| 10 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠶᠡᠷᠦᠩᠬᠡᠢ ᠰᠠᠶᠢᠳ ᠯᠢ ᠴᠢᠶᠠᠩ ᠤᠨ | ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠦ᠂ ᠪᠦᠬᠦ ᠣᠷᠣᠨ ᠤ ᠲᠦᠷᠦᠭᠦᠦ ᠭᠤᠷᠪᠠᠨ ᠤᠯᠠᠷᠢᠯ ᠤᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠠᠨᠾᠦ᠋ᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠥᠪᠥᠷ ᠮᠣᠩᠭᠤᠯ ᠤᠨ ᠪᠣᠳᠠᠲᠤ | ᠪᠠᠶᠢᠳᠠᠯ ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠨᠠᠮᠤᠷ ᠤᠨ | ᠬᠤᠷᠢᠶᠠᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃ ︽ᠤᠮᠠᠷᠠᠲᠤ ᠬᠢᠯᠢ ᠶᠢᠨ | ᠰᠣᠶᠣᠯ︾ ᠤᠨ ᠲᠦᠷᠦᠯ ᠲᠡᠮᠳᠡᠭ ᠢ ᠦᠷᠭᠦᠯᠵᠢᠯᠡᠨ ᠠᠯᠳᠠᠷᠰᠢᠭᠤᠯᠵᠤ᠂ ᠰᠣᠶᠣᠯ ᠪᠠ ᠵᠢᠭᠤᠯᠴᠢᠯᠠᠯ ᠤᠨ ᠠᠭᠤᠰᠤᠯᠴᠠᠨ | ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠭᠠᠵᠠᠷ ᠣᠷᠣᠨ ᠤ ᠰᠣᠶᠣᠯ ᠵᠢᠭᠤᠯᠴᠢᠯᠠᠯ ᠤᠨ ᠨᠠᠷᠠ ᠠᠯᠳᠠᠷᠰᠢᠯ᠂ | ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠳᠠᠢ᠃ ᠲᠡᠦᠬᠡ ᠰᠣᠶᠣᠯ ᠤᠨ ᠬᠠᠮᠠᠭᠠᠯᠠᠯᠲᠠ ᠶᠢ ᠴᠢᠩᠭᠠᠳᠬᠠᠵᠤ᠂ | ᠪᠦᠲᠦᠭᠡᠯᠴᠢ ᠴᠢᠨᠠᠷᠲᠠᠢ ᠪᠠᠷ ᠤᠨᠳᠤᠤᠰᠢᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠪᠠᠷᠢᠮᠲᠠᠯᠠᠵᠤ᠂ | ᠨᠡᠶᠢᠭᠡᠮ ᠤᠨ ᠵᠠᠰᠠᠯᠲᠠ ᠶᠢᠨ ᠰᠣᠶᠣᠯ ᠤᠨ ᠰᠠᠭᠤᠷᠢ ᠶᠢ ᠪᠠᠲᠤ ᠴᠣᠭᠴᠠᠯᠠᠬᠤ ᠬᠡᠷᠡᠭᠳᠠᠢ᠃ ︽ᠭᠤᠷᠪᠠᠨ ᠢᠯᠭᠠᠭ᠎ᠠ ᠲᠠᠢ | ᠬᠠᠨᠳᠤᠬᠤ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠥᠮᠦᠨ ᠪᠠ ᠬᠡᠷᠡᠭ ᠶᠠᠪᠤᠳᠠᠯ ᠢ ᠦᠵᠡᠵᠦ ᠨᠢᠭᠡ ᠪᠦᠯᠦᠭ | ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠬᠡᠷᠡᠭ ᠤᠨ ᠵᠢᠱᠢᠶ᠎ᠡ ᠶᠢ ᠨᠡᠶᠢᠳᠡᠯᠡᠵᠤ᠂ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠴᠠᠭ ᠲᠤᠬᠠᠢ ᠳᠤᠨᠢ ᠳᠡᠪᠰᠢᠭᠦᠯᠦᠨ | ᠬᠡᠷᠡᠭᠯᠡᠵᠦ᠂ ᠥᠷᠭᠡᠨ ᠤᠯᠠᠨ ᠺᠠᠳ᠋ᠷᠴᠤᠳ ᠤᠨ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠵᠣᠷᠢᠭᠲᠠᠢ ᠪᠠᠷ | ᠥᠭᠡᠷᠡᠴᠢᠯᠡᠯᠲᠡ ᠬᠢᠵᠦ ᠬᠥᠭᠵᠢᠯᠲᠡ ᠶᠢ ᠠᠳᠬᠤᠬᠤ ᠶᠢ ᠵᠣᠷᠢᠭᠵᠢᠭᠤᠯᠤᠨ ᠬᠦᠳᠦᠯᠤᠨ ᠳᠠᠭᠠᠭᠤᠯᠬᠤ ᠬᠡᠷᠡᠭᠲᠡᠢ ᠭᠡᠵᠤ | ᠴᠢᠬᠤᠯᠠᠴᠢᠯᠠᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ | ᠴᠢᠬᠤᠯᠠ ᠵᠢᠭᠠᠪᠤᠷᠢ᠂ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ᠂ ᠨᠡᠭᠡᠭᠡᠯᠲᠡ ᠶᠢᠨ | ᠲᠤᠭᠤᠷᠢᠭ ᠢ ᠪᠥᠲᠥᠭᠡᠨ ᠪᠠᠶᠢᠭᠤᠯᠬᠤ ᠪᠠ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯ ᠤᠨ ᠲᠤᠬᠠᠶ | ᠱᠠᠭᠠᠷᠳᠠᠯᠭ᠎ᠠ ᠳᠤᠷᠠᠳᠪᠠ᠃ | ᠬᠤᠷᠠᠯ ᠠᠴᠠ᠂ ᠶᠡᠷᠦᠩᠬᠡᠶ ᠰᠠᠶᠢᠳ ᠯᠢ ᠴᠢᠶᠠᠩ ᠤᠨ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠬᠦ | ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ︽ᠤᠮᠠᠷᠠᠲᠤ ᠶᠢᠨ | ᠭᠤᠷᠪᠠᠨ ᠤᠷᠤᠨ︾ ᠵᠡᠷᠭᠡ ᠭᠤᠣᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ | ᠯᠠᠪᠳᠠᠭᠤᠨ ᠪᠠᠲᠤᠲᠠᠶ ᠠᠬᠢᠭᠤᠯᠵᠤ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢ ᠶᠡᠭᠡ ᠪᠠᠷ ᠬᠥᠭᠵᠢᠭᠦᠯᠵᠦ᠂ | ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠪᠠᠷ ᠪᠥᠬᠦ ᠤᠯᠤᠰ ᠤᠨ ᠬᠥᠭᠵᠢᠯᠲᠡ ᠶᠢᠨ ᠶᠡᠭᠡ | ᠲᠠᠯ᠎ᠠ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ᠃ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠲᠤᠬᠠᠢ ᠶᠢᠨ ᠭᠠᠵᠠᠷ ᠠᠴᠠ ᠮᠠᠲ᠋ᠧᠷᠢᠶᠠᠯ ᠠᠪᠬᠤ ᠶᠢ | ᠴᠢᠩᠭᠠᠳᠬᠠᠵᠤ᠂ ᠲᠤᠰ ᠭᠠᠵᠠᠷ ᠤᠨ ᠴᠢᠨᠠᠷ ᠰᠠᠶᠢᠲᠠᠢ ᠡᠪᠡᠰᠦᠨ ᠤ ᠦᠷ᠎ᠡ ᠮᠣᠳᠣᠨ ᠤ ᠦᠷ᠎ᠡ ᠶᠢ ᠰᠣᠩᠭᠤᠨ | ᠪᠣᠶᠢᠵᠢᠭᠤᠯᠵᠤ ᠳᠡᠯᠭᠡᠷᠡᠭᠦᠯᠬᠦ ᠶᠢ ᠴᠢᠩᠭᠠᠳᠬᠠᠵᠤ᠂ ᠡᠯᠡᠰᠦ ᠶᠢ ᠵᠠᠰᠠᠬᠤ ᠮᠠᠰᠢᠨ ᠤ ᠬᠡᠷᠡᠭᠯᠡᠯᠲᠡ ᠶᠢ ᠥᠷᠭᠡᠳᠭᠡᠵᠦ᠂ | ᠡᠷᠬᠢᠨ ᠲᠣᠭᠤᠷᠢᠨ ᠤ ᠮᠤᠵᠢ ᠣᠷᠣᠨ ᠯᠤᠭ᠎ᠠ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ ᠶᠢ ᠤᠯᠠᠮ | ᠨᠢᠭᠡ ᠠᠯᠬᠤᠮ ᠴᠢᠩᠭᠠᠳᠬᠠᠬᠤ ᠬᠡᠷᠡᠭᠲᠡᠢ᠃ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ | ᠠᠬᠢᠭᠤᠯᠵᠤ᠂ ᠰᠢᠨ᠎ᠡ ᠬᠡᠯᠪᠡᠷᠢ ᠶᠢᠨ ᠨᠥᠭᠡᠴᠡ ᠡᠨᠧᠷᠭᠢ ᠶᠢ ᠶᠡᠭᠡ ᠪᠠᠷ ᠬᠥᠭᠵᠢᠭᠦᠯᠵᠦ᠂ ᠤᠯᠠᠮᠵᠢᠯᠠᠯᠲᠤ ᠬᠦᠷᠢᠶᠡᠨ ᠳᠠᠬᠢ | ᠪᠤᠬᠢᠷᠳᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠶᠢ ᠢᠳᠡᠪᠬᠢᠲᠡᠢ ᠠᠬᠢᠭᠤᠯᠵᠤ᠂ ᠴᠠᠬᠢᠯᠭᠠᠨ ᠬᠦᠴᠦᠨ ᠢ ᠭᠠᠳᠠᠭᠰᠢ | ᠬᠦᠷᠭᠡᠬᠦ ᠵᠠᠮ ᠱᠤᠭᠤᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠬᠤ ᠬᠡᠷᠡᠭᠲᠡᠢ᠃ ᠡᠯᠡᠰᠦᠷᠬᠡᠭᠵᠢᠯ ᠢ | ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ | ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠭᠡᠷᠡᠯᠴᠢ | ᠴᠡᠨᠡᠭ ᠤᠨ ᠬᠠᠪᠲᠠᠰᠤᠨ ᠳᠣᠣᠷᠠᠬᠢ ᠣᠷᠣᠨ ᠵᠠᠶ ᠶᠢ ᠨᠡᠭᠡᠭᠡᠨ ᠠᠰᠢᠭᠯᠠᠬᠤ ᠶᠢ ᠰᠠᠶᠢᠲᠤᠷ ᠬᠢᠬᠦ ᠬᠡᠷᠡᠭᠲᠡᠢ᠃ ᠬᠥᠷᠥᠰᠥ | ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠠᠷᠪᠠᠨ ᠶᠡᠭᠡ ᠬᠥᠨᠳᠡᠶ ᠶᠢ ᠶᠡᠷᠦᠩᠬᠡᠶᠢᠯᠡᠨ | ᠵᠠᠰᠠᠬᠤ ᠶᠢ ᠰᠠᠶᠢᠲᠤᠷ ᠠᠳᠬᠤᠵᠤ᠂ ᠬᠠᠲᠤᠨ ᠭᠤᠤᠯ ᠳᠠᠭᠠᠤ ᠭᠠᠵᠠᠷ ᠣᠷᠣᠨ ᠤ ᠬᠥᠷᠥᠰᠥ ᠰᠢᠷᠣᠶ ᠶᠢ ᠬᠠᠮᠠᠭᠠᠯᠠᠬᠤ | ᠴᠢᠳᠡᠪᠦᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠨᠡ ᠵᠢᠯ ᠠᠴᠠ ᠨᠠᠭᠠᠰᠢ ᠪᠦᠬᠦ ᠣᠷᠣᠨ ᠤ ᠬᠥᠭᠵᠢᠯᠲᠡ ᠶᠢᠨ ᠬᠠᠨᠳᠤᠰᠢ ᠮᠠᠰᠢ ᠰᠠᠶᠢᠨ | ᠪᠠᠶᠢᠨ᠎ᠠ᠂ ᠢᠲᠡᠭᠡᠯ ᠵᠣᠷᠢᠭ ᠢᠶᠠᠨ ᠪᠠᠲᠤᠳᠬᠠᠨ᠂ ᠡᠷᠴᠢ ᠵᠣᠷᠢᠭ ᠢᠶᠠᠨ ᠬᠥᠪᠴᠢᠯᠡᠵᠦ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠣᠨ ᠤ ᠬᠠᠷᠠᠯᠲᠠ ᠡᠭᠦᠷᠭᠡ ᠪᠠᠨ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ | ᠪᠦᠲᠦᠮᠵᠢᠲᠡᠢ ᠪᠡᠯᠡ ᠣᠷᠣᠭᠤᠯᠤᠯᠲᠠ ᠶᠢ ᠦᠷᠭᠦᠯᠵᠢᠯᠡᠨ ᠬᠦᠴᠦᠯᠡᠨ ᠥᠷᠭᠡᠳᠭᠡᠵᠦ᠂ ᠦᠨᠡᠨᠴᠢ ᠢᠲᠡᠭᠡᠮᠵᠢ ᠲᠠᠢ ᠪᠠᠷ | ᠠᠷᠠᠯᠵᠢᠶᠠᠴᠢᠨ ᠤᠷᠢᠵᠤ ᠪᠡᠯᠡ ᠮᠦᠡᠭᠭᠦ ᠣᠷᠣᠭᠤᠯᠤᠨ ᠠᠪᠴᠢᠷᠠᠬᠤ ᠶᠢ ᠠᠬᠢᠭᠤᠯᠵᠤ᠂ ᠨᠥᠬᠦᠴᠡᠯ ᠪᠦᠷᠢᠯᠳᠦᠭᠦᠯᠵᠦ | ᠪᠠᠶᠢᠭᠠᠳ ᠲᠦᠷᠦᠯ ᠵᠦᠢᠯ ᠤᠨ ᠡᠪᠦᠯ ᠤᠨ ᠤᠯᠠᠷᠢᠯ ᠤᠨ ᠪᠠᠷᠢᠯᠭ᠎ᠠ ᠶᠢᠨ ᠠᠵᠢᠯ ᠢ ᠠᠬᠢᠭᠤᠯᠬᠤ ᠬᠡᠷᠡᠭᠲᠡᠢ᠃ | ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠠᠵᠤ ᠦᠶᠯᠡᠳᠪᠦᠷᠢ ᠶᠢᠨ ᠨᠡᠮᠡᠭᠳᠡᠯ ᠢ ᠲᠣᠭᠲᠠᠪᠤᠷᠢᠵᠢᠭᠤᠯᠵᠤ᠂ | ᠭᠤᠣᠯᠳᠠᠯᠭ᠎ᠠ ᠲᠠᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠢᠶᠠᠨ ᠥᠷᠭᠡᠳᠭᠡᠬᠦ ᠶᠢ ᠳᠡᠮᠵᠢᠵᠦ᠂ ᠰᠢᠨ᠎ᠡ ᠠᠵᠤ ᠦᠶᠯᠡᠰ | ᠰᠢᠨ᠎ᠡ ᠨᠡᠮᠡᠭᠳᠡᠯ ᠤᠨ ᠴᠡᠭ ᠢ ᠢᠳᠡᠪᠬᠢᠲᠡᠶ ᠪᠣᠶᠢᠵᠢᠭᠤᠯᠬᠤ ᠬᠡᠷᠡᠭᠲᠡᠢ᠃ ᠬᠡᠷᠡᠭᠯᠡᠭᠡ ᠶᠢᠨ ᠨᠡᠮᠡᠭᠳᠡᠯ ᠤᠨ ᠲᠠᠯᠳᠠ | ᠬᠦᠴᠦᠨ ᠢ ᠭᠦᠨᠵᠠᠬᠡᠢ ᠠᠭᠤᠳᠠᠯᠵᠤ᠂ ᠲᠤᠰ ᠭᠠᠵᠠᠷ ᠤᠨ ᠦᠢᠯᠡᠳᠬᠦᠨ ᠤ ᠭᠦᠢᠯᠭᠡᠭᠡ ᠪᠠ ᠭᠠᠳᠠᠭᠠᠳᠤ ᠳᠤ ᠭᠠᠷᠭᠠᠬᠤ | ᠠᠷᠭ᠎ᠠ ᠵᠠᠮ ᠢ ᠰᠢᠯᠤᠭᠤᠳᠬᠠᠵᠤ᠂ ᠠᠷᠭ᠎ᠠ ᠪᠦᠬᠦᠨ ᠢ ᠰᠦᠪᠡᠭᠴᠢᠯᠡᠵᠦ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ | ᠪᠤᠵᠠᠭᠠᠶᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠪᠡᠷᠲᠡᠭᠡᠨ ᠵᠠᠰᠠᠬᠤ ᠣᠷᠣᠨ ᠠᠴᠠ | ᠳᠣᠷᠣᠭᠰᠢᠬᠢ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠬᠤ | ᠲᠤᠬᠠᠶ ᠬᠡᠷᠡᠭᠵᠢᠭᠦᠯᠬᠦ ᠲᠥᠰᠦᠯ︾᠂ ︽ᠠᠲᠠᠷ ᠬᠠᠭᠠᠯᠪᠤᠷᠢᠯᠠᠯᠲᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠬᠦ ᠲᠤᠬᠠᠶ ᠵᠢᠯᠣᠭᠤᠳᠬᠤ ᠰᠠᠨᠠᠯ︾᠂ ︽ᠮᠤᠵᠢ ᠶᠢᠨ ᠱᠠᠲᠤᠨ ᠤ ᠤᠳᠤᠷᠢᠳᠬᠤ ᠨᠥᠬᠦᠳ ᠤᠨ | ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠢᠰᠲ᠋ᠧᠮ ᠬᠤᠪᠢᠶᠠᠨ ᠠᠬᠢᠭᠤᠯᠬᠤ ᠲᠣᠭᠲᠡᠴᠡ︾᠂ | ︽ᠥᠭᠡᠷᠡᠴᠢᠯᠡᠯᠲᠡ ᠶᠢᠨ ᠡᠭᠦᠷᠭᠡ ᠶᠢ ᠥᠨᠳᠥᠷ ᠪᠦᠲᠦᠮᠵᠢᠲᠡᠶ ᠪᠠᠷ ᠬᠠᠮᠵᠢᠯᠴᠠᠨ ᠨᠠᠶᠢᠳᠠᠪᠤᠷᠢᠵᠢᠭᠤᠯᠬᠤ ᠶᠢ ᠠᠬᠢᠭᠤᠯᠬᠤ | ᠠᠷᠭ᠎ᠠ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠬᠦ ᠬᠤᠯᠪᠣᠭᠳᠠᠯ ᠪᠥᠬᠦᠶ ᠠᠵᠢᠯ ᠢ ᠰᠤᠳᠤᠯᠪᠠ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ | |