ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ  ᠰᠤᠷᠤᠯᠴᠠᠯᠭ᠎ᠠ ᠬᠢᠪᠡ  ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/4/6
      ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ  ᠳᠤᠭᠤᠶᠢᠯᠠᠩ 2023 ᠣᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠪᠠᠶᠢᠴᠠᠭᠠᠨ ᠰᠤᠳᠤᠯᠤᠯᠲᠠ  ᠬᠢᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠠᠶᠢᠴᠠᠭᠠᠨ ᠰᠤᠳᠤᠯᠤᠯᠲᠠ ᠬᠢᠬᠦ ᠶᠢ ᠶᠡᠭᠡ ᠪᠠᠷ ᠥᠷᠨᠢᠭᠦᠯᠬᠦ ᠲᠤᠬᠠᠢ ᠨᠠᠮ ᠤᠨ  ᠲᠥᠪ ᠬᠤᠷᠢᠶ᠎ᠠ ᠶᠢᠨ ᠠᠵᠢᠯ ᠤᠨ ᠲᠥᠰᠥᠯ ᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃ ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ  ᠶᠠᠷᠢᠶ᠎ᠠ ᠲᠠᠯᠪᠢᠪᠠ᠃       ᠬᠤᠷᠠᠯ ᠳᠡᠭᠡᠷ᠎ᠡ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠭᠦᠨ ᠭᠤᠣᠯ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠪᠠ᠃ ᠬᠤᠷᠠᠯ   ᠠᠴᠠ᠂ ᠪᠠᠶᠢᠴᠠᠭᠠᠨ ᠰᠤᠳᠤᠯᠤᠯᠲᠠ ᠬᠢᠬᠦ ᠡᠨᠡ ᠬᠦ ︽ᠤᠯᠠᠮᠵᠢᠯᠠᠯᠲᠤ ᠡᠷᠳᠡᠨᠢ︾ ᠶᠢ ᠰᠠᠶᠢᠲᠤᠷ ᠠᠰᠢᠭᠯᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂  ᠦᠵᠡᠯ ᠰᠠᠨᠠᠭ᠎ᠠ ᠶᠢᠨ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠪᠠᠶᠢᠴᠠᠭᠠᠨ ᠰᠤᠳᠤᠯᠤᠯᠲᠠ ᠬᠢᠬᠦ ᠶᠢ ᠶᠡᠭᠡ ᠪᠠᠷ ᠥᠷᠨᠢᠭᠦᠯᠵᠦ᠂ ᠨᠡᠩ ᠤᠯᠠᠨ ᠴᠢᠨᠠᠷ  ᠰᠠᠶᠢᠲᠠᠢ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠭᠠᠷᠭᠠᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠬᠢᠬᠦ ᠡᠨᠡ ᠬᠦ ︽ᠠᠯᠳᠠᠨ ᠲᠦᠯᠬᠢᠭᠦᠷ︾ ᠢ ᠰᠠᠶᠢᠲᠤᠷ  ᠠᠳᠬᠤᠵᠤ᠂ ︽ᠲᠣᠮᠣᠷᠠᠭᠤᠯᠤᠭᠴᠢ ᠰᠢᠯ︾ ᠢᠶᠠᠷ ᠪᠠᠶᠢᠳᠠᠯ ᠢ ᠲᠣᠳᠣᠷᠬᠠᠢ ᠣᠶᠢᠯᠠᠭᠠᠵᠤ᠂ ︽ᠨᠡᠪᠲᠡ ᠬᠠᠷᠠᠬᠤ ᠰᠢᠯ ︾ ᠢᠶᠠᠷ ᠠᠰᠠᠭᠤᠳᠠᠯ ᠢ ᠣᠨᠣᠪᠴᠢᠲᠠᠢ ᠡᠷᠢᠵᠦ᠂  ︽ᠮᠢᠺᠷᠣᠰᠺᠤᠫ︾ ᠢᠶᠠᠷ ᠪᠣᠳᠠᠲᠠᠢ ᠠᠷᠭ᠎ᠠ ᠪᠣᠳᠣᠯᠭ᠎ᠠ ᠶᠢ ᠳᠡᠭᠡᠭᠰᠢᠯᠡᠭᠦᠯᠦᠨ ᠪᠣᠳᠠᠲᠠᠶᠢᠵᠢᠭᠤᠯᠵᠤ᠂ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠢ ᠪᠡᠶᠡᠯᠡᠭᠦᠯᠬᠦ ᠪᠠ  ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠠᠩᠬᠠᠷᠴᠤ᠂ ︽ᠭᠤᠷᠪᠠᠨ ᠤᠯᠠᠨ ᠭᠤᠷᠪᠠᠨ  ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠴᠡᠭᠴᠡᠯᠡᠨ ᠵᠠᠰᠠᠬᠤ  ᠠᠴᠠ ᠭᠠᠷᠳᠠᠵᠤ᠂ ᠠᠰᠠᠭᠤᠳᠠᠯ ᠢ ᠨᠢᠭᠡᠳ ᠨᠢᠭᠡ ᠪᠠᠷ ᠢᠯᠡᠷᠡᠭᠦᠯᠵᠦ᠂ ᠨᠢᠭᠡᠳ ᠨᠢᠭᠡ ᠪᠠᠷ  ᠰᠢᠢᠳᠪᠦᠷᠢᠯᠡᠵᠦ ᠳᠠᠭᠤᠰᠬᠠᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠬᠢᠬᠦ ᠰᠠᠭᠤᠷᠢ ᠴᠢᠳᠠᠪᠤᠷᠢ ᠶᠢ ᠰᠠᠶᠢᠲᠤᠷ ᠪᠤᠯᠪᠠᠰᠤᠷᠠᠭᠤᠯᠵᠤ᠂ ᠶᠠᠭᠤᠨ ᠳᠤ ᠪᠠᠶᠢᠴᠠᠭᠠᠨ  ᠰᠤᠳᠤᠯᠤᠯᠲᠠ ᠬᠢᠬᠦ᠂ ᠬᠡᠨ ᠤ ᠲᠥᠯᠥᠭᠡ ᠪᠠᠶᠢᠴᠠᠭᠠᠨ ᠰᠤᠳᠤᠯᠤᠯᠲᠠ ᠬᠢᠬᠦ᠂ ᠪᠠᠶᠢᠴᠠᠭᠠᠨ ᠰᠤᠳᠤᠯᠤᠯᠲᠠ ᠶᠢ ᠬᠡᠷᠬᠢᠨ ᠰᠠᠶᠢᠲᠤᠷ ᠬᠢᠬᠦ ᠶᠢ ᠦᠨᠡᠨ ᠬᠦ ᠲᠣᠳᠣᠷᠬᠠᠢ  ᠣᠶᠢᠯᠠᠭᠠᠵᠤ᠂ ᠪᠠᠶᠢᠴᠠᠭᠠᠬᠤ ᠲᠠᠯ᠎ᠠ ᠪᠠᠷ ᠬᠦᠷᠦᠯᠴᠡᠬᠦ ᠦᠭᠡᠢ ᠪᠠ ᠰᠤᠳᠤᠯᠬᠤ ᠲᠠᠯ᠎ᠠ ᠪᠠᠷ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ  ᠬᠡᠷᠡᠭᠲᠡᠢ᠃ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠨᠠᠮ ᠤᠨ ᠰᠢᠨ᠎ᠡ ᠶᠢ ᠡᠭᠦᠳᠦᠭᠰᠡᠨ ᠣᠨᠣᠯ ᠢ ᠬᠡᠷᠡᠭᠯᠡᠨ ᠰᠢᠨ᠎ᠡ ᠪᠠᠶᠢᠳᠠᠯ ᠢ ᠰᠤᠳᠤᠯᠬᠤ᠂  ᠰᠢᠨ᠎ᠡ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠭᠤᠴᠢᠨ ᠲᠠᠩᠰᠠ ᠶᠢ ᠳᠢᠭᠯᠡᠭᠦ᠂ ᠵᠣᠷᠢᠭᠲᠠᠢ ᠪᠠᠷ  ᠰᠢᠢᠳᠪᠦᠷᠢ ᠭᠠᠷᠭᠠᠬᠤ᠂ ᠬᠠᠷᠢᠭᠤ ᠲᠤᠰᠬᠠᠯ ᠭᠠᠷᠭᠠᠬᠤ ᠶᠢ ᠪᠡᠶᠡᠯᠡᠭᠦᠯᠵᠦ᠂ ᠦᠨᠳᠦᠰᠦᠨ ᠱᠠᠲᠤ ᠶᠢ ᠬᠠᠪᠰᠤᠷᠤᠨ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠮᠥᠷᠲᠡᠭᠡᠨ  ᠪᠠᠰᠠ ᠪᠦᠭᠦ ᠣᠷᠣᠨ ᠤ ᠨᠡᠶᠢᠲᠡᠯᠢᠭ ᠴᠢᠨᠠᠷᠲᠠᠢ ᠠᠰᠠᠭᠤᠳᠠᠯ ᠢ ᠲᠠᠰ ᠳᠡᠪᠰᠢᠭᠦᠯᠦᠨ ᠰᠤᠳᠤᠯᠤᠨ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃  
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号