| 11 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ | ᠱᠤᠤ ᠴᠧᠩ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠦᠯᠭᠦᠮ ᠳᠠᠭᠠᠭᠤᠯᠤᠨ | ᠪᠡᠭᠡᠵᠢᠩ ᠬᠤᠳᠠ ᠳᠤ ᠬᠦᠷᠴᠦ ᠠᠵᠢᠯ ᠢᠶᠠᠨ ᠵᠣᠯᠭᠠᠭᠤᠯᠬᠤ ᠶᠢᠨ ᠬᠠᠮᠲᠤ ᠰᠤᠷᠤᠯᠴᠠᠨ ᠰᠢᠨᠵᠢᠯᠡᠨ ᠪᠠᠶᠢᠴᠠᠭᠠᠵᠤ᠂ | ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠴᠢᠨᠠᠭᠰᠢᠳᠠ ᠠᠬᠢᠭᠤᠯᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠪᠡᠭᠡᠵᠢᠩ ᠬᠤᠳᠠ ᠶᠢᠨ ᠨᠠᠮ ᠤᠨ | ᠬᠤᠷᠢᠶ᠎ᠠ ᠶᠢᠨ ᠱᠦᠵᠢ ᠶᠢᠨ ᠯᠢ᠂ ᠪᠡᠭᠡᠵᠢᠩ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ | ᠳᠠᠷᠤᠭ᠎ᠠ ᠶᠢᠨ ᠶᠦᠩ᠂ ᠪᠡᠭᠡᠵᠢᠩ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠯᠢ ᠰᠢᠤ ᠯᠢᠩ᠂ ᠪᠡᠭᠡᠵᠢᠩ ᠬᠤᠳᠠ ᠶᠢᠨ ᠤᠯᠤᠰ ᠲᠦᠷᠦ ᠶᠢᠨ | ᠵᠥᠪᠯᠡᠯᠭᠡᠨ ᠤ ᠲᠡᠷᠢᠭᠦᠯᠡᠭᠴᠢ ᠸᠧᠢ ᠰᠢᠶᠣᠣ ᠳ᠋ᠦᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ | ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠪᠠ᠃ | | 11 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠲᠥᠯᠥᠭᠡᠯᠡᠭᠴᠢᠳ ᠤᠨ | ᠪᠦᠯᠬᠦᠮ ᠪᠡᠭᠡᠵᠢᠩ ᠬᠤᠳᠠ ᠶᠢᠨ ᠭᠤᠣᠯ ᠤᠳᠤᠷᠢᠳᠬᠤ ᠨᠥᠬᠦᠳ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠲᠤᠰ ᠰᠣᠨᠢᠨ ᠤ ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | | ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ᠰᠠᠨᠠᠯ ᠢᠶᠠᠨ ᠭᠦᠨᠵᠡᠭᠡᠢ ᠰᠣᠯᠢᠯᠴᠠᠪᠠ | ᠃ ᠶᠢᠨ ᠯᠢ ᠥᠪᠥᠷ ᠮᠣᠩᠭᠤᠯ ᠤᠨ ᠪᠡᠭᠡᠵᠢᠩ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ | ᠢᠯᠡᠳᠬᠡᠪᠡ᠃ ᠲᠡᠷᠡ᠂ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠥᠷᠨᠢᠭᠦᠯᠬᠦ ᠪᠣᠯ ᠨᠠᠮ ᠤᠨ ᠲᠥᠪ | ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠᠶᠢᠵᠤ᠂ ᠶᠡᠷᠦᠩᠬᠡᠢ | ᠱᠦᠵᠢ ᠰᠢ ᠶᠢᠨ ᠫᠢᠩ ᠡᠭᠦᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠨ᠎ᠠ᠃ ᠪᠡᠭᠡᠵᠢᠩ ᠬᠤᠲᠠ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠠᠮᠵᠢᠯᠴᠠᠬᠤ ᠲᠣᠭᠲᠠᠴᠠ ᠪᠠᠨ ᠴᠢᠨᠠᠭᠰᠢᠳᠠ ᠲᠡᠭᠦᠯᠳᠡᠷᠵᠢᠭᠦᠯᠦᠨ᠂ | ᠬᠠᠮᠵᠢᠯᠴᠠᠬᠤ ᠡᠷᠴᠢᠮ ᠢᠶᠠᠨ ᠴᠢᠩᠭᠠᠷᠠᠭᠤᠯᠵᠤ᠂ ᠬᠠᠮᠲᠤᠷᠠᠯᠴᠠᠬᠤ ᠬᠦᠷᠢᠶ᠎ᠡ ᠪᠠᠨ ᠥᠷᠭᠡᠳᠬᠡᠨ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠡᠭᠦᠷᠭᠡ ᠶᠢ ᠠᠮᠵᠢᠯᠲᠠ ᠲᠠᠢ ᠪᠡᠶᠡᠯᠡᠭᠦᠯᠬᠦ ᠶᠢ ᠰᠠᠶᠢᠲᠤᠷ | ᠠᠳᠬᠤᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠮᠵᠢᠯᠴᠠᠬᠤ ᠡᠭᠦᠷᠭᠡ ᠶᠢ | ᠰᠠᠶᠢᠲᠤᠷ ᠤᠬᠠᠭᠠᠯᠠᠨ ᠲᠥᠯᠥᠪᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠡᠷᠡᠮᠡᠬᠡᠶᠢᠯᠡᠨ | ᠤᠷᠤᠭᠰᠢᠯᠠᠬᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ᠃ | ᠬᠠᠳᠬᠤᠮᠠᠯ ᠬᠠᠳᠬᠤᠬᠤ ᠠᠵᠢᠯ ᠢ ᠴᠢᠨᠠᠭᠰᠢᠳᠠ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠪᠠᠶᠢᠩᠭᠤᠵᠢᠭᠰᠠᠨ ᠬᠠᠮᠵᠢᠯᠴᠠᠭᠠᠨ ᠤ ᠠᠷᠭ᠎ᠠ | ᠬᠡᠮᠵᠢᠶ᠎ᠡ ᠶᠢ ᠰᠢᠯᠢᠳᠡᠭᠵᠢᠭᠦᠯᠵᠦ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠪᠡᠭᠡᠵᠢᠩ ᠥᠪᠥᠷ | ᠮᠣᠩᠭᠤᠯ ᠤᠨ ᠬᠠᠮᠵᠢᠯᠴᠠᠭᠠᠨ ᠤ ᠲᠦᠷᠦᠯ ᠲᠡᠮᠳᠡᠭ ᠢ ᠭᠢᠯᠠᠯᠵᠠᠭᠤᠯᠵᠤ᠂ ᠪᠡᠭᠡᠵᠢᠩ ᠥᠪᠥᠷ ᠮᠣᠩᠭᠤᠯ ᠤᠨ | ᠬᠠᠮᠵᠢᠯᠴᠠᠭᠠᠨ ᠤ ᠠᠮᠢᠳᠤᠯᠢᠭ ᠦᠯᠢᠭᠡᠷ ᠢ ᠰᠠᠶᠢᠲᠤᠷ ᠬᠦᠦᠷᠨᠢᠨ᠎ᠡ᠃ ︽ᠳᠥᠷᠪᠡᠨ ᠵᠦᠢᠯ ᠤᠨ ᠠᠵᠢᠯᠯᠠᠭ᠎ᠠ︾ ᠶᠢ | ᠴᠢᠨᠠᠭᠰᠢᠳᠠ ᠪᠣᠳᠠᠲᠠᠢ ᠠᠳᠬᠤᠵᠤ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠦᠷᠭᠦᠯᠵᠢᠯᠡᠨ | ᠨᠡᠮᠡᠭᠳᠡᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠠᠵᠤ ᠦᠢᠯᠡᠰ ᠤᠨ ᠬᠦᠷᠢᠶᠡᠯᠡᠩ ᠢ ᠰᠠᠶᠢᠲᠤᠷ ᠠᠰᠢᠭᠯᠠᠵᠤ᠂ | ᠪᠡᠭᠡᠵᠢᠩ ᠤᠨ ᠨᠠᠩ ᠣᠯᠠᠨ ᠴᠢᠨᠠᠷ ᠰᠠᠶᠢᠲᠠᠢ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠥᠪᠥᠷ | ᠮᠣᠩᠭᠤᠯ ᠳᠤ ᠨᠤᠲᠤᠭᠰᠢᠭᠤᠯᠵᠤ᠂ ᠭᠦᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠲᠣᠭᠲᠠᠴᠠ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠶᠢ ᠴᠢᠩᠭᠠᠳᠬᠠᠵᠤ᠂ ᠨᠠᠩ ᠣᠯᠠᠨ ᠴᠢᠨᠠᠷ | ᠰᠠᠶᠢᠲᠠᠢ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠤᠨ | ᠠᠪᠴᠢᠷᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠲᠥᠯᠥᠨ ᠳᠠᠭᠠᠭᠤᠯᠬᠤ ᠶᠢ ᠴᠢᠨᠠᠭᠰᠢᠳᠠ | ᠴᠢᠩᠭᠠᠳᠬᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠠᠮᠲᠤ ᠪᠠᠷ ᠪᠣᠶᠢᠵᠢᠭᠤᠯᠤᠨ ᠬᠥᠭᠵᠢᠭᠦᠯᠦᠨ᠎ᠡ | ᠃ ᠴᠢᠳᠠᠪᠤᠷᠢᠲᠠᠨ ᠤ ᠡᠬᠢ ᠪᠠᠶᠠᠯᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠬᠢ | ᠪᠠᠶᠠᠯᠢᠭ ᠢ ᠬᠠᠮᠲᠤ ᠪᠠᠷ ᠡᠳ᠋ᠯᠡᠬᠦ ᠶᠢ ᠭᠦᠨᠵᠡᠭᠡᠶᠢᠷᠡᠭᠦᠯᠵᠦ᠂ ᠪᠡᠭᠡᠵᠢᠩ ᠤᠨ ᠨᠠᠩ ᠣᠯᠠᠨ ᠰᠢᠨ᠎ᠡ ᠶᠢ ᠡᠭᠦᠳᠦᠭᠰᠡᠨ | ᠦᠷ᠎ᠡ ᠪᠦᠲᠦᠭᠡᠯ ᠢ ᠥᠪᠥᠷ ᠮᠣᠩᠭᠤᠯ ᠳᠤ ᠨᠠᠶᠢᠳᠠᠪᠤᠷᠢᠵᠢᠭᠤᠯᠤᠨ ᠣᠨᠳᠣᠣᠰᠢᠭᠤᠯᠬᠤ ᠶᠢ ᠠᠬᠢᠭᠤᠯᠤᠨ᠎ᠠ᠃ | ᠬᠠᠷᠢᠴᠠᠭᠤᠯᠤᠭᠰᠠᠨ ᠳᠠᠪᠠᠭᠤᠯᠢᠭ ᠢᠶᠠᠨ ᠴᠢᠨᠠᠭᠰᠢᠳᠠ ᠪᠠᠳᠠᠷᠠᠭᠤᠯᠵᠤ᠂ ᠪᠦᠭᠦ ᠲᠠᠯ᠎ᠠ ᠶᠢᠨ ᠤᠯᠠᠨ ᠬᠦᠷᠢᠶᠡᠨ ᠳᠠᠬᠢ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠥᠪᠥᠷ ᠮᠣᠩᠭᠤᠯ ᠤᠨ ᠪᠣᠬᠢᠷᠳᠤᠯ ᠦᠭᠡᠢ ᠴᠠᠭᠢᠯᠭᠠᠨ ᠢ ᠪᠡᠭᠡᠵᠢᠩ ᠳᠤ | ᠬᠦᠷᠭᠡᠬᠦ ᠱᠤᠭᠤᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ︽ᠪᠡᠭᠡᠵᠢᠩ ᠤᠨ ᠳ᠋ᠠᠶᠢᠲ᠋ᠠ ᠶᠢ ᠥᠪᠥᠷ | ᠮᠣᠩᠭᠤᠯ ᠳᠤ ᠪᠤᠳᠤᠬᠤ︾ ᠵᠡᠷᠭᠡ ᠪᠣᠳᠣᠯᠲᠠ ᠶᠢᠨ ᠴᠢᠳᠠᠪᠤᠷᠢ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠰᠠᠶᠢᠲᠤᠷ ᠠᠳᠬᠤᠵᠤ᠂ ᠰᠣᠳᠣᠨ ᠵᠢᠭᠤᠯᠴᠢᠯᠠᠯ ᠤᠨ ᠵᠠᠮ ᠱᠤᠭᠤᠮ ᠢ ᠬᠠᠮᠲᠤᠷᠠᠨ ᠨᠡᠭᠡᠭᠡᠵᠦ᠂ | ᠣᠷᠣᠨ ᠪᠦᠰᠡ ᠶᠢᠨ ᠠᠮᠢ ᠠᠬᠤᠢ ᠶᠢᠨ ᠵᠠᠰᠠᠯᠲᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠂ ᠨᠣᠭᠤᠭᠠᠷᠠᠭᠤᠯᠬᠤ | ᠥᠩᠭᠡᠵᠢᠭᠦᠯᠬᠦ ᠠᠵᠢᠯ ᠢ ᠬᠠᠮᠲᠤ ᠪᠠᠷ ᠰᠠᠶᠢᠲᠤᠷ ᠬᠢᠨ᠎ᠡ ᠭᠡᠪᠡ᠃ | ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ | ᠡᠮᠦᠨ᠎ᠡ ᠠᠴᠠ ᠪᠡᠭᠡᠵᠢᠩ ᠬᠤᠳᠠ ᠶᠢᠨ ᠥᠪᠥᠷ ᠮᠣᠩᠭᠤᠯ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ | ᠪᠠᠶᠢᠬᠤ ᠪᠠᠨ ᠢᠯᠡᠳᠬᠡᠪᠡ᠃ ᠲᠡᠷᠡ᠂ ᠡᠨᠡ ᠵᠢᠯ ᠤᠨ ᠪᠡᠭᠡᠵᠢᠩ ᠤᠨ ᠠᠵᠤ ᠠᠬᠤᠢ ᠶᠢᠨ ᠨᠡᠮᠡᠭᠳᠡᠯ ᠤᠨ ᠢᠯᠡᠷᠡᠯ ᠨᠢ | ᠬᠥᠮᠥᠰ ᠤᠨ ᠠᠩᠬᠠᠷᠤᠯ ᠢ ᠲᠠᠲᠠᠭᠰᠠᠨ ᠪᠠᠶᠢᠨ᠎ᠠ᠂ ᠪᠢᠳᠡ ᠲᠤᠶᠢᠯ ᠢᠶᠠᠷ ᠪᠢᠰᠢᠷᠡᠵᠦ ᠪᠠᠶᠢᠬᠤ ᠪᠥᠭᠡᠳ ᠪᠠᠶᠠᠷᠯᠠᠵᠤ | ᠪᠠᠶᠢᠨ᠎ᠠ᠃ ᠣᠳᠣᠬᠠᠨ ᠳᠤ᠂ ᠪᠡᠭᠡᠵᠢᠩ ᠤᠨ ᠥᠪᠥᠷ ᠮᠣᠩᠭᠤᠯ ᠢ ᠳᠡᠮᠵᠢᠬᠦ ᠡᠷᠴᠢᠮ ᠮᠠᠰᠢ ᠶᠡᠭᠡ ᠪᠠᠶᠢᠵᠤ᠂ | ᠰᠢᠯᠵᠢᠭᠦᠯᠦᠨ ᠥᠭᠭᠦᠭᠰᠡᠨ ᠬᠠᠮᠵᠢᠯᠴᠠᠭᠠᠨ ᠤ ᠪᠡᠯᠡ ᠮᠥᠩᠭᠦ᠂ ᠬᠠᠪᠰᠤᠷᠤᠨ ᠪᠣᠷᠣᠯᠠᠭᠤᠯᠤᠭᠰᠠᠨ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠡᠪᠴᠢᠶ᠎ᠡ᠂ ᠥᠪᠥᠷ ᠮᠣᠩᠭᠤᠯ ᠢ ᠲᠤᠰᠠᠯᠠᠭᠰᠠᠨ ᠡᠮᠴᠢ ᠪᠣᠯᠣᠨ | ᠪᠠᠭᠰᠢ ᠶᠢᠨ ᠲᠤᠭ᠎ᠠ ᠴᠥᠮ ᠢᠯᠡᠳᠲᠡ ᠨᠡᠮᠡᠭᠳᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠡᠯᠪᠡᠭ | ᠪᠠᠶᠠᠯᠢᠭ ᠦᠷ᠎ᠡ ᠪᠦᠲᠦᠭᠡᠯ ᠣᠯᠪᠠ᠃ ᠣᠳᠣᠬᠠᠨ ᠳᠤ ᠥᠪᠥᠷ ᠮᠣᠩᠭᠤᠯ ᠳᠠᠶᠠᠭᠠᠷ ᠶᠠᠭ ᠶᠡᠷᠦᠩᠬᠡᠢ ᠱᠦᠵᠢ ᠰᠢ ᠶᠢᠨ | ᠫᠢᠩ ᠤᠨ ᠵᠢᠭᠠᠭᠰᠠᠨ ᠴᠢᠭᠯᠡᠯ ᠢᠶᠠᠷ ᠨᠢᠭᠡᠨ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ | ᠰᠠᠶᠢᠲᠤᠷ ᠬᠢᠵᠦ᠂ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠵᠤ᠂ ᠬᠥᠭᠵᠢᠯᠲᠡ ᠶᠢᠨ ᠬᠠᠨᠳᠤᠰᠢ ᠴᠤ | ᠮᠠᠰᠢ ᠰᠠᠶᠢᠨ ᠪᠠᠶᠢᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠪᠦᠭᠦ ᠲᠠᠯ᠎ᠠ ᠶᠢᠨ ᠬᠠᠮᠲᠤᠷᠠᠯᠴᠠᠭ᠎ᠠ | ᠲᠡᠶᠢᠰᠢ ᠲᠦᠷᠭᠡᠳᠬᠡᠨ ᠬᠤᠪᠢᠷᠠᠭᠤᠯᠬᠤ ᠶᠢ ᠠᠬᠢᠭᠤᠯᠬᠤ ᠪᠠᠷ ᠪᠢᠳᠡ ᠪᠡᠭᠡᠵᠢᠩ ᠥᠪᠥᠷ ᠮᠣᠩᠭᠤᠯ ᠤᠨ | ᠬᠠᠮᠵᠢᠯᠴᠠᠭᠠᠨ ᠤ ᠲᠣᠭᠲᠠᠴᠠ ᠶᠢ ᠴᠢᠨᠠᠭᠰᠢᠳᠠ ᠰᠢᠯᠢᠳᠡᠭᠵᠢᠭᠦᠯᠪᠡ᠃ ᠪᠡᠭᠡᠵᠢᠩ ᠬᠤᠲᠠ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ᠂ ᠴᠢᠳᠠᠪᠤᠷᠢᠲᠠᠨ᠂ ᠪᠡᠯᠡ ᠮᠥᠩᠭᠦ ᠵᠡᠷᠭᠡ ᠲᠠᠯ᠎ᠠ ᠪᠠᠷ ᠢᠯᠡᠳᠲᠡ ᠳᠠᠪᠠᠭᠤᠯᠢᠭ ᠲᠠᠢ ᠪᠠᠶᠢᠵᠤ᠂ | ᠪᠡᠭᠡᠵᠢᠩ ᠤᠨ ᠪᠠᠶᠢᠭ᠎ᠠ ᠵᠦᠢᠯ ᠨᠢ ᠶᠠᠭ ᠥᠪᠥᠷ ᠮᠣᠩᠭᠤᠯ ᠤᠨ ᠲᠤᠲᠠᠭᠳᠠᠵᠤ ᠪᠠᠶᠢᠭ᠎ᠠ ᠵᠦᠢᠯ ᠪᠠᠶᠢᠵᠤ᠂ ᠬᠤᠶᠠᠷ | ᠲᠠᠯ᠎ᠠ ᠪᠠᠷ ᠢᠶᠠᠨ ᠰᠢᠨ᠎ᠡ ᠭᠡᠯᠪᠡᠷᠢ ᠶᠢᠨ ᠨᠥᠭᠡᠴᠡ ᠡᠨᠧᠷᠭᠢ᠂ ᠪᠣᠬᠢᠷᠳᠤᠯ ᠦᠭᠡᠢ ᠤᠰᠤᠲᠥ᠋ᠷᠥᠭᠴᠢ ᠪᠣᠬᠢᠷᠳᠤᠯ ᠦᠭᠡᠢ | ᠰᠢᠪᠲᠦᠷ᠂ ᠪᠣᠬᠢᠷᠳᠤᠯ ᠦᠭᠡᠢ ᠪᠣᠳᠣᠯᠲᠠ ᠶᠢᠨ ᠴᠢᠳᠠᠪᠤᠷᠢ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ᠂ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠵᠡᠷᠭᠡ ᠬᠦᠷᠢᠶᠡᠨ ᠳᠠᠬᠢ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠠᠩ ᠣᠯᠠᠨ ᠬᠠᠮᠲᠤᠷᠠᠯᠴᠠᠭᠠᠨ ᠤ ᠦᠷ᠎ᠡ ᠪᠦᠲᠦᠭᠡᠯ | ᠭᠠᠷᠭᠠᠬᠤ ᠶᠢ ᠬᠦᠰᠡᠵᠦ ᠪᠠᠶᠢᠨ᠎ᠠ᠃ ᠡᠨᠡ ᠬᠡᠳᠦᠨ ᠵᠢᠯ ᠳᠤ᠂ ᠪᠡᠭᠡᠵᠢᠩ ᠬᠤᠳᠠ ᠥᠪᠥᠷ ᠮᠣᠩᠭᠤᠯ ᠳᠤ ᠮᠠᠰᠢ ᠤᠯᠠᠨ | ᠰᠢᠯᠢᠳᠡᠭ ᠺᠠᠳ᠋ᠷ ᠴᠢᠳᠠᠪᠤᠷᠢᠲᠠᠨ ᠢ ᠲᠣᠮᠢᠯᠠᠭᠰᠠᠨ ᠪᠠᠶᠢᠨ᠎ᠠ᠂ ᠡᠭᠦᠨ ᠳᠤ ᠪᠢᠳᠡ ᠭᠦᠨ ᠲᠠᠯᠠᠷᠬᠠᠵᠤ ᠪᠠᠶᠢᠬᠤ ᠪᠠᠨ | ᠢᠯᠡᠳᠬᠡᠵᠦ ᠪᠠᠶᠢᠨ᠎ᠠ᠂ ᠬᠤᠶᠠᠷ ᠲᠠᠯ᠎ᠠ ᠪᠠᠷ ᠢᠶᠠᠨ ᠴᠢᠳᠠᠪᠤᠷᠢᠲᠠᠨ ᠤ ᠰᠣᠯᠢᠯᠴᠠᠭᠠᠨ ᠤ ᠠᠷᠭ᠎ᠠ ᠵᠠᠮ ᠢᠶᠠᠨ | ᠥᠷᠭᠡᠳᠬᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠬᠦᠷᠢᠶᠡᠨ ᠳᠤ ᠴᠢᠳᠠᠪᠤᠷᠢᠲᠠᠨ ᠤ ᠰᠣᠯᠢᠯᠴᠠᠭ᠎ᠠ | ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠪᠡᠭᠡᠵᠢᠩ ᠳᠤ ︽ | ᠬᠤᠶᠠᠷ ᠢᠯᠡᠭᠦᠦ ᠬᠤᠶᠠᠷ ᠳᠤᠲᠠᠭᠤ︾ ᠶᠠᠪᠤᠳᠠᠯ ᠢ ᠰᠠᠶᠢᠲᠤᠷ ᠬᠢᠵᠦ ᠥᠭᠭᠦᠭᠰᠡᠨ ᠰᠠᠭᠤᠷᠢᠨ ᠳᠡᠭᠡᠷ᠎ᠡ᠂ ᠪᠢᠳᠡ ᠪᠠᠰᠠ | ᠪᠡᠭᠡᠵᠢᠩ ᠳᠤ ᠢᠯᠡᠭᠦᠬᠡᠨ ᠠᠵᠢᠯ ᠬᠢᠵᠦ ᠥᠭᠭᠦᠨ᠎ᠡ᠂ ᠵᠢᠱᠢᠶᠡᠯᠡᠪᠡᠯ ᠨᠠᠩ ᠣᠯᠠᠨ ᠥᠪᠥᠷ ᠮᠣᠩᠭᠤᠯ ᠤᠨ ᠰᠣᠶᠣᠯ ᠤᠨ | ᠰᠣᠳᠣᠨ ᠪᠦᠲᠦᠭᠡᠯ ᠤᠨ ᠪᠡᠭᠡᠵᠢᠩ ᠳᠤ ᠬᠦᠷᠴᠦ ᠲᠤᠬᠯᠠᠯᠲᠠ ᠭᠠᠷᠭᠠᠨ ᠳᠡᠯᠭᠡᠨ ᠦᠵᠡᠭᠦᠯᠭᠡ ᠬᠢᠬᠦ ᠶᠢ ᠠᠬᠢᠭᠤᠯᠵᠤ᠂ | ᠨᠡᠶᠢᠰᠯᠡᠯ ᠤᠨ ᠠᠷᠠᠳ ᠲᠦᠮᠡᠨ ᠤ ᠰᠣᠶᠣᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠨ᠎ᠠ ᠭᠡᠪᠡ᠃ | | | 11 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠲᠥᠯᠥᠭᠡᠯᠡᠭᠴᠢᠳ ᠤᠨ | ᠪᠦᠯᠭᠦᠮ ᠵᠥᠩ ᠭᠤᠸᠠᠨ ᠼᠦᠨ ᠳᠠᠬᠢ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ | ᠦᠵᠡᠭᠦᠯᠭᠦ ᠲᠣᠭᠤᠷᠢᠭ ᠤᠨ ᠦᠵᠡᠭᠦᠯᠭᠡ ᠶᠢᠨ ᠲᠥᠪ ᠲᠤ ᠬᠦᠷᠴᠦ᠂ ᠵᠢᠱᠢᠶ᠎ᠡ ᠦᠵᠡᠭᠦᠯᠭᠦ ᠲᠣᠭᠤᠷᠢᠭ ᠤᠨ | ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠶᠠᠪᠤᠴᠠ ᠶᠢ ᠲᠤᠬᠠᠢ ᠶᠢᠨ ᠭᠠᠵᠠᠷ ᠲᠤᠨᠢ ᠣᠶᠢᠯᠠᠭᠠᠵᠤ᠂ ᠠᠮᠢᠳᠤ | ᠪᠣᠳᠠᠰ ᠤᠨ ᠦᠷ᠎ᠡ ᠪᠣᠶᠢᠵᠢᠭᠤᠯᠬᠤ᠂ ᠤᠰᠤᠲᠥ᠋ᠷᠥᠭᠴᠢ ᠡᠨᠧᠷᠭᠢ ᠨᠥᠭᠡᠴᠡ ᠡᠨᠧᠷᠭᠢ᠂ ᠵᠣᠬᠢᠶᠠᠮᠠᠯ ᠣᠶᠤᠨ | ᠴᠢᠳᠠᠪᠤᠷᠢ᠂ ᠠᠮᠢ ᠨᠠᠰᠤᠨ ᠤ ᠡᠷᠡᠭᠦᠯ ᠮᠡᠨᠳᠦ ᠵᠡᠷᠭᠡ ᠬᠦᠷᠢᠶᠡᠨ ᠳᠠᠬᠢ ᠣᠯᠠᠨ ᠵᠦᠢᠯ ᠤᠨ ᠬᠤᠰᠢᠭᠤᠷᠠᠯ | ᠮᠡᠷᠭᠡᠵᠢᠯ ᠤᠨ ᠦᠢᠯᠡᠳᠬᠦᠨ ᠢ ᠲᠤᠬᠠᠢ ᠶᠢᠨ ᠲᠠᠯᠠᠪᠠᠢ ᠳᠤ ᠲᠣᠭᠤᠷᠢᠨ ᠦᠵᠡᠪᠡ᠃ ᠲᠤᠰ ᠰᠣᠨᠢᠨ ᠤ | ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | | | 11 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨᠲ᠋ᠥ᠋ᠯᠥᠭᠡᠯᠡᠭᠴᠢᠳ ᠤᠨ | ᠪᠦᠯᠭᠦᠮ ᠳ᠋ᠡ ᠪᠧᠢ ᠨᠦᠩ ᠤᠨ ᠹᠧᠩ ᠬᠤᠸᠠᠩ ᠣᠯᠠᠨ ᠤᠯᠤᠰ ᠤᠨ ᠰᠢᠨ᠎ᠡ ᠶᠢ ᠡᠭᠦᠳᠬᠦ ᠬᠦᠷᠢᠶᠡᠯᠡᠩ ᠳᠤ ᠬᠦᠷᠴᠦ᠂ | ᠠᠵᠤ ᠠᠬᠤᠶᠢᠯᠠᠯ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ | ᠂ ᠠᠮᠢᠳᠤ ᠪᠣᠳᠠᠰ ᠤᠨ ᠢᠨᠵᠧᠨᠧᠷᠢᠩ ᠤᠨ ᠦᠷ᠎ᠡ ᠪᠣᠶᠢᠵᠢᠭᠤᠯᠬᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ | ᠪᠣᠯᠣᠨ ᠬᠡᠰᠡᠭ ᠦᠷ᠎ᠡ ᠪᠦᠲᠦᠭᠡᠯ ᠵᠢᠴᠢ ᠦᠢᠯᠡᠳᠬᠦᠨ ᠢ ᠲᠣᠭᠤᠷᠢᠨ ᠦᠵᠡᠪᠡ᠃ ᠲᠤᠰ ᠰᠣᠨᠢᠨ ᠤ | ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | | | 11 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠲᠥᠯᠥᠭᠡᠯᠡᠭᠴᠢᠳ ᠤᠨ | ᠪᠦᠯᠭᠦᠮ ᠪᠠᠢ ᠳ᠋ᠦ᠋ ᠺᠤᠮᠫᠠᠨᠢ ᠳᠤ ᠬᠦᠷᠴᠦ᠂ ᠵᠣᠬᠢᠶᠠᠮᠠᠯ ᠤᠶᠤᠨ ᠴᠢᠳᠠᠪᠤᠷᠢ ᠶᠢᠨ ᠬᠡᠷᠡᠭᠯᠡᠭᠡᠨ ᠤ ᠦᠵᠡᠭᠳᠡᠯ ᠪᠣᠯᠣᠨ | ᠣᠶᠤᠨᠴᠢ ᠵᠠᠮ ᠬᠠᠷᠢᠯᠴᠠᠭᠠᠨ ᠤ ᠦᠷ᠎ᠡ ᠪᠦᠲᠦᠭᠡᠯ ᠤᠨ ᠦᠵᠡᠭᠦᠯᠭᠡ ᠶᠢ ᠰᠣᠨᠢᠷᠬᠠᠵᠤ᠂ ᠠᠵᠤ ᠠᠬᠤᠶᠢᠯᠠᠯ ᠤᠨ | ᠬᠥᠭᠵᠢᠯᠲᠡ ᠵᠢᠴᠢ ᠮᠠᠨ ᠤ ᠣᠷᠣᠨ ᠯᠤᠭ᠎ᠠ ᠶᠢᠨ ᠬᠠᠮᠲᠤᠷᠠᠯᠴᠠᠭ᠎ᠠ ᠵᠡᠷᠭᠡ ᠪᠠᠶᠢᠳᠠᠯ ᠢ ᠣᠶᠢᠯᠠᠭᠠᠪᠠ᠃ ᠲᠤᠰ | ᠰᠣᠨᠢᠨ ᠤ ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | ᠲᠣᠰ ᠤᠳᠠᠭᠠᠨ ᠤ ᠰᠤᠷᠤᠯᠴᠠᠵᠦ ᠰᠢᠨᠵᠢᠯᠡᠨ ᠪᠠᠶᠢᠴᠠᠭᠠᠭᠰᠠᠨ ᠶᠠᠪᠤᠴᠠ ᠨᠢ ᠪᠠᠴᠢᠮ᠂ ᠠᠭᠤᠯᠭ᠎ᠠ ᠨᠢ ᠪᠠᠶᠠᠯᠢᠭ | ᠪᠠᠶᠢᠯ᠎ᠠ᠃ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠲᠥᠯᠥᠭᠡᠯᠡᠭᠴᠢᠳ ᠤᠨ ᠪᠦᠯᠭᠦᠮ ᠲᠦᠷᠭᠡᠨ ᠤ ᠲᠡᠮᠦᠷ | ᠵᠠᠮ ᠤᠨ ᠭᠠᠯᠲᠤ ᠲᠡᠷᠭᠡᠨ ᠠᠴᠠ ᠪᠠᠭᠤᠮᠠᠭᠴᠠ ᠪᠠᠨ ᠵᠥᠩ ᠭᠤᠸᠠᠨ ᠼᠦᠨ ᠳᠠᠬᠢ ᠤᠯᠤᠰ ᠤᠨ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠭᠦ ᠲᠣᠭᠤᠷᠢᠭ ᠤᠨ ᠦᠵᠡᠭᠦᠯᠭᠡ ᠶᠢᠨ ᠲᠥᠪ ᠲᠤ ᠬᠦᠷᠴᠦ᠂ | ᠵᠢᠱᠢᠶ᠎ᠡ ᠦᠵᠡᠭᠦᠯᠭᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠶᠠᠪᠤᠴᠠ ᠶᠢ ᠲᠤᠬᠠᠢ ᠶᠢᠨ | ᠭᠠᠵᠠᠷ ᠲᠤᠨᠢ ᠣᠶᠢᠯᠠᠭᠠᠵᠤ᠂ ᠠᠮᠢᠳᠤ ᠪᠣᠳᠠᠰ ᠤᠨ ᠦᠷ᠎ᠡ ᠪᠣᠶᠢᠵᠢᠭᠤᠯᠬᠤ᠂ ᠤᠰᠤᠲᠥ᠋ᠷᠥᠭᠴᠢ ᠡᠨᠧᠷᠭᠢ ᠨᠥᠭᠡᠴᠡ | ᠡᠨᠧᠷᠭᠢ᠂ ᠵᠣᠬᠢᠶᠠᠮᠠᠯ ᠣᠶᠤᠨ ᠴᠢᠳᠠᠪᠤᠷᠢ᠂ ᠠᠮᠢ ᠨᠠᠰᠤᠨ ᠤ ᠡᠷᠡᠭᠦᠯ ᠮᠡᠨᠳᠦ ᠵᠡᠷᠭᠡ ᠬᠦᠷᠢᠶᠡᠨ ᠳᠠᠬᠢ ᠣᠯᠠᠨ | ᠵᠦᠢᠯ ᠤᠨ ᠬᠤᠰᠢᠭᠤᠷᠠᠯ ᠮᠡᠷᠭᠡᠵᠢᠯ ᠤᠨ ᠦᠢᠯᠡᠳᠬᠦᠨ ᠢ ᠲᠤᠬᠠᠢ ᠶᠢᠨ ᠲᠠᠯᠠᠪᠠᠢ ᠳᠤ ᠲᠣᠭᠤᠷᠢᠨ ᠦᠵᠡᠪᠡ᠃ ᠳ᠋ᠠ | ᠪᠧᠢ ᠨᠦᠩ ᠪᠦᠯᠦᠭᠯᠡᠯ ᠪᠣᠯ ᠳᠡᠯᠡᠬᠡᠢ ᠳᠤ ᠠᠯᠳᠠᠷᠲᠠᠢ ᠲᠠᠷᠢᠶᠠᠯᠠᠩ ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠤ ᠠᠬᠤᠶᠢᠯᠠᠯ ᠪᠠᠶᠢᠵᠤ᠂ ᠮᠠᠨ ᠤ ᠣᠷᠣᠨ ᠤ ᠣᠯᠠᠨ ᠠᠶᠢᠮᠠᠭ ᠬᠤᠲᠠ ᠳᠤ ᠴᠥᠮ | ᠪᠠᠶᠢᠷᠢᠰᠢᠭᠤᠯᠤᠯᠲᠠ ᠲᠠᠢ ᠪᠠᠶᠢᠳᠠᠭ᠃ ᠲᠥᠯᠥᠭᠡᠯᠡᠭᠴᠢᠳ ᠤᠨ ᠪᠦᠯᠭᠦᠮ ᠳ᠋ᠡ ᠪᠧᠢ ᠨᠦᠩ ᠤᠨ ᠹᠧᠩ ᠬᠤᠸᠠᠩ ᠣᠯᠠᠨ | ᠤᠯᠤᠰ ᠤᠨ ᠰᠢᠨ᠎ᠡ ᠶᠢ ᠡᠭᠦᠳᠬᠦ ᠬᠦᠷᠢᠶᠡᠯᠡᠩ ᠳᠤ ᠬᠦᠷᠴᠦ᠂ ᠠᠵᠤ ᠠᠬᠤᠶᠢᠯᠠᠯ ᠤᠨ ᠬᠥᠭᠵᠢᠯᠲᠡ ᠶᠢᠨ | ᠲᠥᠯᠦᠪᠵᠢᠭᠦᠯᠭᠡ ᠶᠢᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠠᠮᠢᠳᠤ ᠪᠣᠳᠠᠰ ᠤᠨ ᠢᠨᠵᠧᠨᠧᠷᠢᠩ ᠤᠨ | ᠦᠷ᠎ᠡ ᠪᠣᠶᠢᠵᠢᠭᠤᠯᠬᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠣᠯᠣᠨ ᠬᠡᠰᠡᠭ ᠦᠷ᠎ᠡ ᠪᠦᠲᠦᠭᠡᠯ ᠵᠢᠴᠢ | ᠦᠢᠯᠡᠳᠬᠦᠨ ᠢ ᠲᠣᠭᠤᠷᠢᠨ ᠦᠵᠡᠪᠡ᠃ ᠪᠠᠢ ᠳ᠋ᠦ᠋ ᠺᠤᠮᠫᠠᠨᠢ ᠳᠤ ᠲᠥᠯᠥᠭᠡᠯᠡᠭᠴᠢᠳ ᠤᠨ ᠪᠦᠯᠭᠦᠮ ᠵᠣᠬᠢᠶᠠᠮᠠᠯ ᠤᠶᠤᠨ | ᠴᠢᠳᠠᠪᠤᠷᠢ ᠶᠢᠨ ᠬᠡᠷᠡᠭᠯᠡᠭᠡᠨ ᠤ ᠦᠵᠡᠭᠳᠡᠯ ᠪᠣᠯᠣᠨ ᠣᠶᠤᠨᠴᠢ ᠵᠠᠮ ᠬᠠᠷᠢᠯᠴᠠᠭᠠᠨ ᠤ ᠦᠷ᠎ᠡ ᠪᠦᠲᠦᠭᠡᠯ ᠤᠨ | ᠦᠵᠡᠭᠦᠯᠭᠡ ᠶᠢ ᠰᠣᠨᠢᠷᠬᠠᠵᠤ᠂ ᠠᠵᠤ ᠠᠬᠤᠶᠢᠯᠠᠯ ᠤᠨ ᠬᠥᠭᠵᠢᠯᠲᠡ ᠵᠢᠴᠢ ᠮᠠᠨ ᠤ ᠣᠷᠣᠨ ᠯᠤᠭ᠎ᠠ ᠶᠢᠨ | ᠬᠠᠮᠲᠤᠷᠠᠯᠴᠠᠭ᠎ᠠ ᠵᠡᠷᠭᠡ ᠪᠠᠶᠢᠳᠠᠯ ᠢ ᠣᠶᠢᠯᠠᠭᠠᠪᠠ᠃ ᠲᠥᠯᠥᠭᠡᠯᠡᠭᠴᠢᠳ ᠤᠨ ᠪᠦᠯᠭᠦᠮ ᠶᠠᠪᠤᠬᠤ ᠶᠢᠨ ᠳᠠᠭᠠᠤ ᠦᠵᠡᠵᠦ᠂ | ᠰᠠᠨᠠᠯ ᠢᠶᠠᠨ ᠰᠣᠯᠢᠯᠴᠠᠬᠤ ᠶᠢᠨ ᠳᠠᠭᠠᠤ ᠰᠡᠳᠬᠢᠨ ᠪᠣᠳᠣᠯᠬᠢᠯᠠᠵᠤ᠂ ᠭᠦᠨ ᠰᠡᠩᠬᠡᠷᠡᠭᠦᠯᠦᠯ ᠣᠯᠵᠤ᠂ ᠣᠯᠣᠯᠲᠠ | ᠲᠥᠷᠥᠭᠳᠡᠯ ᠢᠶᠠᠷ ᠡᠯᠪᠡᠭ ᠪᠣᠯᠵᠠᠢ᠃ ᠣᠯᠠᠨ ᠢᠶᠠᠷ ᠢᠶᠠᠨ᠂ ᠲᠣᠰ ᠤᠳᠠᠭ᠎ᠠ ᠶᠢᠨ ᠰᠤᠷᠤᠯᠴᠠᠯᠭ᠎ᠠ ᠰᠢᠨᠵᠢᠯᠡᠨ | ᠪᠠᠶᠢᠴᠠᠭᠠᠯᠲᠠ ᠪᠠᠷ ᠳᠡᠮᠵᠢᠨ᠂ ᠲᠡᠷᠢᠭᠦᠨ ᠤ ᠲᠤᠷᠰᠢᠯᠭ᠎ᠠ ᠶᠢ ᠰᠤᠷᠤᠯᠴᠠᠵᠤ᠂ ᠬᠥᠭᠵᠢᠯᠲᠡ ᠶᠢᠨ ᠰᠡᠳᠬᠢᠴᠡ ᠪᠠᠨ | ᠥᠷᠭᠡᠳᠬᠡᠵᠦ᠂ ᠲᠠᠷᠠᠭᠠᠴᠢ ᠶᠢᠨ ᠠᠯᠬᠤᠮ ᠳᠤ ᠦᠷᠭᠦᠯᠵᠢᠯᠡᠨ ᠦᠵᠡᠯ ᠰᠠᠨᠠᠭ᠎ᠠ ᠪᠠᠨ ᠴᠢᠯᠦᠭᠡᠯᠡᠵᠦ᠂ | ᠳᠠᠪᠠᠭᠤᠯᠢᠭ ᠢᠶᠠᠨ ᠪᠠᠳᠠᠷᠠᠭᠤᠯᠤᠨ ᠳᠤᠲᠠᠭᠤᠳᠠᠯ ᠢᠶᠠᠨ ᠨᠥᠬᠦᠪᠦᠷᠢᠯᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠡᠯ᠎ᠡ | ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠨᠠᠩ ᠰᠠᠶᠢᠲᠤᠷ ᠠᠬᠢᠭᠤᠯᠤᠨ᠎ᠠ ᠭᠡᠵᠦ ᠰᠠᠨᠠᠯ ᠨᠢᠭᠡᠲᠡᠢ | ᠢᠯᠡᠳᠬᠡᠪᠡ᠃ | ᠪᠡᠭᠡᠵᠢᠩ ᠬᠤᠲᠠ ᠶᠢᠨ ᠤᠳᠤᠷᠢᠳᠤᠯᠭ᠎ᠠ ᠰᠢᠶᠠ ᠯᠢᠨ ᠮᠣᠣ᠂ ᠵᠣᠣ ᠯᠧᠢ᠂ ᠮᠦ ᠫᠧᠩ᠂ ᠥᠪᠡᠷᠲᠡᠭᠡᠨ ᠵᠠᠰᠠᠬᠤ | ᠣᠷᠣᠨ ᠤ ᠤᠳᠤᠷᠢᠳᠤᠯᠭ᠎ᠠ ᠱᠢ ᠭᠤᠸᠠᠩ ᠬᠤᠶ᠂ ᠪᠦᠦ ᠭᠠᠩ᠂ ᠮᠧᠩ ᠰᠢᠶᠠᠨ ᠳ᠋ᠦᠩ᠂ ᠢᠦᠢ ᠯᠢ ᠰᠢᠨ᠂ ᠲᠠᠶᠢᠴᠢᠨ | ᠂ ᠵᠠᠩ ᠪᠠᠢ ᠴᠧᠩ ᠪᠣᠯᠣᠨ ᠬᠤᠯᠪᠣᠭᠳᠠᠯ ᠪᠦᠬᠦᠢ ᠠᠶᠢᠮᠠᠭ ᠬᠤᠲᠠ᠂ ᠰᠠᠯᠠᠭ᠎ᠠ ᠮᠥᠴᠢᠷ ᠨᠢᠭᠡᠴᠢ ᠶᠢᠨ ᠭᠤᠣᠯ | ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠢ᠃ |