ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ  ᠬᠤᠯᠪᠣᠭᠳᠠᠯ ᠪᠦᠬᠦᠢ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠪᠤᠯᠤᠨ ᠲᠥᠪ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ  ᠰᠤᠷᠤᠯᠴᠠᠪᠠ  ᠰᠦᠨ ᠱᠤᠤ ᠴᠧᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2023/4/6
     3 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ  ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠬᠥᠭᠵᠢᠯᠲᠡ ᠶᠢᠨ ᠳᠡᠭᠡᠳᠦ ᠳᠠᠪᠬᠤᠷᠭ᠎ᠠ ᠶᠢᠨ ᠶᠠᠷᠢᠶᠠᠨ ᠤ ᠲᠠᠪᠴᠠᠩ ᠤᠨ 2023 ᠣᠨ ᠤ ᠣᠨ ᠤ ᠬᠤᠷᠠᠯ ᠳᠤ  ᠢᠯᠡᠭᠡᠭᠰᠡᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2023 ᠣᠨ ᠤ ᠪᠥᠬᠦ ᠤᠯᠤᠰ ᠤᠨ ᠲᠣᠭᠤᠷᠢᠨ ᠪᠠᠶᠢᠴᠠᠭᠠᠬᠤ ᠠᠵᠢᠯ ᠤᠨ  ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠲᠥᠪ ᠤᠨ ᠨᠢᠭᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠢᠢᠨ ᠬᠤᠷᠠᠯ᠂  ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ  ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠤᠯᠤᠰ ᠲᠥᠷᠥ ᠶᠢᠨ ᠲᠣᠪᠴᠢᠶ᠎ᠠ ᠶᠢᠨ  ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠶ ᠰᠠᠶᠢᠳ ᠵᠠᠩ ᠭᠦᠸᠧ ᠴᠢᠩ ᠤᠨ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ  ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ  ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃       ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠪᠠᠶᠠᠷ ᠤᠨ ᠵᠠᠬᠢᠳᠠᠯ ᠨᠢ ᠮᠠᠨ ᠤ ᠤᠯᠤᠰ ᠤᠨ ᠭᠠᠳᠠᠭᠠᠳᠤ ᠨᠡᠭᠡᠭᠡᠯᠳᠠ ᠶᠢ ᠪᠠᠷᠢᠮᠲᠠᠯᠠᠬᠤ ᠶᠢᠨ ᠬᠠᠮᠲᠤ  ᠳᠡᠯᠡᠬᠡᠢ ᠳ᠋ᠠᠬᠢᠨ ᠳᠤ ᠲᠠᠰᠤᠷᠠᠯᠳᠠ ᠦᠭᠡᠢ ᠰᠢᠨ᠎ᠡ ᠠᠵᠠ ᠲᠣᠬᠢᠶᠠᠯ ᠬᠠᠩᠭᠠᠬᠤ ᠴᠢᠩᠭ᠎ᠠ ᠲᠤᠬᠢᠶ᠎ᠠ ᠶᠢ ᠳᠠᠮᠵᠢᠭᠤᠯᠪᠠ᠃ ᠪᠢᠳᠡ ᠥᠪᠥᠷ ᠮᠣᠩᠭᠤᠯ ᠤᠨ ᠪᠣᠳᠠᠲᠤ  ᠪᠠᠶᠢᠳᠠᠯ ᠳᠤ ᠰᠠᠭᠤᠷᠢᠯᠠᠨ ᠨᠡᠭᠡᠭᠡᠯᠲᠡᠲᠦ ᠬᠥᠭᠵᠢᠯᠲᠡ ᠶᠢ ᠠᠬᠢᠭᠤᠯᠵᠤ᠂ ᠭᠠᠳᠠᠭᠠᠳᠤ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠰᠣᠯᠢᠯᠴᠠᠭ᠎ᠠ ᠶᠢ ᠲᠠᠰᠤᠷᠠᠯᠲᠠ  ᠥᠬᠡᠶ ᠥᠷᠭᠡᠳᠭᠡᠨ᠂ ᠡᠯ᠎ᠡ ᠲᠥᠷᠥᠯ ᠤᠨ ᠭᠠᠳᠠᠭᠠᠳᠤ ᠰᠣᠯᠢᠯᠴᠠᠭᠠᠨ ᠤ ᠠᠵᠢᠯᠯᠠᠭ᠎ᠠ ᠶᠢ ᠴᠢᠨᠠᠷᠵᠢᠭᠤᠨ ᠰᠠᠶᠢᠲᠤᠷ ᠬᠢᠵᠦ᠂ ᠥᠪᠥᠷ ᠮᠣᠩᠭᠤᠯ ᠤᠨ ᠰᠠᠶᠢᠨ ᠰᠠᠶᠢᠬᠠᠨ  ᠳᠦᠷᠢ ᠲᠥᠷᠬᠦ ᠪᠠ ᠳᠠᠪᠠᠭᠤᠯᠢᠭ ᠢ ᠤᠬᠠᠭᠤᠯᠤᠨ ᠲᠠᠨᠢᠯᠴᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠨᠠᠩ ᠰᠠᠶᠢᠲᠤᠷ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠲᠥᠪ ᠤᠨ ᠬᠤᠯᠪᠣᠭᠳᠠᠯ  ᠪᠦᠬᠦᠢ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠢ  ᠰᠠᠶᠢᠲᠤᠷ ᠬᠢᠬᠦ ᠬᠡᠷᠡᠭᠲᠡᠢ᠃ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠬᠤᠶᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢ ᠨᠠᠷᠢᠨ ᠬᠢᠨᠠᠮᠠᠭᠠᠢ  ᠲᠥᠯᠥᠪᠵᠢᠭᠦᠯᠵᠦ᠂ ᠴᠢᠬᠤᠯᠠ ᠶᠡᠭᠡ ᠡᠭᠦᠷᠭᠡ᠂ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠩᠬᠠᠷᠴᠤ ᠲᠣᠭᠤᠷᠢᠨ ᠪᠠᠶᠢᠴᠠᠭᠠᠬᠤ ᠴᠠᠭᠳᠠᠨ  ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠭᠤᠷᠢᠨ ᠪᠠᠶᠢᠴᠠᠭᠠᠯᠲᠠ ᠶᠢᠨ ︽ᠰᠡᠭᠦᠯᠴᠢ ᠶᠢᠨ ᠠᠵᠢᠯ︾ ᠢ ᠰᠠᠶᠢᠲᠤᠷ ᠬᠢᠬᠦ ᠬᠡᠷᠡᠭᠲᠡᠢ᠃ ᠬᠤᠶᠠᠷ ᠶᠡᠭᠡ  ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ ᠤᠯᠤᠰ ᠲᠦᠷᠦ ᠶᠢᠨ ᠬᠢᠨᠠᠯᠲᠠ ᠲᠠᠯᠪᠢᠬᠤ ᠠᠵᠢᠯ ᠢ ᠦᠷᠨᠢᠭᠦᠯᠵᠦ᠂ ᠨᠡᠭᠦᠷᠡᠰᠦ᠂ ᠮᠥᠩᠭᠦᠨ  ᠭᠦᠢᠯᠭᠡᠭᠡᠨ ᠵᠡᠷᠭᠡ ᠬᠦᠷᠢᠶᠡᠨ ᠳᠠᠬᠢ ᠢᠯᠵᠡᠷᠡᠯ ᠤᠨ ᠵᠠᠰᠠᠯᠲᠠ ᠶᠢ ᠭᠦᠨᠵᠡᠭᠡᠢ ᠠᠬᠢᠭᠤᠯᠵᠤ᠂ ᠨᠡᠩ ᠶᠡᠭᠡ ᠡᠷᠴᠢᠮ ᠢᠶᠠᠷ ᠰᠤᠷᠲᠠᠯ ᠤᠨ ᠭᠡᠮ ᠠᠷᠬᠠᠭ ᠢ ᠴᠡᠭᠴᠡᠯᠡᠨ ᠵᠠᠰᠠᠵᠤ᠂  ᠠᠯᠳᠠᠭ᠎ᠠ ᠪᠤᠷᠤᠭᠤ ᠶᠢ ᠠᠭᠤᠴᠢᠯᠠᠵᠤ ᠵᠠᠯᠠᠷᠠᠭᠤᠯᠬᠤ 8 