠡ ) ᠲᠥᠷᠥᠯ ᠵᠦᠶᠯ ᠳᠤ ᠴᠢᠬᠤᠯᠠ ᠶᠡᠭᠡ ᠵᠦᠶᠯᠡᠰ ᠢ ᠬᠢᠨᠠᠨ ᠵᠥᠪᠰᠢᠶᠡᠷᠡᠬᠦ ᠶᠢ ᠬᠡᠷᠡᠭᠵᠢᠭᠦᠯᠵᠦ᠂ ᠦᠨᠡᠨᠬᠦ ᠬᠤᠷᠢᠶᠠᠨ ᠠᠪᠬᠤ ᠴᠢᠬᠤᠯᠠᠲᠠᠶ ᠲᠤᠰᠬᠠᠶ ᠪᠠᠯᠠ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠬᠠᠮᠵᠢᠯᠴᠠᠨ ᠬᠤᠷᠢᠶᠠᠨ ᠠᠪᠤᠨ᠎ᠠ︔  ( ᠲᠠᠪᠤ ) ᠲᠤᠰᠬᠠᠶ ᠵᠦᠶᠯ ᠤᠨ ᠪᠡᠯᠡ ᠮᠥᠩᠭᠦ ᠶᠢ ᠬᠡᠷᠡᠭᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ︔  ( ᠵᠢᠷᠭᠤᠭ᠎ᠠ ) ᠲᠤᠰᠬᠠᠶ ᠵᠦᠢᠯ ᠤᠨ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ ᠬᠠᠷᠠᠯᠲᠠ ᠶᠢ ᠪᠠᠶᠢᠭᠤᠯᠵᠤ᠂ ᠪᠦᠬᠦ ᠶᠠᠪᠤᠴᠠ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠥᠷᠨᠢᠭᠦᠯᠦᠨ᠎ᠡ︔  ( ᠲᠤᠯᠤᠭ᠎ᠠ ) ᠲᠣᠭᠲᠠᠭᠠᠯ ᠶᠣᠰᠣᠭᠠᠷ ᠭᠦᠢᠴᠡᠳᠬᠡᠬᠦ ᠶᠣᠰᠣᠲᠠᠢ ᠪᠤᠰᠤᠳ ᠲᠤᠰᠢᠶᠠᠯ ᠬᠠᠷᠢᠭᠤᠴᠠᠯᠭ᠎ᠠ ᠨᠤᠭᠤᠳ  ᠃  ᠳᠣᠯᠣᠳᠤᠭᠠᠷ ᠵᠦᠶᠯ ᠲᠥᠷᠥᠯ ᠵᠦᠶᠯ ᠢ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ ᠤᠨ ᠭᠤᠤᠯ ᠡᠭᠦᠷᠭᠡ ᠬᠠᠷᠢᠭᠤᠴᠠᠯᠭ᠎ᠠ ᠪᠣᠯ᠄  ( ᠨᠢᠭᠡ ) ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ ᠤᠨ ᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠵᠦᠢᠯᠡᠰ ᠢ ᠬᠠᠷᠢᠭᠤᠴᠠᠨ ᠵᠣᠬᠢᠶᠠᠨ ᠪᠠᠶᠢᠭᠤᠯᠵᠤ᠂ ᠬᠢᠨᠠᠨ ᠬᠠᠷᠭᠤᠭᠤᠯᠬᠤ ᠪᠠ ᠲᠠᠨᠢᠯᠴᠠᠭᠤᠯᠤᠨ᠎ᠠ  ᠃  ( ᠬᠤᠶᠠᠷ ) ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ ᠤᠨ ᠢᠶᠠᠨ ᠲᠤᠰᠬᠠᠶ ᠵᠦᠢᠯ ᠤᠨ ᠪᠡᠯᠡ ᠮᠥᠩᠭᠦ  ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ  ᠃  ( ᠭᠤᠷᠪᠠ ) ᠲᠥᠷᠥᠯ ᠵᠦᠶᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠪᠠ ᠶᠡᠷᠦᠩᠬᠡᠶᠢᠯᠡᠭᠰᠡᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠬᠠᠮᠵᠢᠯᠴᠠᠨ ᠥᠷᠨᠢᠭᠦᠯᠦᠨ᠎ᠡ  ᠃   ᠨᠠᠢᠮᠠᠳᠤᠭᠠᠷ ᠵᠦᠢᠯ ᠲᠥᠷᠥᠯ ᠵᠦᠢᠯ ᠢ ᠡᠭᠦᠷᠭᠡᠯᠡᠭᠰᠡᠨ ᠨᠢᠭᠡᠴᠡ ᠶᠢᠨ ᠭᠤᠣᠯ ᠡᠭᠦᠷᠭᠡ ᠬᠠᠷᠢᠭᠤᠴᠠᠯᠭ᠎ᠠ ᠪᠣᠯ᠄  ( ᠨᠢᠭᠡ ) ᠲᠤᠰᠬᠠᠶ ᠵᠦᠶᠯ ᠤᠨ ᠪᠡᠯᠡ ᠮᠥᠩᠭᠦ ᠶᠢᠨ ᠡᠳᠦᠷ ᠲᠤᠲᠤᠮ ᠤᠨ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ︔  ( ᠬᠤᠶᠠᠷ ) ᠲᠤᠰᠬᠠᠶ ᠵᠦᠶᠯ ᠤᠨ ᠪᠡᠯᠡ ᠮᠥᠩᠭᠦ ᠶᠢᠨ ᠳᠣᠲᠣᠭᠠᠳᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ︔  ( ᠭᠤᠷᠪᠠ ) ᠬᠢᠨᠠᠯᠲᠠ ᠲᠠᠯᠪᠢᠵᠤ ᠪᠠᠶᠢᠴᠠᠭᠠᠬᠤ ᠪᠠ ᠠᠮᠵᠢᠯᠲᠠ ᠪᠦᠲᠦᠮᠵᠢ ᠶᠢᠨ ᠦᠨᠡᠯᠡᠯᠲᠡ ᠬᠢᠬᠦ ᠶᠢ ᠤᠬᠠᠮᠰᠠᠷ  ᠠᠴᠠ ᠪᠠᠨ ᠬᠦᠯᠢᠶᠡᠨ᠎ᠡ  ᠃  ᠶᠢᠰᠦᠳᠦᠭᠡᠷ ᠵᠦᠶᠯ ᠲᠥᠷᠥᠯ ᠵᠦᠶᠯ ᠤᠨ ᠬᠠᠷᠢᠭᠤᠴᠠᠯᠭᠠᠲᠠᠨ ᠤ ᠭᠤᠤᠯ ᠡᠭᠦᠷᠭᠡ ᠬᠠᠷᠢᠭᠤᠴᠠᠯᠭ᠎ᠠ ᠪᠣᠯ᠄  ᠃( ᠨᠢᠭᠡ ) ᠵᠦᠢᠯᠡᠰ ᠤᠨ ᠲᠥᠰᠦᠪ ᠪᠠ ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ ᠠᠵᠢᠯ ᠢ ᠬᠠᠷᠢᠭᠤᠴᠠᠨ᠎ᠠ︔    ( ᠬᠤᠶᠠᠷ ) ᠲᠤᠰᠬᠠᠶ ᠵᠦᠢᠯ ᠤᠨ ᠪᠡᠯᠡ ᠮᠥᠩᠭᠦ ᠶᠢ ᠲᠣᠭᠲᠠᠭᠠᠯ ᠳᠤ ᠨᠡᠶᠢᠴᠡᠭᠦᠯᠦᠨ ᠬᠡᠷᠡᠭᠯᠡᠵᠦ᠂ ᠬᠢᠨᠠᠯᠲᠠ ᠲᠠᠯᠪᠢᠵᠤ ᠪᠠᠶᠢᠴᠠᠭᠠᠬᠤ ᠪᠠ ᠠᠮᠵᠢᠯᠲᠠ ᠪᠦᠲᠦᠮᠵᠢ ᠶᠢᠨ ᠦᠨᠡᠯᠡᠯᠲᠡ ᠬᠢᠬᠦ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ︔    ( ᠭᠤᠷᠪᠠ ) ᠶᠠᠮᠠᠷ ᠨᠢᠭᠡᠨ ᠰᠢᠯᠲᠠᠭᠠᠨ ᠠᠴᠠ ᠪᠣᠯᠣᠭᠠᠳ ᠬᠡᠷᠡᠭᠵᠢᠭᠦᠯᠬᠦ ᠪᠠᠨ ᠵᠣᠭᠰᠣᠭᠠᠬᠤ ᠪᠤᠶᠤ ᠬᠦᠴᠦᠨ ᠦᠭᠡᠶ ᠪᠣᠯᠭᠠᠬᠤ ᠴᠢᠬᠤᠯᠠ ᠲᠠᠢ ᠲᠥᠷᠥᠯ ᠵᠦᠢᠯ ᠳᠤ ᠪᠣᠯ ᠲᠥᠷᠥᠯ ᠵᠦᠢᠯ ᠢ ᠳᠠᠭᠠᠭᠠᠨ ᠡᠭᠦᠷᠭᠡᠯᠡᠭᠰᠡᠨ ᠨᠢᠭᠡᠴᠡ ᠬᠢᠭᠡᠳ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠥᠷᠥᠯ ᠵᠦᠢᠯ ᠢ ᠵᠣᠭᠰᠣᠭᠠᠬᠤ ᠪᠤᠶᠤ ᠪᠢᠴᠢᠭᠯᠡᠭᠰᠡᠨ ᠭᠤᠶᠤᠴᠢᠯᠠᠯ ᠢᠶᠠᠨ ᠬᠦᠴᠦᠨ ᠦᠭᠡᠶ ᠪᠣᠯᠭᠠᠬᠤ ᠶᠢᠨ ᠬᠠᠮᠲᠤ ᠤᠴᠢᠷ ᠰᠢᠯᠲᠠᠭᠠᠨ ᠢᠶᠠᠨ ᠴᠠᠭ ᠲᠤᠬᠠᠶ  ᠳᠤᠨᠢ ᠲᠣᠳᠣᠷᠬᠠᠶᠢᠯᠠᠬᠤ ᠬᠡᠷᠡᠭᠲᠡᠶ᠃ᠭᠤᠷᠪᠠᠳᠤᠭᠠᠷ ᠪᠦᠯᠦᠭ ᠲᠤᠰᠬᠠᠶ ᠵᠦᠢᠯ ᠤᠨ ᠪᠡᠯᠡ ᠮᠥᠩᠭᠦ ᠶᠢᠨ ᠳᠡᠮᠵᠢᠬᠦ ᠬᠡᠪᠴᠢᠶ᠎ᠡ ᠬᠢᠭᠡᠳ ᠳᠡᠮᠵᠢᠬᠦ ᠠᠷᠭ᠎ᠠ ᠮᠠᠶ᠋ᠢᠭ  ᠠᠷᠪᠠᠳᠤᠭᠠᠷ ᠵᠦᠢᠯ ᠲᠤᠰᠬᠠᠢ ᠪᠡᠯᠡ ᠮᠥᠩᠭᠦ ᠶᠢᠨ ᠳᠡᠮᠵᠢᠬᠦ ᠬᠦᠷᠢᠶ᠎ᠡ ᠬᠡᠪᠴᠢᠶ᠎ᠡ ᠳᠤ᠄  ( ᠨᠢᠭᠡ ) ᠰᠠᠭᠤᠷᠢ ᠰᠤᠳᠤᠯᠤᠯ  ᠃ ᠪᠠᠶᠢᠭᠠᠯᠢ ᠶᠢᠨ ᠰᠢᠨᠵᠢᠯᠡᠬᠦ ᠤᠬᠠᠭᠠᠨ ᠵᠢᠴᠢ ᠲᠡᠭᠦᠨ ᠤ ᠰᠣᠯᠪᠢᠴᠠᠯ ᠰᠢᠨᠵᠢᠯᠡᠭᠡᠨ ᠤ ᠰᠠᠭᠤᠷᠢ ᠰᠤᠳᠤᠯᠭᠠᠨ᠂ ᠬᠡᠷᠡᠭᠯᠡᠭᠡᠨ ᠤ ᠰᠠᠭᠤᠷᠢ ᠰᠤᠳᠤᠯᠭᠠᠨ ᠪᠠ ᠬᠤᠰᠢᠭᠤᠷᠠᠯ ᠰᠢᠨᠵᠢᠯᠡᠬᠦ ᠤᠬᠠᠭᠠᠨ ᠤ ᠴᠢᠯᠥᠭᠡᠲᠦ ᠬᠠᠶᠢᠨ ᠰᠥᠪᠡᠭᠴᠢᠯᠡᠯᠲᠡ ᠬᠢᠬᠦ ᠶᠢ ᠳᠡᠮᠵᠢᠬᠦ ᠳᠤ ᠬᠡᠷᠡᠭᠯᠡᠨ᠎ᠡ  ᠃  ( ᠬᠤᠶᠠᠷ ) ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠶᠯ  ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ 《 ᠪᠣᠭᠤᠮᠢ 》 ᠪᠣᠯᠬᠤ ᠮᠡᠷᠭᠡᠵᠢᠯ ᠤᠨ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠴᠢᠬᠤᠯᠠ ᠶᠡᠭᠡ ᠦᠶᠯᠡᠳᠬᠦᠨ ᠢ ᠨᠡᠭᠡᠭᠡᠨ ᠬᠥᠭᠵᠢᠭᠦᠯᠬᠦ ᠪᠠ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠢᠨᠵᠧᠨᠧᠷᠢᠩ ᠢ ᠳᠣᠪᠣᠶᠢᠯᠭᠠᠬᠤ ᠳᠤ ᠬᠡᠷᠡᠭᠯᠡᠨ᠎ᠡ  ᠃  ( ᠭᠤᠷᠪᠠ ) ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠯᠠᠷᠢᠭᠤᠯᠬᠤ  ᠃ 《 ᠳᠥᠷᠪᠡᠨ ᠬᠠᠨᠳᠤᠰᠢ 》 ᠶᠢ ᠳᠣᠪᠣᠶᠢᠯᠭᠠᠬᠤ ᠶᠢ ᠳᠡᠮᠵᠢᠵᠦ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠭᠤᠤᠯᠳᠠᠯᠭ᠎ᠠ ᠲᠠᠢ ᠠᠵᠤ ᠦᠶᠯᠡᠰ ᠤᠨ ᠬᠡᠯᠬᠢᠶ᠎ᠡ ᠪᠠ ᠨᠡᠶᠢᠭᠡᠮ ᠤᠨ ᠨᠡᠶᠢᠲᠡ  ᠶᠢᠨ ᠠᠰᠠᠷᠠᠮᠵᠢ ᠶᠢᠨ ᠬᠦᠷᠢᠶᠡᠨ ᠳᠠᠬᠢ ᠰᠢᠨ᠎ᠡ ᠶᠢ ᠡᠭᠦᠳᠬᠦ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠰᠢᠶᠳᠪᠦᠷᠢᠯᠡᠬᠦ ᠳᠤ ᠬᠡᠷᠡᠭᠯᠡᠨ᠎ᠡ  ᠃   ( ᠳᠥᠷᠪᠡ ) ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ  ᠃ ᠰᠢᠨ᠎ᠡ ᠶᠢ ᠡᠭᠦᠳᠬᠦ ᠲᠠᠪᠴᠠᠩ ( ᠰᠠᠭᠤᠷᠢᠨ ᠭᠠᠵᠠᠷ ) ᠢ ᠪᠣᠶᠢᠵᠢᠭᠤᠯᠤᠨ ᠪᠥᠲᠥᠭᠡᠨ ᠪᠠᠶᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠨᠥᠬᠦᠴᠡᠯ ᠤᠨ ᠪᠠᠶᠢᠭᠤᠯᠤᠯᠲᠠ᠂ ᠰᠢᠨ᠎ᠡ ᠶᠢ ᠡᠭᠦᠳᠬᠦ ᠭᠤᠤᠯ ᠴᠣᠭᠴᠠ ᠶᠢ ᠪᠣᠶᠢᠵᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠪᠣᠶᠢᠵᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠰᠣᠯᠢᠯᠴᠠᠭ᠎ᠠ᠂ ᠵᠥᠭᠡᠯᠡᠨ ᠰᠢᠨᠵᠢᠯᠡᠬᠦ ᠤᠬᠠᠭᠠᠨ ᠤ ᠰᠤᠳᠤᠯᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ᠂ ᠰᠢᠨ᠎ᠡ ᠶᠢ ᠡᠭᠦᠳᠬᠦ ᠶᠢ ᠬᠥᠲᠥᠯᠦᠨ ᠵᠢᠯᠣᠭᠤᠳᠴᠤ ᠤᠷᠮᠠᠰᠢᠭᠤᠯᠬᠤ ᠱᠠᠩᠨᠠᠵᠤ ᠲᠤᠰᠠᠯᠠᠬᠤ᠂ ᠮᠡᠷᠭᠡᠵᠢᠯ ᠤᠨ ᠠᠷᠠᠯᠵᠢᠶ᠎ᠠ ᠶᠢᠨ ᠨᠥᠬᠦᠪᠥᠷᠢ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠶᠯᠭᠡᠭᠡᠨ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠲᠣᠭᠤᠷᠢᠨ ᠤ ᠴᠢᠳᠠᠪᠤᠷᠢ ᠶᠢᠨ ᠪᠠᠶᠢᠭᠤᠯᠤᠯᠲᠠ ᠵᠡᠷᠭᠡ ᠰᠢᠨ᠎ᠡ ᠶᠢ ᠡᠭᠦᠳᠬᠦ ᠠᠵᠢᠯᠯᠠᠭ᠎ᠠ ᠳᠤ ᠬᠡᠷᠡᠭᠯᠡᠨ᠎ᠡ  ᠃  ( ᠲᠠᠪᠤ ) ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠣᠭᠲᠠᠭᠠᠵᠤ ᠬᠡᠷᠡᠭᠵᠢᠭᠦᠯᠬᠦ ᠪᠤᠰᠤᠳ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠶᠯ  ᠃  ᠠᠷᠪᠠᠨ ᠨᠢᠭᠡᠳᠦᠭᠡᠷ ᠵᠦᠶᠯ ᠲᠤᠰᠬᠠᠶ ᠵᠦᠶᠯ ᠤᠨ ᠪᠠᠯᠠ ᠮᠥᠩᠭᠦ ᠪᠠᠷ ᠲᠤᠰᠠᠯᠠᠬᠤ ᠡᠲᠡᠭᠡᠳ ᠵᠢᠴᠢ ᠳᠡᠮᠵᠢᠬᠦ ᠠᠷᠭ᠎ᠠ ᠮᠠᠶ᠋ᠢᠭ᠄  ( ᠨᠢᠭᠡ ) ᠡᠳ ᠮᠥᠩᠭᠦ ᠪᠠᠷ ᠲᠤᠰᠠᠯᠠᠬᠤ ᠡᠲᠡᠭᠡᠳ᠄ ᠲᠥᠷᠥᠯ ᠵᠦᠢᠯ ᠤᠨ ᠲᠦᠷᠦᠭᠦᠯᠡᠬᠦ ᠨᠢᠭᠡᠴᠡ ᠨᠢ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ ᠰᠠᠶᠢᠨ ᠰᠠᠶᠢᠬᠠᠨ ᠰᠤᠳᠤᠯᠤᠨ ᠨᠡᠭᠡᠭᠡᠬᠦ ᠨᠥᠬᠦᠴᠡᠯ ᠲᠠᠢ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠳᠡᠭᠡᠳᠦ ᠰᠤᠷᠭᠠᠭᠤᠯᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠮᠣᠩᠭᠤᠯ ᠳᠤ ᠰᠠᠭᠤᠭ᠎ᠠ ᠲᠥᠪ ᠤᠨ ᠪᠡᠶ᠎ᠡ ᠪᠠᠨ ᠳᠠᠭᠠᠭᠠᠭᠰᠠᠨ ᠪᠤᠰᠤ ᠬᠠᠤᠯᠢ ᠶᠢᠨ ᠡᠷᠬᠡᠲᠡᠨ ᠤ ᠠᠵᠤ ᠠᠬᠤᠶᠢᠯᠠᠯ ᠵᠢᠴᠢ ᠪᠤᠰᠤᠳ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠯᠲᠡ ᠬᠢᠬᠦ ᠪᠠ ᠦᠢᠯᠡᠴᠢᠯᠡᠬᠦ ᠴᠢᠳᠠᠪᠤᠷᠢ ᠲᠠᠢ ᠨᠢᠭᠡᠴᠡ ᠵᠡᠷᠭᠡ ᠪᠣᠯᠤᠨ᠎ᠠ  ᠃  ( ᠬᠤᠶᠠᠷ ) ᠳᠡᠮᠵᠢᠬᠦ ᠠᠷᠭ᠎ᠠ ᠮᠠᠶ ᠢᠭ᠄ ᠲᠤᠰᠬᠠᠶ ᠵᠦᠢᠯ ᠤᠨ ᠪᠡᠯᠡ ᠮᠥᠩᠭᠦ ᠳᠤ ᠪᠣᠯ ᠬᠡᠷᠡᠭ ᠤᠨ ᠡᠮᠦᠨ᠎ᠡ ᠲᠤᠰᠠᠯᠠᠬᠤ᠂ ᠬᠡᠷᠡᠭ ᠤᠨ ᠳᠠᠷᠠᠭ᠎ᠠ ᠲᠤᠰᠠᠯᠠᠬᠤ ᠪᠠ ᠪᠤᠰᠤᠳ ᠳᠡᠮᠵᠢᠯᠭᠡ ᠦᠵᠡᠭᠦᠯᠬᠦ ᠠᠷᠭ᠎ᠠ ᠮᠠᠶ ᠢᠭ ᠢ ᠠᠪᠤᠨ᠎ᠠ  ᠃  1. ᠬᠡᠷᠡᠭ ᠤᠨ ᠡᠮᠦᠨ᠎ᠡ ᠲᠤᠰᠠᠯᠠᠬᠤ ᠭᠡᠳᠡᠭ ᠨᠢ ᠲᠥᠷᠥᠯ ᠵᠦᠶᠯ ᠢ ᠲᠣᠭᠲᠠᠭᠠᠭᠰᠠᠨ ᠤ ᠳᠠᠷᠠᠭ᠎ᠠ᠂ ᠲᠤᠰᠬᠠᠶ ᠵᠦᠶᠯ ᠤᠨ ᠪᠠᠯᠠ ᠮᠥᠩᠭᠦ ᠶᠢᠨ ᠲᠥᠯᠥᠪᠯᠡᠭᠡ ᠶᠢ ᠦᠨᠳᠦᠰᠦᠯᠡᠨ ᠬᠡᠷᠡᠭ ᠤᠨ ᠡᠮᠦᠨ᠎ᠡ ᠲᠤᠰᠠᠯᠠᠬᠤ᠂ ᠲᠤᠰᠬᠠᠶ ᠵᠦᠶᠯ  ᠤᠨ ᠪᠠᠯᠠ ᠮᠥᠩᠭᠦ ᠶᠢ ᠲᠥᠷᠥᠯ ᠵᠦᠶᠯ ᠢ ᠳᠠᠭᠠᠭᠠᠨ ᠡᠭᠦᠷᠭᠡᠯᠡᠭᠰᠡᠨ ᠨᠢᠭᠡᠴᠡ ᠳᠤ ᠰᠢᠭᠤᠳ ᠰᠠᠯᠭᠠᠨ ᠥᠭᠬᠦ ᠲᠤᠰᠠᠯᠠᠮᠵᠢ ᠶᠢᠨ ᠠᠷᠭ᠎ᠠ ᠮᠠᠶ᠋ᠢᠭ ᠢ ᠵᠢᠭᠠᠵᠤ ᠪᠣᠶ  ᠃  2 . ᠬᠡᠷᠡᠭ ᠤᠨ ᠳᠠᠷᠠᠭ᠎ᠠ ᠨᠥᠬᠦᠪᠥᠷᠢ ᠥᠭᠬᠦ ᠭᠡᠳᠡᠭ ᠨᠢ ᠲᠥᠷᠥᠯ ᠵᠦᠶᠯ ᠢ ᠳᠠᠭᠠᠭᠠᠨ ᠡᠭᠦᠷᠭᠡᠯᠡᠭᠰᠡᠨ ᠨᠢᠭᠡᠴᠡ  ᠨᠢ ᠤᠷᠢᠳᠠᠪᠠᠷ ᠪᠠᠯᠠ ᠮᠥᠩᠭᠦ ᠣᠷᠣᠭᠤᠯᠤᠨ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠪᠤᠶᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠶᠯᠡᠴᠢᠯᠡᠭᠡ ᠬᠠᠩᠭᠠᠬᠤ ᠵᠡᠷᠭᠡ ᠠᠵᠢᠯᠯᠠᠭ᠎ᠠ ᠶᠢ ᠵᠢᠭᠠᠵᠤ ᠪᠣᠶ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠬᠠᠮᠢᠶ᠎ᠠ ᠪᠥᠬᠦᠶ ᠬᠠᠮᠢᠶᠠᠷᠤᠯᠲᠠ ᠶᠢᠨ ᠠᠷᠭ᠎ᠠ ᠶᠢ ᠦᠨᠳᠦᠰᠦᠯᠡᠨ᠂ ᠬᠡᠷᠡᠭ ᠤᠨ ᠳᠠᠷᠠᠭ᠎ᠠ ᠲᠤᠰᠬᠠᠶ ᠪᠠᠯᠠ ᠮᠥᠩᠭᠦ ᠶᠢᠨ ᠨᠥᠬᠦᠪᠥᠷᠢ ᠥᠭᠬᠦ ᠳᠡᠮᠵᠢᠯᠭᠡ ᠶᠢᠨ ᠠᠷᠭ᠎ᠠ ᠮᠠᠶ᠋ᠢᠭ ᠪᠣᠯᠤᠨ᠎ᠠ  ᠃  3. ᠪᠤᠰᠤᠳ ᠳᠡᠮᠵᠢᠬᠦ ᠠᠷᠭ᠎ᠠ ᠮᠠᠶ᠋ᠢᠭ  ᠃ ᠡᠨᠡ ᠨᠢ ᠬᠡᠷᠡᠭ ᠤᠨ ᠡᠮᠦᠨᠡᠬᠢ ᠲᠤᠰᠠᠯᠠᠮᠵᠢ ᠪᠠ ᠬᠡᠷᠡᠭ ᠤᠨ ᠳᠠᠷᠠᠭᠠᠬᠢ ᠨᠥᠬᠦᠪᠥᠷᠢ ᠠᠴᠠ ᠭᠠᠳᠠᠨᠠᠬᠢ ᠳᠡᠮᠵᠢᠯᠭᠡ ᠶᠢᠨ ᠠᠷᠭ᠎ᠠ ᠮᠠᠶ᠋ᠢᠭ ᠢ ᠵᠢᠭᠠᠵᠤ ᠪᠠᠶᠢᠨ᠎ᠠ᠂ ᠡᠭᠦᠨ ᠳᠤ ᠲᠦᠭᠰᠢᠭᠦᠷᠢ ᠶᠢᠨ ᠲᠥᠯᠥᠪᠦᠷᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠡᠮᠳᠡᠭᠲᠦ ᠵᠡᠷᠭᠡ ᠪᠠᠭᠲᠠᠨ᠎ᠠ  ᠃  ᠳᠥᠷᠪᠡᠳᠦᠭᠡᠷ ᠪᠦᠯᠦᠭ ᠲᠤᠰᠬᠠᠶ ᠵᠦᠢᠯ ᠤᠨ ᠪᠡᠯᠡ ᠮᠥᠩᠭᠦ ᠶᠢ ᠮᠡᠳᠡᠭᠦᠯᠬᠦ᠂ ᠬᠢᠨᠠᠨ ᠲᠣᠭᠲᠠᠭᠠᠬᠤ ᠪᠠ ᠬᠤᠪᠢᠶᠠᠷᠢᠯᠠᠬᠤ  ᠠᠷᠪᠠᠨ ᠬᠤᠶᠠᠳᠤᠭᠠᠷ ᠵᠦᠢᠯ ᠲᠤᠰᠬᠠᠶ ᠵᠦᠢᠯ ᠤᠨ ᠪᠡᠯᠡ ᠮᠥᠩᠭᠦ ᠶᠢ ᠲᠥᠷᠥᠯ ᠵᠦᠢᠯ ᠤᠨ ᠠᠷᠭ᠎ᠠ ᠪᠠᠷ ᠬᠤᠪᠢᠶᠠᠷᠢᠯᠠᠨ᠎ᠠ  ᠃  ᠠᠷᠪᠠᠨ ᠭᠤᠷᠪᠠᠳᠤᠭᠠᠷ ᠵᠦᠶᠯ ᠥᠷᠢᠰᠥᠯᠳᠦᠭᠡᠨ ᠢᠶᠠᠷ ᠲᠥᠷᠥᠯ ᠵᠦᠶᠯ ᠲᠣᠭᠲᠠᠭᠠᠬᠤ ᠠᠷᠭ᠎ᠠ ᠮᠠᠶ᠋ᠢᠭ ᠢᠶᠠᠷ ᠬᠤᠪᠢᠶᠠᠷᠢᠯᠠᠬᠤ ᠲᠥᠷᠥᠯ ᠵᠦᠶᠯ ᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ  ᠠᠴᠠ ᠤᠯᠤᠰ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠣᠭᠲᠠᠭᠠᠭᠰᠠᠨ ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠪᠠ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠲᠥᠷᠥᠯ ᠵᠦᠶᠯ ᠢ ᠮᠡᠳᠡᠭᠦᠯᠬᠦ ᠵᠦᠭᠯᠡᠭᠦᠷ ᠢ ᠨᠡᠶᠢᠲᠡᠯᠡᠵᠦ᠂ ᠲᠥᠷᠥᠯ ᠵᠦᠶᠯ  ᠢ ᠬᠢᠨᠠᠨ ᠲᠣᠭᠲᠠᠭᠠᠬᠤ ᠶᠢ ᠵᠣᠬᠢᠶᠠᠨ ᠪᠠᠶᠢᠭᠤᠯᠵᠤ᠂ ᠪᠠᠯᠠ ᠮᠥᠩᠭᠦ ᠬᠤᠪᠢᠶᠠᠷᠢᠯᠠᠬᠤ ᠲᠥᠰᠦᠯ ᠢ ᠳᠤᠷᠠᠳᠤᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ  ᠤᠨ ᠲᠢᠩᠬᠢᠮ ᠲᠠᠢ ᠬᠠᠮᠲᠤᠷᠠᠨ ᠪᠠᠯᠠ ᠮᠥᠩᠭᠦ ᠪᠠᠭᠤᠯᠭᠠᠨ᠎ᠠ  ᠃  ᠠᠷᠪᠠᠨ ᠳᠥᠷᠪᠡᠳᠦᠭᠡᠷ ᠵᠦᠢᠯ ᠲᠣᠭᠲᠠᠭᠰᠠᠨ ᠲᠤᠭ᠎ᠠ ᠪᠠᠷ ᠲᠤᠰᠠᠯᠠᠬᠤ᠂ ᠬᠡᠷᠡᠭ ᠤᠨ ᠳᠠᠷᠠᠭ᠎ᠠ ᠲᠤᠰᠠᠯᠠᠬᠤ ᠵᠡᠷᠭᠡ ᠠᠷᠭ᠎ᠠ ᠮᠠᠶ᠋ᠢᠭ ᠢᠶᠠᠷ ᠬᠤᠪᠢᠶᠠᠷᠢᠯᠠᠬᠤ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠬᠠᠮᠢᠶ᠎ᠠ ᠪᠦᠬᠦᠢ ᠬᠠᠮᠢᠶᠠᠷᠤᠯᠲᠠ ᠶᠢᠨ ᠠᠷᠭ᠎ᠠ ᠪᠤᠶᠤ ᠲᠥᠷᠥᠯ ᠵᠦᠢᠯ ᠤᠨ ᠬᠡᠷᠡᠭᠵᠢᠭᠦᠯᠬᠦ ᠲᠥᠰᠦᠯ ᠶᠣᠰᠣᠭᠠᠷ ᠬᠤᠪᠢᠶᠠᠷᠢᠯᠠᠬᠤ ᠲᠥᠰᠦᠯ ᠢ ᠳᠤᠷᠠᠳᠤᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ  ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠲᠠᠢ ᠬᠠᠮᠲᠤᠷᠠᠨ ᠪᠡᠯᠡ ᠮᠥᠩᠭᠦ ᠪᠠᠭᠤᠯᠭᠠᠨ᠎ᠠ  ᠃   ᠠᠷᠪᠠᠨ ᠲᠠᠪᠤᠳᠤᠭᠠᠷ ᠵᠦᠶᠯ ᠨᠢᠭᠤᠴᠠ ᠶᠢ ᠬᠠᠮᠠᠭᠠᠯᠠᠬᠤ ᠲᠣᠭᠲᠠᠭᠠᠯ ᠳᠤ ᠨᠡᠶᠢᠴᠡᠭᠰᠡᠨ ᠤᠷᠢᠲᠠᠯ ᠳᠣᠤᠷ᠎ᠠ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠨᠢ ᠠᠯᠪᠠᠨ ᠰᠦᠯᠵᠢᠶ᠎ᠡ ᠵᠡᠷᠭᠡ ᠠᠷᠭ᠎ᠠ ᠵᠠᠮ ᠢᠶᠠᠷ ᠳᠡᠮᠵᠢᠨ ᠲᠥᠷᠥᠯ ᠵᠦᠶᠯ ᠪᠠᠶᠢᠭᠤᠯᠬᠤ ᠪᠠᠷ ᠪᠠᠶᠢᠭ᠎ᠠ ᠳᠡᠮᠵᠢᠬᠦ ᠲᠥᠷᠥᠯ ᠵᠦᠶᠯ ᠢ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠶᠢ 5 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠥᠬᠡᠶ  ᠃ᠲᠠᠪᠤᠳᠤᠭᠠᠷ ᠪᠦᠯᠦᠭ ᠲᠤᠰᠬᠠᠢ ᠵᠦᠢᠯ ᠤᠨ ᠪᠡᠯᠡ ᠮᠥᠩᠭᠦ ᠶᠢ ᠬᠠᠮᠢᠶᠠᠷᠬᠤ ᠪᠠ ᠬᠡᠷᠡᠭᠯᠡᠬᠦ  ᠠᠷᠪᠠᠨ ᠵᠢᠷᠭᠤᠳᠤᠭᠠᠷ ᠵᠦᠢᠯ ᠲᠤᠰᠬᠠᠢ ᠪᠡᠯᠡ ᠮᠥᠩᠭᠦ ᠳᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠪᠡᠯᠡ ᠮᠥᠩᠭᠦ ᠪᠣᠯᠤᠨ ᠳᠣᠷᠣᠭᠰᠢ ᠰᠢᠯᠵᠢᠭᠦᠯᠦᠨ ᠥᠭᠬᠦ ᠪᠡᠯᠡ ᠮᠥᠩᠭᠦ ᠪᠠᠭᠲᠠᠨ᠎ᠠ  ᠃ ᠥᠪᠡᠷᠲᠡᠭᠡᠨ ᠵᠠᠰᠠᠬᠤ ᠣᠷᠣᠨ  ᠤ ᠲᠤᠰ ᠱᠠᠲᠤᠨ ᠤ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠰᠠᠯᠠᠭ᠎ᠠ ᠮᠥᠴᠢᠷ ᠤᠨ ᠲᠥᠰᠦᠪ ᠲᠤ ᠣᠷᠣᠭᠤᠯᠵᠤ᠂ ᠰᠠᠯᠠᠭ᠎ᠠ ᠮᠥᠴᠢᠷ ᠤᠨ ᠲᠥᠰᠦᠪ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ  ᠃ ᠳᠣᠷᠣᠭᠰᠢ ᠰᠢᠯᠵᠢᠭᠦᠯᠦᠨ ᠥᠭᠬᠦ ᠪᠡᠯᠡ ᠮᠥᠩᠭᠦ  ᠶᠢ ᠥᠪᠡᠷᠲᠡᠭᠡᠨ ᠵᠠᠰᠠᠬᠤ ᠣᠷᠣᠨ ᠤ ᠳᠣᠷᠣᠭᠰᠢ ᠰᠢᠯᠵᠢᠭᠦᠯᠦᠨ ᠥᠭᠬᠦ ᠲᠥᠰᠦᠪ ᠤᠨ ᠬᠠᠮᠢᠶᠠᠷᠤᠯᠲᠠ ᠳᠤ ᠣᠷᠣᠭᠤᠯᠵᠤ᠂ ᠲᠤᠰᠠᠭᠠᠷ ᠲᠣᠬᠢᠷᠠᠭᠤᠯᠤᠨ ᠥᠭᠬᠦ᠂ ᠲᠤᠰᠠᠭᠠᠷ ᠢᠯᠭᠠᠷᠠᠭᠤᠯᠤᠨ ᠪᠣᠳᠣᠬᠤ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠵᠦ᠂ ᠲᠤᠰᠬᠠᠶ ᠳᠠᠩᠰᠠ ᠪᠠᠷ ᠬᠠᠮᠢᠶᠠᠷᠬᠤ᠂ ᠪᠢᠲᠡᠭᠦᠦ ᠪᠠᠷ ᠠᠵᠢᠯᠯᠠᠭᠤᠯᠬᠤ ᠶᠢ ᠪᠡᠶᠡᠯᠡᠭᠦᠯᠦᠨ᠎ᠡ  ᠃  ᠠᠷᠪᠠᠨ ᠳᠣᠯᠣᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠨᠢ ᠪᠠᠯᠠ ᠮᠥᠩᠭᠦ ᠶᠢᠨ ᠭᠦᠶᠴᠡᠳᠬᠡᠯ ᠲᠤᠭ᠎ᠠ  ᠶᠢᠨ ᠪᠢᠴᠢᠭ ᠮᠠᠲ᠋ᠧᠷᠢᠶᠠᠯ ᠢ ᠳᠠᠷᠤᠮᠠᠯᠯᠠᠨ ᠶᠠᠪᠤᠭᠤᠯᠤᠭᠰᠠᠨ ᠤ ᠳᠠᠷᠠᠭᠠᠬᠢ 30 ᠡᠳᠦᠷ ᠤᠨ ᠳᠣᠲᠣᠷ᠎ᠠ ᠭᠦᠶᠴᠡᠳᠬᠡᠯ ᠲᠤᠭ᠎ᠠ ᠶᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠪᠠ ᠲᠣᠰ ᠱᠠᠲᠤᠨ ᠤ ᠲᠥᠷᠥᠯ ᠵᠦᠶᠯ ᠢ ᠳᠠᠭᠠᠭᠠᠨ ᠡᠭᠦᠷᠭᠡᠯᠡᠭᠰᠡᠨ ᠨᠢᠭᠡᠴᠡ ᠳᠤ ᠪᠠᠭᠤᠯᠭᠠᠬᠤ ᠬᠡᠷᠡᠭᠲᠡᠶ  ᠃ ᠠᠶᠢᠮᠠᠭ ᠬᠤᠲᠠ᠂ ᠬᠤᠰᠢᠭᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠨᠢ ᠳᠡᠭᠡᠳᠦ ᠱᠠᠲᠤᠨ ᠤ ᠭᠦᠶᠴᠡᠳᠬᠡᠯ ᠲᠤᠭ᠎ᠠ ᠶᠢᠨ ᠪᠢᠴᠢᠭ ᠮᠠᠲ᠋ᠧᠷᠢᠶᠠᠯ ᠢ ᠭᠠᠷᠳᠠᠭᠰᠠᠨ ᠤ ᠳᠠᠷᠠᠭᠠᠬᠢ 30 ᠡᠳᠦᠷ ᠤᠨ ᠳᠣᠲᠣᠷ᠎ᠠ ᠪᠠᠯᠠ ᠮᠥᠩᠭᠦ ᠶᠢ ᠲᠥᠷᠥᠯ ᠵᠦᠶᠯ ᠢ ᠳᠠᠭᠠᠭᠠᠨ ᠡᠭᠦᠷᠭᠡᠯᠡᠭᠰᠡᠨ ᠨᠢᠭᠡᠴᠡ ᠳᠤ ᠪᠠᠭᠤᠯᠭᠠᠬᠤ ᠬᠡᠷᠡᠭᠲᠡᠶ  ᠃  ᠠᠷᠪᠠᠨ ᠨᠠᠶᠮᠠᠳᠤᠭᠠᠷ ᠵᠦᠶᠯ ᠲᠥᠷᠥᠯ ᠵᠦᠶᠯ ᠢ ᠳᠠᠭᠠᠭᠠᠨ ᠡᠭᠦᠷᠭᠡᠯᠡᠭᠰᠡᠨ ᠨᠢᠭᠡᠴᠡ ᠠᠴᠠ 《 ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠶᠯ ᠤᠨ ᠪᠠᠯᠠ ᠮᠥᠩᠭᠦ 》 ᠶᠢ ᠢᠯᠭᠠᠬᠤ ᠪᠠᠯᠠ ᠮᠥᠩᠭᠦ ᠶᠢ ᠨᠢᠭᠡᠴᠡ  ᠶᠢᠨ ᠪᠣᠳᠠᠲᠠᠶ ᠪᠠᠶᠢᠬᠤ ᠪᠠᠯᠠ ᠮᠥᠩᠭᠦ ᠶᠢᠨ ᠲᠠᠩᠰᠠᠨ ᠡᠷᠦᠬᠡ ᠳᠤ ᠰᠢᠯᠵᠢᠭᠦᠯᠦᠨ ᠥᠭᠬᠦ ᠶᠢ ᠵᠥᠪᠰᠢᠶᠡᠷᠡᠨ᠎ᠡ  ᠃ ᠲᠥᠷᠥᠯ ᠵᠦᠶᠯ ᠢ ᠳᠠᠭᠠᠭᠠᠨ ᠡᠭᠦᠷᠭᠡᠯᠡᠭᠰᠡᠨ ᠨᠢᠭᠡᠴᠡ ᠨᠢ ᠲᠥᠷᠥᠯ ᠵᠦᠶᠯ ᠤᠨ ᠪᠠᠯᠠ ᠮᠥᠩᠭᠦ ᠶᠢ ᠨᠢᠭᠡᠴᠡ ᠶᠢᠨ ᠡᠳ᠋  ᠤᠨ ᠶᠠᠪᠤᠳᠠᠯ ᠳᠤ ᠣᠷᠣᠭᠤᠯᠤᠨ ᠨᠢᠭᠡᠳᠦᠯᠲᠡᠶ ᠬᠠᠮᠢᠶᠠᠷᠴᠤ᠂ ᠲᠤᠰᠬᠠᠶ ᠵᠣᠭᠤᠰ ᠢ ᠲᠤᠰᠬᠠᠶ ᠵᠦᠶᠯ ᠳᠤᠨᠢ ᠬᠡᠷᠡᠭᠯᠡᠬᠦ᠂ ᠲᠤᠰᠠᠭᠠᠷ ᠲᠣᠭᠠᠴᠠᠭ᠎ᠠ ᠬᠢᠬᠦ ᠶᠢ ᠦᠨᠡᠨᠬᠦ ᠪᠠᠲᠤᠯᠠᠬᠤ ᠬᠡᠷᠡᠭᠲᠡᠶ  ᠃  ᠠᠷᠪᠠ ᠶᠢᠰᠦᠳᠦᠭᠡᠷ ᠵᠦᠢᠯ ᠰᠢᠨᠵᠢᠯᠡᠬᠦ ᠤᠬᠠᠭᠠᠨ ᠤ ᠰᠤᠳᠤᠯᠭᠠᠨ ᠤ ᠵᠦᠢᠯᠡᠰ ᠤᠨ ᠪᠡᠯᠡ ᠮᠥᠩᠭᠦ ᠶᠢᠨ ᠵᠠᠷᠤᠯᠭ᠎ᠠ ᠭᠡᠳᠡᠭ ᠨᠢ ᠰᠢᠨᠵᠢᠯᠡᠬᠦ ᠤᠬᠠᠭᠠᠨ ᠤ ᠰᠤᠳᠤᠯᠭᠠᠨ ᠤ ᠵᠦᠢᠯᠡᠰ ᠤᠨ ᠰᠤᠳᠤᠯᠭᠠᠨ ᠤ ᠠᠵᠢᠯ ᠲᠠᠢ ᠬᠤᠯᠪᠣᠭᠳᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠦᠢᠯᠡᠰ ᠤᠨ ᠪᠡᠯᠡ ᠮᠥᠩᠭᠦ ᠠᠴᠠ ᠥᠭᠬᠦ ᠡᠯ᠎ᠡ ᠵᠦᠢᠯ ᠤᠨ ᠵᠠᠷᠤᠳᠠᠯ ᠢ ᠵᠢᠭᠠᠵᠤ ᠪᠠᠶᠢᠨ᠎ᠠ  ᠃ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠪᠡᠯᠡ ᠮᠥᠩᠭᠦ ᠶᠢᠨ ᠵᠠᠷᠤᠯᠭ᠎ᠠ  ᠨᠢ ᠰᠢᠭᠤᠳ ᠵᠠᠷᠤᠳᠠᠯ ᠪᠣᠯᠤᠨ ᠳᠠᠮ ᠵᠠᠷᠤᠳᠠᠯ ᠢᠶᠠᠷ ᠪᠦᠷᠢᠯᠳᠦᠨ᠎ᠡ  ᠃  ( ᠨᠢᠭᠡ ) ᠰᠢᠭᠤᠳ ᠰᠦᠢᠳᠬᠡᠯ ᠢ ᠲᠥᠬᠦᠭᠡᠷᠦᠮᠵᠢ ᠶᠢᠨ ᠵᠠᠷᠤᠳᠠᠯ᠂ ᠲᠤᠬᠠᠶᠢᠯᠠᠭᠰᠠᠨ ᠠᠵᠢᠯ ᠤᠨ ᠵᠠᠷᠤᠳᠠᠯ᠂ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠵᠡᠷᠭᠡ ᠭᠤᠷᠪᠠᠨ ᠶᠡᠭᠡ ᠲᠦᠷᠦᠯ ᠢᠶᠠᠷ ᠲᠥᠰᠦᠪ ᠨᠠᠶᠢᠷᠠᠭᠤᠯᠤᠨ ᠵᠣᠬᠢᠶᠠᠨ᠎ᠠ  ᠃ ᠰᠢᠭᠤᠳ ᠵᠠᠷᠤᠳᠠᠯ ᠳᠤ 50 ᠲᠦᠮᠡᠨ ᠲᠥᠭᠦᠷᠢᠭ ᠠᠴᠠ ᠳᠡᠭᠡᠭᠰᠢᠬᠢ ᠲᠥᠬᠦᠭᠡᠷᠦᠮᠵᠢ ᠶᠢᠨ ᠵᠠᠷᠤᠳᠠᠯ ᠠᠴᠠ ᠭᠠᠳᠠᠨ᠎ᠠ ᠂ ᠪᠤᠰᠤᠳ ᠵᠠᠷᠤᠳᠠᠯ ᠳᠤ ᠵᠥᠪᠬᠡᠨ ᠦᠨᠳᠦᠰᠦᠨ ᠬᠡᠮᠵᠢᠨ ᠪᠣᠳᠣᠭᠰᠠᠨ ᠲᠣᠳᠣᠷᠬᠠᠶᠢᠯᠠᠯᠲᠠ ᠶᠢ ᠬᠠᠩᠭᠠᠵᠤ᠂ ᠨᠠᠷᠢᠨ ᠲᠣᠳᠣᠷᠬᠠᠶ ᠬᠠᠩᠭᠠᠬᠤ ᠴᠢᠬᠤᠯᠠ ᠦᠭᠡᠶ  ᠃  ( ᠬᠤᠶᠠᠷ ) ᠳᠠᠮ ᠵᠠᠷᠤᠳᠠᠯ ᠭᠡᠳᠡᠭ ᠨᠢ ᠲᠥᠷᠥᠯ ᠵᠦᠢᠯ ᠢ ᠳᠠᠭᠠᠭᠠᠨ ᠡᠭᠦᠷᠭᠡᠯᠡᠭᠰᠡᠨ ᠨᠢᠭᠡᠴᠡ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠠᠪᠤᠴᠠ ᠳᠤ ᠪᠤᠶ ᠪᠣᠯᠤᠭᠰᠠᠨ ᠰᠢᠭᠤᠳ ᠵᠠᠷᠤᠳᠠᠯ ᠤᠨ ᠳᠣᠲᠣᠷ᠎ᠠ  ᠠᠴᠠ ᠭᠠᠷᠭᠠᠵᠤ ᠳᠡᠶᠢᠯᠬᠦ ᠦᠭᠡᠶ ᠬᠠᠮᠢᠶ᠎ᠠ ᠪᠦᠬᠦᠢ ᠵᠠᠷᠤᠳᠠᠯ ᠢ ᠵᠢᠭᠠᠵᠤ ᠪᠤᠶ  ᠃ ᠭᠤᠤᠯᠳᠠᠭᠤ ᠲᠥᠷᠥᠯ ᠵᠦᠶᠯ ᠢ ᠳᠠᠭᠠᠭᠠᠨ ᠡᠭᠦᠷᠭᠡᠯᠡᠭᠰᠡᠨ ᠨᠢᠭᠡᠴᠡ ᠠᠴᠠ ᠲᠥᠷᠥᠯ ᠵᠦᠶᠯ ᠤᠨ ᠰᠤᠳᠤᠯᠭᠠᠨ ᠳᠤ ᠬᠠᠩᠭᠠᠭᠰᠠᠨ ᠬᠡᠷ ᠪᠠᠶᠢᠰᠢᠩ ᠢ ᠡᠵᠡᠯᠡᠨ ᠬᠡᠷᠡᠭᠯᠡᠬᠦ᠂ ᠡᠳᠦᠷ ᠲᠤᠲᠤᠮ ᠤᠨ ᠤᠰᠤ᠂ ᠴᠠᠬᠢᠯᠭᠠᠨ᠂ ᠬᠡᠶ᠂ ᠢᠯᠴᠢ ᠵᠡᠷᠭᠡ ᠶᠢᠨ ᠬᠤᠷᠣᠭᠳᠠᠯ᠂ ᠬᠤᠯᠪᠣᠭᠳᠠᠯ ᠪᠥᠬᠦᠶ ᠬᠠᠮᠢᠶᠠᠷᠤᠯᠲᠠ ᠶᠢᠨ ᠵᠠᠷᠤᠳᠠᠯ ᠤᠨ ᠨᠥᠬᠦᠪᠥᠷᠢ ᠶᠢᠨ ᠵᠠᠷᠤᠯᠭ᠎ᠠ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠠᠮᠵᠢᠯᠲᠠ ᠪᠦᠲᠦᠮᠵᠢ ᠶᠢᠨ ᠵᠠᠷᠤᠯᠭ᠎ᠠ ᠵᠡᠷᠭᠡ ᠶᠢ ᠪᠠᠭᠲᠠᠭᠠᠨ᠎ᠠ  ᠃  ᠲᠥᠷᠥᠯ ᠵᠦᠢᠯ ᠢ ᠳᠠᠭᠠᠭᠠᠨ ᠡᠭᠦᠷᠭᠡᠯᠡᠭᠰᠡᠨ ᠨᠢᠭᠡᠴᠡ ᠨᠢ ᠰᠢᠭᠤᠳ ᠵᠠᠷᠤᠳᠠᠯ ᠠᠴᠠ ᠲᠥᠬᠦᠭᠡᠷᠦᠮᠵᠢ ᠬᠤᠳᠠᠯᠳᠤᠨ ᠠᠪᠤᠭᠰᠠᠨ ᠵᠠᠷᠤᠳᠠᠯ ᠢ ᠰᠠᠭᠤᠯᠭᠠᠨ ᠠᠪᠤᠭᠰᠠᠨ ᠤ ᠳᠠᠷᠠᠭᠠᠬᠢ ᠵᠣᠬᠢᠬᠤ ᠬᠠᠷᠢᠴᠠᠯ ᠢᠶᠠᠷ ᠳᠠᠮ ᠵᠠᠷᠤᠳᠠᠯ ᠢ ᠬᠢᠨᠠᠨ ᠲᠣᠭᠲᠠᠭᠠᠵᠤ᠂ ᠲᠥᠷᠥᠯ ᠵᠦᠢᠯ ᠢ ᠳᠠᠭᠠᠭᠠᠨ ᠡᠭᠦᠷᠭᠡᠯᠡᠭᠰᠡᠨ ᠨᠢᠭᠡᠴᠡ ᠠᠴᠠ ᠨᠢᠭᠡᠳᠦᠯᠲᠡᠶ ᠲᠥᠯᠥᠪᠯᠡᠨ ᠲᠣᠬᠢᠷᠠᠭᠤᠯᠤᠨ ᠬᠡᠷᠡᠭᠯᠡᠨ᠎ᠡ᠂ ᠡᠭᠦᠨ ᠳᠤ 500 ᠲᠦᠮᠡᠨ ᠲᠥᠭᠦᠷᠢᠭ ᠠᠴᠠ ᠳᠣᠷᠣᠭᠰᠢ ( 500 ᠲᠦᠮᠡᠨ ᠲᠥᠭᠦᠷᠢᠭ ᠪᠠᠭᠲᠠᠨ᠎ᠠ ) ᠬᠡᠰᠡᠭ ᠤᠨ ᠳᠠᠮ ᠵᠠᠷᠤᠳᠠᠯ ᠢ ᠬᠠᠮᠤᠭ ᠥᠨᠳᠥᠷ ᠲᠡᠭᠡᠨ 30 % ᠬᠦᠷᠲᠡᠯ᠎ᠡ ᠳᠡᠭᠡᠭᠰᠢᠯᠡᠭᠦᠯᠵᠦ ᠪᠣᠯᠤᠨ᠎ᠠ᠂ 500 ᠲᠦᠮᠡᠨ ᠲᠥᠭᠦᠷᠢᠭ ᠠᠴᠠ 1000 ᠲᠦᠮᠡᠨ ᠲᠥᠭᠦᠷᠢᠭ ( 1000 ᠲᠦᠮᠡᠨ ᠲᠥᠭᠦᠷᠢᠭ ᠪᠠᠭᠲᠠᠨ᠎ᠠ ) ᠬᠦᠷᠲᠡᠯᠡᠬᠢ ᠬᠡᠰᠡᠭ ᠢ ᠬᠠᠮᠤᠭ ᠥᠨᠳᠥᠷ ᠲᠡᠭᠡᠨ 25 % ᠬᠦᠷᠲᠡᠯ᠎ᠡ ᠳᠡᠭᠡᠭᠰᠢᠯᠡᠭᠦᠯᠵᠦ ᠪᠣᠯᠤᠨ᠎ᠠ᠂ 1000 ᠲᠦᠮᠡᠨ ᠲᠥᠭᠦᠷᠢᠭ ᠠᠴᠠ ᠳᠡᠭᠡᠭᠰᠢᠬᠢ ᠬᠡᠰᠡᠭ ᠢ ᠬᠠᠮᠤᠭ ᠥᠨᠳᠥᠷ ᠲᠡᠭᠡᠨ 20 % ᠬᠦᠷᠲᠡᠯ᠎ᠡ ᠳᠡᠭᠡᠭᠰᠢᠯᠡᠭᠦᠯᠵᠦ ᠪᠣᠯᠤᠨ᠎ᠠ︔ ᠲᠣᠭᠠᠨ ᠤ ᠤᠬᠠᠭᠠᠨ ᠵᠡᠷᠭᠡ ᠴᠤᠯᠤ ᠤᠨᠤᠯ ᠤᠨ ᠰᠠᠭᠤᠷᠢ ᠰᠤᠳᠤᠯᠭᠠᠨ ᠤ ᠵᠦᠢᠯᠡᠰ ᠤᠨ ᠲᠠᠮ ᠵᠠᠷᠤᠳᠠᠯ ᠤᠨ ᠬᠠᠷᠢᠴᠠᠯ ᠢ 60 % ᠠᠴᠠ ᠬᠡᠲᠦᠷᠡᠭᠦᠯᠬᠦ ᠦᠭᠡᠢ ᠪᠣᠯᠲᠠᠯ᠎ᠠ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ  ᠃ ᠲᠥᠷᠥᠯ ᠵᠦᠶᠯ ᠢ ᠳᠠᠭᠠᠭᠠᠨ ᠡᠭᠦᠷᠭᠡᠯᠡᠭᠰᠡᠨ ᠨᠢᠭᠡᠴᠡ ᠨᠦᠭᠦᠳ ᠳᠠᠮ ᠵᠠᠷᠤᠳᠠᠯ ᠢ ᠪᠦᠬᠦᠨ ᠢ ᠠᠵᠢᠯ ᠤᠨ ᠠᠮᠵᠢᠯᠲᠠ ᠪᠦᠲᠦᠮᠵᠢ ᠶᠢᠨ ᠵᠠᠷᠤᠯᠭ᠎ᠠ ᠳᠤ ᠬᠡᠷᠡᠭᠯᠡᠬᠦ ᠶᠢᠨ ᠬᠠᠮᠲᠤ᠂ ᠰᠢᠨ᠎ᠡ ᠶᠢ ᠡᠭᠦᠳᠦᠭᠰᠡᠨ ᠠᠵᠢᠯ ᠤᠨ ᠠᠮᠵᠢᠯᠲᠠ ᠪᠦᠲᠦᠮᠵᠢ ᠪᠠᠷ ᠲᠣᠪᠣᠶᠢᠮ᠎ᠠ ᠪᠦᠯᠬᠦᠮ ᠨᠡᠶᠢᠲᠡ ᠪᠠ ᠬᠤᠪᠢ ᠬᠥᠮᠦᠨ ᠳᠠᠰᠢ ᠬᠡᠯᠪᠡᠶᠢᠯᠭᠡᠵᠦ ᠪᠣᠯᠤᠨ᠎ᠠ  ᠃  ᠬᠤᠷᠢᠳᠤᠭᠠᠷ ᠵᠦᠢᠯ ᠲᠥᠰᠦᠪ ᠤᠨ ᠲᠤᠭᠢᠷᠠᠭᠤᠯᠤᠯᠳᠠ  ᠃ ᠲᠥᠬᠦᠭᠡᠷᠦᠮᠵᠢ ᠶᠢᠨ ᠵᠠᠷᠤᠳᠠᠯ ᠤᠨ ᠲᠥᠰᠦᠪ ᠤᠨ ᠲᠣᠬᠢᠷᠠᠭᠤᠯᠤᠯᠲᠠ ᠶᠢᠨ ᠡᠷᠬᠡ ᠶᠢ ᠪᠦᠬᠦᠨ ᠢ ᠲᠥᠷᠥᠯ ᠵᠦᠶᠯ ᠢ ᠳᠠᠭᠠᠭᠠᠨ ᠡᠭᠦᠷᠭᠡᠯᠡᠭᠰᠡᠨ ᠨᠢᠭᠡᠴᠡ ᠳᠤ ᠪᠠᠭᠤᠯᠭᠠᠵᠤ ᠂ ᠲᠥᠷᠥᠯ ᠵᠦᠶᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠡᠭᠦᠨ ᠤ ᠲᠥᠰᠦᠪ ᠤᠨ ᠲᠣᠬᠢᠷᠠᠭᠤᠯᠤᠯᠲᠠ ᠨᠡᠮᠡᠭᠳᠡᠯ ᠢ ᠬᠢᠨᠠᠨ ᠵᠥᠪᠰᠢᠶᠡᠷᠡᠬᠦ ᠥᠬᠡᠶ  ᠃ ᠰᠢᠭᠤᠳ ᠵᠠᠷᠤᠳᠠᠯ ᠳᠤ ᠪᠡᠯᠡᠳᠬᠡᠮᠵᠢ ᠶᠢᠨ ᠵᠠᠷᠤᠳᠠᠯ ᠠᠴᠠ ᠪᠤᠰᠤᠳ ᠵᠠᠷᠤᠳᠠᠯ ᠲᠣᠬᠢᠷᠠᠭᠤᠯᠬᠤ ᠡᠷᠬᠡ ᠶᠢ ᠪᠦᠬᠦᠨ ᠢ ᠲᠥᠷᠥᠯ ᠵᠦᠢᠯ ᠢ ᠳᠠᠭᠠᠭᠠᠨ ᠡᠭᠦᠷᠭᠡᠯᠡᠭᠰᠡᠨ ᠨᠢᠭᠡᠴᠡ ᠠᠴᠠ ᠲᠥᠷᠥᠯ ᠵᠦᠢᠯ ᠤᠨ ᠬᠠᠷᠢᠭᠤᠴᠠᠯᠭᠠᠲᠠᠨ ᠳᠤ ᠪᠠᠭᠤᠯᠭᠠᠨ ᠥᠭᠴᠦ᠂ ᠲᠥᠷᠥᠯ ᠵᠦᠢᠯ ᠤᠨ ᠬᠠᠷᠢᠭᠤᠴᠠᠯᠭᠠᠲᠠᠨ ᠠᠴᠠ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠯᠠᠭ᠎ᠠ ᠶᠢᠨ ᠪᠣᠳᠠᠲᠠᠶ ᠬᠡᠷᠡᠭᠴᠡᠭᠡ ᠶᠢ ᠦᠨᠳᠦᠰᠦᠯᠡᠨ ᠡᠵᠡᠨ ᠮᠡᠳᠡᠨ ᠲᠣᠬᠢᠷᠠᠭᠤᠯᠤᠨ᠎ᠠ  ᠃ ᠲᠥᠷᠥᠯ ᠵᠦᠢᠯ ᠤᠨ ᠳᠠᠮ ᠵᠠᠷᠤᠳᠠᠯ ᠤᠨ ᠲᠥᠰᠦᠪ ᠤᠨ ᠶᠡᠷᠦᠩᠬᠡᠶ ᠲᠤᠭ᠎ᠠ ᠶᠢ ᠵᠠᠷᠴᠢᠮ ᠳᠡᠭᠡᠷ᠎ᠡ ᠪᠠᠨ ᠲᠣᠬᠢᠷᠠᠭᠤᠯᠤᠨ ᠨᠡᠮᠡᠭᠳᠡᠭᠦᠯᠵᠦ ᠪᠣᠯᠬᠤ ᠦᠭᠡᠶ᠂ ᠲᠥᠷᠥᠯ ᠵᠦᠢᠯ ᠢ ᠳᠠᠭᠠᠭᠠᠨ ᠡᠭᠦᠷᠭᠡᠯᠡᠭᠰᠡᠨ ᠨᠢᠭᠡᠴᠡ  ᠨᠢ ᠲᠥᠷᠥᠯ ᠵᠦᠢᠯ ᠤᠨ ᠬᠠᠷᠢᠭᠤᠴᠠᠯᠭᠠᠲᠠᠨ ᠯᠤᠭ᠎ᠠ ᠵᠥᠪᠳᠡᠯᠴᠡᠭᠡᠳ ᠰᠠᠨᠠᠯ ᠨᠢᠭᠡᠳᠦᠭᠰᠡᠨ ᠤ ᠳᠠᠷᠠᠭ᠎ᠠ᠂ ᠲᠣᠬᠢᠷᠠᠭᠤᠯᠤᠨ ᠬᠠᠰᠤᠵᠤ ᠰᠢᠭᠤᠳ ᠵᠠᠷᠤᠳᠠᠯ ᠳᠤ ᠬᠡᠷᠡᠭᠯᠡᠵᠦ ᠪᠣᠯᠤᠨ᠎ᠠ  ᠃  ᠬᠤᠷᠢᠨ ᠨᠢᠭᠡᠳᠦᠭᠡᠷ ᠵᠦᠢᠯ ᠲᠥᠷᠥᠯ ᠵᠦᠢᠯ ᠢ ᠶᠠᠮᠠᠷ ᠨᠢᠭᠡᠨ ᠰᠢᠯᠲᠠᠭᠠᠨ ᠠᠴᠠ ᠪᠣᠯᠵᠤ ᠬᠦᠴᠦᠨ ᠦᠭᠡᠶ ᠪᠣᠯᠭᠠᠬᠤ ᠪᠤᠶᠤ ᠵᠣᠭᠰᠣᠭᠠᠭᠰᠠᠨ ᠪᠠᠶᠢᠪᠠᠯ᠂ ᠲᠥᠷᠥᠯ ᠵᠦᠢᠯ ᠢ ᠲᠦᠷᠦᠭᠦᠯᠡᠨ ᠬᠢᠬᠦ ᠨᠢᠭᠡᠴᠡ ᠨᠢ ᠲᠥᠷᠥᠯ ᠵᠦᠢᠯ ᠤᠨ ᠨᠢᠭᠡᠨᠲᠡ ᠥᠷᠨᠢᠭᠦᠯᠦᠭᠰᠡᠨ ᠠᠵᠢᠯ᠂ ᠵᠠᠷᠤᠳᠠᠯ ᠤᠨ ᠬᠡᠷᠡᠭᠯᠡᠯᠲᠡ᠂ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠵᠡᠷᠭᠡ ᠪᠠᠶᠢᠳᠠᠯ ᠳᠤ ᠪᠢᠴᠢᠭᠯᠡᠭᠰᠡᠨ ᠮᠡᠳᠡᠭᠦᠯᠦᠯᠲᠡ ᠬᠢᠬᠦ ᠶᠢᠨ ᠬᠠᠮᠲᠤ᠂ ᠵᠠᠷᠤᠳᠠᠯ ᠤᠨ ᠲᠥᠰᠦᠪ ᠤᠨ ᠭᠦᠢᠴᠡᠳᠬᠡᠯ ᠪᠤᠶᠤ ᠬᠢᠨᠠᠨ ᠪᠣᠳᠣᠯᠲᠠ ᠶᠢᠨ ᠮᠡᠳᠡᠭᠦᠯᠦᠯᠲᠡ ᠬᠢᠵᠦ᠂ ᠡᠳ᠋ ᠬᠥᠷᠥᠩᠭᠡ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠠᠮᠢᠶ᠎ᠠ ᠪᠦᠬᠦᠢ ᠲᠣᠭᠲᠠᠭᠠᠯ ᠶᠣᠰᠣᠭᠠᠷ ᠦᠯᠡᠳᠡᠪᠦᠷᠢ ᠪᠡᠯᠡ ᠮᠥᠩᠭᠦ ᠵᠢᠴᠢ ᠲᠣᠭᠲᠠᠭᠠᠯ ᠠᠴᠠ ᠵᠥᠷᠢᠴᠡᠭᠰᠡᠨ ᠪᠡᠯᠡ ᠮᠥᠩᠭᠦ ( ᠨᠢᠭᠡᠨᠲᠡ ᠬᠤᠳᠠᠯᠳᠤᠨ ᠠᠪᠤᠭᠰᠠᠨ ᠡᠳ᠋ ᠪᠠᠷᠠᠭ᠎ᠠ᠂ ᠮᠠᠲ᠋ᠧᠷᠢᠶᠠᠯ ᠵᠢᠴᠢ ᠬᠡᠮᠵᠢᠭᠦᠷᠯᠢᠭ ᠲᠥᠬᠦᠭᠡᠷᠦᠮᠵᠢ ᠶᠢ ᠰᠢᠶᠳᠪᠦᠷᠢᠯᠡᠭᠰᠡᠨ ᠦᠨ᠎ᠡ ᠬᠤᠪᠢᠷᠠᠭᠤᠯᠤᠭᠰᠠᠨ ᠣᠷᠣᠯᠭ᠎ᠠ ᠶᠢ ᠪᠠᠭᠲᠠᠭᠠᠨ᠎ᠠ ) ᠶᠢ ᠬᠤᠷᠢᠶᠠᠨ ᠠᠪᠬᠤ ᠬᠡᠷᠡᠭᠲᠡᠶ  ᠃  ᠬᠤᠷᠢᠨ ᠬᠤᠶᠠᠳᠤᠭᠠᠷ ᠵᠦᠢᠯ ᠰᠢᠨᠵᠢᠯᠡᠬᠦ ᠤᠬᠠᠭᠠᠨ ᠤ ᠰᠤᠳᠤᠯᠭᠠᠨ ᠤ ᠬᠡᠮᠵᠢᠭᠦᠷᠯᠢᠭ ᠲᠥᠬᠦᠭᠡᠷᠦᠮᠵᠢ ᠶᠢ ᠬᠤᠳᠠᠯᠳᠤᠨ ᠠᠪᠬᠤ ᠶᠢ ᠳᠥᠭᠦᠮᠴᠢᠯᠡᠨ᠎ᠡ  ᠃ ᠰᠢᠨᠵᠢᠯᠡᠬᠦ ᠤᠬᠠᠭᠠᠨ ᠤ ᠰᠤᠳᠤᠯᠭᠠᠨ ᠳᠤ ᠪᠠᠴᠢᠮ ᠬᠡᠷᠡᠭᠰᠡᠬᠦ ᠲᠥᠬᠦᠭᠡᠷᠦᠮᠵᠢ ᠪᠠ ᠬᠤᠷᠣᠭᠳᠠᠯ ᠮᠠᠲ᠋ᠧᠷᠢᠶᠠᠯ ᠳᠤ ᠣᠨᠴᠠᠭᠠᠶ ᠶᠠᠪᠤᠳᠠᠯ ᠢ ᠣᠨᠴᠠᠭᠠᠶ ᠰᠢᠶᠳᠪᠦᠷᠢᠯᠡᠬᠦ᠂ ᠪᠠᠴᠢᠮ ᠶᠠᠪᠤᠳᠠᠯ ᠢ ᠪᠠᠴᠢᠮ ᠰᠢᠶᠳᠪᠦᠷᠢᠯᠡᠬᠦ ᠬᠤᠳᠠᠯᠳᠤᠨ ᠠᠪᠬᠤ ᠲᠣᠭᠲᠠᠴᠠ ᠶᠢ ᠬᠡᠷᠡᠭᠯᠡᠵᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠲᠠᠰ ᠳᠠᠷᠠᠭᠠᠯᠠᠯ ᠢ ᠬᠡᠷᠡᠭᠵᠢᠭᠦᠯᠬᠦ ᠥᠬᠡᠶ ᠪᠠᠶᠢᠵᠤ ᠪᠣᠯᠤᠨ᠎ᠠ  ᠃ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ ᠨᠣᠷᠮ᠎ᠠ ᠶᠢᠨ ᠪᠠᠷᠢᠮᠵᠢᠶ᠎ᠠ ᠳᠤ ᠬᠥᠷᠬᠦ ᠳᠤ ᠳᠠᠭᠠᠭᠠᠴᠢᠯᠠᠯᠲᠠ ᠵᠠᠷᠯᠠᠬᠤ ᠪᠤᠰᠤ ᠠᠷᠭ᠎ᠠ ᠮᠠᠶ᠋ᠢᠭ ᠢ ᠬᠡᠷᠡᠭᠯᠡᠭᠰᠡᠨ ᠪᠠᠶᠢᠪᠠᠯ᠂ ᠲᠥᠷᠥᠯ ᠵᠦᠶᠯ ᠢ ᠳᠠᠭᠠᠭᠠᠨ ᠡᠭᠦᠷᠭᠡᠯᠡᠭᠰᠡᠨ ᠨᠢᠭᠡᠴᠡ ᠨᠢ ᠬᠠᠤᠯᠢ ᠶᠣᠰᠣᠭᠠᠷ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠬᠤᠭᠤᠴᠠᠭ᠎ᠠ ᠬᠢᠵᠠᠭᠠᠷᠯᠠᠨ ᠭᠦᠶᠴᠡᠳᠬᠡᠵᠦ ᠳᠠᠭᠤᠰᠬᠠᠬᠤ ᠲᠦᠷᠢᠮ ᠢ ᠬᠡᠷᠡᠭᠵᠢᠭᠦᠯᠵᠦ᠂ ᠵᠠᠷᠴᠢᠮ ᠳᠡᠭᠡᠷ᠎ᠡ ᠪᠠᠨ ᠬᠤᠪᠢᠷᠠᠭᠤᠯᠬᠤ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ 5 ᠠᠵᠢᠯᠯᠠᠬᠤ ᠡᠳᠦᠷ ᠤᠨ ᠳᠣᠲᠣᠷ᠎ᠠ ᠭᠦᠶᠴᠡᠳᠬᠡᠵᠦ ᠳᠠᠭᠤᠰᠬᠠᠬᠤ ᠬᠡᠷᠡᠭᠲᠡᠶ  ᠃  ᠬᠤᠷᠢᠨ ᠭᠤᠷᠪᠠᠳᠤᠭᠠᠷ ᠵᠦᠢᠯ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ᠂ ᠲᠥᠷᠥᠯ ᠵᠦᠢᠯ ᠢ ᠳᠠᠭᠠᠭᠠᠨ ᠡᠭᠦᠷᠭᠡᠯᠡᠭᠰᠡᠨ ᠨᠢᠭᠡᠴᠡ ᠨᠢ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠭᠡᠳ ᠪᠤᠶ ᠪᠣᠯᠤᠭᠰᠠᠨ ᠲᠣᠭᠲᠠᠮᠠᠯ ᠬᠥᠷᠥᠩᠭᠡ᠂ ᠳᠠᠯᠳᠠ ᠬᠥᠷᠥᠩᠭᠡ ᠶᠢᠨ ᠬᠠᠮᠢᠶᠠᠷᠤᠯᠲᠠ ᠶᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ  ᠃ ᠡᠳ᠋ ᠤᠨ ᠵᠠᠰᠠᠭ ᠤᠨ ᠪᠠᠯᠠ ᠮᠥᠩᠭᠦ ᠪᠠᠷ ᠪᠦᠷᠢᠯᠳᠦᠭᠰᠡᠨ ᠲᠣᠮᠣ ᠬᠡᠯᠪᠡᠷᠢ ᠶᠢᠨ ᠰᠢᠨᠵᠢᠯᠡᠬᠦ ᠤᠬᠠᠭᠠᠨ ᠤ ᠬᠡᠮᠵᠢᠭᠦᠷᠯᠢᠭ ᠲᠥᠬᠦᠭᠡᠷᠦᠮᠵᠢ᠂ ᠰᠢᠨᠵᠢᠯᠡᠬᠦ ᠤᠬᠠᠭᠠᠨ  ᠤ ᠲᠤᠭ᠎ᠠ ᠪᠠᠷᠢᠮᠲᠠ᠂ ᠪᠠᠶᠢᠭᠠᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠵᠡᠷᠭᠡ ᠶᠢ ᠬᠡᠷᠡᠭᠯᠡᠵᠦ᠂ ᠲᠣᠭᠲᠠᠭᠠᠯ ᠶᠣᠰᠣᠭᠠᠷ ᠨᠡᠭᠡᠭᠡᠯᠲᠡ ᠬᠢᠵᠦ ᠬᠠᠮᠲᠤ ᠪᠠᠷ ᠡᠳ᠋ᠯᠡᠨ᠎ᠡ  ᠃  ᠬᠤᠷᠢᠨ ᠳᠥᠷᠪᠡᠳᠦᠭᠡᠷ ᠵᠦᠢᠯ ᠲᠥᠷᠥᠯ ᠵᠦᠢᠯ ᠨᠢ ᠡᠭᠦᠷᠭᠡ ᠶᠢᠨ ᠬᠠᠷᠠᠯᠲᠠ ᠪᠠᠨ ᠪᠡᠶᠡᠯᠡᠭᠦᠯᠬᠦ ᠶᠢᠨ ᠬᠠᠮᠲᠤ ᠶᠡᠷᠦᠩᠬᠡᠶᠢᠯᠡᠭᠰᠡᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠥᠩᠭᠡᠷᠡᠭᠡᠭᠰᠡᠨ ᠤ ᠳᠠᠷᠠᠭ᠎ᠠ᠂ ᠦᠯᠡᠳᠡᠪᠦᠷᠢ ᠪᠡᠯᠡ ᠮᠥᠩᠭᠦ ᠶᠢ ᠲᠥᠷᠥᠯ ᠵᠦᠢᠯ ᠢ ᠳᠠᠭᠠᠭᠠᠨ ᠡᠭᠦᠷᠭᠡᠯᠡᠭᠰᠡᠨ ᠨᠢᠭᠡᠴᠡ ᠳᠤ ᠦᠯᠡᠳᠡᠭᠡᠨ ᠬᠡᠷᠡᠭᠯᠡᠭᠦᠯᠦᠨ᠎ᠡ  ᠃ ᠲᠥᠷᠥᠯ ᠵᠦᠶᠯ ᠢ ᠳᠠᠭᠠᠭᠠᠨ ᠡᠭᠦᠷᠭᠡᠯᠡᠭᠰᠡᠨ ᠨᠢᠭᠡᠴᠡ ᠨᠦᠭᠦᠳ ᠦᠯᠡᠳᠡᠪᠦᠷᠢ ᠪᠠᠯᠠ ᠮᠥᠩᠭᠦ ᠶᠢ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠯᠠᠭ᠎ᠠ ᠶᠢᠨ ᠰᠢᠭᠤᠳ ᠵᠠᠷᠤᠯᠭ᠎ᠠ ᠳᠤ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠤᠤᠯ ᠤᠨ ᠲᠥᠷᠥᠯ ᠵᠦᠶᠯ ᠤᠨ ᠪᠦᠯᠬᠦᠮ ᠨᠡᠶᠢᠲᠡ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠬᠡᠷᠡᠭᠴᠡᠭᠡ ᠱᠠᠭᠠᠷᠳᠠᠯᠭ᠎ᠠ ᠶᠢ ᠤᠷᠢᠳᠠᠪᠠᠷ ᠪᠣᠳᠣᠯᠬᠢᠯᠠᠨ᠂ ᠦᠯᠡᠳᠡᠪᠦᠷᠢ ᠪᠠᠯᠠ ᠮᠥᠩᠭᠦ ᠶᠢᠨ ᠳᠣᠲᠣᠭᠠᠳᠤ ᠶᠢᠨ ᠬᠠᠮᠢᠶᠠᠷᠤᠯᠲᠠ ᠶᠢᠨ ᠲᠦᠷᠢᠮ ᠢ ᠲᠣᠭᠲᠠᠭᠠᠵᠤ᠂ ᠦᠯᠡᠳᠡᠪᠦᠷᠢ ᠪᠠᠯᠠ ᠮᠥᠩᠭᠦ ᠶᠢ ᠴᠢᠯᠥᠭᠡᠲᠡᠶ ᠴᠢᠯᠥᠭᠡᠲᠡᠶ᠂ ᠪᠠᠯᠠ ᠮᠥᠩᠭᠦ ᠶᠢᠨ ᠬᠡᠷᠡᠭᠯᠡᠬᠦ ᠠᠬᠢᠴᠠ ᠶᠢ ᠲᠦᠷᠭᠡᠳᠬᠡᠨ᠎ᠡ  ᠃ ᠶᠡᠷᠦᠩᠬᠡᠶᠢᠯᠡᠭᠰᠡᠨ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋᠊ ᠦᠩ ᠨᠢ ᠡᠴᠦᠰ ᠤᠨ ᠰᠡᠳᠦᠪ ᠪᠣᠯᠤᠨ᠎ᠠ᠂ ᠪᠠᠲᠤᠯᠠᠭᠳᠠᠭᠰᠠᠨ ᠦᠭᠡᠶ ᠲᠥᠷᠥᠯ ᠵᠦᠢᠯ ᠳᠤ ᠪᠣᠯ ᠦᠯᠡᠳᠡᠪᠦᠷᠢ ᠪᠡᠯᠡ ᠮᠥᠩᠭᠦ ᠶᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠡᠭᠡᠭᠦᠯᠦᠨ ᠬᠤᠷᠢᠶᠠᠨ᠎ᠠ  ᠃  ᠬᠤᠷᠢᠨ ᠲᠠᠪᠤᠳᠤᠭᠠᠷ ᠵᠦᠢᠯ ᠲᠣᠭᠲᠠᠭᠰᠠᠨ ᠲᠤᠭ᠎ᠠ ᠪᠠᠷ ᠨᠥᠬᠦᠪᠥᠷᠢᠯᠡᠬᠦ᠂ ᠬᠡᠷᠡᠭ ᠤᠨ ᠳᠠᠷᠠᠭ᠎ᠠ ᠨᠥᠬᠦᠪᠥᠷᠢᠯᠡᠬᠦ ᠲᠥᠷᠥᠯ ᠵᠦᠢᠯ ᠪᠠ 《 ᠳᠠᠭᠠᠭᠠᠴᠢᠯᠠᠯᠲᠠ ᠶᠢᠨ ᠳᠦᠷᠢᠮ + ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ 》 ᠶᠢᠨ ᠬᠠᠮᠢᠶᠠᠷᠤᠯᠲᠠ ᠳᠤ ᠣᠷᠣᠭᠤᠯᠤᠭᠰᠠᠨ ᠡᠷᠳᠡᠮ ᠰᠢᠨᠵᠢᠯᠡᠭᠡᠨ ᠤ ᠲᠥᠷᠥᠯ ᠵᠦᠢᠯ ᠤᠨ ᠵᠠᠷᠤᠳᠠᠯ ᠤᠨ ᠬᠡᠷᠡᠭᠯᠡᠯᠲᠡ ᠶᠢ ᠬᠠᠮᠢᠶ᠎ᠠ ᠪᠦᠬᠦᠢ ᠬᠠᠮᠢᠶᠠᠷᠤᠯᠲᠠ ᠶᠢᠨ ᠠᠷᠭ᠎ᠠ ᠪᠠᠷ ᠦᠨᠳᠦᠰᠦᠯᠡᠯ ᠪᠣᠯᠭᠠᠵᠤ ᠬᠡᠷᠡᠭᠵᠢᠭᠦᠯᠦᠨ᠎ᠡ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号