( ᠬᠤᠶᠠᠷ ) ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠲᠥᠷᠥᠯ ᠤᠨ | ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠲᠠᠯᠠᠪᠤᠷ ᠃ᠰᠢᠨ᠎ᠡ ᠶᠢ ᠡᠭᠦᠳᠬᠦ ᠲᠠᠪᠴᠠᠩ ᠤᠨ ᠲᠥᠷᠥᠯ ᠤᠨ ᠰᠢᠨᠵᠢᠯᠡᠬᠦ | ᠤᠬᠠᠭᠠᠨ ᠲᠦᠭᠡᠮᠡᠯᠵᠢᠭᠦᠯᠬᠦ ᠲᠠᠯᠠᠪᠤᠷ ᠭᠡᠳᠡᠭ ᠨᠢ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ | ᠳᠡᠭᠡᠳᠦ ᠰᠤᠷᠭᠠᠭᠤᠯᠢ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠠᠵᠤ ᠦᠶᠯᠡᠰ ᠤᠨ ᠬᠦᠷᠢᠶᠡᠯᠡᠩ ᠲᠣᠭᠤᠷᠢᠭ᠂ | ᠠᠵᠤ ᠠᠬᠤᠶᠢᠯᠠᠯ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠣᠲᠣᠭᠠᠳᠤ ᠳᠠᠭᠠᠨ ᠰᠢᠨᠵᠢᠯᠡᠬᠦ ᠤᠬᠠᠭᠠᠨ | ᠲᠦᠭᠡᠮᠡᠯᠵᠢᠭᠦᠯᠬᠦ ᠴᠢᠳᠠᠮᠵᠢ ᠲᠠᠢ ᠪᠥᠭᠡᠳ ᠣᠯᠠᠨ ᠨᠡᠶᠢᠲᠡ ᠳᠤ ᠨᠡᠭᠡᠭᠡᠬᠦ ᠨᠥᠬᠦᠴᠡᠯ ᠲᠠᠢ ᠭᠤᠤᠯᠳᠠᠯᠭ᠎ᠠ ᠲᠠᠢ | ᠲᠤᠷᠰᠢᠯᠲᠠ ᠶᠢᠨ ᠲᠠᠰᠤᠭ᠂ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠰᠢᠨᠵᠢᠯᠡᠬᠦ ᠤᠬᠠᠭᠠᠨ ᠤ ᠲᠥᠪ᠂ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠥᠪ᠂ ᠢᠨᠵᠧᠨᠧᠷᠢᠩ ᠤᠨ ᠰᠤᠳᠤᠯᠭᠠᠨ ᠤ | ᠲᠥᠪ᠂ ᠲᠤᠭ᠎ᠠ ᠪᠠᠷᠢᠮᠲᠠ ᠶᠢᠨ ᠲᠥᠪ᠂ ᠦᠶᠯᠡᠳᠬᠦ ᠦᠶᠯᠡᠰ ᠤᠨ ᠰᠢᠨ᠎ᠡ ᠶᠢ ᠡᠭᠦᠳᠬᠦ ᠲᠥᠪ᠂ ᠬᠡᠭᠡᠷ᠎ᠡ ᠭᠠᠳᠠᠨ᠎ᠠ | ᠰᠢᠨᠵᠢᠯᠡᠬᠦ ᠤᠬᠠᠭᠠᠨ ᠤ ᠠᠵᠢᠭᠯᠠᠯᠲᠠ ᠰᠤᠳᠤᠯᠭᠠᠨ ᠤ ᠥᠷᠲᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ | ᠠᠬᠤᠶᠢᠯᠠᠯ ᠤᠨ ᠨᠡᠪᠴᠢᠭᠦᠯᠦᠭᠦᠷ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ | ᠵᠢᠭᠠᠵᠤ ᠪᠣᠶ ᠃ | ᠮᠡᠳᠡᠭᠦᠯᠬᠦ ᠲᠠᠪᠴᠠᠩ ᠤᠨ ᠲᠥᠷᠥᠯ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠨᠢ ᠳᠣᠤᠷᠠᠬᠢ ᠲᠥᠷᠥᠯ ᠬᠤᠪᠢᠶᠠᠬᠤ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄ ᠃ | 1. ᠲᠠᠯᠠᠪᠠᠶ ᠶᠢ 500 ᠲᠡᠭᠰᠢ ᠳᠥᠷᠪᠡᠯᠵᠢᠨ ᠮᠧᠲᠷ ᠠᠴᠠ ᠳᠤᠲᠠᠭᠤ ᠦᠭᠡᠶ ᠪᠠᠶᠢᠯᠭᠠᠵᠤ᠂ ᠵᠢᠯ ᠪᠦᠷᠢ | ᠨᠡᠶᠢᠲᠡ ᠣᠯᠠᠨ ᠳᠤ 100 ᠡᠳᠦᠷ ᠠᠴᠠ ᠳᠤᠲᠠᠭᠤ ᠦᠭᠡᠶ ᠴᠢᠯᠥᠭᠡᠲᠡᠶ ᠲᠠᠯᠪᠢᠬᠤ ᠬᠡᠷᠡᠭᠲᠡᠶ︔ ᠲᠠᠪᠴᠠᠩ ᠳᠤ | ᠵᠣᠬᠢᠴᠠᠩᠭᠤᠶ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠲᠠᠯᠠᠪᠤᠷ ( ᠦᠵᠡᠭᠦᠯᠦᠯᠭᠡ ᠶᠢᠨ ᠲᠢᠩᠬᠢᠮ ) ᠪᠣᠯᠤᠨ | ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠢ ᠲᠤᠯᠭᠠᠭᠤᠷᠢᠯᠠᠬᠤ ᠣᠯᠠᠨ ᠨᠡᠶᠢᠲᠡ ᠶᠢᠨ ᠦᠶᠯᠡᠴᠢᠯᠡᠭᠡ᠂ | ᠲᠤᠬᠠᠶᠢᠯᠠᠭᠰᠠᠨ ᠠᠵᠢᠯ ᠤᠨ ᠰᠤᠳᠤᠯᠤᠯ᠂ ᠬᠠᠮᠢᠶᠠᠷᠤᠯᠲᠠ ᠶᠢᠨ ᠪᠠᠲᠤᠯᠠᠭ᠎ᠠ ᠵᠡᠷᠭᠡ ᠳᠤ ᠬᠡᠷᠡᠭᠯᠡᠬᠦ ᠬᠡᠷ ᠪᠠᠶᠢᠰᠢᠩ | ᠵᠢᠴᠢ ᠲᠥᠬᠦᠭᠡᠷᠦᠮᠵᠢ ᠲᠠᠢ ᠪᠠᠶᠢᠬᠤ ᠬᠡᠷᠡᠭᠲᠡᠶ︔ | 2. ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠳᠡᠯᠭᠡᠨ ᠦᠵᠡᠭᠦᠯᠦᠯᠭᠡ ᠶᠢ ᠲᠣᠭᠲᠠᠮᠠᠯ ᠬᠤᠭᠤᠴᠠᠭ᠎ᠠ ᠲᠠᠢ ᠪᠠᠷ | ᠡᠷᠬᠢᠯᠡᠨ᠂ ᠵᠢᠯ ᠪᠦᠷᠢ 10 ᠤᠳᠠᠭ᠎ᠠ ᠠᠴᠠ ᠳᠤᠲᠠᠭᠤ ᠦᠭᠡᠶ ᠪᠠᠶᠢᠯᠭᠠᠵᠤ᠂ ᠳᠡᠯᠭᠡᠨ ᠦᠵᠡᠭᠦᠯᠦᠯᠭᠡ ᠳᠤ ᠣᠷᠣᠨ | ᠪᠦᠰᠡ᠂ ᠠᠵᠢᠯ ᠲᠥᠷᠥᠯ ᠪᠤᠶᠤ ᠲᠤᠰᠬᠠᠶ ᠰᠡᠳᠦᠪᠲᠦ ᠣᠨᠴᠠᠯᠢᠭ ᠢ ᠲᠣᠪᠣᠶᠢᠯᠭᠠᠨ᠂ ᠳᠡᠯᠭᠡᠨ ᠦᠵᠡᠭᠦᠯᠬᠦ | ᠪᠦᠲᠦᠭᠡᠭᠳᠡᠬᠦᠨ᠂ ᠳᠡᠯᠭᠡᠨ ᠦᠵᠡᠭᠦᠯᠬᠦ ᠰᠠᠮᠪᠠᠷ᠎ᠠ ᠵᠡᠷᠭᠡ ᠬᠡᠯᠪᠡᠷᠢ ᠮᠠᠶ ᠢᠭ ᠨᠢ ᠣᠯᠠᠨ ᠶᠠᠩᠵᠤ ᠶᠢᠨ ᠵᠢᠴᠢ ᠣᠯᠠᠨ | ᠵᠠᠭᠤᠴᠢᠲᠤ᠂ ᠲᠣᠭᠠᠵᠢᠭᠤᠯᠬᠤ᠂ ᠬᠠᠷᠢᠯᠴᠠᠨ ᠬᠥᠳᠡᠯᠦᠯᠴᠡᠬᠦ ᠲᠥᠷᠥᠯ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ | ᠪᠡᠯᠡᠳᠬᠡᠮᠵᠢ ᠲᠥᠬᠦᠭᠡᠷᠦᠮᠵᠢ ᠶᠢ ᠲᠣᠪᠣᠶᠢᠯᠭᠠᠨ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠭᠤᠯᠭ᠎ᠠ ᠶᠢ ᠴᠠᠭ | ᠲᠤᠬᠠᠶ ᠳᠤᠨᠢ ᠰᠢᠨᠡᠳᠬᠡᠨ ᠥᠷᠭᠡᠳᠬᠡᠬᠦ ᠬᠡᠷᠡᠭᠲᠡᠶ︔ | 3. ᠲᠠᠪᠴᠠᠩ ᠯᠤᠭ᠎ᠠ ᠲᠣᠬᠢᠷᠠᠯᠴᠠᠭᠰᠠᠨ ᠲᠤᠰᠬᠠᠶ᠂ ᠲᠤᠰᠢᠶᠠᠯ ᠬᠠᠪᠰᠤᠷᠭᠠᠭᠰᠠᠨ ᠰᠢᠨᠵᠢᠯᠡᠬᠦ ᠤᠬᠠᠭᠠᠨ | ᠲᠦᠭᠡᠮᠡᠯᠵᠢᠭᠦᠯᠬᠦ ᠲᠠᠶᠢᠯᠪᠤᠷᠢᠯᠠᠭᠴᠢ ᠪᠤᠶᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠤᠬᠠᠭᠤᠯᠤᠭᠴᠢ ᠶᠢ 2 ᠠᠴᠠ | ᠳᠤᠲᠠᠭᠤ ᠦᠭᠡᠶ ᠪᠠᠶᠢᠯᠭᠠᠬᠤ ᠬᠡᠷᠡᠭᠲᠡᠶ︔ | 4. ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠶᠢ ᠤᠬᠠᠭᠠᠯᠠᠨ ᠰᠡᠳᠦᠬᠦ᠂ ᠵᠣᠬᠢᠶᠠᠨ | ᠪᠠᠶᠢᠭᠤᠯᠵᠤ ᠬᠡᠷᠡᠭᠵᠢᠭᠦᠯᠬᠦ ᠴᠢᠳᠠᠪᠤᠷᠢ ᠪᠠ ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠲᠠᠢ ᠪᠠᠶᠢᠬᠤ︔ | 5. ᠵᠣᠬᠢᠬᠤ ᠬᠡᠮᠵᠢᠶᠡᠨ ᠤ ᠵᠠᠷᠤᠳᠠᠯ ᠤᠨ ᠣᠷᠣᠭᠤᠯᠤᠯᠲᠠ ᠪᠠ ᠨᠥᠬᠦᠴᠡᠯ ᠤᠨ ᠪᠠᠲᠤᠯᠠᠭ᠎ᠠ ᠶᠢᠨ ᠴᠢᠳᠠᠪᠤᠷᠢ | ᠲᠠᠢ ᠪᠠᠶᠢᠬᠤ ᠃ | ( ᠭᠤᠷᠪᠠ ) ᠲᠠᠯᠠᠪᠠᠶ ᠣᠷᠳᠣᠨ ᠤ ᠪᠤᠰᠤ ᠲᠥᠷᠥᠯ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ | ᠦᠵᠡᠭᠦᠯᠬᠦ ᠰᠠᠭᠤᠷᠢᠨ ᠭᠠᠵᠠᠷ | ᠲᠠᠯᠠᠪᠠᠶ ᠣᠷᠳᠣᠨ ᠤ ᠪᠤᠰᠤ ᠲᠥᠷᠥᠯ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠭᠡᠳᠡᠭ ᠨᠢ ᠡᠯ᠎ᠡ ᠲᠥᠷᠥᠯ ᠤᠨ ᠣᠨᠴᠠᠯᠢᠭᠲᠤ ᠡᠬᠢ ᠪᠠᠶᠠᠯᠢᠭ ᠲᠤ ᠲᠦᠰᠢᠭᠯᠡᠨ ᠪᠠᠶᠢᠭᠤᠯᠤᠭᠰᠠᠨ | ᠪᠥᠭᠡᠳ ᠢᠯᠡᠳᠲᠡ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠬᠤᠨ ᠪᠠ ᠰᠢᠨᠵᠢᠯᠡᠬᠦ ᠤᠬᠠᠭᠠᠨ | ᠲᠦᠭᠡᠮᠡᠯᠵᠢᠭᠦᠯᠬᠦ ᠴᠢᠳᠠᠮᠵᠢ ᠲᠠᠢ ᠤᠯᠤᠰ ᠤᠨ ᠴᠡᠴᠡᠷᠯᠢᠭ᠂ ᠠᠮᠢᠲᠠᠨ ᠤ ᠬᠦᠷᠢᠶᠡᠯᠡᠩ᠂ ᠤᠷᠭᠤᠮᠠᠯ ᠤᠨ ᠬᠦᠷᠢᠶᠡᠯᠡᠩ | ᠂ ᠭᠠᠵᠠᠷ ᠰᠢᠨᠵᠢᠯᠡᠭᠡᠨ ᠤ ᠴᠡᠴᠡᠷᠯᠢᠭ᠂ ᠠᠭᠤᠷᠬᠠᠶ ᠶᠢᠨ ᠴᠡᠴᠡᠷᠯᠢᠭ᠂ ᠭᠠᠵᠠᠷ ᠰᠢᠨᠵᠢᠯᠡᠭᠡᠨ ᠤ ᠦᠯᠡᠳᠡᠭᠳᠡᠯ᠂ | ᠪᠠᠶᠢᠭᠠᠯᠢ ᠶᠢᠨ ᠥᠪ ᠬᠥᠷᠥᠩᠭᠡ᠂ ᠰᠣᠶᠣᠯ ᠤᠨ ᠬᠠᠮᠠᠭᠠᠯᠠᠯᠲᠠ ᠶᠢᠨ ᠭᠠᠵᠠᠷ᠂ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠵᠡᠷᠭᠡ ᠶᠢ ᠵᠢᠭᠠᠵᠤ ᠪᠤᠶ ᠃ | ᠲᠠᠯᠠᠪᠠᠶ ᠣᠷᠳᠣᠨ ᠤ ᠪᠤᠰᠤ ᠲᠥᠷᠥᠯ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢ ᠮᠡᠳᠡᠭᠦᠯᠬᠦ ᠳᠤ ᠳᠣᠣᠷᠠᠬᠢ ᠲᠥᠷᠥᠯ ᠬᠤᠪᠢᠶᠠᠬᠤ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ | 1. 《 ᠪᠥᠬᠦ ᠤᠯᠤᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠤᠨ ᠵᠡᠷᠭᠡ ᠳᠡᠰ ᠤᠨ | ᠬᠤᠪᠢᠶᠠᠷᠢᠯᠠᠯ ᠬᠢᠭᠡᠳ ᠦᠨᠡᠯᠡᠨ ᠲᠣᠭᠲᠠᠭᠠᠬᠤ ᠪᠠᠷᠢᠮᠵᠢᠶ᠎ᠠ 》 ᠶᠢᠨ 4 A ᠲᠠᠰ ᠠᠴᠠ ᠳᠡᠭᠡᠭᠰᠢᠬᠢ ᠵᠢᠭᠤᠯᠴᠢᠯᠠᠯ | ᠤᠨ ᠦᠵᠡᠮᠵᠢ ᠶᠢᠨ ᠣᠷᠣᠨ ( ᠴᠡᠭ ) ᠪᠤᠶᠤ ᠵᠣᠬᠢᠴᠠᠩᠭᠤᠶ ᠬᠢᠷᠢ ᠬᠡᠮ ᠤᠨ ᠮᠠᠭᠠᠳᠯᠠᠨ ᠲᠣᠭᠲᠠᠭᠠᠯᠲᠠ ᠶᠢ | ᠣᠯᠤᠭᠰᠠᠨ ᠪᠠᠶᠢᠬᠤ︔ | 2.. ᠭᠡᠷ ᠳᠣᠲᠣᠷᠠᠬᠢ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠦᠵᠡᠭᠦᠯᠦᠯᠭᠡ ᠶᠢᠨ ᠣᠷᠳᠣᠨ ᠢ ᠪᠠᠶᠢᠭᠤᠯᠵᠤ᠂ | ᠦᠵᠡᠭᠦᠯᠦᠯᠭᠡ ᠶᠢᠨ ᠲᠠᠯᠠᠪᠠᠶ ᠶᠢ 1000 ᠲᠡᠭᠰᠢ ᠳᠥᠷᠪᠡᠯᠵᠢᠨ ᠮᠧᠲ ᠷ᠊ ᠠᠴᠠ ᠳᠣᠣᠷ᠎ᠠ ᠦᠭᠡᠶ ᠪᠠᠶᠢᠯᠭᠠᠵᠤ᠂ | 100 ᠬᠥᠮᠦᠨ ᠠᠴᠠ ᠳᠡᠭᠡᠭᠰᠢ ᠣᠷᠣᠭᠤᠯᠵᠤ ᠪᠣᠯᠬᠤ ᠣᠯᠠᠨ ᠴᠢᠳᠠᠮᠵᠢᠲᠤ ᠮᠡᠳᠡᠭᠦᠯᠦᠯᠲᠡ ᠶᠢᠨ ᠲᠢᠩᠬᠢᠮ ᠲᠠᠢ | ᠪᠠᠶᠢᠯᠭᠠᠬᠤ ᠬᠡᠷᠡᠭᠲᠡᠶ︔ | 3. ᠪᠠᠶᠢᠭᠠᠯᠢ ᠶᠢᠨ ᠬᠠᠮᠠᠭᠠᠯᠠᠯᠲᠠ ᠶᠢᠨ ᠭᠤᠤᠯ ᠰᠡᠳᠦᠪ ᠢ ᠥᠷᠥᠭᠡᠨ ᠭᠠᠳᠠᠨ᠎ᠠ ᠳᠡᠯᠭᠡᠨ ᠦᠵᠡᠭᠦᠯᠬᠦ᠂ | ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠮᠡᠳᠡᠯᠭᠡ ᠶᠢᠨ ᠠᠭᠤᠯᠭ᠎ᠠ ᠶᠢ ᠤᠯᠠᠮᠵᠢᠯᠠᠬᠤ ᠨᠢ ᠣᠨᠣᠪᠴᠢᠲᠠᠶ᠂ | ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠮᠡᠳᠡᠭᠡ ᠵᠠᠩᠭᠢ ᠶᠢᠨ ᠪᠠᠭᠲᠠᠭᠠᠮᠵᠢ ᠪᠠᠷ ᠶᠡᠭᠡ᠂ | ᠰᠢᠨᠵᠢᠯᠡᠬᠦ ᠤᠬᠠᠭᠠᠨ ᠮᠡᠷᠭᠡᠵᠢᠯ ᠤᠨ ᠡᠯᠧᠮᠧᠨ᠋ᠲ ᠢ ᠭᠦᠶᠴᠡᠳ ᠢᠯᠡᠷᠡᠭᠦᠯᠦᠭᠰᠡᠨ᠂ ᠵᠢᠭᠤᠯᠴᠢᠯᠠᠯ ᠤᠨ ᠲᠣᠭᠤᠷᠢᠨ | ᠦᠵᠡᠬᠦ ᠵᠠᠮ ᠱᠤᠭᠤᠮ ᠲᠠᠢ ᠵᠣᠬᠢᠴᠠᠯᠳᠤᠭᠰᠠᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠭᠤᠯᠴᠢᠯᠠᠯ | ᠤᠨ ᠬᠥᠲᠥᠴᠢ᠂ ᠬᠥᠲᠥᠯᠥᠨ ᠬᠠᠷᠠᠬᠤ ᠰᠢᠰᠲ᠋ᠧᠮ ᠢ ᠪᠦᠷᠢᠳᠦᠭᠦᠯᠦᠭᠰᠡᠨ᠂ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠪᠦᠷᠢᠨ ᠪᠦᠲᠦᠨ ᠲᠠᠶᠢᠯᠪᠤᠷᠢᠯᠠᠯᠲᠠ ᠶᠢᠨ ᠦᠭᠡ᠂ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠢᠯᠡᠳᠬᠡᠮᠵᠢ ᠵᠡᠷᠭᠡ ᠶᠢ ᠪᠠᠭᠲᠠᠭᠠᠭᠰᠠᠨ ᠳᠥᠭᠦᠮ ᠣᠶᠢᠯᠠᠭᠠᠮᠵᠢᠲᠠᠶ ᠰᠢᠨᠵᠢᠯᠡᠬᠦ ᠤᠬᠠᠭᠠᠨ ᠮᠡᠷᠭᠡᠵᠢᠯ | ᠢ ᠲᠦᠭᠡᠮᠡᠯᠵᠢᠭᠦᠯᠬᠦ ᠲᠠᠶᠢᠯᠪᠤᠷᠢᠯᠠᠯᠲᠠ ᠶᠢᠨ ᠰᠢᠰᠲ᠋ᠧᠮ ᠢ ᠲᠣᠬᠢᠷᠠᠭᠤᠯᠤᠭᠰᠠᠨ︔ | 4. ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠲᠤᠰᠬᠠᠶ ᠪᠠ ᠲᠤᠰᠢᠶᠠᠯ ᠬᠠᠪᠰᠤᠷᠭᠠᠭᠰᠠᠨ ᠲᠠᠶᠢᠯᠪᠤᠷᠢᠯᠠᠭᠴᠢ ᠶᠢ | 3 ᠠᠴᠠ ᠳᠡᠭᠡᠭᠰᠢ ᠲᠣᠬᠢᠷᠠᠭᠤᠯᠤᠨ᠎ᠠ︔ | 5. ᠵᠢᠯ ᠲᠤᠷᠰᠢ ᠣᠯᠠᠨ ᠨᠡᠶᠢᠲᠡ ᠳᠤ ᠴᠢᠯᠥᠭᠡᠲᠡᠶ ᠨᠡᠭᠡᠭᠡᠵᠦ᠂ ᠵᠢᠯ ᠪᠦᠷᠢ ᠣᠯᠠᠨ ᠨᠡᠶᠢᠲᠡ ᠶᠢ 10 ᠲᠦᠮᠡᠨ | ᠬᠥᠮᠦᠨ ᠤᠳᠠᠭ᠎ᠠ ᠠᠴᠠ ᠳᠤᠲᠠᠭᠤ ᠪᠠᠶᠢᠯᠭᠠᠵᠤ ᠪᠣᠯᠬᠤ ᠥᠬᠡᠶ︔ | 6. ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ | ᠪᠠᠷ ᠥᠷᠨᠢᠭᠦᠯᠵᠦ᠂ ᠵᠠᠯᠠᠭᠤᠴᠤᠳ ᠪᠠᠭᠠᠴᠤᠳ ᠲᠤ ᠬᠠᠨᠳᠤᠭᠤᠯᠤᠨ ᠣᠷᠴᠢᠨ ᠲᠣᠭᠤᠷᠢᠨ ᠤ ᠬᠥᠮᠦᠵᠢᠯ᠂ ᠪᠠᠶᠢᠭᠠᠯᠢ | ᠶᠢᠨ ᠣᠶᠢᠯᠠᠭᠠᠯᠲᠠ ᠵᠡᠷᠭᠡ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠦᠨ᠎ᠡ ᠃ | ( ᠳᠥᠷᠪᠡ ) ᠠᠵᠤ ᠦᠶᠯᠡᠰ ᠤᠨ ᠲᠥᠷᠥᠯ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ | ᠰᠠᠭᠤᠷᠢᠨ ᠭᠠᠵᠠᠷ | ᠠᠵᠤ ᠦᠶᠯᠡᠰ ᠤᠨ ᠲᠥᠷᠥᠯ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠭᠡᠳᠡᠭ ᠨᠢ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠶᠯᠡᠳᠪᠦᠷᠢ᠂ ᠣᠲᠣ ᠦᠶ᠎ᠡ ᠶᠢᠨ ᠲᠣᠨᠤᠭ | ᠲᠥᠬᠦᠭᠡᠷᠦᠮᠵᠢ ᠦᠶᠯᠡᠳᠬᠦ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ ᠤᠨ ᠡᠮ ᠡᠮᠨᠡᠯᠭᠡ᠂ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠵᠢᠴᠢ ᠬᠤᠪᠣᠷ ᠰᠢᠷᠣᠶ᠂ ᠰᠢᠨ᠎ᠡ ᠡᠨᠧᠷᠭᠢ᠂ ᠰᠦ ᠶᠢᠨ ᠦᠶᠯᠡᠰ | ᠵᠡᠷᠭᠡ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠤ ᠦᠶᠯᠡᠰ ᠤᠨ ᠬᠦᠷᠢᠶ᠎ᠡ ᠪᠤᠶᠤ ᠠᠵᠢᠯ ᠲᠥᠷᠥᠯ | ᠳᠤ ᠲᠥᠯᠥᠭᠡᠯᠡᠬᠦ ᠴᠢᠨᠠᠷᠲᠠᠶ ᠮᠥᠷᠲᠡᠭᠡᠨ ᠪᠠᠰᠠ ᠣᠯᠠᠨ ᠨᠡᠶᠢᠲᠡ ᠳᠤ ᠬᠠᠨᠳᠤᠭᠤᠯᠤᠨ ᠰᠢᠨᠵᠢᠯᠡᠬᠦ ᠤᠬᠠᠭᠠᠨ | ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠬᠦ ᠴᠢᠳᠠᠪᠤᠷᠢ ᠲᠠᠢ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ | ᠲᠣᠭᠤᠷᠢᠭ᠂ ᠠᠵᠤ ᠦᠶᠯᠡᠰ ᠤᠨ ᠬᠦᠷᠢᠶᠡᠯᠡᠩ ᠲᠣᠭᠤᠷᠢᠭ᠂ ᠣᠲᠣ ᠦᠶ᠎ᠡ ᠶᠢᠨ ᠠᠵᠤ ᠦᠶᠯᠡᠰ ᠤᠨ ᠵᠢᠱᠢᠶ᠎ᠡ | ᠦᠵᠡᠭᠦᠯᠬᠦ ᠬᠦᠷᠢᠶᠡᠯᠡᠩ ᠵᠡᠷᠭᠡ ᠶᠢ ᠵᠢᠭᠠᠵᠤ ᠪᠣᠶ ᠃ | ᠠᠵᠤ ᠦᠢᠯᠡᠰ ᠤᠨ ᠲᠥᠷᠥᠯ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠢ ᠮᠡᠳᠡᠭᠦᠯᠬᠦ ᠳᠤ ᠳᠣᠣᠷᠠᠬᠢ ᠲᠥᠷᠥᠯ ᠬᠤᠪᠢᠶᠠᠬᠤ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ | 1. ᠲᠣᠭᠲᠠᠮᠠᠯ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠲᠠᠯᠠᠪᠤᠷ ( ᠦᠵᠡᠭᠦᠯᠦᠯᠭᠡ ᠶᠢᠨ ᠲᠢᠩᠬᠢᠮ ) ᠲᠠᠢ | ᠪᠠᠶᠢᠵᠤ᠂ ᠲᠠᠯᠠᠪᠠᠶ ᠶᠢ 500 ᠲᠡᠭᠰᠢ ᠳᠥᠷᠪᠡᠯᠵᠢᠨ ᠮᠧᠲᠷ ᠠᠴᠠ ᠳᠣᠣᠷ᠎ᠠ ᠪᠠᠶᠢᠯᠭᠠᠵᠤ ᠪᠣᠯᠬᠤ ᠦᠭᠡᠶ︔ | 2. ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ | ᠪᠠᠶᠢᠭᠤᠯᠤᠨ ᠥᠷᠨᠢᠭᠦᠯᠦᠨ᠎ᠡ ᠃ ᠳᠡᠯᠭᠡᠨ ᠦᠵᠡᠭᠦᠯᠵᠦ ᠪᠠᠶᠭ᠎ᠠ ᠮᠡᠷᠭᠡᠵᠢᠯ ᠪᠤᠶᠤ ᠭᠠᠷ ᠤᠷᠠᠯᠠᠯ ᠤᠨ ᠶᠠᠪᠤᠴᠠ ᠨᠢ | ᠠᠳᠠᠯᠢ ᠠᠵᠢᠯ ᠲᠥᠷᠥᠯ ᠳᠤ ᠲᠡᠷᠢᠭᠦᠯᠡᠬᠦ ᠪᠠᠶᠢᠷᠢᠨ ᠳᠤ ᠪᠠᠶᠬᠤ ᠪᠤᠶᠤ ᠬᠡᠪᠴᠢᠶᠡᠲᠦ ᠵᠢᠱᠢᠶ᠎ᠡ ᠦᠵᠡᠭᠦᠯᠬᠦ ᠴᠢᠨᠠᠷ ᠲᠠᠢ︔ | | 3. ᠠᠮᠤᠷ ᠲᠦᠪᠰᠢᠨ ᠲᠣᠭᠤᠷᠢᠨ ᠦᠵᠡᠬᠦ ᠵᠠᠮ ᠪᠠ ᠢᠵᠢ ᠪᠦᠷᠢᠳᠦᠭᠰᠡᠨ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠢᠯᠡᠳᠬᠡᠮᠵᠢ ᠲᠡᠮᠳᠡᠭ ᠲᠠᠢ᠂ ᠣᠨᠴᠠᠯᠢᠭ ᠢ ᠢᠯᠡᠷᠡᠭᠦᠯᠦᠭᠰᠡᠨ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠲᠠᠶᠢᠯᠪᠤᠷᠢᠯᠠᠯᠲᠠ ᠦᠭᠡ ᠲᠠᠢ ᠪᠠᠶᠢᠬᠤ︔ | 4. 