ᠵᠤᠷᠪᠤᠰ ᠰᠠᠨᠠᠯ ᠢ ᠦᠨᠡᠨ ᠪᠤᠳᠠᠳᠠᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠰᠠᠬᠢᠯᠭ᠎ᠠ ᠪᠠᠲᠤ  ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠦᠨᠡᠨ ᠬᠦ ᠬᠠᠲᠠᠭᠤ ᠲᠠᠢ ᠨᠢ ᠬᠠᠯᠳᠠᠵᠤ ᠠᠬᠢᠭᠤᠯᠤᠨ᠂ ᠰᠤᠷᠤᠯᠴᠠᠯᠭ᠎ᠠ  ᠬᠥᠮᠦᠵᠢᠯ᠂ ᠪᠠᠶᠢᠴᠠᠭᠠᠨ ᠰᠢᠨᠵᠢᠯᠡᠵᠦ ᠴᠡᠭᠴᠡᠯᠡᠨ ᠵᠠᠰᠠᠬᠤ ᠠᠵᠢᠯ ᠢ ᠡᠮᠬᠢ ᠵᠢᠷᠤᠮ ᠲᠠᠢ ᠠᠷᠭ᠎ᠠ ᠬᠡᠮᠵᠢᠶ᠎ᠡ ᠲᠠᠢ ᠪᠠᠷ ᠰᠠᠶᠢᠲᠤᠷ ᠠᠳᠬᠤᠵᠤ᠂ ᠡᠯ᠎ᠡ ᠭᠤᠭᠴᠤᠭ᠎ᠠ ᠶᠢᠨ  ᠠᠵᠢᠯ ᠢ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠠᠯᠠᠱᠠ ᠵᠡᠭᠦᠨ ᠬᠤᠰᠢᠭᠤᠨ ᠤ ᠰᠢᠨ ᠵᠢᠩ ᠨᠡᠭᠦᠷᠡᠰᠦᠨ ᠠᠭᠤᠷᠬᠠᠢ ᠶᠢᠨ ᠶᠡᠭᠦᠷᠡᠭᠰᠡᠨ  ᠠᠳᠡᠯ ᠤᠨ ᠲᠤᠬᠠᠢ ᠶᠢᠨ ᠲᠠᠯᠠᠪᠠᠢ ᠶᠢ ᠴᠡᠪᠡᠷᠯᠡᠨ ᠡᠷᠢᠵᠦ ᠠᠪᠤᠷᠠᠬᠤ ᠠᠵᠢᠯ ᠢ ᠥᠷᠨᠢᠭᠦᠯᠵᠦ᠂ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠠᠵᠢᠯ ᠢ ᠴᠢᠨᠠᠭᠰᠢᠳᠠ ᠰᠠᠶᠢᠲᠤᠷ  ᠬᠢᠬᠦ ᠬᠡᠷᠡᠭᠲᠡᠢ᠃ ᠠᠳᠡᠯ ᠤᠨ ᠰᠢᠯᠲᠠᠭᠠᠨ ᠤ ᠪᠠᠶᠢᠴᠠᠭᠠᠯᠲᠠ ᠶᠢ ᠬᠠᠮᠵᠢᠯᠴᠠᠨ ᠰᠠᠶᠢᠲᠤᠷ ᠬᠢᠵᠦ᠂ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠵᠦ᠂ ᠬᠠᠤᠯᠢ  ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠨ ᠰᠠᠶᠢᠵᠢᠷᠠᠭᠤᠯᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠬᠡᠮ ᠰᠣᠭᠤᠭ ᠢ ᠡᠷᠬᠡᠪᠰᠢ ᠲᠤᠭᠤᠰᠢᠲᠠᠶ  ᠠᠩᠬᠠᠷᠴᠤ᠂ ᠲᠤᠭᠤᠰᠢᠲᠠᠶ ᠴᠡᠭᠴᠡᠯᠡᠨ ᠰᠠᠶᠢᠵᠢᠷᠠᠭᠤᠯᠵᠤ᠂ ᠮᠡᠳᠡᠵᠦ ᠪᠠᠶᠢᠭᠠᠳ ᠵᠣᠷᠢᠭᠤᠳᠠ ᠵᠥᠷᠢᠴᠡᠬᠦ᠂ ᠣᠯᠠᠨᠲᠠ ᠰᠤᠷᠭᠠᠪᠠᠴᠤ ᠥᠯᠥ ᠵᠠᠰᠠᠷᠠᠬᠰᠠᠳ ᠢ ︽ᠶᠠᠯ᠎ᠠ  ᠨᠡᠮᠡᠵᠦ︾ ᠴᠢᠩᠭ᠎ᠠ ᠰᠢᠢᠳᠪᠦᠷᠢᠯᠡᠬᠦ ᠬᠡᠷᠡᠭᠲᠡᠶ᠃ ᠣᠷᠣᠨ ᠨᠤᠲᠤᠭ ᠤᠨ ᠤᠳᠤᠷᠢᠳᠬᠤ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ  ᠪᠣᠯᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠬᠠᠷᠢᠭᠤᠴᠠᠯᠭ᠎ᠠ ᠳᠤᠲᠠᠭᠳᠠᠬᠤ ᠪᠠ ︽ᠬᠤᠭᠤᠰᠣᠳᠠᠬᠤ︾  ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号