| 4 ᠳ᠋ᠦ᠋ᠭᠡᠷ ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ | ᠲᠡᠷᠢᠭᠦᠯᠡᠭᠴᠢ ᠬᠤᠸᠠᠩ ᡁᠢ ᠴᠢᠶᠠᠩ ᠬᠥᠯᠥᠨ ᠪᠤᠶᠢᠷ ᠬᠤᠲᠠ ᠳᠤ ᠭᠦᠨᠵᠡᠭᠡᠶᠢᠷᠡᠨ᠂ ᠣᠶ ᠰᠢᠭᠤᠢ ᠨᠤᠲᠤᠭ | ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ᠂ ᠠᠮᠤᠷ ᠲᠦᠪᠰᠢᠨ ᠤ ᠳᠠᠯᠳᠠ ᠬᠡᠮ ᠤᠨ ᠶᠡᠭᠡ ᠵᠢᠭᠰᠠᠭᠠᠨ | ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢᠨ ᠠᠵᠢᠯ ᠢ ᠲᠤᠬᠠᠢ ᠶᠢᠨ ᠭᠠᠵᠠᠷ ᠲᠤ ᠨᠢ ᠰᠢᠮᠳᠠᠭᠤᠯᠤᠨ | ᠵᠢᠯᠤᠭᠤᠳᠴᠤ᠂ ᠨᠠᠭᠤᠷ ᠭᠤᠣᠯ ᠢ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠪᠡ᠃ | ᠬᠤᠸᠠᠩ ᡁᠢ ᠴᠢᠶᠠᠩ ᠤᠷᠢᠳ ᠬᠤᠵᠢᠳ ᠶᠡᠭᠡ ᠬᠢᠩᠭᠠᠨ ᠳᠠᠪᠠᠭ᠎ᠠ ᠶᠢᠨ ᠤᠢ ᠰᠢᠭᠤᠢ ᠶᠢᠨ ᠭᠠᠯ | ᠰᠡᠷᠭᠡᠶᠢᠯᠡᠬᠦ ᠰᠠᠯᠪᠤᠷᠢ ᠠᠩᠭᠢ᠂ ᠥᠪᠥᠷ ᠮᠣᠩᠭᠤᠯ ᠤᠨ ᠤᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ | ᠤᠯᠤᠰ ᠤᠨ ᠲᠡᠰ ᠤᠨ ᠨᠥᠭᠡᠴᠡᠯᠡᠬᠦ ᠬᠥᠮᠥᠷᠭᠡ ᠪᠣᠯᠣᠨ ᠭᠠᠯ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠲᠥᠪ᠂ | ᠮᠠᠨᠵᠤᠤᠷ ᠤᠨ ᠬᠢᠯᠢ ᠶᠢᠨ ᠲᠤᠰᠠᠭᠠᠷᠯᠠᠬᠤ ᠪᠦᠰᠡ᠂ ᠵᠠᠯᠠᠶᠢᠨᠠᠭᠤᠷ ᠤᠨ ᠨᠡᠭᠦᠷᠡᠰᠦᠨ ᠤ ᠦᠢᠯᠡᠰ ᠤᠨ ᠺᠣᠮᠫᠠᠨᠢ ᠶᠢᠨ | ᠯᠢᠩ ᠯᠦ ᠨᠡᠭᠦᠷᠡᠰᠦᠨ ᠠᠭᠤᠷᠬᠠᠢ ᠳᠤ ᠬᠦᠷᠴᠦ᠂ ᠰᠡᠷᠭᠡᠶᠢᠯᠡᠯᠲᠡ ᠪᠠᠶᠢᠷᠢᠯᠠᠭᠤᠯᠬᠤ ᠬᠦᠴᠦᠨ᠂ ᠡᠳ᠋ ᠪᠣᠳᠠᠰ ᠤᠨ | ᠨᠥᠭᠡᠴᠡᠯᠡᠯᠲᠡ᠂ ᠭᠠᠯ ᠰᠡᠷᠭᠡᠶᠢᠯᠡᠬᠦ ᠬᠢᠨᠠᠨ ᠰᠢᠨᠵᠢᠯᠡᠯᠲᠡ ᠵᠡᠷᠭᠡ ᠠᠵᠢᠯ ᠢ ᠲᠤᠬᠠᠢ ᠶᠢᠨ ᠭᠠᠵᠠᠷ ᠲᠤ ᠨᠢ | ᠪᠠᠶᠢᠴᠠᠭᠠᠵᠤ᠂ ᠠᠮᠤᠷ ᠲᠦᠪᠰᠢᠨ ᠤ ᠳᠠᠯᠳᠠ ᠭᠡᠮ ᠤᠨ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ | ᠵᠠᠰᠠᠯᠲᠠ ᠤᠨ ᠠᠵᠢᠯ ᠢ ᠰᠢᠮᠳᠠᠭᠤᠯᠤᠨ ᠵᠢᠯᠣᠭᠤᠳᠴᠠᠢ᠃ ᠲᠡᠷᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ ᠶᠢ ᠪᠠᠷᠢᠮᠲᠠᠯᠠᠵᠤ᠂ ᠨᠡᠩ ᠴᠢᠩᠭ᠎ᠠ ᠱᠠᠭᠠᠷᠳᠠᠯᠭ᠎ᠠ᠂ ᠨᠡᠩ ᠥᠨᠳᠥᠷ ᠪᠠᠷᠢᠮᠵᠢᠶ᠎ᠠ᠂ ᠨᠡᠩ ᠪᠦᠬᠦ ᠲᠠᠯ᠎ᠠ ᠶᠢᠨ | ᠠᠷᠭ᠎ᠠ ᠬᠡᠮᠵᠢᠶ᠎ᠡ ᠪᠠᠷ ᠠᠶᠤᠯ ᠦᠭᠡᠢ ᠦᠢᠯᠡᠳᠪᠦᠷᠢᠯᠡᠯ ᠤᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ | ᠡᠷᠡᠰ ᠡᠭᠦᠷᠭᠡᠯᠡᠵᠦ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠸᠠᠩ ᡁᠢ ᠴᠢᠶᠠᠩ ᠪᠠᠰᠠ ᠬᠥᠯᠥᠨ ᠨᠠᠭᠤᠷ᠂ ᠡᠷᠭᠦᠨ᠎ᠡ ᠭᠤᠣᠯ ᠤᠨ ᠰᠠᠪᠠ ᠭᠠᠵᠠᠷ ᠲᠤ ᠬᠦᠷᠴᠦ ᠨᠠᠭᠤᠷ | ᠭᠤᠣᠯ ᠢ ᠴᠠᠭᠳᠠᠨ ᠪᠠᠶᠢᠴᠠᠭᠠᠵᠤ᠂ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠨ ᠵᠠᠰᠠᠬᠤ ᠲᠠᠯ᠎ᠠ ᠪᠠᠷ | ᠲᠣᠳᠣᠷᠬᠠᠢ ᠱᠠᠭᠠᠷᠳᠠᠯᠭ᠎ᠠ ᠳᠤᠷᠠᠳᠴᠠᠢ᠃ |