2 ᠨᠡᠷᠡᠰ ᠠᠴᠠ ᠳᠡᠭᠡᠭᠰᠢ ᠲᠤᠰᠬᠠᠶ ᠪᠠ ᠲᠤᠰᠢᠶᠠᠯ ᠬᠠᠪᠰᠤᠷᠭᠠᠭᠰᠠᠨ ᠰᠢᠨᠵᠢᠯᠡᠬᠦ ᠤᠬᠠᠭᠠᠨ | ᠲᠦᠭᠡᠮᠡᠯᠵᠢᠭᠦᠯᠬᠦ ᠲᠠᠶᠢᠯᠪᠤᠷᠢᠯᠠᠭᠴᠢ ᠲᠣᠬᠢᠷᠠᠭᠤᠯᠬᠤ ᠬᠡᠷᠡᠭᠲᠡᠶ︔ | 5. ᠨᠡᠶᠢᠭᠡᠮ ᠨᠡᠶᠢᠲᠡ ᠳᠤ ᠬᠠᠨᠳᠤᠭᠤᠯᠤᠨ ᠨᠡᠭᠡᠭᠡᠯᠲᠡ ᠬᠢᠬᠦ ᠳᠤ 100 ᠡᠳᠦᠷ ᠠᠴᠠ ᠳᠤᠲᠠᠭᠤ ᠦᠭᠡᠶ | ᠪᠠᠶᠢᠯᠭᠠᠵᠤ᠂ ᠵᠢᠯ ᠪᠦᠷᠢ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠬᠦᠯᠢᠶᠡᠨ ᠠᠪᠤᠭᠴᠢᠳ ᠢ 5000 ᠬᠥᠮᠦᠨ | ᠤᠳᠠᠭ᠎ᠠ ᠠᠴᠠ ᠳᠤᠲᠠᠭᠤ ᠦᠭᠡᠶ ᠪᠠᠶᠢᠯᠭᠠᠬᠤ ᠬᠡᠷᠡᠭᠲᠡᠶ ᠃ | ( ᠲᠠᠪᠤ ) ᠵᠣᠬᠢᠶᠠᠨ ᠪᠦᠲᠦᠭᠡᠬᠦ ᠲᠥᠷᠥᠯ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ | ᠰᠠᠭᠤᠷᠢᠨ ᠭᠠᠵᠠᠷ | ᠢ ᠰᠤᠳᠤᠯᠤᠨ ᠨᠡᠭᠡᠭᠡᠨ᠎ᠡ ᠃ | ᠰᠤᠳᠤᠯᠤᠨ ᠨᠡᠭᠡᠭᠡᠵᠦ ᠵᠣᠬᠢᠶᠠᠨ ᠪᠦᠲᠦᠭᠡᠬᠦ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠭᠡᠳᠡᠭ ᠨᠢ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠲᠥᠬᠦᠭᠡᠷᠦᠮᠵᠢ᠂ ᠦᠵᠡᠭᠦᠯᠦᠯᠭᠡ ᠶᠢᠨ ᠡᠳ᠋᠂ ᠵᠢᠭᠠᠨ ᠰᠤᠷᠭᠠᠯᠲᠠ ᠶᠢᠨ ᠪᠠᠭᠠᠵᠢ ᠶᠢᠨ ᠰᠢᠨᠵᠢᠯᠡᠬᠦ | ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠦᠶᠯᠡᠳᠬᠦᠨ ᠢ ᠰᠤᠳᠤᠯᠤᠨ ᠨᠡᠭᠡᠭᠡᠵᠦ ᠬᠥᠭᠵᠢᠭᠦᠯᠬᠦ ᠪᠤᠶᠤ ᠰᠢᠨᠵᠢᠯᠡᠬᠦ | ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠪᠦᠲᠦᠭᠡᠯ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠪᠦᠲᠦᠭᠡᠯ ᠢ | ᠪᠦᠲᠦᠭᠡᠯᠴᠢ ᠪᠠᠷ ᠦᠶᠯᠡᠳᠬᠦ ᠵᠡᠷᠭᠡ ᠶᠢ ᠵᠢᠭᠠᠵᠤ ᠪᠠᠶᠢᠨ᠎ᠠ ᠃ | ᠰᠤᠳᠤᠯᠤᠨ ᠨᠡᠭᠡᠭᠡᠵᠦ ᠵᠣᠬᠢᠶᠠᠨ ᠪᠦᠲᠦᠭᠡᠬᠦ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠭᠤᠶᠤᠴᠢᠯᠠᠨ ᠮᠡᠳᠡᠭᠦᠯᠬᠦ ᠳᠤ ᠳᠣᠤᠷᠠᠬᠢ ᠲᠥᠷᠥᠯ | ᠬᠤᠪᠢᠶᠠᠬᠤ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ | 1. ᠲᠣᠭᠲᠠᠮᠠᠯ ᠲᠠᠯᠠᠪᠤᠷ ᠭᠠᠵᠠᠷ᠂ ᠬᠡᠮᠵᠢᠭᠦᠷᠯᠢᠭ ᠲᠥᠬᠦᠭᠡᠷᠦᠮᠵᠢ ᠵᠢᠴᠢ ᠪᠤᠰᠤᠳ ᠴᠢᠬᠤᠯᠠ ᠪᠦᠬᠦᠢ | ᠰᠤᠳᠤᠯᠤᠨ ᠨᠡᠭᠡᠭᠡᠬᠦ ᠨᠥᠬᠦᠴᠡᠯ ᠲᠠᠢ ᠪᠠᠶᠢᠬᠤ︔ | 2. ᠰᠤᠳᠤᠯᠤᠨ ᠨᠡᠭᠡᠭᠡᠬᠦ ᠲᠣᠳᠣᠷᠬᠠᠢ ᠴᠢᠭᠯᠡᠯ ᠪᠠ ᠣᠨ ᠤ ᠰᠤᠳᠤᠯᠤᠨ ᠨᠡᠭᠡᠭᠡᠬᠦ ᠲᠥᠯᠥᠪᠯᠡᠭᠡ ᠲᠠᠢ ᠪᠠᠶᠢᠬᠤ︔ | | 3. ᠰᠤᠳᠤᠯᠤᠨ ᠨᠡᠭᠡᠭᠡᠬᠦ ᠠᠵᠢᠯᠲᠠᠨ ᠢ 5 ᠨᠡᠷᠡᠰ ᠠᠴᠠ ᠳᠤᠲᠠᠭᠤ ᠦᠭᠡᠶ ᠪᠠᠶᠢᠯᠭᠠᠬᠤ ᠬᠡᠷᠡᠭᠲᠡᠶ︔ | 4. ᠵᠢᠯ ᠪᠦᠷᠢ ᠶᠢᠨ ᠣᠷᠣᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠦᠢᠯᠡᠳᠬᠦᠨ ᠤ | ᠰᠤᠳᠤᠯᠤᠨ ᠨᠡᠭᠡᠭᠡᠬᠦ ᠵᠠᠷᠤᠳᠠᠯ ᠢ ᠲᠤᠰ ᠨᠢᠭᠡᠴᠢ ᠶᠢᠨ ᠰᠤᠳᠤᠯᠤᠨ ᠨᠡᠭᠡᠭᠡᠬᠦ ᠵᠠᠷᠤᠳᠠᠯ ᠤᠨ 10 % ᠠᠴᠠ ᠳᠣᠣᠷ᠎ᠠ | ᠪᠠᠶᠢᠯᠭᠠᠵᠤ ᠪᠣᠯᠬᠤ ᠦᠭᠡᠢ︔ | 5. ᠵᠢᠯ ᠪᠦᠷᠢ ᠶᠢᠨ ᠰᠤᠳᠤᠯᠤᠨ ᠨᠡᠭᠡᠭᠡᠭᠰᠡᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠲᠥᠬᠦᠭᠡᠷᠦᠮᠵᠢ᠂ | ᠳᠡᠯᠭᠡᠨ ᠦᠵᠡᠭᠦᠯᠬᠦ ᠵᠦᠢᠯ᠂ ᠵᠢᠭᠠᠨ ᠰᠤᠷᠭᠠᠬᠤ ᠪᠠᠭᠠᠵᠢ ᠵᠡᠷᠭᠡ ᠰᠢᠨᠵᠢᠯᠡᠬᠦ ᠤᠬᠠᠭᠠᠨ ᠲᠦᠭᠡᠮᠡᠯᠵᠢᠭᠦᠯᠬᠦ | ᠦᠢᠯᠡᠳᠬᠦᠨ ᠢ 3 ᠠᠴᠠ ᠳᠤᠲᠠᠭᠤ ᠦᠭᠡᠶ ᠪᠠᠶᠢᠯᠭᠠᠬᠤ ᠶᠢᠨ ᠬᠠᠮᠲᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ | ᠠᠵᠢᠯᠯᠠᠭ᠎ᠠ ᠥᠷᠨᠢᠭᠦᠯᠬᠦ ᠳᠤ ᠪᠣᠳᠠᠲᠠᠶ ᠬᠡᠷᠡᠭᠯᠡᠬᠦ ᠬᠡᠷᠡᠭᠲᠡᠶ ᠃ | ( ᠵᠢᠷᠭᠤᠭ᠎ᠠ ) ᠰᠢᠨᠵᠢᠯᠡᠬᠦ ᠤᠬᠠᠭᠠᠨ ᠮᠡᠷᠭᠡᠵᠢᠯ ᠤᠨ ᠤᠯᠠᠮᠵᠢᠯᠠᠬᠤ ᠲᠥᠷᠥᠯ ᠤᠨ ᠰᠢᠨᠵᠢᠯᠡᠬᠦ ᠤᠬᠠᠭᠠᠨ | ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ | ᠰᠢᠨᠵᠢᠯᠡᠬᠦ ᠤᠬᠠᠭᠠᠨ ᠮᠡᠷᠭᠡᠵᠢᠯ ᠤᠨ ᠤᠯᠠᠮᠵᠢᠯᠠᠬᠤ ᠲᠥᠷᠥᠯ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠭᠡᠳᠡᠭ ᠨᠢ ᠣᠷᠣᠨ ᠪᠦᠰᠡ ᠶᠢᠨ ᠬᠠᠮᠤᠷᠬᠤ ᠴᠢᠳᠠᠪᠤᠷᠢ ᠪᠤᠶᠤ ᠥᠷᠭᠡᠨ | ᠳᠡᠯᠭᠡᠷ ᠨᠡᠶᠢᠭᠡᠮ ᠤᠨ ᠨᠥᠯᠥᠭᠡᠯᠡᠬᠦ ᠬᠦᠴᠦᠨ ᠲᠠᠢ ᠪᠠᠶᠢᠵᠤ᠂ ᠡᠯᠧᠺᠲᠷᠣᠨ ᠵᠠᠭᠤᠴᠢᠯᠠᠭᠤᠷ ( ᠬᠠᠷᠠᠭᠠᠨ ᠳᠠᠪᠲᠠᠮᠵᠢ᠂ | ᠰᠢᠭᠤᠳ ᠨᠡᠪᠲᠡᠷᠡᠭᠦᠯᠭᠡ᠂ ᠳᠠᠭᠤ ᠰᠢᠩᠭᠡᠭᠡᠯᠲᠡ᠂ ᠳᠦᠷᠰᠦ ᠰᠢᠩᠭᠡᠭᠡᠯᠲᠡ ᠵᠡᠷᠭᠡ )᠂ ᠬᠡᠪᠯᠡᠯ ᠤᠨ ᠵᠠᠭᠤᠴᠢᠯᠠᠭᠤᠷ ( | ᠰᠣᠨᠢᠨ᠂ ᠰᠡᠳᠬᠦᠯ᠂ ᠨᠣᠮ ᠪᠢᠴᠢᠭ ) ᠵᠡᠷᠭᠡ ᠪᠠᠷ ᠠᠴᠢᠶᠠᠯᠠᠪᠤᠷᠢ ᠪᠣᠯᠭᠠᠨ᠂ ᠷᠠᠳᠢᠣ᠋ ᠨᠡᠪᠲᠡᠷᠡᠭᠦᠯᠭᠡ᠂ ᠲᠧᠯᠸᠢᠰ᠂ | ᠰᠦᠯᠵᠢᠶ᠎ᠡ᠂ ᠰᠢᠨ᠎ᠡ ᠵᠠᠭᠤᠴᠢᠯᠠᠭᠤᠷ᠂ ᠰᠣᠨᠢᠨ ᠤ ᠬᠤᠷᠢᠶ᠎ᠠ᠂ ᠰᠡᠳᠬᠦᠯ ᠤᠨ ᠬᠤᠷᠢᠶ᠎ᠠ᠂ ᠬᠡᠪᠯᠡᠯ ᠤᠨ ᠬᠤᠷᠢᠶ᠎ᠠ | ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠨᠡᠶᠢᠲᠡ ᠳᠤ ᠬᠠᠨᠳᠤᠭᠤᠯᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ | ᠤᠬᠠᠭᠤᠯᠭ᠎ᠠ ᠶᠢᠨ ᠲᠠᠪᠴᠠᠩ ᠪᠤᠶᠤ ᠪᠠᠶᠢᠭᠤᠯᠤᠮᠵᠢ ᠶᠢ ᠵᠢᠭᠠᠵᠤ ᠪᠤᠶ ᠃ | ᠰᠢᠨᠵᠢᠯᠡᠬᠦ ᠤᠬᠠᠭᠠᠨ ᠮᠡᠷᠭᠡᠵᠢᠯ ᠤᠨ ᠳᠠᠮᠵᠢᠭᠤᠯᠭ᠎ᠠ ᠶᠢᠨ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠭᠤᠶᠤᠴᠢᠯᠠᠨ ᠮᠡᠳᠡᠭᠦᠯᠬᠦ ᠳᠤ ᠳᠣᠤᠷᠠᠬᠢ ᠲᠥᠷᠥᠯ | ᠬᠤᠪᠢᠶᠠᠬᠤ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ | 1. ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠥᠪᠰᠢᠶᠡᠷᠡᠭᠰᠡᠨ ᠵᠠᠭᠤᠴᠢᠯᠠᠭᠤᠷ ᠤᠨ ᠬᠢᠷᠢ ᠬᠡᠮ | ᠪᠤᠶᠤ ᠬᠠᠮᠢᠶ᠎ᠠ ᠪᠥᠬᠦᠶ ᠪᠠᠶᠢᠭᠤᠯᠤᠮᠵᠢ ᠶᠢᠨ ᠡᠵᠡᠩᠨᠡᠯᠲᠡ ᠶᠢᠨ ᠵᠥᠪᠰᠢᠶᠡᠷᠡᠯ ᠤᠨ ᠬᠢᠷᠢ ᠬᠡᠮ ᠢ ᠪᠦᠷᠢᠯᠳᠦᠭᠦᠯᠦᠭᠰᠡᠨ | ᠪᠠᠶᠢᠬᠤ︔ | 2. ᠵᠣᠬᠢᠬᠤ ᠰᠠᠭᠤᠷᠢ ᠲᠠᠢ᠂ ᠲᠣᠭᠲᠠᠮᠠᠯ ᠪᠤᠯᠤᠩ ᠪᠤᠶᠤ ᠬᠡᠪᠯᠡᠯ ᠤᠨ ᠨᠢᠭᠤᠷ ᠲᠠᠢ ᠪᠠᠶᠢᠵᠤ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠮᠡᠳᠡᠯᠭᠡ᠂ | ᠰᠢᠨᠵᠢᠯᠡᠬᠦ ᠤᠬᠠᠭᠠᠨ ᠮᠡᠷᠭᠡᠵᠢᠯ ᠤᠨ ᠰᠣᠨᠢᠨ ᠮᠡᠳᠡᠭᠡ᠂ ᠰᠢᠨ᠎ᠡ ᠶᠢ ᠡᠭᠦᠳᠬᠦ ᠰᠣᠶᠣᠯ᠂ ᠰᠢᠨᠵᠢᠯᠡᠬᠦ ᠤᠬᠠᠭᠠᠨ | ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠵᠡᠷᠭᠡ | ᠬᠠᠮᠢᠶ᠎ᠠ ᠪᠥᠬᠦᠶ ᠠᠭᠤᠯᠭ᠎ᠠ ᠳᠤ ᠤᠬᠠᠭᠤᠯᠭ᠎ᠠ ᠬᠢᠬᠦ ᠶᠢᠨ ᠬᠠᠮᠲᠤ᠂ ᠴᠠᠭ ᠲᠤᠬᠠᠶ ᠳᠤᠨᠢ ᠰᠢᠨᠡᠳᠬᠡᠬᠦ ᠬᠡᠷᠡᠭᠲᠡᠶ︔ | 3. ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠭᠤᠯᠭ᠎ᠠ ᠶᠢ ᠤᠬᠠᠭᠠᠯᠠᠨ ᠰᠡᠳᠦᠬᠦ᠂ ᠦᠢᠯᠡᠳᠬᠦ᠂ | ᠨᠠᠶᠢᠷᠠᠭᠤᠯᠬᠤ ᠵᠡᠷᠭᠡ ᠡᠭᠦᠷᠭᠡ ᠴᠢᠳᠠᠪᠤᠷᠢ ᠶᠢ ᠲᠤᠰᠬᠠᠶᠢᠯᠠᠨ ᠬᠢᠵᠦ ᠪᠠᠶᠢᠭ᠎ᠠ ᠰᠠᠯᠠᠭ᠎ᠠ ᠮᠥᠴᠢᠷ ᠪᠠ ᠰᠢᠨᠵᠢᠯᠡᠬᠦ | ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠲᠤᠰᠬᠠᠢ ᠪᠠ ᠲᠤᠰᠢᠶᠠᠯ ᠬᠠᠪᠰᠤᠷᠭᠠᠭᠰᠠᠨ 3 ᠨᠡᠷᠡᠰ ᠠᠵᠢᠯᠳᠠᠨ ᠲᠠᠢ | ᠪᠠᠶᠢᠬᠤ︔ | 4. ᠵᠢᠯ ᠪᠦᠷᠢ ᠠᠩᠬ᠎ᠠ ᠡᠭᠦᠳᠦᠭᠰᠡᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠷᠤᠭ ᠦᠰᠦᠭ ᠨᠢ 50 ᠠᠴᠠ | ᠳᠤᠲᠠᠭᠤ ᠦᠭᠡᠶ ᠪᠠᠶᠢᠬᠤ᠂ ᠡᠰᠡᠬᠦᠯ᠎ᠡ ᠠᠩᠬ᠎ᠠ ᠡᠭᠦᠳᠦᠭᠰᠡᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠨᠣᠮ ᠪᠢᠴᠢᠭ | ᠤᠨ ᠬᠡᠪᠯᠡᠯ ᠨᠢ 1 ᠳᠡᠪᠲᠡᠷ ᠠᠴᠠ ᠳᠤᠲᠠᠭᠤ ᠦᠭᠡᠶ ᠪᠠᠶᠢᠬᠤ᠂ ᠡᠰᠡᠬᠦᠯ᠎ᠡ ᠠᠩᠬ᠎ᠠ ᠡᠭᠦᠳᠦᠭᠰᠡᠨ ᠰᠢᠨᠵᠢᠯᠡᠬᠦ | ᠤᠬᠠᠭᠠᠨ ᠲᠦᠭᠡᠮᠡᠯᠵᠢᠭᠦᠯᠬᠦ ᠳᠠᠭᠤᠨ ᠳᠠᠪᠲᠠᠮᠵᠢ᠂ ᠬᠠᠷᠠᠭᠠᠨ ᠳᠠᠪᠲᠠᠮᠵᠢ᠂ ᠰᠢᠭᠤᠳ ᠨᠡᠪᠲᠡᠷᠡᠭᠦᠯᠭᠡ ᠨᠢ 50 ( | ᠤᠳᠠᠭ᠎ᠠ ) ᠠᠴᠠ ᠳᠤᠲᠠᠭᠤ ᠦᠭᠡᠶ ᠪᠠᠶᠢᠬᠤ︔ | 5. ᠠᠩᠬ᠎ᠠ ᠡᠭᠦᠳᠦᠭᠰᠡᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠭᠤᠯᠭ᠎ᠠ ᠶᠢ ᠭᠤᠤᠯ ᠲᠠᠪᠴᠠᠩ ᠳᠤ | ᠳᠠᠮᠵᠢᠭᠤᠯᠵᠤ᠂ ᠵᠢᠯ ᠪᠦᠷᠢ ᠬᠠᠮᠤᠷᠬᠤ ᠬᠥᠮᠦᠨ ᠤ ᠲᠤᠭ᠎ᠠ ᠶᠢ 30 ᠲᠦᠮᠡᠨ ᠬᠥᠮᠦᠨ ᠤᠳᠠᠭ᠎ᠠ ᠠᠴᠠ ᠳᠤᠲᠠᠭᠤ | ᠦᠭᠡᠶ ᠪᠠᠶᠢᠯᠭᠠᠨ᠎ᠠ ᠃ |