ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ( ᠥᠷᠭᠡᠳᠬᠡᠭᠰᠡᠨ ) ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/24
     10 ᠳ᠋ᠤᠭᠠᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ 2024 ᠣᠨ ᠤ 30 ᠳ᠋ᠤᠭᠠᠷ ᠤᠳᠠᠭ᠎ᠠ ᠶᠢᠨ ( ᠥᠷᠭᠡᠳᠬᠡᠭᠰᠡᠨ ) ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠢᠩᠬᠢᠮ  ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠸᠧᠨ ᠲᠤᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
    ᠬᠤᠷᠠᠯ ᠠᠴᠠ᠂ ᠲᠢᠩᠬᠢᠮ ᠤᠨ ᠰᠢᠰᠲ᠋ᠧᠮ ᠤᠨ ᠪᠥᠬᠦ ᠺᠠᠳ᠋ᠷ ᠠᠵᠢᠯᠲᠠᠨ ᠠᠵᠢᠯᠴᠢᠨ ᠶᠡᠷᠦᠩᠬᠡᠶ ᠱᠦᠵᠢ ᠰᠢ  ᠶᠢᠨ ᠫᠢᠩ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠶ ᠱᠦᠵᠢ ᠰᠢ ᠶᠢᠨ ᠫᠢᠩ  ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢᠴᠢ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠤᠯ ᠱᠤᠭᠤᠮ  ᠢ ᠪᠠᠲᠤ ᠴᠤᠭᠴᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠨᠳᠦᠰᠦᠲᠡᠨ ᠤ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠬᠤ ᠴᠢᠳᠠᠪᠤᠷᠢ ᠶᠢᠨ ᠬᠤᠷᠳᠤᠴᠠ ᠶᠢ ᠳᠡᠭᠡᠭᠰᠢᠯᠡᠭᠦᠯᠵᠦ᠂ ᠦᠨᠳᠦᠰᠦᠲᠡᠨ ᠨᠦᠭᠦᠳ  ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠨ᠂ 《 ᠵᠢᠱᠢᠶᠡᠴᠢ ᠥᠪᠡᠷᠲᠡᠭᠡᠨ ᠵᠠᠰᠠᠬᠤ ᠣᠷᠣᠨ 》 ᠤ ᠡᠷᠬᠢᠮ ᠳᠡᠭᠡᠳᠦ ᠢᠷᠠᠭᠤ ᠠᠯᠳᠠᠷ ᠢ ᠨᠠᠷᠢᠨ ᠬᠢᠨᠠᠮᠠᠭᠠᠶ ᠬᠠᠮᠠᠭᠠᠯᠠᠵᠤ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠶᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
     ᠬᠤᠷᠠᠯ ᠠᠴᠠ᠂ ᠲᠢᠩᠬᠢᠮ ᠤᠨ ᠰᠢᠰᠲ᠋ᠧᠮ ᠤᠨ ᠪᠥᠬᠦ ᠺᠠᠳ᠋ᠷ ᠠᠵᠢᠯᠲᠠᠨ ᠠᠵᠢᠯᠴᠢᠨ ᠶᠡᠷᠦᠩᠬᠡᠶ ᠱᠦᠵᠢ ᠰᠢ  ᠶᠢᠨ ᠫᠢᠩ ᠤᠨ ᠹᠦᠵᠢᠶᠠᠨ᠂ ᠠᠨᠾᠦ᠋ᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠹᠦᠵᠢᠶᠠᠨ᠂ ᠠᠨᠾᠦ᠋ᠢ ᠶᠢᠨ ᠬᠥᠭᠵᠢᠯᠲᠡ ᠶᠢᠨ ᠲᠤᠷᠰᠢᠯᠭ᠎ᠠ ᠶᠢ ᠰᠠᠶᠢᠲᠤᠷ ᠰᠤᠷᠤᠯᠴᠠᠨ ᠬᠡᠷᠡᠭᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ 《 ᠪᠦᠰᠡᠯᠡᠯᠲᠡ ᠰᠢᠪᠲᠤᠯᠬᠤ 》 ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠳᠠᠪᠠᠭᠤᠯᠢᠭ ᠤᠨᠴᠠᠯᠢᠬᠳᠤ ᠠᠵᠤ ᠦᠶᠯᠡᠰ ᠵᠡᠷᠭᠡ ᠭᠤᠤᠯᠳᠠᠯᠭ᠎ᠠ ᠲᠠᠢ ᠬᠦᠷᠢᠶᠡᠨ ᠤ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠳᠡᠭᠡᠳᠦ ᠴᠢᠳᠠᠪᠤᠷᠢᠲᠤ ᠲᠠᠰ ᠤᠨ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠪᠥᠬᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠮᠵᠢ ᠲᠣᠭᠲᠠᠴᠠ ᠶᠢ ᠪᠠᠶᠢᠭᠤᠯᠵᠤ᠂《 ᠮᠧᠩ ᠺᠧ ᠵᠢᠦᠢ 》ᠨᠡᠷᠡᠲᠦ ᠲᠡᠮᠳᠡᠭᠲᠦ ᠶᠢ ᠦᠷᠭᠦᠯᠵᠢᠯᠡᠨ ᠡᠭᠦᠳᠴᠦ᠂ ᠰᠢᠨ᠎ᠡ ᠶᠢ ᠡᠭᠦᠳᠬᠦ ᠡᠬᠢ ᠪᠠᠶᠠᠯᠢᠭ ᠢ ᠲᠠᠲᠠᠨ ᠴᠤᠭᠯᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠤᠨ ᠳᠠᠬᠢᠨ ᠨᠢᠭᠡ ᠠᠯᠬᠤᠮ ᠳᠠᠪᠰᠢᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠲᠢᠩᠬᠢᠮ ᠤᠨ ᠰᠢᠰᠲ᠋ᠧᠮ ᠤᠨ ᠪᠥᠬᠦ ᠺᠠᠳ᠋ᠷ ᠠᠵᠢᠯᠲᠠᠨ ᠠᠵᠢᠯᠴᠢᠨ ᠨᠠᠮ ᠤᠨ ᠲᠥᠪ ᠬᠤᠷᠢᠶᠠᠨ  ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠨᠠᠮ ᠤᠨ ᠲᠥᠪ ᠬᠤᠷᠢᠶᠠᠨ ᠤ ᠠᠵᠤ ᠠᠬᠤᠶ ᠶᠢᠨ ᠪᠠᠶᠢᠳᠠᠯ ᠤᠨ ᠲᠤᠬᠠᠶ ᠰᠢᠨᠵᠢᠯᠡᠬᠦ ᠤᠬᠠᠭᠠᠨᠴᠢ ᠮᠠᠭᠠᠳᠯᠠᠯᠲᠠ ᠶᠢ ᠭᠦᠨᠵᠡᠭᠡᠶ ᠣᠶᠢᠯᠠᠭᠠᠵᠤ᠂ ᠪᠥᠬᠦ ᠲᠠᠯ᠎ᠠ ᠶᠢᠨ ᠬᠤᠪᠢᠰᠤᠩᠭᠤᠶ ᠠᠯᠤᠰ ᠬᠡᠲᠦ ᠶᠢᠨ ᠬᠠᠷᠠᠴᠠ ᠪᠠᠷ ᠣᠳᠣᠬᠠᠨ ᠤ ᠠᠵᠤ ᠠᠬᠤᠶ  ᠶᠢᠨ ᠪᠠᠶᠢᠳᠠᠯ ᠳᠤ ᠬᠠᠨᠳᠤᠬᠤ᠂ ᠮᠠᠨ ᠤ ᠤᠯᠤᠰ ᠲᠤ ᠲᠤᠯᠭᠠᠷᠠᠵᠤ ᠪᠠᠶᠢᠭ᠎ᠠ ᠰᠢᠨ᠎ᠡ ᠠᠵᠠ ᠲᠣᠬᠢᠶᠠᠯ ᠰᠢᠨ᠎ᠡ ᠥᠷᠢᠰᠥᠯᠳᠦᠭᠡᠨ ᠳᠤ ᠬᠠᠨᠳᠤᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢᠶᠠᠷ ᠠᠵᠤ ᠠᠬᠤᠶ ᠶᠢᠨ ᠠᠵᠢᠯ ᠢ ᠲᠤᠯᠭᠠᠭᠤᠷᠢᠯᠠᠬᠤ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠣᠳᠣᠯ ᠢᠶᠠᠨ ᠦᠨᠡᠨ ᠬᠦ ᠴᠢᠩᠭᠠᠳᠬᠠᠵᠤ᠂ ᠣᠨ ᠤ ᠠᠵᠢᠯ ᠤᠨ ᠡᠯ᠎ᠡ ᠵᠦᠶᠯ ᠤᠨ ᠬᠠᠷᠠᠯᠲᠠ ᠡᠭᠦᠷᠭᠡ ᠪᠠᠨ ᠲᠣᠭᠲᠠᠭᠠᠵᠤ᠂ ᠪᠤᠰᠢᠭᠤ ᠱᠠᠯᠠᠮᠠᠭᠠᠶ᠂ ᠵᠣᠷᠢᠭᠲᠠᠶ ᠪᠠᠷ ᠬᠢᠵᠦ ᠴᠢᠳᠠᠮᠠᠭᠠᠶ ᠠᠵᠢᠯᠯᠠᠨ᠂ ᠤᠳᠠᠭᠠᠨ ᠪᠦᠳᠦᠭᠦᠯᠢᠭ ᠠᠵᠢᠯ ᠤᠨ ᠰᠤᠷᠲᠠᠯ ᠢ ᠲᠡᠪᠴᠢᠵᠦ᠂ ᠵᠢᠯ ᠤᠨ ᠡᠴᠦᠰ ᠲᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠲᠢᠩᠬᠢᠮ ᠤᠨ ᠰᠢᠰᠲ᠋ᠧᠮ ᠤᠨ ᠪᠥᠬᠦ ᠨᠠᠮ ᠤᠨ ᠭᠡᠰᠢᠭᠦᠨ ᠺᠠᠳ᠋ᠷ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠤᠬᠠᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠦᠨᠡᠨ ᠬᠦ《 ᠬᠤᠶᠠᠷ ᠢ ᠲᠣᠭᠲᠠᠭᠠᠬᠤ 》 ᠶᠢ ᠬᠦᠷᠢᠶᠡᠯᠡᠬᠦ᠂ 《 ᠬᠤᠶᠠᠷ ᠢ ᠬᠠᠮᠠᠭᠠᠯᠠᠬᠤ 》 ᠶᠢ ᠪᠡᠶᠡᠯᠡᠭᠦᠯᠬᠦ ᠪᠣᠳᠠᠲᠠᠶ ᠠᠵᠢᠯᠯᠠᠭ᠎ᠠ ᠪᠣᠯᠭᠠᠵᠤ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠦᠵᠡᠯ ᠰᠠᠨᠠᠭ᠎ᠠ ᠦᠶᠯᠡ ᠠᠵᠢᠯᠯᠠᠭ᠎ᠠ ᠪᠠᠨ ᠨᠢᠭᠡᠳᠬᠡᠵᠦ ᠥᠪᠡᠷᠲᠡᠭᠡᠨ ᠵᠠᠰᠠᠬᠤ ᠣᠷᠣᠨ ᠤ 《 ᠬᠤᠶᠠᠷ ᠶᠡᠭᠡ ᠶᠠᠪᠤᠳᠠᠯ 》 ᠢ ᠰᠠᠶᠢᠲᠤᠷ ᠬᠢᠬᠦ ᠪᠠ 《 ᠰᠢᠨ᠎ᠡ ᠵᠠᠮ ᠨᠡᠭᠡᠭᠡᠬᠦ᠂ ᠳᠤᠮᠳᠠ ᠲᠥᠪᠰᠢᠨ ᠳᠤ ᠣᠷᠣᠬᠤ 》 ᠬᠠᠷᠠᠯᠲᠠ  ᠶᠢ ᠴᠢᠩᠭ᠎ᠠ ᠡᠵᠡᠮᠳᠡᠵᠦ᠂ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠢᠨ᠎ᠡ ᠶᠢ ᠡᠭᠦᠳᠬᠦ ᠬᠡᠯᠪᠡᠷᠢ ᠶᠢᠨ ᠥᠪᠥᠷ ᠮᠣᠩᠭᠤᠯ ᠢ ᠪᠥᠲᠥᠭᠡᠨ ᠪᠠᠶᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ 《 ᠪᠦᠰᠡᠯᠡᠯᠲᠡ ᠰᠢᠪᠲᠤᠯᠬᠤ 》 ᠢᠨᠵᠧᠨᠧᠷᠢᠩ ᠢ ᠬᠡᠷᠡᠭᠵᠢᠭᠦᠯᠬᠦ ᠪᠥᠬᠦ ᠶᠠᠪᠤᠴᠠ ᠳᠤ ᠨᠠᠶᠢᠳᠠᠪᠤᠷᠢᠵᠢᠭᠤᠯᠬᠤ ᠬᠡᠷᠡᠭᠲᠡᠶ ᠴᠢᠬᠤᠯᠠᠴᠢᠯᠠᠪᠠ᠃    ᠬᠤᠷᠠᠯ ᠠᠴᠠ ᠪᠠᠰᠠ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ ᠶᠢᠨ ᠬᠠᠷᠢᠭᠤ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠭᠦᠶᠴᠡᠳᠬᠡᠬᠦ᠂ ᠤᠯᠤᠰ ᠤᠨ ᠲᠠᠰ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠥᠭᠵᠢᠯᠲᠡ᠂ ᠵᠠᠯᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠡᠩᠨᠡᠭᠡ  ᠶᠢᠨ ᠪᠠᠶᠢᠭᠤᠯᠤᠯᠲᠠ ᠵᠡᠷᠭᠡ ᠠᠵᠢᠯ ᠢ ᠰᠠᠶᠢᠲᠤᠷ ᠠᠳᠬᠤᠬᠤ ᠲᠤᠬᠠᠶ ᠱᠠᠭᠠᠷᠳᠠᠯᠭ᠎ᠠ ᠳᠤᠷᠠᠳᠴᠠᠶ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ᠲᠢᠩᠬᠢᠮ ᠤᠨ ᠤᠳᠤᠷᠢᠳᠤᠯᠭ᠎ᠠ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ᠂ ᠲᠢᠩᠬᠢᠮ ᠤᠨ ᠬᠠᠷᠢᠶ᠎ᠠ ᠡᠯ᠎ᠡ ᠨᠢᠭᠡᠴᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号