ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠭᠡᠳᠬᠡᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ( ᠭᠤᠷᠪᠠᠳᠤᠭᠠᠷ ᠬᠤᠭᠤᠴᠠᠭ᠎ᠠ ) ᠱᠧᠨᠵᠧᠨ ᠤ ᠥᠭᠡᠷᠡᠴᠢᠯᠡᠯᠲᠡ ᠨᠡᠭᠡᠭᠡᠯᠲᠡ ᠶᠢᠨ ᠺᠠᠳ᠋ᠷ ᠤᠨ ᠳᠡᠭᠡᠳᠦ ᠰᠤᠷᠭᠠᠭᠤᠯᠢ ᠳᠤ ᠰᠤᠷᠤᠯᠭ᠎ᠠ ᠡᠬᠢᠯᠡᠪᠡ
ᠨᠡᠶᠢᠲᠡᠯᠡᠭᠰᠡᠨ ᠴᠠᠭ᠄
2024/11/12
     11 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠭᠤᠤᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠳᠠᠭᠠᠭᠠᠨ ᠡᠷᠭᠢᠯᠡᠭᠰᠡᠨ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠭᠡᠳᠬᠡᠵᠦ ᠴᠢᠨᠠᠷ ᠰᠠᠶᠢᠲᠠᠶ ᠬᠥᠭᠵᠢᠯᠲᠡ  ᠶᠢ ᠠᠬᠢᠭᠤᠯᠬᠤ 》 ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ( ᠭᠤᠷᠪᠠᠳᠤᠭᠠᠷ ᠬᠤᠭᠤᠴᠠᠭ᠎ᠠ ) ᠱᠧᠨᠵᠧᠨ ᠤ ᠥᠭᠡᠷᠡᠴᠢᠯᠡᠯᠲᠡ ᠨᠡᠭᠡᠭᠡᠯᠲᠡ ᠶᠢᠨ ᠺᠠᠳ᠋ᠷ ᠤᠨ ᠳᠡᠭᠡᠳᠦ ᠰᠤᠷᠭᠠᠭᠤᠯᠢ ᠳᠤ ᠤᠷᠤᠭᠰᠢᠲᠠᠶ ᠠᠩᠭᠢ ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠥᠪᠯᠡᠯ ᠤᠨ ᠪᠦᠷᠢᠯᠳᠦᠬᠦᠨ ᠨᠢᠭᠡᠴᠢ᠂ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠶᠢᠨ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠥᠬᠦᠶ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ᠂ ᠡᠯ᠎ᠡ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯᠤᠨ ᠬᠤᠯᠪᠣᠭᠳᠠᠯ ᠪᠥᠬᠦᠶ ᠠᠵᠤ ᠠᠬᠤᠶᠢᠯᠠᠯ ᠵᠢᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠲᠥᠯᠥᠭᠡᠯᠡᠭᠴᠢ ᠵᠡᠷᠭᠡ ᠨᠡᠶᠢᠲᠡ 60 ᠬᠥᠮᠦᠨ ᠪᠣᠯᠪᠠᠰᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠸᠧᠨ ᠲᠤᠤ ᠠᠩᠭᠢ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃
     ᠵᠠᠩ ᠸᠧᠨ ᠲᠤᠤ᠂ ᠲᠣᠰ ᠤᠳᠠᠭᠠᠨ ᠤ ᠲᠤᠰᠬᠠᠶ ᠰᠡᠳᠦᠪᠲᠦ ᠪᠣᠯᠪᠠᠰᠤᠷᠠᠯ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠪᠠ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠴᠦᠨ ᠢᠶᠠᠨ ᠲᠥᠪᠯᠡᠷᠡᠭᠦᠯᠦᠨ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ  ᠬᠢᠵᠦ᠂ ᠮᠠᠨ ᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠲᠦᠷᠭᠡᠳᠬᠡᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠲᠦᠷᠭᠡᠳᠬᠡᠬᠦ ᠪᠣᠯ ᠤᠳᠤᠷᠢᠳᠬᠤ ᠺᠠᠳ᠋ᠷ ᠢ ᠬᠥᠲᠥᠯᠥᠨ ᠵᠢᠯᠣᠭᠤᠳᠴᠤ ᠪᠦᠬᠦ ᠣᠷᠣᠨ ᠤ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠢ ᠭᠦᠨᠵᠡᠭᠡᠶ ᠲᠠᠨᠢᠭᠤᠯᠵᠤ᠂ ᠲᠡᠷᠢᠭᠦᠨ ᠤ ᠬᠥᠭᠵᠢᠭᠰᠡᠨ ᠮᠤᠵᠢ ᠬᠤᠲᠠ ᠶᠢᠨ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠨ ᠲᠣᠯᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠤᠳᠤᠷᠢᠳᠬᠤ ᠴᠢᠳᠠᠪᠤᠷᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠪᠣᠳᠠᠲᠠᠶ ᠦᠶᠯᠡᠳᠦᠯᠭᠡ ᠪᠣᠯᠣᠨ᠎ᠠ᠃ ᠣᠯᠠᠨ ᠢᠶᠠᠷ ᠢᠶᠠᠨ ᠲᠣᠰ ᠤᠳᠠᠭᠠᠨ ᠤ ᠪᠣᠯᠪᠠᠰᠤᠷᠠᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠱᠧᠨᠵᠧᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ  ᠤᠨ ᠰᠢᠯᠢᠳᠡᠭ ᠲᠤᠷᠰᠢᠯᠭ᠎ᠠ ᠬᠢᠳᠡᠯ ᠢ ᠪᠣᠯᠪᠠᠰᠤᠷᠠᠭᠤᠯᠤᠨ ᠰᠤᠷᠤᠯᠴᠠᠬᠤ ᠪᠠᠷ ᠳᠡᠮᠵᠢᠨ᠂ ᠥᠭᠡᠷᠡᠴᠢᠯᠡᠯᠲᠡ ᠶᠢᠨ ᠡᠮᠦᠨ᠎ᠡ ᠵᠠᠬ᠎ᠠ ᠳᠤ ᠣᠶᠢᠷᠠᠲᠤᠵᠤ ᠬᠥᠭᠵᠢᠯᠲᠡ ᠶᠢᠨ ᠬᠤᠷᠳᠤᠴᠠ ᠶᠢ ᠮᠡᠳᠡᠷᠡᠵᠦ᠂ ᠬᠥᠭᠵᠢᠯᠲᠡ ᠶᠢᠨ ᠥᠨᠳᠦᠷᠯᠢᠭ  ᠲᠤ ᠵᠣᠭᠰᠣᠨ ᠰᠡᠳᠬᠢᠬᠦᠶ ᠶᠢᠨ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠬᠠᠷᠠᠭ᠎ᠠ ᠪᠠᠨ ᠤᠯᠠᠮ ᠨᠢᠭᠡ ᠠᠯᠬᠤᠮ ᠥᠷᠭᠡᠳᠬᠡᠵᠦ᠂ ᠦᠵᠡᠯᠲᠡ ᠪᠠᠨ ᠰᠢᠨᠡᠳᠬᠡᠵᠦ᠂ ᠮᠡᠳᠡᠯᠭᠡ ᠪᠠᠨ ᠲᠡᠭᠦᠯᠳᠡᠷᠵᠢᠭᠦᠯᠵᠦ᠂ ᠰᠤᠷᠤᠯᠴᠠᠯᠭ᠎ᠠ ᠪᠠᠨ ᠳᠠᠬᠢᠨ ᠭᠦᠨᠵᠡᠭᠡᠶᠢᠷᠡᠭᠦᠯᠬᠦ᠂ ᠦᠵᠡᠯ ᠰᠠᠨᠠᠭ᠎ᠠ ᠪᠠᠨ ᠳᠠᠬᠢᠨ ᠴᠢᠯᠥᠭᠡᠯᠡᠬᠦ᠂ ᠠᠵᠢᠯ ᠢᠶᠠᠨ ᠳᠠᠬᠢᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠨᠡ ᠬᠦ ᠵᠠᠩᠭᠢᠯᠠᠭ᠎ᠠ ᠶᠢᠨ ᠬᠤᠪᠢᠰᠤᠭᠴᠢ ᠬᠡᠮᠵᠢᠭᠳᠡᠬᠦᠨ ᠢ ᠮᠠᠨ ᠤ ᠣᠷᠣᠨ ᠤ ᠰᠢᠨ᠎ᠡ ᠵᠠᠮ ᠢᠶᠠᠷ ᠵᠠᠮᠨᠠᠬᠤ ᠳᠤᠮᠳᠠ ᠲᠦᠪᠰᠢᠨ ᠳᠤ ᠣᠷᠣᠬᠤ ᠬᠠᠮᠤᠭ ᠤᠨ ᠶᠡᠭᠡ ᠨᠡᠮᠡᠭᠳᠡᠯ ᠪᠣᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠲᠠᠰᠤᠷᠠᠯᠲᠠ ᠥᠬᠡᠶ ᠪᠢᠴᠢᠭᠯᠡᠬᠦ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃
    ᠲᠣᠰ ᠤᠳᠠᠭᠠᠨ ᠤ ᠪᠣᠯᠪᠠᠰᠤᠷᠠᠯ ᠤᠨ ᠠᠩᠭᠢ ᠨᠢ ᠨᠢᠭᠡ ᠭᠠᠷᠠᠭ ᠤᠨ ᠬᠤᠭᠤᠴᠠᠭ᠎ᠠ ᠲᠠᠢ ᠶᠠᠪᠤᠭᠳᠠᠵᠤ᠂ ᠭᠤᠤᠯᠳᠠᠭᠤ ᠲᠤᠰᠬᠠᠶ ᠮᠡᠷᠭᠡᠵᠢᠯᠲᠡᠨ ᠬᠢᠴᠢᠶᠡᠯᠯᠡᠬᠦ᠂ ᠲᠤᠬᠠᠶ ᠶᠢᠨ ᠲᠠᠯᠠᠪᠤᠷ ᠲᠤ ᠵᠢᠭᠠᠨ ᠰᠤᠷᠭᠠᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠬᠤ᠂ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠬᠤ ᠵᠡᠷᠭᠡ ᠠᠷᠭ᠎ᠠ ᠬᠡᠯᠪᠡᠷᠢ ᠶᠢ ᠠᠪᠴᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠢᠭᠡᠳ ᠰᠢᠨ᠎ᠡ ᠶᠢ ᠡᠭᠦᠳᠬᠦ ᠠᠮᠢ ᠠᠬᠤᠶ ᠶᠢ ᠪᠠᠶᠢᠭᠤᠯᠬᠤ᠂ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠬᠢᠭᠡᠳ ᠦᠶᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ  ᠶᠢᠨ ᠱᠧᠨᠵᠧᠨ ᠤ ᠲᠤᠷᠰᠢᠯᠭ᠎ᠠ᠂ ᠦᠶᠯᠡᠳᠪᠦᠷᠢᠯᠡᠬᠦ ᠵᠢᠭᠠᠬᠤ ᠰᠤᠳᠤᠯᠬᠤ ᠶᠢ ᠭᠦᠨᠵᠡᠭᠡᠶ ᠠᠭᠤᠰᠤᠯᠴᠠᠭᠤᠯᠬᠤ ᠵᠡᠷᠭᠡ ᠲᠠᠯ᠎ᠠ ᠶᠢᠨ ᠦᠶᠯᠡᠳᠦᠯᠭᠡ ᠶᠢᠨ ᠲᠤᠷᠰᠢᠯᠭ᠎ᠠ ᠶᠢ ᠭᠦᠨᠵᠡᠭᠡᠶ ᠲᠠᠶᠢᠯᠪᠤᠷᠢᠯᠠᠪᠠ  ᠃ ᠬᠤᠷᠠᠯ ᠳᠤ ᠣᠷᠣᠯᠴᠠᠭᠰᠠᠨ ᠰᠤᠷᠤᠭᠴᠢᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠣᠯᠪᠠᠰᠤᠷᠠᠭᠤᠯᠤᠯ ᠨᠢ ᠶᠠᠭ ᠴᠠᠭ ᠲᠠᠭᠠᠨ ᠳᠣᠭᠢᠷᠬᠠᠰᠠᠨ ᠪᠠᠶᠢᠵᠤ᠂ ᠶᠠᠭ ᠯᠠ ᠴᠠᠭ ᠤᠨ ᠬᠤᠷ᠎ᠠ ᠰᠢᠭ ᠬᠠᠨᠳᠤᠯᠭᠠᠲᠤ ᠴᠢᠨᠠᠷ ᠢᠶᠠᠷ ᠴᠢᠩᠭ᠎ᠠ᠂ ᠪᠣᠳᠠᠲᠤ ᠪᠠᠶᠢᠯᠳᠤᠭᠠᠨ ᠤ ᠴᠢᠨᠠᠷ  ᠢᠶᠠᠷ ᠴᠢᠩᠭ᠎ᠠ᠂ ᠯᠠᠪᠯᠠᠯᠲᠠ ᠶᠢᠨ ᠴᠢᠨᠠᠷ ᠢᠶᠠᠷ ᠴᠢᠩᠭ᠎ᠠ᠂ ᠦᠶᠯᠡᠳᠦᠯᠴᠡᠬᠦ ᠴᠢᠨᠠᠷ ᠢᠶᠠᠷ ᠴᠢᠩᠭ᠎ᠠ ᠪᠠᠶᠢᠵᠤ᠂ ᠬᠤᠶᠢᠰᠢᠳᠠ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠦᠶᠯᠡᠴᠢᠯᠡᠭᠡᠨ ᠤ ᠠᠵᠢᠯ ᠢ ᠨᠠᠩ ᠰᠠᠶᠢᠲᠤᠷ ᠥᠷᠨᠢᠭᠦᠯᠬᠦ ᠳᠤ ᠰᠠᠶᠢᠨ ᠲᠤᠷᠰᠢᠯᠭ᠎ᠠ ᠪᠠ ᠠᠷᠭ᠎ᠠ ᠬᠢᠳᠡᠯ ᠬᠠᠩᠭᠠᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠵᠦᠪᠯᠡᠯ ᠤᠨ ᠤᠳᠤᠷᠢᠳᠤᠯᠭ᠎ᠠ ᠳᠣᠤᠷ᠎ᠠ᠂ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠬᠦ ᠳᠠᠪᠠᠭᠤᠯᠢᠭ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠡᠯ᠎ᠡ ᠰᠠᠯᠠᠭ᠎ᠠ ᠮᠥᠴᠢᠷ᠂ ᠡᠯ᠎ᠡ ᠭᠠᠵᠠᠷ ᠣᠷᠣᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠨᠢᠭᠡᠳᠦᠯᠲᠡᠶ ᠲᠥᠯᠥᠪᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠦᠶᠯᠡᠴᠢᠯᠡᠭᠡᠨ ᠤ ᠴᠢᠳᠠᠪᠤᠷᠢ ᠪᠠᠨ ᠬᠦᠴᠦᠲᠡᠶ ᠳᠡᠭᠡᠭᠰᠢᠯᠡᠭᠦᠯᠬᠦ ᠪᠠᠷ ᠳᠡᠮᠵᠢᠨ᠂ ᠳᠡᠭᠡᠳᠦ ᠳᠣᠤᠷᠠᠳᠤ ᠱᠠᠲᠤ ᠪᠠᠷ ᠢᠶᠠᠨ ᠬᠦᠴᠦ ᠪᠠᠨ ᠬᠠᠮᠲᠤᠳᠬᠠᠨ᠂ ᠠᠩᠬᠠᠷᠤᠯ ᠬᠦᠴᠦ ᠪᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠬᠠᠮᠲᠤ ᠪᠠᠷ ᠰᠠᠶᠢᠲᠤᠷ ᠬᠢᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号