2023 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠰᠡᠳᠦᠪ ᠲᠣᠭᠲᠠᠭᠠᠬᠤ ᠲᠥᠷᠥᠯ ᠵᠦᠶᠯ  ᠢ ᠵᠠᠷᠯᠠᠨ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/9/29
     ᠠᠮᠢ ᠠᠬᠤᠶ ᠶᠢᠨ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢᠨ ᠲᠤᠬᠠᠶ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ ᠬᠤᠯᠪᠣᠭᠳᠠᠯ ᠪᠥᠬᠦᠶ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠳᠤ ᠦᠶᠯᠡᠴᠢᠯᠡᠬᠦ  ᠶᠢᠨ ᠲᠤᠰᠠᠳᠠ᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠶᠯ ᠤᠨ ᠬᠠᠮᠢᠶᠠᠷᠤᠯᠲᠠ ᠶᠢᠨ ᠠᠷᠭ᠎ᠠ 》 ( ᠥᠪᠥᠷ ᠰᠠᠯᠠᠭ᠎ᠠ ᠲᠠᠷᠬᠠᠭᠠᠭᠰᠠᠨ 20224 ᠳ᠋ᠦ᠋ᠭᠡᠷ ᠲᠣᠭᠠᠲᠤ ) ᠶᠢ ᠦᠨᠳᠦᠰᠦᠯᠡᠨ᠂ ᠡᠳᠦᠭᠡ 2023 ᠣᠨ ᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠶᠯ ᠲᠣᠭᠲᠠᠭᠠᠬᠤ ᠪᠠᠷ ᠪᠠᠶᠢᠭ᠎ᠠ ᠳᠠᠭᠠᠭᠠᠨ ᠡᠭᠦᠷᠭᠡᠯᠡᠭᠰᠡᠨ ᠨᠢᠭᠡᠴᠡ ᠶᠢ ᠢᠯᠡ ᠨᠡᠶᠢᠲᠡᠯᠡᠵᠦ᠂ ᠢᠯᠡ ᠨᠡᠶᠢᠲᠡᠯᠡᠬᠦ ᠴᠠᠭ ᠨᠢ 9 ᠳ᠋ᠦ᠋ᠭᠡᠷ ᠰᠠᠷ᠎ᠠ ᠶᠢᠨ 28 ᠤ ᠡᠳᠦᠷ ᠠᠴᠠ 10 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ ᠪᠣᠯᠤᠨ᠎ᠠ  ᠃ ᠣᠨᠳᠣᠤ ᠰᠠᠨᠠᠯ ᠲᠠᠢ ᠬᠥᠮᠦᠨ ᠪᠣᠯ ᠵᠠᠷᠯᠠᠨ ᠨᠡᠶᠢᠲᠡᠯᠡᠬᠦ ᠬᠤᠭᠤᠴᠠᠭᠠᠨ ᠳᠤ ᠪᠢᠴᠢᠭ ᠤᠨ ᠮᠠᠲ᠋ᠧᠷᠢᠶᠠᠯ ᠢᠶᠠᠨ ᠲᠤᠰᠢᠶᠠᠭᠠᠷᠠᠶ᠂ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠭᠥᠯᠢᠶᠡᠨ ᠠᠪᠴᠤ ᠰᠢᠶᠳᠪᠦᠷᠢᠯᠡᠬᠦ ᠥᠬᠡᠶ  ᠃ ᠬᠤᠪᠢ ᠬᠥᠮᠦᠨ ᠤ ᠲᠤᠰᠢᠶᠠᠭᠰᠠᠨ ᠮᠠᠲ᠋ᠧᠷᠢᠶᠠᠯ ᠳᠤ ᠦᠨᠡᠨ ᠪᠣᠳᠠᠲᠠᠶ ᠣᠪᠣᠭ ᠨᠡᠷ᠎ᠡ ᠪᠠ ᠬᠠᠷᠢᠯᠴᠠᠬᠤ ᠠᠷᠭ᠎ᠠ ᠮᠠᠶ᠋ᠢᠭ ᠢᠶᠠᠨ ᠲᠣᠳᠣᠷᠬᠠᠶ ᠪᠢᠴᠢᠬᠦ ᠬᠡᠷᠡᠭᠲᠡᠶ᠂ ᠨᠢᠭᠡᠴᠡ ᠶᠢᠨ ᠲᠤᠰᠢᠶᠠᠭᠰᠠᠨ ᠮᠠᠲ᠋ᠧᠷᠢᠶᠠᠯ ᠳᠤ ᠪᠠᠶᠢᠭ᠎ᠠ ᠨᠢᠭᠡᠴᠡ ᠶᠢᠨ ᠢᠶᠠᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠶ᠂ ᠨᠡᠷ᠎ᠡ ᠪᠤᠷᠤᠭᠤᠯᠠᠭᠰᠠᠨ ᠮᠠᠲ᠋ᠧᠷᠢᠶᠠᠯ ᠢ ᠭᠥᠯᠢᠶᠡᠨ ᠠᠪᠴᠤ ᠰᠢᠶᠳᠪᠦᠷᠢᠯᠡᠬᠦ ᠥᠬᠡᠶ  ᠃    ᠮᠠᠨ ᠤ ᠲᠢᠩᠬᠢᠮ ᠲᠥᠪ ᠴᠢᠩᠭ᠎ᠠ ᠪᠠᠷ ᠢᠯᠡᠷᠬᠡᠶᠢᠯᠡᠬᠦ ᠨᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠠᠵᠢᠯᠲᠠᠨ ᠶᠡᠷᠦ ᠠᠴᠠ ᠲᠥᠷᠥᠯ ᠵᠦᠶᠯ ᠳᠤ ᠭᠤᠶᠤᠴᠢᠯᠠᠨ ᠮᠡᠳᠡᠭᠦᠯᠦᠭᠰᠡᠨ ᠥᠬᠡᠶ᠂ ᠳᠠᠭᠠᠭᠠᠨ ᠡᠭᠦᠷᠭᠡᠯᠡᠭᠰᠡᠨ ᠨᠢᠭᠡᠴᠡ ᠶᠢᠨ ᠪᠠᠶᠢᠷᠢᠯᠠᠭᠤᠯᠤᠭᠰᠠᠨ ᠨᠢ ᠬᠡᠪ ᠤᠨ ᠬᠠᠮᠢᠶᠠᠷᠤᠯᠲᠠ ᠶᠢᠨ ᠠᠵᠢᠯ ᠲᠠᠢ ᠬᠠᠮᠢᠶ᠎ᠠ ᠥᠬᠡᠶ ᠶᠠᠮᠠᠷᠪᠠ ᠠᠵᠢᠯ ᠨᠢ ᠶᠡᠷᠦ ᠠᠴᠠ ᠲᠥᠷᠥᠯ ᠵᠦᠶᠯ ᠭᠤᠶᠤᠴᠢᠯᠠᠨ ᠮᠡᠳᠡᠭᠦᠯᠬᠦ ᠶᠢ ᠱᠠᠭᠠᠷᠳᠠᠭᠰᠠᠨ ᠥᠬᠡᠶ᠂ ᠳᠠᠭᠠᠭᠠᠨ ᠡᠭᠦᠷᠭᠡᠯᠡᠭᠰᠡᠨ ᠨᠢᠭᠡᠴᠡ ᠨᠢ ᠬᠡᠪ ᠤᠨ ᠬᠠᠮᠢᠶᠠᠷᠤᠯᠲᠠ ᠶᠢᠨ ᠠᠵᠢᠯ ᠲᠠᠢ ᠬᠠᠮᠢᠶ᠎ᠠ ᠥᠬᠡᠶ ᠶᠠᠮᠠᠷᠪᠠ ᠦᠶᠯᠡᠴᠢᠯᠡᠭᠡ ᠬᠠᠩᠭᠠᠬᠤ᠂ ᠵᠢᠱᠢᠶᠡᠯᠡᠪᠡᠯ ᠡᠯ᠎ᠡ ᠵᠦᠶᠯ ᠤᠨ ᠦᠶᠯᠡᠳᠬᠦᠨ᠂ ᠨᠣᠮ ᠪᠢᠴᠢᠭ ᠢ ᠪᠣᠷᠣᠯᠠᠭᠤᠯᠬᠤ᠂ ᠴᠢᠨᠠᠭᠰᠢᠯᠠᠪᠠᠯ ᠡᠯ᠎ᠡ ᠵᠦᠶᠯ ᠤᠨ ᠰᠢᠯᠲᠠᠭ ᠢᠶᠠᠷ ᠵᠣᠭᠤᠰ ᠮᠥᠩᠭᠦ ᠨᠡᠬᠡᠨ ᠠᠪᠬᠤ ᠵᠡᠷᠭᠡ ᠪᠣᠯᠤᠨ᠎ᠠ  ᠃ ᠡᠯ᠎ᠡ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠤᠳ ᠰᠡᠷᠭᠡᠶᠢᠯᠡᠬᠦ ᠦᠵᠡᠯ ᠤᠬᠠᠮᠰᠠᠷ ᠢᠶᠠᠨ ᠴᠢᠩᠭᠠᠳᠬᠠᠵᠤ᠂ ᠮᠡᠬᠡᠯᠡᠭᠳᠡᠬᠦ ᠠᠴᠠ ᠴᠢᠩᠭ᠎ᠠ ᠰᠡᠷᠭᠡᠶᠢᠯᠡᠬᠦ ᠶᠢᠨ ᠬᠠᠮᠲᠤ ᠬᠠᠮᠢᠶ᠎ᠠ ᠪᠦᠬᠦᠢ ᠠᠵᠢᠯᠲᠠᠨ ᠪᠣᠯᠤᠨ ᠬᠤᠯᠪᠣᠭᠳᠠᠯ ᠪᠦᠬᠦᠢ ᠠᠵᠤ ᠠᠬᠤᠶᠢᠯᠠᠯ ᠳᠤ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠬᠤᠯᠪᠣᠭᠳᠠᠯ ᠪᠦᠬᠦᠢ ᠪᠠᠶᠢᠳᠠᠯ ᠲᠣᠬᠢᠶᠠᠯᠳᠤᠪᠠᠯ ᠴᠠᠭ ᠲᠤᠬᠠᠶ ᠳᠤᠨᠢ ᠮᠠᠨ ᠤ ᠲᠢᠩᠬᠢᠮ ᠲᠠᠢ ᠬᠠᠷᠢᠯᠴᠠᠵᠤ ᠬᠢᠨᠠᠨ ᠬᠠᠷᠭᠤᠭᠤᠯᠵᠤ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠴᠠᠭ ᠲᠤᠬᠠᠶ ᠳᠤᠨᠢ ᠲᠤᠬᠠᠶ ᠶᠢᠨ ᠭᠠᠵᠠᠷ ᠤᠨ ᠳᠣᠲᠣᠭᠠᠳᠤ  ᠶᠢ ᠬᠠᠮᠠᠭᠠᠯᠠᠬᠤ ᠰᠠᠯᠠᠭ᠎ᠠ ᠮᠥᠴᠢᠷ ᠲᠤ ᠬᠡᠷᠡᠭ ᠮᠡᠳᠡᠭᠦᠯᠵᠦ᠂ ᠨᠡᠬᠡᠮᠵᠢᠯᠡᠨ ᠪᠠᠶᠢᠴᠠᠭᠠᠬᠤ ᠬᠡᠷᠡᠭᠲᠡᠶ  ᠃     ᠬᠠᠷᠢᠯᠴᠠᠬᠤ ᠤᠲᠠᠰᠤ᠄ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢᠨ ᠭᠠᠵᠠᠷ 0471 - 6328708     ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠬᠢᠭᠡᠳ ᠬᠢᠨᠠᠯᠲᠠ ᠲᠠᠯᠪᠢᠬᠤ ᠭᠠᠵᠠᠷ 0471 - 6328712     ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ 0471 - 6328717     ᠳᠠᠭᠠᠯᠳᠤᠭᠤᠯᠤᠯ᠄ 2023 ᠣᠨ ᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠰᠡᠳᠦᠪ ᠲᠣᠭᠲᠠᠭᠠᠬᠤ ᠪᠠᠷ ᠪᠠᠶᠢᠭ᠎ᠠ ᠲᠥᠷᠥᠯ ᠵᠦᠶᠯ ᠤᠨ ᠨᠡᠷᠡᠰ       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ  ᠃     2023 ᠣᠨ ᠤ 9 ᠳ᠋ᠦ᠋ᠭᠡᠷ ᠰᠠᠷ᠎ᠠ ᠶᠢᠨ 28 ᠤ ᠡᠳᠦᠷ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号