ᠮᠠᠨ ᠤ ᠣᠷᠣᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ  ᠦᠵᠡᠭᠦᠯᠬᠦ ᠢᠨᠵᠧᠨᠧᠷᠢᠩ ᠤᠨ ︽ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ︾ ᠮᠡᠷᠭᠡᠵᠢᠯ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2023/4/6
      3 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠰᠢᠨ᠎ᠡ ᠡᠨᠧᠷᠭᠢ ᠶᠢᠨ  ᠲᠣᠨᠤᠭ ᠲᠥᠬᠦᠭᠡᠷᠦᠮᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ᠮᠡᠷᠭᠡᠵᠢᠯ ᠤᠨ  ᠨᠡᠷᠡᠰ ᠤᠨ ᠵᠢᠭᠰᠠᠭᠠᠯᠲᠠ ᠶᠢ ᠨᠡᠶᠢᠲᠡᠯᠡᠵᠦ᠂ ︽ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ ᠪᠥᠬᠦ ᠤᠯᠤᠰ ᠤᠨ  ᠬᠡᠪᠴᠢᠶᠡᠨ ᠳᠠᠬᠢ ᠳᠠᠪᠠᠭᠤᠯᠢᠭ ᠰᠢᠨ᠎ᠡ ᠶᠢ ᠡᠭᠦᠳᠬᠦ ᠡᠬᠢ ᠪᠠᠶᠠᠯᠢᠭ ᠢ ᠵᠣᠬᠢᠶᠠᠨ ᠪᠠᠶᠢᠭᠤᠯᠵᠤ ᠪᠠᠶᠢᠭᠠᠳ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ  ᠰᠢᠢᠳᠪᠦᠷᠢᠯᠡᠵᠤ ᠪᠠᠶᠢᠨ᠎ᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ︽ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ︾ ᠨᠡᠷᠡᠰ ᠤᠨ ᠵᠢᠭᠰᠠᠭᠠᠯᠲᠠ ᠳᠤ ︽ᠥᠷᠭᠡᠨ ᠬᠡᠪᠴᠢᠶᠡᠨ ᠤ  ᠴᠢᠳᠠᠮᠵᠢ ᠶᠢᠨ ᠬᠡᠯᠪᠡᠯᠵᠡᠯ ᠳᠤ ᠵᠣᠬᠢᠴᠠᠭᠰᠠᠨ ᠮᠢᠩᠭᠠᠨ ᠪᠠᠷᠢᠮᠵᠢᠶᠠᠲᠤ ᠳᠥᠷᠪᠡᠯᠵᠢᠨ ᠲᠠᠰ ᠤᠨ ᠴᠠᠬᠢᠯᠭᠠᠨ ᠵᠠᠳᠠᠯᠤᠯ ᠤᠨ ᠤᠰᠤ ᠪᠠᠷ ᠤᠰᠤᠲᠥ᠋ᠷᠥᠭᠴᠢ ᠦᠶᠯᠡᠳᠬᠦ  ᠵᠠᠩᠭᠢᠯᠠᠭ᠎ᠠ ᠶᠢᠨ ᠲᠣᠨᠤᠭ ᠲᠥᠬᠦᠭᠡᠷᠦᠮᠵᠢ ᠶᠢ ᠰᠤᠳᠤᠯᠤᠨ ᠦᠶᠯᠡᠳᠬᠦ ᠪᠠ ᠵᠢᠱᠢᠶ᠎ᠡ ᠦᠵᠡᠭᠦᠯᠬᠦ ᠬᠡᠷᠡᠭᠯᠡᠯᠲᠠ︾ ︽ᠥᠨᠳᠥᠷ ᠪᠦᠲᠦᠮᠵᠢᠲᠡᠶ N ᠬᠡᠯᠪᠡᠷᠢ ᠶᠢᠨ ᠲᠠᠩ  ᠲᠠᠯᠠᠰᠲᠤ ᠴᠠᠬᠢᠭᠤᠷ ᠰᠠᠪᠠᠭ᠎ᠠ ᠴᠠᠬᠢᠭᠤᠷ ᠢᠯᠲᠠᠰᠤ ᠶᠢᠨ ᠦᠢᠯᠡᠳᠬᠦᠨ ᠤ ᠪᠥᠬᠦ ᠳᠠᠷᠠᠭᠠᠯᠠᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠥᠪᠡᠷ ᠤᠨ ᠥᠷᠲᠡᠭ ᠢ  ᠪᠠᠭᠤᠷᠠᠭᠤᠯᠬᠤ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠵᠢᠴᠢ ᠵᠢᠱᠢᠶ᠎ᠡ ᠦᠵᠡᠭᠦᠯᠬᠦ ᠬᠡᠷᠡᠭᠯᠡᠯᠲᠠ︾ ᠵᠡᠷᠭᠡ 7 ᠲᠥᠷᠥᠯ ᠵᠦᠢᠯ ᠪᠠᠭᠲᠠᠵᠤ᠂ ᠡᠳ᠋ ᠤᠨ ᠵᠠᠰᠠᠭ ᠤᠨ  ᠲᠥᠰᠥᠪ ᠤᠨ ᠶᠡᠷᠦᠩᠬᠡᠢ ᠣᠷᠣᠭᠤᠯᠤᠯᠲᠠ ᠨᠢ 5500 ᠲᠦᠮᠡᠨ ᠲᠥᠭᠦᠷᠢᠭ ᠪᠠᠶᠢᠵᠤ᠂ ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ ᠬᠤᠭᠤᠴᠠᠭ᠎ᠠ ᠨᠢ 3 ᠵᠢᠯ ᠪᠣᠯᠣᠨ᠎ᠠ᠃ ᠵᠠᠷᠯᠠᠯ ᠬᠦᠯᠢᠶᠡᠭᠰᠡᠨ ᠲᠠᠯ᠎ᠠ ᠶᠢᠨ ᠬᠢᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠵᠦ ᠪᠠᠶᠢᠭᠠᠳ ᠭᠤᠶᠤᠴᠢᠯᠠᠨ ᠮᠡᠳᠡᠭᠦᠯᠵᠦ᠂ ᠨᠡᠷᠡᠰ ᠤᠨ  ᠵᠢᠭᠰᠠᠭᠠᠯᠲᠠ ᠶᠢᠨ ᠱᠠᠭᠠᠷᠳᠠᠯᠭ᠎ᠠ ᠳᠤ ᠴᠢᠭᠯᠡᠭᠦᠯᠦᠨ ᠵᠠᠩᠭᠢᠯᠠᠭ᠎ᠠ ᠶᠢᠨ ᠮᠡᠷᠭᠡᠵᠢᠯ ᠢ ᠪᠣᠳᠠᠲᠠᠢ ᠰᠢᠢᠳᠪᠦᠷᠢᠯᠡᠬᠦ ᠬᠡᠷᠡᠭᠵᠢᠭᠦᠯᠬᠦ ᠲᠥᠰᠥᠯ ᠢ ᠳᠤᠷᠠᠳᠬᠤ ᠴᠢᠬᠤᠯᠠᠲᠠᠢ ᠪᠥᠭᠡᠳ  ᠵᠢᠱᠢᠭᠰᠡᠨ ᠬᠠᠷᠠᠯᠲᠠ ᠪᠠᠨ ᠪᠦᠬᠦᠨ ᠢ ᠪᠡᠶᠡᠯᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ  ᠢᠨᠵᠧᠨᠧᠷᠢᠩ ᠳᠤ ᠠᠬᠠᠯᠠᠬᠤ ᠰᠢᠨᠵᠢᠯᠡᠬᠦ ᠤᠬᠠᠭᠠᠨᠲᠠᠨ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠵᠠᠷᠯᠠᠯ ᠬᠦᠯᠢᠶᠡᠭᠰᠡᠨ ᠲᠠᠯ᠎ᠠ ᠨᠢ 1 ᠳᠠᠭᠠᠭᠤᠯᠤᠭᠴᠢ ᠰᠢᠨᠵᠢᠯᠡᠬᠦ  ᠤᠬᠠᠭᠠᠨ ᠤ ᠰᠤᠳᠤᠯᠭᠠᠨ ᠤ ᠠᠵᠢᠯᠲᠠᠨ ᠢ ᠠᠬᠠᠯᠠᠬᠤ ᠰᠢᠨᠵᠢᠯᠡᠬᠦ ᠤᠬᠠᠭᠠᠨᠲᠠᠨ ᠢᠶᠠᠷ ᠲᠣᠭᠲᠠᠭᠠᠵᠤ᠂ ᠬᠡᠷᠡᠭᠵᠢᠭᠦᠯᠬᠦ ᠲᠥᠰᠥᠯ ᠢ ᠲᠦᠷᠦᠭᠦᠯᠡᠨ ᠲᠣᠭᠲᠠᠭᠠᠬᠤ ᠶᠢ  ᠬᠠᠷᠢᠭᠤᠴᠠᠭᠤᠯᠤᠨ᠎ᠠ᠂ ᠲᠡᠷᠡ ᠨᠢ ᠪᠡᠯᠡ ᠮᠥᠩᠭᠦ ᠬᠤᠪᠢᠶᠠᠷᠢᠯᠠᠬᠤ ᠡᠷᠬᠡ ᠲᠠᠢ ᠪᠥᠭᠡᠳ ᠵᠢᠱᠢᠶ᠎ᠡ ᠦᠵᠡᠭᠦᠯᠬᠦ ᠢᠨᠵᠧᠨᠧᠷᠢᠩ ᠤᠨ ᠲᠥᠷᠥᠯ ᠵᠦᠢᠯ ᠤᠨ ᠤᠷᠤᠭᠰᠢᠲᠠᠢ  ᠬᠡᠷᠡᠭᠵᠢᠭᠦᠯᠦᠭᠳᠡᠬᠦ ᠶᠢ ᠵᠣᠬᠢᠴᠠᠭᠤᠯᠤᠨ ᠵᠣᠬᠢᠶᠠᠨ ᠪᠠᠶᠢᠭᠤᠯᠤᠨ᠎ᠠ᠃ ᠠᠳᠠᠯᠢ ᠪᠤᠰᠤ ᠮᠡᠷᠭᠡᠵᠢᠯ ᠤᠨ ᠴᠢᠭᠯᠡᠯ ᠳᠤ ᠬᠠᠨᠳᠤᠭᠤᠯᠤᠨ ︽ᠮᠣᠷᠢ ᠤᠷᠤᠯᠳᠤᠭᠤᠯᠬᠤ ᠬᠡᠯᠪᠡᠷᠢ︾ ᠶᠢᠨ ᠠᠷᠭ᠎ᠠ ᠮᠠᠶ᠋ᠢᠭ ᠢᠶᠠᠷ ᠣᠯᠠᠨ ᠰᠠᠯᠠᠭ᠎ᠠ ᠰᠤᠳᠤᠯᠤᠨ ᠬᠥᠭᠵᠢᠭᠦᠯᠬᠦ ᠪᠦᠯᠬᠦᠮ ᠨᠡᠶᠢᠲᠡ ᠤᠳ ᠤᠨ ᠵᠡᠷᠭᠡ ᠪᠠᠷ ᠪᠡᠷᠬᠡ ᠰᠡᠳᠤᠪ ᠢ ᠰᠢᠢᠳᠪᠦᠷᠢᠯᠡᠬᠦ ᠶᠢ  ᠳᠡᠮᠵᠢᠨ᠎ᠡ᠃      ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ︽ᠵᠠᠷᠯᠠᠯ ᠬᠦᠯᠢᠶᠡᠵᠦ ᠬᠤᠰᠢᠭᠤᠷᠠᠨ  ᠠᠵᠢᠯᠯᠠᠬᠤ︾ ᠲᠥᠷᠥᠯ ᠵᠦᠢᠯ ᠤᠨ ᠪᠡᠯᠡ ᠮᠥᠩᠭᠦ ᠶᠢ ᠵᠠᠷᠯᠠᠯ ᠬᠦᠯᠢᠶᠡᠭᠰᠡᠨ ᠲᠠᠯ᠎ᠠ ᠶᠢᠨ ᠠᠵᠤ ᠠᠬᠤᠶᠢᠯᠠᠯ ᠪᠠ ᠡᠳ᠋ ᠤᠨ ᠵᠠᠰᠠᠭ ᠤᠨ ᠰᠢᠨᠵᠢᠯᠡᠬᠦ ᠤᠬᠠᠭᠠᠨ  ᠮᠡᠷᠭᠡᠵᠢᠯ ᠤᠨ ᠪᠡᠯᠡ ᠮᠥᠩᠭᠦ ᠠᠴᠠ ᠬᠠᠮᠲᠤ ᠪᠠᠷ ᠭᠠᠷᠭᠠᠵᠤ᠂ ᠵᠢᠱᠢᠶ᠎ᠡ ᠦᠵᠡᠭᠦᠯᠬᠦ ᠢᠨᠵᠧᠨᠧᠷᠢᠩ ᠤᠨ ᠭᠤᠣᠯᠳᠠᠯᠭ᠎ᠠ ᠲᠠᠢ ᠦᠢᠯᠡᠳᠬᠦᠨ ᠪᠠ ᠴᠢᠬᠤᠯᠠ ᠶᠡᠭᠡ ᠦᠷ᠎ᠡ  ᠪᠦᠲᠦᠭᠡᠯ ᠤᠨ ᠬᠡᠷᠡᠭᠯᠡᠯᠲᠡ ᠳᠡᠯᠭᠡᠷᠡᠭᠦᠯᠦᠯᠲᠡ ᠶᠢ ᠠᠬᠢᠭᠤᠯᠤᠨ᠎ᠠ᠃ ᠵᠠᠷᠴᠢᠮ ᠳᠡᠭᠡᠷ᠎ᠡ ᠪᠠᠨ ᠠᠵᠤ ᠠᠬᠤᠶᠢᠯᠠᠯ ᠤᠨ ᠥᠪᠡᠷ ᠢᠶᠠᠨ ᠴᠤᠭᠯᠠᠭᠤᠯᠤᠭᠰᠠᠨ ᠪᠡᠯᠡ ᠮᠥᠩᠭᠦ  ᠬᠢᠭᠡᠳ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ ᠶᠢᠨ ᠬᠠᠷᠢᠴᠠᠯ ᠢ 2:1 ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠡᠳ᠋ ᠤᠨ  ᠵᠠᠰᠠᠭ ᠤᠨ ᠳᠡᠮᠵᠢᠯᠭᠡ ᠶᠢᠨ ᠵᠠᠷᠤᠳᠠᠯ ᠢ ᠬᠤᠶᠠᠷ ᠵᠢᠯ ᠬᠤᠪᠢᠶᠠᠨ ᠡᠷᠭᠢᠯᠳᠦᠭᠦᠯᠦᠨ ᠳᠡᠮᠵᠢᠨ᠎ᠡ᠃ ᠣᠷᠣᠨ ᠨᠤᠲᠤᠭ ᠤᠨ ᠪᠡᠯᠡ ᠮᠦᠩᠬᠦᠨ ᠤ ᠢᠵᠢ ᠪᠦᠷᠢᠨ ᠲᠥᠷᠥ ᠶᠢᠨ  ᠪᠣᠳᠣᠯᠭ᠎ᠠ ᠲᠠᠢ ᠵᠠᠷᠯᠠᠯ ᠬᠦᠯᠢᠶᠡᠭᠰᠡᠨ ᠲᠠᠯ᠎ᠠ ᠶᠢ ᠤᠷᠢᠳ ᠢᠶᠠᠷ ᠳᠡᠮᠵᠢᠵᠦ᠂ ᠠᠶᠢᠮᠠᠭ ᠬᠤᠲᠠ ᠶᠢᠨ ᠰᠢᠨ᠎ᠡ ᠶᠢ ᠡᠭᠦᠳᠬᠦ ᠡᠬᠢ ᠪᠠᠶᠠᠯᠢᠭ ᠯᠤᠭ᠎ᠠ ᠨᠢᠭᠡᠳᠦᠯᠲᠡᠢ ᠲᠥᠯᠥᠪᠯᠡᠨ  ᠵᠣᠬᠢᠴᠠᠭᠤᠯᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠬᠦ ᠶᠢ  ᠬᠠᠮᠲᠤ ᠪᠠᠷ ᠠᠬᠢᠭᠤᠯᠤᠨ᠎ᠠ᠃  
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号