| 3 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠨᠣᠯ | ᠰᠤᠷᠤᠯᠴᠠᠬᠤ ᠭᠤᠤᠯ ᠳᠤᠭᠤᠶᠢᠯᠠᠩ 2023 ᠣᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ | ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ | ᠪᠠᠶᠢᠴᠠᠭᠠᠨ ᠰᠤᠳᠤᠯᠤᠯᠲᠠ ᠬᠢᠬᠦ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠶᠢᠨ | ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠰᠦᠨ ᠱᠤᠤ ᠴᠧᠩ ᠬᠠᠮᠲᠤ ᠶᠢᠨ | ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠰᠦᠨ ᠱᠤᠤ ᠴᠧᠩ᠂ ᠪᠠᠶᠢᠴᠠᠭᠠᠨ ᠰᠤᠳᠤᠯᠤᠯᠲᠠ ᠬᠢᠬᠦ ᠪᠣᠯ ᠮᠠᠨ ᠤ ᠨᠠᠮ ᠤᠨ ᠤᠯᠠᠮᠵᠢᠯᠠᠯᠲᠤ ᠡᠷᠳᠡᠨᠢ | ᠮᠥᠨ᠂ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠴᠢᠳᠠᠪᠤᠷᠢ ᠮᠥᠨ᠃ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠵᠦ᠂ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ᠂ ᠠᠯᠪᠠᠨ ᠬᠡᠷ ᠲᠡᠭᠡᠨ ᠰᠠᠭᠤᠵᠤ | ᠬᠡᠢ ᠬᠤᠭᠤᠰᠤᠨ ᠢᠶᠠᠷ ᠪᠤᠳᠤᠭᠠᠳ ᠪᠠᠶᠢᠵᠤ ᠪᠣᠯᠬᠤ ᠥᠬᠡᠶ᠂ ᠡᠷᠬᠡᠪᠰᠢ ᠪᠠᠶᠢᠴᠠᠭᠠᠨ ᠰᠤᠳᠤᠯᠤᠯᠲᠠ ᠬᠢᠬᠦ ᠪᠠᠷ | ᠳᠡᠮᠵᠢᠨ ᠠᠰᠠᠭᠤᠳᠠᠯ ᠢ ᠲᠠᠰᠤᠷᠠᠯᠲᠠ ᠥᠬᠡᠶ ᠢᠯᠡᠷᠡᠭᠦᠯᠵᠦ᠂ ᠠᠰᠠᠭᠤᠳᠠᠯ ᠢ ᠲᠠᠰᠤᠷᠠᠯᠲᠠ ᠥᠬᠡᠶ ᠰᠢᠢᠳᠪᠦᠷᠢᠯᠡᠵᠦ᠂ | ᠠᠵᠢᠯ ᠢᠶᠠᠨ ᠨᠠᠩ ᠰᠠᠶᠢᠲᠤᠷ ᠦᠷᠨᠢᠭᠦᠯᠬᠦ ᠶᠢ ᠠᠬᠢᠭᠤᠯᠬᠤ ᠬᠡᠷᠡᠭᠲᠡᠶ᠃ ᠪᠢᠳᠡ ᠤᠬᠠᠮᠰᠠᠷ ᠠᠴᠠ ᠪᠠᠨ ᠠᠬᠠᠮᠠᠳ | ᠨᠢᠭᠡ ᠦᠶ᠎ᠡ ᠶᠢᠨ ᠬᠤᠪᠢᠰᠬᠠᠯᠴᠢᠳ ᠠᠴᠠ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠠᠴᠠ ᠰᠤᠷᠤᠯᠴᠠᠵᠤ᠂ | ᠪᠠᠶᠢᠴᠠᠭᠠᠨ ᠰᠤᠳᠤᠯᠤᠯᠲᠠ ᠬᠢᠬᠦ ᠡᠨᠡ ᠬᠦ ᠶᠠᠪᠤᠳᠠᠯ ᠢ ᠦᠨᠡᠨ ᠬᠦ ᠴᠢᠬᠤᠯᠠᠴᠢᠯᠠᠵᠤ᠂ ᠤᠯᠠᠮᠵᠢᠯᠠᠯᠲᠤ ᠡᠷᠳᠡᠨᠢ ᠶᠢ | ᠠᠮᠢᠳᠤᠯᠢᠭ ᠪᠥᠭᠡᠳ ᠰᠠᠶᠢᠲᠤᠷ ᠬᠡᠷᠡᠭᠯᠡᠬᠦ ᠬᠡᠷᠡᠭᠲᠡᠢ ᠭᠡᠵᠤ ᠬᠡᠯᠡᠪᠡ᠃ | ᠰᠦᠨ ᠱᠤᠤ ᠴᠧᠩ᠂ ᠪᠠᠶᠢᠴᠠᠭᠠᠨ ᠰᠤᠳᠤᠯᠤᠯᠲᠠ ᠬᠢᠬᠦ ᠳᠡᠭᠡᠨ ᠦᠨᠡᠨ ᠪᠣᠳᠠᠲᠠᠢ ᠪᠠᠶᠢᠴᠠᠭᠠᠨ ᠰᠤᠳᠤᠯᠤᠯᠲᠠ | ᠬᠢᠵᠦ᠂ ᠰᠠᠶᠢᠨ ᠰᠤᠷᠲᠠᠯ ᠢᠶᠠᠷ ᠰᠠᠶᠢᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠨᠢᠭᠡ ᠳᠤ | ᠬᠡᠯᠪᠡᠷᠢ ᠶᠢ ᠳᠥᠭᠦᠮᠴᠢᠯᠡᠵᠦ᠂ ᠠᠯᠢ ᠴᠢᠳᠠᠬᠤ ᠪᠠᠷ ᠲᠡᠰ ᠲᠠᠷᠠᠭᠠᠯᠠᠯ ᠢ ᠴᠣᠮᠬᠠᠳᠬᠠᠨ᠂ ᠪᠠᠷ᠎ᠠ ᠪᠣᠯᠬᠤ ᠶᠢ | ᠴᠦᠬᠡᠳᠬᠡᠬᠦ ᠬᠡᠷᠡᠭᠲᠡᠢ᠃ ᠬᠤᠶᠠᠷ ᠲᠤ ᠰᠡᠳᠦᠪ ᠰᠣᠩᠭᠤᠬᠤ ᠳᠠᠭᠠᠨ ᠨᠠᠷᠢᠯᠢᠭ ᠣᠨᠣᠴᠠᠲᠠᠢ ᠪᠠᠶᠢᠵᠤ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠤᠨ ᠰᠡᠳᠦᠪ ᠰᠣᠩᠭᠤᠵᠤ᠂ ᠠᠰᠠᠭᠤᠳᠠᠯ ᠢ ᠵᠠᠳᠠᠯᠵᠤ᠂ | ᠠᠰᠠᠭᠤᠳᠠᠯ ᠢ ᠰᠶᠢᠳᠪᠦᠷᠢᠯᠡᠬᠦ ᠬᠡᠷᠡᠭᠲᠡᠢ᠃ ᠭᠤᠷᠪᠠ ᠳᠤ ᠣᠪᠣᠷ ᠪᠠᠶᠢᠳᠠᠯ ᠢᠶᠠᠨ ᠳᠠᠷᠤᠤ ᠲᠦᠪᠯᠡᠭᠦᠨ ᠪᠠᠶᠢᠯᠭᠠᠵᠤ᠂ | ᠦᠨᠡᠨ ᠰᠡᠳᠭᠢᠯ ᠠᠴᠠ ᠪᠠᠨ ᠲᠠᠷᠤᠤ ᠬᠢᠴᠢᠶᠡᠩᠭᠦᠢ ᠪᠠᠷ ᠦᠨᠳᠦᠰᠦᠨ ᠱᠠᠳᠤ ᠪᠠ ᠤᠯᠠᠨ ᠲᠦᠮᠡᠨ ᠠᠴᠠ ᠠᠷᠭ᠎ᠠ | ᠪᠤᠳᠤᠯᠭ᠎ᠠ ᠠᠰᠠᠭᠤᠬᠤ ᠬᠡᠷᠡᠭᠲᠡᠢ᠃ ᠲᠦᠷᠪᠡ ᠳᠤ ᠰᠤᠳᠤᠯᠤᠯᠲᠠ ᠬᠢᠬᠦ ᠳᠡᠭᠡᠨ ᠰᠡᠳᠭᠢᠯ ᠲᠠᠯᠪᠢᠵᠤ᠂ ᠥᠪᠡᠷᠮᠢᠴᠡ | ᠦᠵᠡᠯᠲᠡ ᠲᠠᠢ᠂ ᠠᠰᠠᠭᠤᠳᠠᠯ ᠢ ᠰᠢᠢᠳᠪᠦᠷᠢᠯᠡᠵᠦ ᠴᠢᠳᠠᠬᠤ ᠰᠡᠳᠬᠢᠴᠨ ᠪᠠ ᠠᠷᠭ᠎ᠠ ᠶᠢ ᠴᠢᠷᠮᠠᠶᠢᠨ ᠳᠤᠷᠠᠳᠬᠤ | ᠬᠡᠷᠡᠭᠲᠡᠢ᠃ ᠲᠠᠪᠤ ᠳᠤ ᠦᠷ᠎ᠡ ᠪᠦᠲᠦᠭᠡᠯ ᠢ ᠪᠣᠳᠠᠲᠠᠶ ᠬᠡᠷᠡᠭᠯᠡᠵᠦ᠂ ᠲᠦᠷᠭᠡᠨ ᠤᠨᠳᠤᠤᠰᠢᠭᠤᠯᠵᠤ᠂ ᠲᠦᠷᠭᠡᠨ | ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠪᠠᠶᠢᠴᠠᠭᠠᠨ ᠰᠤᠳᠤᠯᠤᠯᠲᠠ ᠬᠢᠬᠦ ᠶᠢ | ᠨᠢᠭᠡ ᠵᠦᠢᠯ ᠤᠨ ᠳᠠᠳᠬᠠᠯ ᠪᠠ ᠤᠬᠠᠮᠰᠠᠷ ᠪᠣᠯᠭᠠᠵᠤ᠂ ᠪᠡᠶ᠎ᠡ ᠪᠠᠷ ᠢᠶᠠᠨ ᠣᠷᠣᠯᠴᠠᠵᠤ ᠰᠡᠳᠭᠢᠯ ᠲᠠᠯᠪᠢᠨ ᠬᠢᠵᠦ᠂ | ᠪᠡᠶ᠎ᠡ ᠪᠠᠷ ᠢᠶᠠᠨ ᠭᠦᠢᠴᠡᠳᠭᠡᠨ᠂ ᠠᠯᠤᠰ ᠠᠴᠠ ᠡᠵᠡᠮᠳᠡᠨ ᠵᠢᠯᠤᠭᠤᠳᠴᠤ ᠪᠣᠯᠬᠤ ᠦᠭᠡᠢ᠂ ᠪᠤᠰᠤᠳ ᠢᠶᠠᠷ ᠦᠪᠡᠷ ᠤᠨ | ᠠᠵᠢᠯ ᠢᠶᠠᠨ ᠣᠷᠣᠯᠠᠨ ᠬᠢᠯᠭᠡᠵᠦ ᠪᠣᠯᠬᠤ ᠦᠭᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠨ | ᠰᠡᠷᠭᠡᠶᠢᠯᠡᠵᠦ᠂ ︽ᠦᠵᠡᠭᠦᠯᠭᠡ ᠶᠢᠨ ᠮᠠᠶ᠋ᠢᠭ ᠤᠨ︾᠂ ︽ᠫᠧᠩᠰᠡᠲᠦ ᠦᠵᠡᠮᠵᠢ ᠶᠢᠨ ᠮᠠᠶ᠋ᠢᠭ ᠤᠨ︾᠂ ︽ | ᠪᠦᠳᠦᠭᠦᠪᠴᠢ ᠮᠠᠶ᠋ᠢᠭ ᠤᠨ︾᠂ ︽ᠬᠥᠳᠡᠯᠭᠡᠭᠡᠨᠲᠦ ᠮᠠᠶ᠋ᠢᠭ ᠤᠨ︾᠂ ︽ᠪᠠᠶᠢᠴᠠᠭᠠᠬᠤ ᠮᠠᠶ᠋ᠢᠭ ᠤᠨ︾᠂ ︽ᠣᠷᠣᠯᠠᠬᠤ | ᠮᠠᠶ᠋ᠢᠭ ᠤᠨ︾ ᠪᠠᠶᠢᠴᠠᠭᠠᠨ ᠰᠤᠳᠤᠯᠤᠯᠲᠠ ᠬᠢᠬᠦ ᠦᠭᠡᠢ ᠪᠠᠶᠢᠬᠤ ᠬᠡᠷᠡᠭᠲᠡᠢ᠃ ᠮᠤᠵᠢ ᠶᠢᠨ ᠱᠠᠲᠤᠨ ᠤ ᠤᠳᠤᠷᠢᠳᠬᠤ | ᠨᠥᠬᠦᠳ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠰᠠᠶᠢᠨ ᠦᠯᠢᠭᠡᠷ ᠳᠠᠭᠤᠷᠢᠶᠠᠯ ᠪᠣᠯᠬᠤ ᠬᠡᠷᠡᠭᠲᠡᠢ ᠬᠡᠵᠤ | ᠬᠡᠯᠡᠪᠡ᠃ | ᠰᠦᠨ ᠱᠤᠤ ᠴᠧᠩ᠂ ᠡᠯ᠎ᠡ ᠱᠠᠲᠤᠨ ᠤ ᠬᠢᠨ ᠦᠨᠡᠨ ᠦᠭᠡ ᠬᠡᠯᠡᠵᠦ ᠮᠡᠷᠭᠡᠨ ᠪᠤᠳᠤᠯᠭ᠎ᠠ ᠭᠠᠷᠭᠠᠬᠤ ᠥᠳᠭᠡᠨ | ᠵᠤᠵᠠᠭᠠᠨ ᠠᠭᠤᠷ ᠠᠮᠢᠰᠬᠤᠯ ᠢ ᠶᠡᠭᠡ ᠪᠠᠷ ᠪᠤᠢ ᠪᠣᠯᠭᠠᠵᠤ᠂ ᠺᠠᠳ᠋ᠷ ᠤᠯᠠᠨ ᠲᠦᠮᠡᠨ ᠤ ᠵᠣᠷᠢᠭᠲᠠᠢ᠂ ᠴᠢᠯᠦᠭᠡᠲᠡᠢ ᠪᠠᠷ | ᠰᠠᠨᠠᠯ ᠰᠠᠨᠠᠭᠤᠯᠭ᠎ᠠ ᠳᠤᠷᠠᠳᠬᠤ ᠶᠢ ᠵᠣᠷᠢᠭᠵᠢᠭᠤᠯᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠪᠠᠨ ᠴᠢᠩᠭᠠᠳᠬᠠᠵᠤ᠂ ᠣᠪᠣᠭᠠᠷᠠᠯᠳᠤᠨ ᠪᠠᠶᠢᠴᠠᠭᠠᠨ ᠰᠤᠳᠤᠯᠤᠯᠲᠠ ᠬᠢᠬᠦ᠂ ᠤᠯᠠᠨ ᠭᠠᠵᠠᠷ ᠲᠤ | ᠪᠠᠶᠢᠴᠠᠭᠠᠨ ᠰᠤᠳᠤᠯᠤᠯᠲᠠ ᠬᠢᠬᠦ᠂ ᠳᠠᠪᠬᠤᠷᠳᠠᠭᠤᠯᠤᠨ ᠪᠠᠶᠢᠴᠠᠭᠠᠨ ᠰᠤᠳᠤᠯᠤᠯᠲᠠ ᠬᠢᠬᠦ ᠶᠢ ᠰᠡᠷᠭᠡᠶᠢᠯᠡᠵᠦ᠂ | ᠦᠨᠳᠦᠰᠦᠨ ᠱᠠᠲᠤᠨ ᠤ ᠳᠠᠷᠤᠭᠠᠰᠤ ᠶᠢ ᠨᠡᠮᠡᠭᠳᠡᠭᠦᠯᠬᠦ ᠠᠴᠠ ᠵᠠᠶᠢᠯᠠᠰᠭᠢᠬᠦ ᠬᠡᠷᠡᠭᠲᠡᠢ ᠬᠡᠵᠤ ᠬᠡᠯᠡᠪᠡ᠃ ᠸᠠᠩ ᠯᠢ ᠰᠢᠶᠠ | ᠂ ᠶᠠᠩ ᠸᠧᠢ ᠳ᠋ᠦᠩ᠂ ᠯᠢᠦ ᠱᠤᠸᠠᠩ᠂ ᠪᠦᠦ ᠭᠠᠩ᠂ ᠵᠧᠩ ᠬᠤᠩ ᠹᠠᠨ᠂ ᠳ᠋ᠢᠩ ᠰᠢᠤ ᠹᠧᠩ᠂ ᠬᠤᠸᠠᠩ ᡁᠢ | ᠴᠢᠶᠠᠩ᠂ ᠯᠢ ᠢᠦᠢ ᠭᠠᠩ᠂ ᠢᠦᠢ ᠯᠢ ᠰᠢᠨ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃ |