ᠭᠤᠷᠪᠠᠳᠤᠭᠠᠷ ᠪᠦᠯᠦᠭ ᠮᠡᠳᠡᠭᠦᠯᠬᠦ ᠪᠠ ᠦᠨᠡᠮᠰᠢᠬᠦ | ᠳᠣᠯᠣᠳᠤᠭᠠᠷ ᠵᠦᠶᠯ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠤᠨ ᠭᠤᠶᠤᠴᠢᠯᠠᠨ ᠮᠡᠳᠡᠭᠦᠯᠬᠦ ᠪᠠ ᠦᠨᠡᠮᠰᠢᠬᠦ ᠠᠵᠢᠯ ᠢ ᠬᠤᠶᠠᠷ ᠵᠢᠯ ᠳᠤ ᠨᠢᠭᠡ ᠤᠳᠠᠭ᠎ᠠ ᠶᠠᠪᠤᠭᠳᠠᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠃ | ( ᠨᠢᠭᠡ ) ᠮᠡᠳᠡᠭᠦᠯᠬᠦ ᠃ ᠡᠯ᠎ᠡ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠰᠠᠭ ᠵᠠᠬᠢᠷᠭᠠᠨ | ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠰᠢᠨᠵᠢᠯᠡᠬᠦ | ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠬᠢᠨᠠᠬᠤ ᠪᠠ ᠪᠠᠲᠤᠯᠠᠨ ᠲᠠᠨᠢᠯᠴᠠᠭᠤᠯᠬᠤ ᠠᠵᠢᠯ | ᠢ ᠬᠠᠷᠢᠭᠤᠴᠠᠬᠤ ᠬᠡᠷᠡᠭᠲᠡᠶ ᠃ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠶ᠎ᠠ ᠨᠢᠭᠡᠴᠡ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠨᠢᠭᠡᠴᠡ ᠨᠦᠭᠦᠳ ᠮᠡᠳᠡᠭᠦᠯᠬᠦ | ᠮᠠᠲ᠋ᠧᠷᠢᠶᠠᠯ ᠢᠶᠠᠨ ᠰᠢᠭᠤᠳ ᠮᠡᠳᠡᠭᠦᠯᠦᠨ ᠬᠦᠷᠭᠡᠵᠦ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ ᠲᠤ | ᠬᠦᠷᠦᠭᠦᠯᠬᠦ ᠬᠡᠷᠡᠭᠲᠡᠶ ᠃ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠢ ᠬᠠᠮᠲᠤᠷᠠᠨ ᠭᠤᠶᠤᠴᠢᠯᠠᠨ ᠮᠡᠳᠡᠭᠦᠯᠬᠦ ᠳᠤ ᠨᠢᠭᠡᠨ ᠭᠤᠤᠯ ᠲᠦᠰᠢᠭ ᠪᠣᠯᠬᠤ ᠨᠢᠭᠡᠴᠡ ᠶᠢ ᠵᠢᠭᠠᠨ | ᠲᠣᠭᠲᠠᠭᠠᠬᠤ ᠬᠡᠷᠡᠭᠲᠡᠶ ᠃ | ᠲᠣᠰ ᠠᠷᠭ᠎ᠠ ᠶᠢᠨ ᠭᠤᠶᠤᠴᠢᠯᠠᠨ ᠮᠡᠳᠡᠭᠦᠯᠬᠦ ᠬᠡᠪᠴᠢᠶ᠎ᠡ ᠪᠠ ᠨᠥᠬᠦᠴᠡᠯ ᠳᠤ ᠨᠡᠶᠢᠴᠡᠬᠦ ᠨᠢᠭᠡᠴᠡ ᠪᠦᠬᠦᠨ | ᠴᠥᠮ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠫᠤᠷᠲ᠋ᠧᠯ ᠰᠦᠯᠵᠢᠶ᠎ᠡ ᠪᠠᠷ ᠳᠡᠮᠵᠢᠨ 《 ᠥᠪᠥᠷ ᠮᠣᠩᠭᠤᠯ | ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢ ᠮᠠᠭᠠᠳᠯᠠᠨ ᠲᠣᠭᠲᠠᠭᠠᠬᠤ ᠭᠤᠶᠤᠴᠢᠯᠠᠯ ᠤᠨ ᠪᠢᠴᠢᠭ 》 ᠢ ᠪᠠᠭᠤᠯᠭᠠᠨ ᠠᠪᠴᠤ ᠲᠠᠭᠯᠠᠨ | ᠮᠡᠳᠡᠭᠦᠯᠵᠦ᠂ ᠬᠠᠮᠢᠶ᠎ᠠ ᠪᠥᠬᠦᠶ ᠭᠡᠷᠡᠴᠢᠯᠡᠯ ᠬᠢᠬᠦ ᠮᠠᠲ᠋ᠧᠷᠢᠶᠠᠯ ᠬᠠᠩᠭᠠᠬᠤ ᠶᠢᠨ ᠬᠠᠮᠲᠤ᠂ ᠲᠠᠭᠯᠠᠨ ᠮᠡᠳᠡᠭᠦᠯᠦᠭᠰᠡᠨ | ᠮᠡᠳᠡᠭᠡ ᠵᠠᠩᠭᠢ ᠪᠠ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠪᠠ ᠣᠨᠣᠪᠴᠢᠲᠤ ᠴᠢᠨᠠᠷ ᠢ ᠪᠠᠲᠤᠯᠠᠬᠤ ᠬᠡᠷᠡᠭᠲᠡᠶ ᠃ | ( ᠬᠤᠶᠠᠷ ) ᠬᠦᠯᠢᠶᠡᠨ ᠠᠪᠴᠤ ᠰᠢᠶᠳᠪᠦᠷᠢᠯᠡᠬᠦ ᠃ ᠮᠡᠳᠡᠭᠦᠯᠬᠦ ᠨᠢᠭᠡᠴᠡ ᠶᠢᠨ ᠮᠡᠳᠡᠭᠦᠯᠬᠦ ᠮᠠᠲ᠋ᠧᠷᠢᠶᠠᠯ ᠢ | ᠪᠠᠶᠢᠭ᠎ᠠ ᠠᠶᠢᠮᠠᠭ ᠬᠤᠲᠠ ᠶᠢᠨ ᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠪᠤᠶᠤ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ ᠢᠶᠠᠷ ᠱᠠᠲᠤ ᠳᠠᠷᠠᠭᠠᠯᠠᠨ ᠬᠢᠨᠠᠨ | ᠬᠠᠷᠭᠤᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠳᠤ ᠨᠢᠭᠡᠳᠦᠯᠲᠡᠶ | ᠮᠡᠳᠡᠭᠦᠯᠦᠨ ᠬᠦᠷᠭᠡᠨ᠎ᠡ ᠃ | ᠨᠠᠶᠮᠠᠳᠤᠭᠠᠷ ᠵᠦᠶᠯ ᠬᠢᠨᠠᠨ ᠲᠣᠭᠲᠠᠭᠠᠬᠤ ᠳᠡᠰ ᠳᠠᠷᠠᠭᠠᠯᠠᠯ ᠃ | ( ᠨᠢᠭᠡ ) ᠬᠢᠨᠠᠨ ᠲᠣᠭᠲᠠᠭᠠᠬᠤ ᠃ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠲᠤᠰ ᠠᠷᠭ᠎ᠠ ᠳᠤ | ᠲᠣᠭᠲᠠᠭᠠᠭᠰᠠᠨ ᠭᠤᠶᠤᠴᠢᠯᠠᠨ ᠮᠡᠳᠡᠭᠦᠯᠬᠦ ᠨᠥᠬᠦᠴᠡᠯ ᠢ ᠦᠨᠳᠦᠰᠦᠯᠡᠨ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠲᠥᠷᠥᠯ ᠢᠯᠭᠠᠯ ᠢ ᠦᠨᠳᠦᠰᠦᠯᠡᠨ 5 - 9 ᠲᠤᠰᠬᠠᠶ ᠮᠡᠷᠭᠡᠵᠢᠯᠲᠡᠨ ᠢ | ᠰᠢᠯᠢᠨ ᠰᠣᠩᠭᠤᠵᠤ᠂ ᠡᠷᠬᠡ ᠲᠡᠭᠰᠢ᠂ ᠲᠥᠪ ᠭᠤᠣᠯᠴᠢ ᠪᠠᠶᠢᠬᠤ ᠵᠠᠷᠴᠢᠮ ᠤᠨ ᠶᠣᠰᠣᠭᠠᠷ᠂ ᠭᠤᠶᠤᠴᠢᠯᠠᠨ | ᠮᠡᠳᠡᠭᠦᠯᠦᠭᠰᠡᠨ ᠮᠠᠲ ᠧᠷᠢᠶᠠᠯ ᠳᠤ ᠬᠢᠨᠠᠨ ᠲᠣᠭᠲᠠᠭᠠᠯᠲᠠ ᠬᠢᠵᠦ᠂ ᠰᠢᠯᠢᠳᠡᠭ ᠢ ᠨᠢ ᠰᠣᠩᠭᠤᠨ ᠬᠢᠨᠠᠨ ᠲᠣᠭᠲᠠᠭᠠᠨ᠎ᠠ | ᠃ ᠴᠢᠬᠤᠯᠠ ᠲᠠᠢ ᠦᠶ᠎ᠡ ᠳᠤ ᠬᠠᠮᠢᠶ᠎ᠠ ᠪᠦᠬᠦᠢ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠲᠤᠬᠠᠶ ᠶᠢᠨ | ᠭᠠᠵᠠᠷ ᠲᠤᠨᠢ ᠰᠢᠨᠵᠢᠯᠡᠨ ᠪᠠᠶᠢᠴᠠᠭᠠᠯᠲᠠ ᠬᠢᠵᠦ ᠪᠣᠯᠤᠨ᠎ᠠ ᠃ | ( ᠬᠤᠶᠠᠷ ) ᠵᠠᠷᠯᠠᠨ ᠨᠡᠶᠢᠲᠡᠯᠡᠬᠦ ᠃ ᠬᠢᠨᠠᠨ ᠲᠣᠭᠲᠠᠭᠠᠭᠰᠠᠨ ᠦᠷ᠎ᠡ ᠳ᠋ᠦᠩ ᠢ ᠰᠢᠨᠵᠢᠯᠡᠬᠦ ᠤᠬᠠᠭᠠᠨ ᠮᠡᠷᠭᠡᠵᠢᠯ | ᠤᠨ ᠲᠢᠩᠬᠢᠮ ᠠᠴᠠ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠲᠢᠩᠬᠢᠮ ᠤᠨ ᠫᠤᠷᠲ᠋ᠧᠯ ᠰᠦᠯᠵᠢᠶᠡᠨ | ᠳᠡᠭᠡᠷ᠎ᠡ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠶᠢ 5 ᠠᠵᠢᠯᠯᠠᠬᠤ ᠡᠳᠦᠷ ᠠᠴᠠ ᠳᠤᠲᠠᠭᠤ | ᠪᠠᠶᠢᠯᠭᠠᠵᠤ ᠪᠣᠯᠬᠤ ᠥᠬᠡᠶ ᠃ ᠣᠨᠳᠣᠣ ᠰᠠᠨᠠᠯ ᠲᠠᠢ ᠪᠣᠯ ᠵᠠᠷᠯᠠᠨ ᠨᠡᠶᠢᠲᠡᠯᠡᠬᠦ ᠬᠤᠭᠤᠴᠠᠭᠠᠨ ᠳᠤ ᠦᠨᠡᠨ ᠨᠡᠷ᠎ᠡ ᠪᠠᠷ | ᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠳᠤ ᠪᠢᠴᠢᠭ ᠢᠶᠠᠷ ᠳᠤᠷᠠᠳᠬᠤ ᠶᠢᠨ ᠬᠠᠮᠲᠤ ᠴᠢᠬᠤᠯᠠ ᠪᠦᠬᠦᠢ | ᠭᠡᠷᠡᠴᠢᠯᠡᠬᠦ ᠮᠠᠲ ᠧᠷᠢᠶᠠᠯ ᠬᠠᠩᠭᠠᠵᠤ᠂ ᠬᠤᠭᠤᠴᠠᠭ᠎ᠠ ᠬᠡᠲᠦᠷᠡᠭᠰᠡᠨ ᠪᠠ ᠨᠡᠷ᠎ᠡ ᠪᠤᠷᠤᠭᠤᠯᠠᠭᠰᠠᠨ ᠣᠨᠳᠣᠣ ᠰᠠᠨᠠᠯ ᠢ | ᠬᠦᠯᠢᠶᠡᠨ ᠠᠪᠴᠤ ᠰᠢᠶᠳᠪᠦᠷᠢᠯᠡᠬᠦ ᠦᠭᠡᠶ ᠃ | ( ᠭᠤᠷᠪᠠ ) ᠦᠨᠡᠮᠰᠢᠬᠦ ᠃ ᠨᠡᠶᠢᠲᠡ ᠳᠤ ᠵᠠᠷᠯᠠᠭᠰᠠᠨ ᠬᠤᠭᠤᠴᠠᠭ᠎ᠠ ᠨᠢ ᠳᠠᠭᠤᠰᠤᠭᠠᠳ ᠣᠨᠳᠣᠤ ᠰᠠᠨᠠᠯ | ᠥᠬᠡᠶ ᠪᠤᠶᠤ ᠪᠠᠶᠢᠴᠠᠭᠠᠭᠰᠠᠨ ᠣᠨᠳᠣᠤ ᠰᠠᠨᠠᠯ ᠨᠢ ᠲᠣᠭᠲᠠᠵᠤ ᠳᠡᠶᠢᠯᠬᠦ ᠥᠬᠡᠶ ᠪᠣᠯ 《 ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ | 》 ᠤᠨ ᠫᠠᠶᠢᠰᠠ ᠣᠯᠭᠤᠵᠤ᠂ ᠬᠦᠴᠦᠨ ᠲᠠᠢ ᠬᠤᠭᠤᠴᠠᠭ᠎ᠠ ᠨᠢ ᠭᠤᠷᠪᠠᠨ ᠵᠢᠯ ᠪᠣᠯᠬᠤ ᠶᠢ ᠮᠠᠭᠠᠳᠯᠠᠨ ᠲᠣᠭᠲᠠᠭᠠᠵᠤ | ᠂ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠠᠬᠢᠨ ᠬᠢᠨᠠᠭᠤᠯᠬᠤ ᠬᠡᠷᠡᠭᠲᠡᠶ ᠃ | ᠳᠥᠷᠪᠡᠳᠦᠭᠡᠷ ᠪᠦᠯᠦᠭ ᠠᠵᠢᠯᠯᠠᠭᠠᠨ ᠤ ᠱᠠᠭᠠᠷᠳᠠᠯᠭ᠎ᠠ | ᠶᠢᠰᠦᠳᠦᠭᠡᠷ ᠵᠦᠶᠯ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠨᠢ ᠲᠤᠰ ᠪᠡᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠴᠢᠳᠠᠪᠤᠷᠢ ᠶᠢᠨ ᠪᠠᠶᠢᠭᠤᠯᠤᠯᠲᠠ | ᠪᠠᠨ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠵᠢᠴᠢ ᠠᠵᠢᠯ ᠤᠨ ᠳᠦᠷᠢᠮ ᠢᠶᠠᠨ | ᠲᠡᠭᠦᠯᠳᠡᠷᠵᠢᠭᠦᠯᠦᠨ᠂ ᠲᠤᠰ ᠪᠡᠶ᠎ᠡ ᠶᠢᠨ ᠣᠨᠴᠠᠯᠢᠭ ᠢᠶᠠᠨ ᠭᠦᠶᠴᠡᠳ ᠪᠠᠳᠠᠷᠠᠭᠤᠯᠵᠤ᠂ ᠢᠯᠠᠩᠭᠤᠶ᠎ᠠ ᠦᠨᠳᠦᠰᠦᠨ | ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠢ ᠴᠢᠬᠤᠯᠠᠴᠢᠯᠠᠨ ᠴᠢᠩᠭᠠᠳᠬᠠᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠪᠣᠯᠤᠨ ᠪᠠᠲᠤᠯᠠᠨ ᠲᠠᠨᠢᠯᠴᠠᠭᠤᠯᠬᠤ ᠨᠢᠭᠡᠴᠢ ᠶᠢᠨ ᠲᠤᠬᠠᠶᠢᠯᠠᠭᠰᠠᠨ | ᠠᠵᠢᠯ ᠤᠨ ᠵᠢᠯᠣᠭᠤᠳᠤᠯᠭ᠎ᠠ ᠶᠢ ᠬᠦᠯᠢᠶᠡᠨ ᠠᠪᠴᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ | ᠤᠨ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠪᠠᠨ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ ᠃ | ᠠᠷᠪᠠᠳᠤᠭᠠᠷ ᠵᠦᠶᠯ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠨᠢ ᠵᠢᠯ | ᠪᠦᠷᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭᠠᠨ ᠤ ᠭᠠᠷᠠᠭ᠂ ᠪᠦᠬᠦ ᠤᠯᠤᠰ ᠤᠨ ᠰᠢᠨᠵᠢᠯᠡᠬᠦ ᠤᠬᠠᠭᠠᠨ | ᠲᠦᠭᠡᠮᠡᠯᠵᠢᠭᠦᠯᠬᠦ ᠡᠳᠦᠷ ᠵᠡᠷᠭᠡ ᠤᠯᠤᠰ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠴᠢᠬᠤᠯᠠ ᠶᠡᠭᠡ ᠣᠯᠠᠨ | ᠲᠦᠮᠡᠨᠴᠢ ᠴᠢᠨᠠᠷᠲᠠᠶ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯᠯᠠᠭ᠎ᠠ ᠶᠢᠨ ᠬᠤᠭᠤᠴᠠᠭᠠᠨ ᠳᠤ ᠣᠨᠴᠠᠯᠢᠭ ᠪᠦᠬᠦᠢ | ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ ᠮᠡᠳᠡᠭᠡ | ᠵᠠᠩᠭᠢ ᠮᠡᠳᠡᠭᠦᠯᠦᠨ ᠬᠦᠷᠭᠡᠬᠦ ᠪᠠ ᠤᠬᠠᠭᠤᠯᠤᠨ ᠳᠡᠯᠭᠡᠷᠡᠭᠦᠯᠬᠦ ᠠᠵᠢᠯ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ | ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠵᠢᠱᠢᠶ᠎ᠡ ᠦᠵᠡᠭᠦᠯᠦᠨ | ᠳᠠᠶᠢᠴᠢᠯᠠᠬᠤ ᠦᠶᠯᠡᠳᠦᠯ ᠢ ᠢᠳᠡᠪᠬᠢᠲᠡᠶ ᠪᠠᠳᠠᠷᠠᠭᠤᠯᠬᠤ ᠬᠡᠷᠡᠭᠲᠡᠶ ᠃ | ᠠᠷᠪᠠᠨ ᠨᠢᠭᠡᠳᠦᠭᠡᠷ ᠵᠦᠶᠯ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠨᠢ ᠨᠢᠭᠡᠴᠢ ᠳᠡᠭᠡᠨ ᠲᠦᠰᠢᠭᠯᠡᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ | ᠬᠠᠮᠢᠶᠠᠷᠤᠯᠲᠠ ᠶᠢ ᠬᠠᠷᠢᠭᠤᠴᠠᠵᠤ᠂ ᠵᠠᠷᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠪᠤᠰᠤᠳ ᠬᠠᠤᠯᠢ | ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠦᠨᠳᠦᠰᠦᠨ ᠨᠥᠬᠦᠴᠡᠯ ᠤᠨ ᠪᠠᠲᠤᠯᠠᠭ᠎ᠠ ᠶᠢ ᠬᠠᠩᠭᠠᠨ᠎ᠠ ᠃ | ᠲᠠᠪᠤᠳᠤᠭᠠᠷ ᠪᠦᠯᠦᠭ ᠬᠠᠮᠢᠶᠠᠷᠤᠯᠲᠠ ᠦᠢᠯᠡᠴᠢᠯᠡᠭᠡ ᠃ | ᠠᠷᠪᠠᠨ ᠬᠤᠶᠠᠳᠤᠭᠠᠷ ᠵᠦᠶᠯ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠨᠢ ᠰᠢᠨᠵᠢᠯᠡᠬᠦ ᠤᠬᠠᠭᠠᠨ | ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠪᠠ | ᠬᠡᠷᠡᠭᠵᠢᠭᠦᠯᠬᠦ ᠶᠢ ᠬᠠᠷᠢᠭᠤᠴᠠᠵᠤ᠂ ᠡᠯ᠎ᠡ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠤᠨ ᠠᠵᠢᠯ ᠤᠨ ᠪᠠᠶᠢᠴᠠᠭᠠᠯᠲᠠ ᠶᠢ ᠴᠢᠩᠭᠠᠳᠬᠠᠨ᠂ ᠪᠦᠬᠦ ᠣᠷᠣᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠥᠷᠨᠢᠭᠦᠯᠬᠦ ᠶᠢ | ᠵᠢᠷᠤᠮᠵᠢᠭᠤᠯᠤᠨ ᠵᠢᠯᠣᠭᠤᠳᠴᠤ᠂ ᠪᠦᠬᠦ ᠣᠷᠣᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠤᠨ ᠴᠢᠳᠠᠪᠤᠷᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ ᠃ | ᠠᠷᠪᠠᠨ ᠭᠤᠷᠪᠠᠳᠤᠭᠠᠷ ᠵᠦᠶᠯ ᠡᠯ᠎ᠡ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ | ᠶᠢᠨ ᠰᠠᠯᠠᠭ᠎ᠠ ᠮᠥᠴᠢᠷ ᠬᠠᠷᠢᠶ᠎ᠠ ᠣᠷᠣᠨ ᠤ ᠪᠠᠨ ᠳᠣᠲᠣᠷᠠᠬᠢ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠲᠤ ᠬᠠᠷᠢᠶ᠎ᠠ ᠣᠷᠣᠨᠵᠢᠭᠤᠯᠤᠨ ᠬᠠᠮᠢᠶᠠᠷᠤᠯᠲᠠ ᠬᠢᠵᠦ᠂ ᠬᠡᠪᠰᠢᠭᠰᠡᠨ ᠪᠠᠶᠢᠴᠠᠭᠠᠯᠲᠠ | ᠶᠢᠨ ᠲᠣᠭᠲᠠᠴᠠ ᠶᠢ ᠪᠠᠶᠢᠭᠤᠯᠤᠨ᠂ ᠡᠳᠦᠷ ᠲᠤᠲᠤᠮ ᠤᠨ ᠬᠠᠮᠢᠶᠠᠷᠤᠯᠲᠠ ᠶᠢ ᠥᠷᠨᠢᠭᠦᠯᠬᠦ ᠬᠡᠷᠡᠭᠲᠡᠶ ᠃ | ᠠᠷᠪᠠᠨ ᠳᠥᠷᠪᠡᠳᠦᠭᠡᠷ ᠵᠦᠶᠯ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠲᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠎ᠡ ᠃ ᠮᠠᠭᠠᠳᠯᠠᠨ ᠲᠣᠭᠲᠠᠭᠠᠭᠰᠠᠨ | ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠬᠦᠴᠦᠨ ᠲᠠᠢ ᠬᠤᠭᠤᠴᠠᠭ᠎ᠠ ᠨᠢ | 3 ᠵᠢᠯ ᠪᠣᠯᠤᠨ᠎ᠠ᠂ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠠᠬᠢᠨ ᠬᠢᠨᠠᠵᠤ ᠦᠨᠡᠯᠡᠨ ᠵᠢᠱᠢᠬᠦ ᠬᠡᠷᠡᠭᠲᠡᠶ ᠃ | ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢ ᠳᠠᠬᠢᠨ ᠬᠢᠨᠠᠵᠤ ᠦᠨᠡᠯᠡᠨ ᠵᠢᠱᠢᠬᠦ ᠮᠡᠳᠡᠭᠳᠡᠯ ᠪᠠ ᠦᠨᠡᠯᠡᠨ ᠵᠢᠱᠢᠬᠦ ᠨᠡᠷᠡᠰ ᠢ ᠨᠡᠶᠢᠲᠡᠯᠡᠪᠡ ᠃ | ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠦᠨᠡᠯᠡᠨ ᠲᠣᠭᠲᠠᠭᠠᠬᠤ ᠳᠤ | ᠣᠷᠣᠯᠴᠠᠬᠤ ᠳᠤ ᠱᠠᠭᠠᠷᠳᠠᠯᠭ᠎ᠠ ᠶᠣᠰᠣᠭᠠᠷ ᠬᠤᠯᠪᠣᠭᠳᠠᠯ ᠪᠦᠬᠦᠢ ᠮᠠᠲ᠋ᠧᠷᠢᠶᠠᠯ ᠢ ᠪᠡᠯᠡᠳᠬᠡᠵᠦ᠂ ᠪᠠᠲᠤᠯᠠᠨ | ᠲᠠᠨᠢᠯᠴᠠᠭᠤᠯᠬᠤ ᠰᠠᠯᠠᠭ᠎ᠠ ᠮᠥᠴᠢᠷ ᠢᠶᠠᠷ ᠬᠢᠨᠠᠭᠤᠯᠤᠭᠰᠠᠨ ᠤ ᠳᠠᠷᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ | ᠲᠢᠩᠬᠢᠮ ᠳᠤ ᠮᠡᠳᠡᠭᠦᠯᠦᠨ ᠬᠦᠷᠭᠡᠬᠦ ᠬᠡᠷᠡᠭᠲᠡᠶ ᠃ | ᠠᠷᠪᠠᠨ ᠲᠠᠪᠤᠳᠤᠭᠠᠷ ᠵᠦᠶᠯ ᠳᠠᠬᠢᠨ ᠬᠢᠨᠠᠬᠤ ᠠᠷᠭ᠎ᠠ ᠮᠠᠶ᠋ᠢᠭ ᠲᠤ ᠬᠤᠷᠠᠯ ᠤᠨ ᠬᠢᠨᠠᠨ ᠲᠣᠭᠲᠠᠭᠠᠬᠤ ᠪᠠ | ᠪᠣᠳᠠᠲᠠᠶ ᠭᠠᠵᠠᠷ ᠲᠤᠨᠢ ᠬᠢᠨᠠᠨ ᠪᠠᠶᠢᠴᠠᠭᠠᠬᠤ ᠬᠤᠶᠠᠷ ᠱᠠᠲᠤ ᠦᠶ᠎ᠡ ᠪᠠᠭᠲᠠᠨ᠎ᠠ ᠃ | ( ᠨᠢᠭᠡ ) ᠬᠤᠷᠠᠯ ᠢᠶᠠᠷ ᠬᠢᠨᠠᠨ ᠲᠣᠭᠲᠠᠭᠠᠨ᠎ᠠ ᠃ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠬᠠᠮᠢᠶ᠎ᠠ | ᠪᠦᠬᠦᠢ ᠠᠵᠢᠯ ᠲᠥᠷᠥᠯ ᠤᠨ ᠬᠦᠷᠢᠶᠡᠨ ᠤ ᠮᠡᠷᠭᠡᠵᠢᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ | ᠲᠤᠰᠬᠠᠶ ᠮᠡᠷᠭᠡᠵᠢᠯᠲᠡᠨ ᠢ ᠰᠣᠩᠭᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠤᠨ ᠮᠡᠳᠡᠭᠦᠯᠦᠨ ᠬᠦᠷᠭᠡᠭᠰᠡᠨ ᠦᠨᠡᠯᠡᠨ ᠵᠢᠱᠢᠭᠰᠡᠨ ᠮᠠᠲ᠋ᠧᠷᠢᠶᠠᠯ ᠢ ᠰᠢᠯᠭᠠᠷᠠᠭᠤᠯᠤᠨ᠎ᠠ ᠃ | ( ᠬᠤᠶᠠᠷ ) ᠲᠤᠬᠠᠶ ᠶᠢᠨ ᠭᠠᠵᠠᠷ ᠲᠤᠨᠢ ᠬᠢᠨᠠᠨ ᠪᠠᠶᠢᠴᠠᠭᠠᠬᠤ ᠃ ᠰᠢᠨᠵᠢᠯᠡᠬᠦ ᠤᠬᠠᠭᠠᠨ ᠮᠡᠷᠭᠡᠵᠢᠯ ᠤᠨ | ᠲᠢᠩᠬᠢᠮ ᠨᠢ ᠪᠣᠳᠠᠲᠤ ᠪᠠᠶᠢᠳᠠᠯ ᠢᠶᠠᠨ ᠦᠨᠳᠦᠰᠦᠯᠡᠨ᠂ ᠬᠡᠰᠡᠭ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠢ ᠰᠣᠩᠭᠤᠵᠤ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠬᠡᠷᠡᠭᠲᠡᠶ ᠃ | ᠠᠷᠪᠠᠨ ᠵᠢᠷᠭᠤᠳᠤᠭᠠᠷ ᠵᠦᠶᠯ ᠳᠠᠬᠢᠨ ᠬᠢᠨᠠᠵᠤ ᠦᠨᠡᠯᠡᠨ ᠵᠢᠱᠢᠭᠰᠡᠨ ᠦᠷ᠎ᠡ ᠳ᠋ᠦᠩ ᠢ 《 ᠰᠢᠯᠢᠳᠡᠭ᠂ | ᠰᠠᠶᠢᠨ᠂ ᠬᠢᠷᠢ ᠲᠡᠩᠴᠡᠭᠰᠡᠨ᠂ ᠬᠢᠷᠢ ᠲᠡᠩᠴᠡᠭᠰᠡᠨ ᠦᠭᠡᠶ 》 ᠭᠡᠵᠦ ᠳᠥᠷᠪᠡᠨ ᠳᠡᠰ ᠬᠤᠪᠢᠶᠠᠨ᠎ᠠ ᠃ ᠡᠭᠦᠨ ᠳᠤ᠂ | ᠬᠤᠪᠢ ᠶᠢᠨ ᠬᠡᠮᠵᠢᠭᠳᠡᠯ ᠨᠢ 85 - 100 ᠬᠤᠪᠢ ᠪᠣᠯ ᠰᠢᠯᠢᠳᠡᠭ᠂ 70 - 85 ( ᠪᠠᠭᠲᠠᠬᠤ ᠦᠭᠡᠢ ) ᠬᠤᠪᠢ | ᠪᠣᠯ ᠰᠠᠶᠢᠨ᠂ ᠬᠤᠪᠢ ᠶᠢᠨ ᠬᠡᠮᠵᠢᠭᠳᠡᠯ ᠨᠢ 60 - 70 ( ᠪᠠᠭᠲᠠᠬᠤ ᠦᠭᠡᠢ ) ᠬᠤᠪᠢ ᠪᠣᠯ ᠬᠢᠷᠢ ᠲᠡᠩᠴᠡᠭᠰᠡᠨ᠂ | 60 ( ᠪᠠᠭᠲᠠᠬᠤ ᠦᠭᠡᠢ ) ᠬᠤᠪᠢ ᠠᠴᠠ ᠳᠣᠷᠣᠭᠰᠢ ᠪᠣᠯ ᠬᠢᠷᠢ ᠲᠡᠩᠴᠡᠭᠰᠡᠨ ᠦᠭᠡᠢ ᠃ | ( ᠨᠢᠭᠡ ) ᠵᠠᠷᠤᠳᠠᠯ ᠤᠨ ᠳᠡᠮᠵᠢᠯᠭᠡ | ᠲᠤᠬᠠᠶ ᠶᠢᠨ ᠵᠢᠯ ᠤᠨ ᠳᠠᠬᠢᠨ ᠬᠢᠨᠠᠵᠤ ᠦᠨᠡᠯᠡᠨ ᠵᠢᠱᠢᠭᠰᠡᠨ ᠶᠡᠷᠦᠩᠬᠡᠶ ᠲᠤᠭ᠎ᠠ ᠶᠢᠨ 30 % ᠠᠴᠠ | ᠬᠡᠲᠦᠷᠡᠬᠦ ᠥᠬᠡᠶ᠂ ᠳᠠᠬᠢᠨ ᠬᠢᠨᠠᠵᠤ ᠦᠨᠡᠯᠡᠨ ᠵᠢᠱᠢᠭᠰᠡᠨ ᠦᠷ᠎ᠡ ᠳ᠋ᠦᠩ ᠢᠶᠠᠷ ᠰᠢᠯᠢᠳᠡᠭ ᠪᠣᠯᠬᠤ ᠰᠢᠨᠵᠢᠯᠡᠬᠦ ᠤᠬᠠᠭᠠᠨ | ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠬᠠᠮᠤᠭ ᠤᠨ ᠥᠨᠳᠥᠷ ᠲᠡᠭᠡᠨ 20 ᠲᠦᠮᠡᠨ | ᠲᠥᠭᠦᠷᠢᠭ ᠤᠨ ᠵᠠᠷᠤᠳᠠᠯ ᠤᠨ ᠳᠡᠮᠵᠢᠯᠭᠡ ᠦᠵᠡᠭᠦᠯᠵᠦ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠴᠢᠳᠠᠪᠤᠷᠢ | ᠶᠢ ᠳᠡᠭᠡᠭᠰᠢᠯᠡᠭᠦᠯᠬᠦ ᠵᠡᠷᠭᠡ ᠳᠤ ᠬᠡᠷᠡᠭᠯᠡᠨ᠎ᠡ ᠃ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠨᠢ ᠵᠠᠷᠤᠳᠠᠯ ᠰᠦᠢᠳᠬᠡᠯ ᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ᠂ ᠪᠦᠬᠦ | ᠤᠯᠤᠰ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠡᠳᠦᠷ ᠵᠡᠷᠭᠡ ᠤᠯᠤᠰ᠂ ᠥᠪᠡᠷᠲᠡᠭᠡᠨ ᠵᠠᠰᠠᠬᠤ ᠣᠷᠣᠨ ᠤ | ᠱᠠᠲᠤᠨ ᠤ ᠴᠢᠬᠤᠯᠠ ᠶᠡᠭᠡ ᠣᠯᠠᠨ ᠲᠦᠮᠡᠨᠴᠢ ᠴᠢᠨᠠᠷᠲᠠᠶ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯᠯᠠᠭ᠎ᠠ ᠳᠤ | ᠬᠡᠷᠡᠭᠯᠡᠵᠦ ᠪᠣᠯᠤᠨ᠎ᠠ ᠃ ᠵᠠᠷᠤᠳᠠᠯ ᠢ ᠴᠠᠯᠢᠩ ᠤᠨ ᠴᠢᠨᠠᠷᠲᠠᠶ ᠣᠷᠣᠯᠭ᠎ᠠ ᠲᠠᠢ ᠬᠥᠮᠦᠰ ᠤᠨ ᠴᠠᠯᠢᠩ᠂ ᠱᠠᠩᠨᠠᠯ ᠤᠨ | ᠮᠥᠩᠭᠦ᠂ ᠨᠡᠮᠡᠭᠦᠷᠢ ᠮᠥᠩᠭᠦ ᠨᠥᠬᠦᠪᠥᠷᠢ ᠮᠥᠩᠭᠦ ᠪᠠ ᠠᠰᠠᠷᠠᠮᠵᠢ ᠵᠡᠷᠭᠡ ᠵᠠᠷᠤᠯᠭ᠎ᠠ ᠶᠢ ᠵᠠᠷᠤᠴᠠᠭᠤᠯᠵᠤ ᠪᠣᠯᠬᠤ ᠦᠭᠡᠶ | ᠂ ᠵᠣᠭᠤᠰ ᠢᠶᠠᠷ ᠲᠣᠷᠭᠠᠬᠤ᠂ ᠪᠡᠯᠡᠭᠯᠡᠨ ᠬᠦᠷᠭᠡᠬᠦ᠂ ᠲᠤᠰᠠᠯᠠᠬᠤ᠂ ᠪᠡᠯᠡ ᠣᠷᠣᠭᠤᠯᠬᠤ ᠵᠡᠷᠭᠡ ᠶᠢ ᠵᠠᠷᠤᠴᠠᠭᠤᠯᠵᠤ | ᠪᠣᠯᠬᠤ ᠦᠭᠡᠶ᠂ ᠶᠠᠮᠠᠷᠪᠠ ᠠᠷᠭ᠎ᠠ ᠮᠠᠶ᠋ᠢᠭ ᠢᠶᠠᠷ ᠬᠤᠪᠢ ᠶᠢᠨ ᠠᠰᠢᠭ ᠣᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ ᠃ | ᠲᠦᠰᠢᠭ ᠨᠢᠭᠡᠴᠡ ᠨᠢ ᠶᠠᠮᠠᠷᠪᠠ ᠨᠡᠷ᠎ᠡ ᠪᠠᠷ ᠵᠠᠷᠤᠳᠠᠯ ᠤᠨ ᠳᠣᠲᠣᠷ᠎ᠠ ᠠᠴᠠ ᠬᠠᠮᠢᠶᠠᠷᠤᠯᠲᠠ ᠶᠢᠨ ᠰᠦᠶᠳᠬᠡᠯ ᠭᠠᠷᠭᠠᠨ | ᠠᠪᠴᠤ ᠪᠣᠯᠬᠤ ᠥᠬᠡᠶ ᠃ | ( ᠬᠤᠶᠠᠷ ) ᠬᠤᠭᠤᠴᠠᠭ᠎ᠠ ᠲᠣᠭᠲᠠᠭᠠᠨ ᠴᠡᠭᠴᠡᠯᠡᠨ ᠵᠠᠰᠠᠭᠤᠯᠬᠤ ᠬᠡᠷᠡᠭᠲᠡᠶ ᠃ | ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ | ᠬᠡᠷᠡᠭᠲᠡᠶ᠄ 《 br / 》 ᠃ | 1. ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠳᠠᠬᠢᠨ ᠬᠢᠨᠠᠭᠰᠠᠨ ᠮᠠᠲ᠋ᠧᠷᠢᠶᠠᠯ ᠢᠶᠠᠨ ᠬᠤᠭᠤᠴᠠᠭ᠎ᠠ | ᠶᠣᠰᠣᠭᠠᠷ ᠲᠤᠰᠢᠶᠠᠭᠰᠠᠨ ᠦᠭᠡᠶ ᠪᠤᠶᠤ ᠳᠠᠬᠢᠨ ᠬᠢᠨᠠᠵᠤ ᠦᠨᠡᠯᠡᠨ ᠵᠢᠱᠢᠭᠰᠡᠨ ᠦᠷ᠎ᠡ ᠳ᠋ᠦᠩ ᠨᠢ ᠬᠢᠷᠢ ᠲᠡᠩᠴᠡᠭᠰᠡᠨ | ᠦᠭᠡᠶ︔ | 2. ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠭᠤᠯᠭ᠎ᠠ ᠨᠢ ᠬᠠᠭᠤᠴᠢᠷᠠᠭᠰᠠᠨ ᠪᠤᠶᠤ ᠰᠢᠨᠵᠢᠯᠡᠬᠦ ᠤᠬᠠᠭᠠᠨ | ᠲᠦᠭᠡᠮᠡᠯᠵᠢᠭᠦᠯᠬᠦ ᠪᠡᠯᠡᠳᠬᠡᠮᠵᠢ ᠨᠢ ᠬᠠᠭᠤᠴᠢᠷᠠᠵᠤ᠂ ᠬᠡᠪ ᠤᠨ ᠶᠣᠰᠣᠭᠠᠷ ᠠᠵᠢᠯᠯᠠᠬᠤ ᠪᠠ ᠭᠠᠳᠠᠭᠠᠳᠤ ᠨᠡᠭᠡᠭᠡᠯᠲᠡ | ᠬᠢᠵᠦ ᠳᠡᠶᠢᠯᠬᠦ ᠦᠭᠡᠶ ᠪᠣᠯᠤᠭᠰᠠᠨ︔ | 3. ᠦᠵᠡᠭᠴᠢᠳ ᠳᠡᠯᠭᠡᠨ ᠦᠵᠡᠭᠦᠯᠬᠦ ᠨᠥᠬᠦᠴᠡᠯ᠂ ᠬᠦᠯᠢᠶᠡᠨ ᠠᠪᠴᠤ ᠦᠢᠯᠡᠴᠢᠯᠡᠬᠦ ᠬᠢᠷᠢ ᠬᠡᠮᠵᠢᠶ᠎ᠡ ᠵᠡᠷᠭᠡ | ᠳᠤ ᠰᠠᠨᠠᠯ ᠶᠡᠬᠡᠲᠡᠶ ᠮᠥᠷᠲᠡᠭᠡᠨ ᠮᠠᠭᠤ ᠨᠥᠯᠥᠭᠡ ᠦᠵᠡᠭᠦᠯᠦᠭᠰᠡᠨ︔ | 4. ᠠᠵᠢᠯ ᠤᠨ ᠱᠠᠭᠠᠷᠳᠠᠯᠭ᠎ᠠ ᠶᠣᠰᠣᠭᠠᠷ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠶᠢᠨ ᠵᠢᠱᠢᠶ᠎ᠡ ᠦᠵᠡᠭᠦᠯᠬᠦ | ᠦᠢᠯᠡᠳᠦᠯ ᠢ ᠪᠠᠳᠠᠷᠠᠭᠤᠯᠵᠤ ᠳᠡᠶᠢᠯᠬᠦ ᠦᠭᠡᠶ ᠃ | ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠬᠢᠵᠠᠭᠠᠷ ᠨᠢ ᠨᠢᠭᠡ ᠵᠢᠯ ᠪᠣᠯᠤᠨ᠎ᠠ᠂ ᠬᠤᠭᠤᠴᠠᠭ᠎ᠠ ᠨᠢ | ᠲᠤᠯᠤᠭᠰᠠᠨ ᠤ ᠳᠠᠷᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠲᠤᠰᠬᠠᠶ ᠮᠡᠷᠭᠡᠵᠢᠯᠲᠡᠨ ᠢ ᠵᠣᠬᠢᠶᠠᠨ | ᠪᠠᠶᠢᠭᠤᠯᠵᠤ ᠬᠢᠨᠠᠨ ᠲᠣᠭᠲᠠᠭᠠᠭᠰᠠᠨ ᠦᠷ᠎ᠡ ᠳ᠋ᠦᠩ ᠨᠢ ᠬᠢᠷᠢ ᠲᠡᠩᠴᠡᠭᠰᠡᠨ ᠪᠠᠶᠢᠪᠠᠯ᠂ 《 ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ | ᠰᠠᠭᠤᠷᠢᠨ ᠭᠠᠵᠠᠷ 》 ᠢᠶᠠᠷ ᠦᠷᠭᠦᠯᠵᠢᠯᠡᠨ ᠮᠠᠭᠠᠳᠯᠠᠨ ᠲᠣᠭᠲᠠᠭᠠᠨ᠎ᠠ ᠃ | ( ᠭᠤᠷᠪᠠ ) ᠬᠢᠷᠢ ᠬᠡᠮ | ᠢ ᠬᠦᠴᠦᠨ ᠦᠭᠡᠢ ᠪᠣᠯᠭᠠᠨ᠎ᠠ ᠃ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ 《 ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ | 》 ᠤᠨ ᠨᠡᠷᠡᠶᠢᠳᠦᠯ ᠢ ᠬᠦᠴᠦᠨ ᠥᠬᠡᠶ ᠪᠣᠯᠭᠠᠵᠤ᠂ 3 ᠵᠢᠯ ᠤᠨ ᠳᠣᠲᠣᠷ᠎ᠠ ᠳᠠᠬᠢᠨᠲᠠ ᠮᠡᠳᠡᠭᠦᠯᠵᠦ ᠪᠣᠯᠬᠤ ᠥᠬᠡᠶ᠄ | | 1. ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠴᠢᠳᠠᠮᠵᠢ ᠪᠠᠨ ᠨᠢᠭᠡᠨᠲᠡ ᠠᠯᠳᠠᠭᠰᠠᠨ ᠪᠤᠶᠤ ᠴᠢᠬᠤᠯᠠ ᠶᠡᠭᠡ | ᠬᠤᠪᠢᠷᠠᠯᠲᠠ ᠭᠠᠷᠤᠭᠰᠠᠨ ᠮᠥᠷᠲᠡᠭᠡᠨ ᠬᠤᠪᠢᠷᠠᠯᠲᠠ ᠭᠠᠷᠤᠭᠰᠠᠨ ᠤ ᠳᠠᠷᠠᠭ᠎ᠠ ᠲᠤᠰ ᠠᠷᠭ᠎ᠠ ᠶᠢᠨ ᠦᠨᠡᠮᠰᠢᠬᠦ | ᠨᠥᠬᠦᠴᠡᠯ ᠳᠤ ᠨᠡᠶᠢᠴᠡᠬᠦ ᠦᠭᠡᠶ ᠪᠠᠶᠢᠵᠤ᠂ ᠲᠤᠰᠬᠠᠶ ᠮᠡᠷᠭᠡᠵᠢᠯᠲᠡᠨ ᠢᠶᠠᠷ ᠬᠢᠨᠠᠨ ᠵᠥᠪᠯᠡᠭᠦᠯᠵᠦ᠂ ᠰᠢᠨᠵᠢᠯᠡᠨ | ᠪᠠᠶᠢᠴᠠᠭᠠᠭᠰᠠᠨ ᠤ ᠳᠠᠷᠠᠭ᠎ᠠ ᠴᠣᠯᠠ ᠪᠠᠨ ᠬᠦᠴᠦᠨ ᠦᠭᠡᠶ ᠪᠣᠯᠭᠠᠬᠤ ᠪᠠᠷ ᠰᠠᠨᠠᠭᠤᠯᠭ᠎ᠠ ᠭᠠᠷᠭᠠᠭᠰᠠᠨ︔ | 2. ᠴᠡᠭᠴᠡᠯᠡᠨ ᠥᠭᠡᠷᠡᠴᠢᠯᠡᠬᠦ ᠶᠢ ᠲᠡᠪᠴᠢᠭᠰᠡᠨ᠂ ᠡᠰᠡᠬᠦᠯ᠎ᠡ ᠴᠡᠭᠴᠡᠯᠡᠨ ᠥᠭᠡᠷᠡᠴᠢᠯᠡᠭᠰᠡᠨ ᠤ ᠳᠠᠷᠠᠭ᠎ᠠ ᠮᠥᠨ | ᠯᠡ ᠨᠥᠬᠦᠴᠡᠯ ᠳᠤ ᠨᠡᠶᠢᠴᠡᠬᠦ ᠥᠬᠡᠶ ᠪᠠᠶᠢᠬᠤ︔ | 3. ᠭᠤᠶᠤᠴᠢᠯᠠᠨ ᠮᠡᠳᠡᠭᠦᠯᠵᠦ ᠮᠠᠭᠠᠳᠯᠠᠨ ᠲᠣᠭᠲᠠᠭᠠᠬᠤ᠂ ᠳᠠᠬᠢᠨ ᠬᠢᠨᠠᠬᠤ ᠳᠤ ᠬᠤᠳᠠᠯ ᠬᠡᠯᠡᠵᠦ ᠬᠠᠭᠤᠷᠮᠠᠭ | ᠢᠶᠠᠷ ᠵᠣᠬᠢᠶᠠᠬᠤ ᠵᠡᠷᠭᠡ ᠦᠶᠯᠡ ᠠᠵᠢᠯᠯᠠᠭ᠎ᠠ ᠲᠠᠢ ᠪᠠᠶᠢᠬᠤ︔ | 4. ᠠᠮᠤᠷ ᠲᠦᠪᠰᠢᠨ ᠤ ᠬᠠᠷᠢᠭᠤᠴᠠᠯᠭ᠎ᠠ ᠶᠢᠨ ᠬᠦᠨᠳᠦ ᠶᠡᠭᠡ ᠠᠳᠡᠯ ᠭᠠᠷᠴᠤ᠂ ᠤᠯᠤᠰ᠂ ᠥᠪᠡᠷᠲᠡᠭᠡᠨ | ᠵᠠᠰᠠᠬᠤ ᠣᠷᠣᠨ ᠪᠤᠶᠤ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠣᠷᠭᠠᠭᠳᠠᠭᠰᠠᠨ︔ | 5. ᠭᠠᠵᠢᠭᠤ ᠨᠣᠮᠯᠠᠯ᠂ ᠹᠧᠣᠳᠠᠯ ᠤᠨ ᠮᠤᠬᠤᠷ ᠪᠢᠰᠢᠷᠡᠯ ᠢ ᠤᠬᠠᠭᠤᠯᠤᠭᠰᠠᠨ ᠪᠤᠶᠤ ᠰᠢᠨᠵᠢᠯᠡᠬᠦ ᠤᠬᠠᠭᠠᠨ ᠤ | ᠡᠰᠡᠷᠭᠦᠦ᠂ ᠬᠠᠭᠤᠷᠮᠠᠭ ᠰᠢᠨᠵᠢᠯᠡᠬᠦ ᠤᠬᠠᠭᠠᠨ ᠤ ᠠᠵᠢᠯᠯᠠᠭ᠎ᠠ ᠬᠢᠭᠰᠡᠨ︔ | 6. ᠣᠯᠠᠨ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠤᠭᠰᠠᠨ ᠪᠤᠶᠤ ᠬᠠᠤᠯᠢ ᠶᠢ ᠵᠥᠷᠢᠴᠡᠭᠰᠡᠨ ᠦᠢᠯᠡ | ᠠᠵᠢᠯᠯᠠᠭ᠎ᠠ ᠲᠠᠢ ᠪᠠᠶᠢᠬᠤ︔ | 7. ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠪᠤᠶᠤ ᠪᠠᠲᠤᠯᠠᠨ ᠲᠠᠨᠢᠯᠴᠠᠭᠤᠯᠤᠭᠰᠠᠨ ᠨᠢᠭᠡᠴᠡ ᠶᠢᠨ | ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠡᠭᠦᠷᠭᠡ ᠶᠢ ᠥᠯᠥ | ᠭᠥᠯᠢᠶᠡᠨ ᠠᠪᠤᠭᠰᠠᠨ︔ | 8. ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠤᠴᠠ ᠶᠢ ᠵᠠᠳᠠᠷᠠᠭᠤᠯᠤᠭᠰᠠᠨ ᠪᠤᠶᠤ ᠤᠯᠤᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠬᠡᠷᠡᠭ ᠭᠠᠷᠤᠭᠰᠠᠨ | ᠃ | ᠠᠷᠪᠠᠨ ᠳᠣᠯᠣᠳᠤᠭᠠᠷ ᠵᠦᠶᠯ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠣᠳᠠᠲᠤ ᠬᠡᠷᠡᠭᠴᠡᠭᠡ ᠪᠠ ᠨᠥᠬᠦᠴᠡᠯ ᠢ ᠦᠨᠳᠦᠰᠦᠯᠡᠨ | ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠴᠢᠨᠠᠷ ᠰᠠᠶᠢᠲᠠᠶ | ᠬᠥᠭᠵᠢᠯᠲᠡ ᠶᠢ ᠳᠡᠮᠵᠢᠵᠦ᠂ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠤᠯᠤᠰ ᠤᠨ ᠲᠠᠰ ᠤᠨ | ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠠᠭᠤᠷᠢᠨ ᠭᠠᠵᠠᠷ ᠢ ᠲᠠᠨᠢᠯᠴᠠᠭᠤᠯᠬᠤ ᠬᠡᠷᠡᠭᠲᠡᠶ ᠃ ᠡᠯ᠎ᠡ | ᠬᠤᠰᠢᠭᠤ ᠰᠢᠶᠠᠨ ᠲᠣᠭᠤᠷᠢᠭ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ | ᠲᠠᠨᠢᠯᠴᠠᠭᠤᠯᠤᠨ ᠮᠡᠳᠡᠭᠦᠯᠬᠦ ᠶᠢ ᠵᠣᠷᠢᠭᠵᠢᠭᠤᠯᠤᠨ ᠳᠡᠮᠵᠢᠨ᠎ᠡ ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠲᠤᠰ ᠠᠵᠢᠯ ᠲᠥᠷᠥᠯ᠂ ᠲᠤᠰ ᠬᠦᠷᠢᠶᠡᠨ ᠤ ᠪᠠᠨ ᠰᠢᠨᠵᠢᠯᠡᠬᠦ ᠤᠬᠠᠭᠠᠨ | ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠶᠢ ᠪᠣᠶᠢᠵᠢᠭᠤᠯᠤᠨ ᠳᠡᠮᠵᠢᠬᠦ | ᠬᠡᠷᠡᠭᠲᠡᠶ ᠃ | ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ 《 ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ | ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ 》 ( ᠥᠪᠥᠷ ᠮᠣᠩᠭᠤᠯ ᠰᠢᠨᠵᠢᠯᠡᠬᠦ ᠤᠬᠠᠭᠠᠨ | ᠮᠡᠷᠭᠡᠵᠢᠯ ᠲᠠᠷᠬᠠᠭᠠᠭᠰᠠᠨ ᠵᠠᠰᠠᠭ ᠥᠰᠥᠭ 〔 2018〕6 ᠳ᠋ᠤᠭᠠᠷ ᠲᠣᠭᠠᠲᠤ ) ᠶᠢ ᠬᠠᠮᠲᠤ ᠳᠤᠨᠢ ᠬᠦᠴᠦᠨ | ᠥᠬᠡᠶ ᠪᠣᠯᠭᠠᠨ᠎ᠠ ᠃ |