ᠥᠪᠥᠷ ᠮᠣᠩᠭᠤᠯ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠵᠢᠭᠦᠯᠬᠦ ᠲᠥᠰᠦᠯ ᠨᠡᠶᠢᠲᠡᠯᠡᠪᠡ
ᠨᠡᠶᠢᠲᠡᠯᠡᠭᠰᠡᠨ ᠴᠠᠭ᠄
2024/11/15
   ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠪᠣᠯ ᠰᠢᠨ᠎ᠡ  ᠶᠢ ᠡᠭᠦᠳᠬᠦ ᠬᠥᠭᠵᠢᠯᠲᠡ ᠶᠢ ᠪᠡᠶᠡᠯᠡᠭᠦᠯᠬᠦ ᠶᠢᠨ ᠬᠤᠶᠠᠷ ᠵᠢᠭᠦᠷ ᠮᠥᠨ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠶᠠᠪᠤᠳᠠᠯ ᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠢ ᠠᠳᠠᠯᠢ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠢ᠃    ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠬᠠᠮᠵᠢᠯᠴᠠᠬᠤ ᠠᠵᠢᠯ ᠤᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠶᠢ ᠠᠬᠢᠭᠤᠯᠤᠨ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢ ᠶᠢ ᠪᠠᠬᠢᠵᠢᠭᠦᠯᠬᠦ ᠶᠢᠨ ᠲᠥᠯᠥᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠬᠠᠮᠲᠤᠷᠠᠨ 《 ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ 》 ( ᠳᠣᠷᠣᠭᠰᠢ 《 ᠬᠡᠷᠡᠭᠵᠢᠭᠦᠯᠬᠦ ᠲᠥᠰᠦᠯ 》 ᠭᠡᠵᠦ ᠲᠣᠪᠴᠢᠯᠠᠨ᠎ᠠ ) ᠢ ᠳᠠᠷᠤᠮᠠᠯᠯᠠᠨ ᠲᠠᠷᠬᠠᠭᠠᠪᠠ᠃    《 ᠬᠡᠷᠡᠭᠵᠢᠭᠦᠯᠬᠦ ᠲᠥᠰᠦᠯ 》 ᠳᠤ 7 ᠬᠡᠰᠡᠭ ᠤᠨ 19 ᠵᠤᠷᠪᠤᠰ ᠪᠣᠳᠠᠲᠠᠶ ᠠᠷᠭ᠎ᠠ ᠬᠡᠮᠵᠢᠶ᠎ᠡ ᠪᠠᠭᠲᠠᠨ᠎ᠠ᠃   《 ᠬᠡᠷᠡᠭᠵᠢᠭᠦᠯᠬᠦ ᠲᠥᠰᠦᠯ 》 ᠨᠢ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠡᠭᠦᠷᠭᠡ ᠴᠢᠳᠠᠪᠤᠷᠢ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠬᠠᠮᠲᠤᠷᠠᠭᠰᠠᠨ ᠬᠤᠷᠠᠯᠳᠤᠭᠠᠨ ᠤ ᠳᠦᠷᠢᠮ ᠢ ᠲᠡᠭᠦᠯᠳᠡᠷᠵᠢᠭᠦᠯᠦᠨ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠲᠥᠯᠥᠪᠵᠢᠭᠦᠯᠦᠨ ᠬᠥᠲᠥᠯᠥᠨ ᠵᠢᠯᠣᠭᠤᠳᠬᠤ ᠪᠠ ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠨᠡᠶᠢᠯᠡᠮᠡᠯ ᠬᠦᠴᠦᠨ ᠢ ᠪᠣᠶ ᠪᠣᠯᠭᠠᠨ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠪᠠ᠃ ᠲᠥᠷᠥᠯ ᠲᠡᠮᠳᠡᠭᠴᠢᠯᠡᠭᠰᠡᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠦᠶᠯᠡᠴᠢᠯᠡᠭᠡᠨ ᠤ ᠠᠴᠢᠶᠠᠯᠠᠪᠤᠷᠢ ᠶᠢ ᠪᠣᠶ ᠪᠣᠯᠭᠠᠬᠤ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠷᠠᠭᠤᠯᠬᠤ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠡᠬᠢ ᠪᠠᠶᠠᠯᠢᠭ ᠤᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠪᠠᠶᠢᠷᠢᠯᠠᠭᠤᠯᠤᠯᠲᠠ ᠬᠢᠵᠦ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃   《 ᠬᠡᠷᠡᠭᠵᠢᠭᠦᠯᠬᠦ ᠲᠥᠰᠦᠯ 》 ᠳᠤ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠬᠥᠲᠥᠯᠥᠨ ᠳᠠᠭᠠᠭᠤᠯᠬᠤ ᠦᠶᠯᠡᠳᠦᠯ ᠵᠢᠴᠢ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠳᠤ ᠦᠵᠡᠭᠦᠯᠬᠦ ᠠᠬᠢᠭᠤᠯᠬᠤ ᠦᠶᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠠᠮᠵᠢᠯᠴᠠᠭᠤᠯᠤᠨ ᠬᠥᠭᠵᠢᠭᠦᠯᠬᠦ ᠶᠢ ᠠᠬᠢᠭᠤᠯᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠠᠯᠠ ᠮᠥᠩᠭᠦ ᠪᠠᠷ ᠳᠡᠮᠵᠢᠬᠦ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠶᠯ ᠳᠤ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ  ᠤᠨ ᠡᠭᠦᠷᠭᠡ ᠶᠢ ᠵᠦᠶ ᠵᠣᠬᠢᠰᠲᠠᠶ ᠳᠣᠭᠢᠷᠠᠭᠤᠯᠵᠤ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠵᠤ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠤᠨ ᠬᠠᠷᠠᠯᠲᠠ ᠡᠭᠦᠷᠭᠡ ᠪᠠ ᠰᠢᠯᠭᠠᠨ ᠬᠢᠨᠠᠬᠤ ᠭᠦᠶᠴᠡᠳᠬᠡᠯ ᠲᠤᠭ᠎ᠠ ᠶᠢ ᠲᠣᠳᠣᠷᠬᠠᠶᠢᠯᠠᠵᠤ᠂ ᠪᠠᠶᠢᠪᠠᠰᠤ ᠵᠣᠬᠢᠬᠤ ᠨᠡᠶᠢᠭᠡᠮ ᠤᠨ ᠦᠷ᠎ᠡ ᠠᠰᠢᠭ ᠢ ᠪᠠᠳᠠᠷᠠᠭᠤᠯᠬᠤ ᠬᠡᠷᠡᠭᠲᠡᠶ ᠭᠡᠵᠦ ᠱᠠᠭᠠᠷᠳᠠᠪᠠ᠃   《 ᠬᠡᠷᠡᠭᠵᠢᠭᠦᠯᠬᠦ ᠲᠥᠰᠦᠯ 》 ᠨᠢ ᠭᠤᠤᠯᠳᠠᠯᠭ᠎ᠠ ᠲᠠᠢ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠰᠠᠭᠤᠷᠢ ᠪᠠᠨ ᠪᠠᠬᠢᠵᠢᠭᠦᠯᠵᠦ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠵᠠᠯᠠᠭᠤᠴᠤᠳ ᠪᠠᠭᠠᠴᠤᠳ᠂ ᠮᠠᠯᠴᠢᠨ ᠲᠠᠷᠢᠶᠠᠴᠢᠨ᠂ ᠨᠠᠰᠤᠲᠠᠶᠢᠴᠤᠳ᠂ ᠠᠵᠤ ᠦᠶᠯᠡᠰ ᠤᠨ ᠠᠵᠢᠯᠴᠢᠨ᠂ ᠤᠳᠤᠷᠢᠳᠬᠤ ᠺᠠᠳ᠋ᠷ ᠵᠡᠷᠭᠡ ᠬᠠᠮᠲᠤᠯᠢᠭ ᠤᠨ ᠲᠣᠭᠤᠷᠢᠨ ᠳᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠢ ᠴᠢᠩᠭᠠᠳᠬᠠᠵᠤ᠂ ᠭᠤᠤᠯᠳᠠᠯᠭ᠎ᠠ ᠲᠠᠢ ᠬᠦᠷᠢᠶᠡᠨ ᠳᠠᠬᠢ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠬᠠᠩᠭᠠᠯᠭ᠎ᠠ ᠶᠢ ᠴᠢᠩᠭᠠᠳᠬᠠᠨ᠎ᠠ ᠭᠡᠵᠦ ᠳᠤᠷᠠᠳᠪᠠ᠃ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠮᠦᠵᠢᠯ  ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ  ᠶᠢ ᠪᠠᠶᠢᠭᠤᠯᠤᠨ᠂ ᠣᠲᠣ ᠶᠢᠨ ᠪᠠᠶᠢᠭ᠎ᠠ ᠡᠬᠢ ᠪᠠᠶᠠᠯᠢᠭ ᠢᠶᠠᠨ ᠠᠰᠢᠭᠯᠠᠵᠤ᠂ ᠠᠭᠤᠯᠤᠭᠳᠠᠬᠤᠨ ᠢᠶᠠᠨ ᠲᠠᠰᠤᠷᠠᠯᠲᠠ ᠥᠬᠡᠶ ᠪᠠᠶᠠᠯᠢᠭᠵᠢᠭᠤᠯᠤᠨ᠂ ᠵᠠᠯᠠᠭᠤᠴᠤᠳ ᠪᠠᠭᠠᠴᠤᠳ ᠤᠨ ᠬᠠᠮᠲᠤᠯᠢᠭ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠢ ᠠᠬᠢᠭᠤᠯᠬᠤ ᠶᠢᠨ ᠲᠣᠭᠤᠷᠢᠨ ᠳᠤ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠶᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂  ᠬᠥᠮᠦᠵᠢᠯ ᠳᠤ ᠦᠢᠯᠡᠴᠢᠯᠡᠬᠦ《 ᠬᠤᠶᠠᠷ ᠢ ᠪᠠᠭᠠᠰᠬᠠᠬᠤ 》 ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃     ᠡᠭᠦᠨ ᠤ ᠬᠠᠮᠲᠤ᠂ 《 ᠬᠡᠷᠡᠭᠵᠢᠭᠦᠯᠬᠦ ᠲᠥᠰᠦᠯ 》 ᠤᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠨᠢ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠬᠠᠤᠯᠢ ᠲᠣᠭᠲᠠᠭᠠᠯ ᠲᠥᠷᠥ  ᠶᠢᠨ ᠪᠣᠳᠣᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠦᠨᠳᠦᠰᠦᠨ ᠱᠠᠲᠤᠨ ᠤ ᠨᠡᠶᠢᠭᠡᠮ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠦᠶᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠶᠠᠷᠢᠶ᠎ᠠ ᠬᠡᠯᠡᠯᠴᠡᠭᠡᠨ ᠤ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠨ᠎ᠠ︔ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠨᠢᠭᠡᠳᠦᠯᠲᠡᠶ ᠲᠥᠯᠥᠪᠵᠢᠭᠦᠯᠬᠦ ᠡᠷᠴᠢᠮ ᠢ ᠴᠢᠩᠭᠠᠷᠠᠭᠤᠯᠤᠨ᠎ᠠ᠃    《 ᠪᠢᠳᠡ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠢ ᠶᠡᠭᠡ ᠪᠠᠷ ᠲᠦᠭᠡᠮᠡᠯᠵᠢᠭᠦᠯᠬᠦ ᠣᠶᠢᠯᠠᠭᠠᠭᠳᠠᠬᠤᠨ ᠢ ᠪᠣᠶ ᠪᠣᠯᠭᠠᠵᠤ᠂ ᠡᠯ᠎ᠡ ᠱᠠᠲᠤᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠤᠨ ᠬᠠᠮᠲᠤᠷᠠᠭᠰᠠᠨ ᠬᠤᠷᠠᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠥᠬᠦ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠤᠨ ᠰᠢᠰᠲ᠋ᠧᠮ ᠢ ᠪᠠᠶᠢᠭᠤᠯᠵᠤ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠤᠨ ᠦᠨᠳᠦᠰᠦᠨ ᠱᠠᠲᠤᠨ ᠤ ᠬᠦᠴᠦᠨ ᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠡᠯ᠎ᠡ ᠭᠤᠭᠴᠤᠭ᠎ᠠ ᠳᠤ ᠠᠭᠤᠰᠬᠠᠨ ᠣᠷᠣᠭᠤᠯᠬᠤ ᠶᠢ ᠠᠬᠢᠭᠤᠯᠤᠨ᠎ᠠ  ᠃ 》 ᠭᠡᠵᠦ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ ᠤᠨ ᠳᠡᠳ᠋ ᠳᠠᠷᠤᠭ᠎ᠠ ᠵᠠᠩ ᠰᠢᠶᠤᠤ ᠶᠢᠩ ᠬᠡᠯᠡᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号