| ᠡᠯ᠎ᠡ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠯ᠎ᠡ ᠬᠤᠯᠪᠣᠭᠳᠠᠯ ᠪᠦᠬᠦᠢ | ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠠᠵᠢᠯᠯᠠᠭᠠᠨ ᠤ | ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠤᠰᠠᠳᠠ᠂ 《 ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠥᠲᠥᠭᠡᠨ ᠪᠠᠶᠢᠭᠤᠯᠬᠤ ᠳᠤ | ᠬᠡᠷᠡᠭᠵᠢᠭᠦᠯᠬᠦ ᠲᠥᠰᠦᠯ 》 ( ᠥᠪᠥᠷ ᠮᠤᠩᠭᠤᠯ ᠰᠢᠨᠵᠢᠯᠡᠬᠦ ᠤᠬᠠᠭᠠᠨ ᠮᠡᠷᠭᠡᠵᠢᠯ ᠲᠠᠷᠬᠠᠭᠠᠭᠰᠠᠨ ﹇2020﹈ | 68 ᠳ᠋ᠤᠭᠠᠷ ᠲᠣᠭᠠᠲᠤ ) ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠰᠢᠨᠵᠢᠯᠡᠬᠦ ᠤᠬᠠᠭᠠᠨ ᠮᠡᠷᠭᠡᠵᠢᠯ ᠤᠨ | ᠲᠢᠩᠬᠢᠮ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ | ᠰᠢᠯᠭᠠᠨ ᠬᠢᠨᠠᠵᠤ ᠦᠨᠡᠯᠡᠨ ᠵᠢᠱᠢᠬᠦ ᠬᠠᠮᠢᠶᠠᠷᠤᠯᠲᠠ ᠶᠢᠨ ᠠᠷᠭ᠎ᠠ ( ᠲᠤᠷᠰᠢᠨ ᠬᠡᠷᠡᠭᠵᠢᠭᠦᠯᠬᠦ ) 》 ᠶᠢ ᠲᠣᠭᠲᠠᠭᠠᠵᠤ | ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠬᠢᠭᠤᠯᠤᠨ | ᠬᠡᠷᠡᠭᠵᠢᠭᠦᠯᠲᠦᠭᠡᠶ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ | 2024 ᠣᠨ ᠤ 10 ᠰᠠᠷ᠎ᠠ ᠶᠢᠨ 28 ᠤ ᠡᠳᠦᠷ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ | ᠰᠢᠯᠭᠠᠨ ᠬᠢᠨᠠᠵᠤ ᠦᠨᠡᠯᠡᠨ ᠵᠢᠱᠢᠬᠦ ᠬᠠᠮᠢᠶᠠᠷᠤᠯᠲᠠ ᠶᠢᠨ ᠠᠷᠭ᠎ᠠ ( ᠲᠤᠷᠰᠢᠨ ᠬᠡᠷᠡᠭᠵᠢᠭᠦᠯᠬᠦ ) | ᠨᠢᠭᠡᠳᠦᠭᠡᠷ ᠵᠦᠶᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠢᠨ᠎ᠡ ᠶᠢ | ᠡᠭᠦᠳᠬᠦ ᠲᠥᠪ ( ᠳᠣᠷᠣᠭᠰᠢ 《 ᠮᠡᠷᠭᠡᠵᠢᠯ ᠤᠨ ᠰᠢᠨ᠎ᠡ ᠶᠢ ᠡᠭᠦᠳᠬᠦ ᠲᠥᠪ 》 ᠭᠡᠵᠦ ᠲᠣᠪᠴᠢᠯᠠᠨ᠎ᠠ ) ᠤᠨ | ᠠᠵᠢᠯᠯᠠᠭᠠᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠦᠨᠡᠯᠡᠯᠲᠡ ᠪᠠᠷ ᠪᠥᠲᠥᠭᠡᠨ | ᠪᠠᠶᠢᠭᠤᠯᠤᠯᠲᠠ ᠶᠢ ᠠᠬᠢᠭᠤᠯᠬᠤ ᠪᠠ ᠬᠥᠳᠡᠯᠦᠩᠭᠦᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠶᠢᠨ ᠲᠤᠰᠠᠳᠠ | ᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ | ᠪᠥᠲᠥᠭᠡᠨ ᠪᠠᠶᠢᠭᠤᠯᠬᠤ ᠳᠤ ᠬᠡᠷᠡᠭᠵᠢᠭᠦᠯᠬᠦ ᠲᠥᠰᠦᠯ ( ᠲᠦᠷ ᠬᠡᠷᠡᠭᠵᠢᠭᠦᠯᠬᠦ ) 》 ( ᠥᠪᠥᠷ ᠰᠠᠯᠠᠭ᠎ᠠ | ᠲᠠᠷᠬᠠᠭᠠᠭᠰᠠᠨ ﹇2020﹈ 68 ᠳ᠋ᠤᠭᠠᠷ ᠲᠣᠭᠠᠲᠤ ) ᠢ ᠦᠨᠳᠦᠰᠦᠯᠡᠨ᠂ ᠪᠣᠳᠠᠲᠠᠶ ᠲᠠᠢ ᠪᠠᠨ ᠤᠶᠠᠯᠳᠤᠭᠤᠯᠵᠤ᠂ | ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠶᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ ( ᠳᠣᠷᠣᠭᠰᠢ 《 ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ 》 ᠭᠡᠵᠦ ᠲᠣᠪᠴᠢᠯᠠᠨ᠎ᠠ | ) ᠨᠢ ᠰᠢᠯᠭᠠᠨ ᠬᠢᠨᠠᠵᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠡᠯ᠎ᠡ | ᠠᠶᠢᠮᠠᠭ ᠬᠤᠲᠠ ᠶᠢᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠠᠴᠠ ᠲᠠᠨᠢᠯᠴᠠᠭᠤᠯᠤᠭᠰᠠᠨ ᠰᠠᠯᠠᠭ᠎ᠠ | ᠮᠥᠴᠢᠷ ᠨᠢ ᠬᠢᠨᠠᠯᠲᠠ ᠲᠠᠯᠪᠢᠵᠤ ᠰᠢᠯᠭᠠᠨ ᠬᠢᠨᠠᠵᠤ ᠦᠨᠡᠯᠡᠨ ᠵᠢᠱᠢᠬᠦ ᠬᠠᠮᠢᠶ᠎ᠠ ᠪᠥᠬᠦᠶ ᠮᠠᠲ᠋ᠧᠷᠢᠶᠠᠯ ᠤᠨ ᠠᠩᠬᠠᠨ ᠤ | ᠬᠢᠨᠠᠯᠲᠠ ᠬᠢᠬᠦ ᠶᠢ ᠬᠠᠷᠢᠭᠤᠴᠠᠨ᠎ᠠ᠃ | ᠭᠤᠷᠪᠠᠳᠤᠭᠠᠷ ᠵᠦᠶᠯ ᠰᠢᠯᠭᠠᠨ ᠬᠢᠨᠠᠵᠤ ᠦᠨᠡᠯᠡᠨ ᠵᠢᠱᠢᠬᠦ ᠡᠲᠡᠭᠡᠳ ᠪᠣᠯ ᠰᠢᠨᠵᠢᠯᠡᠬᠦ ᠤᠬᠠᠭᠠᠨ ᠮᠡᠷᠭᠡᠵᠢᠯ ᠤᠨ | ᠲᠢᠩᠬᠢᠮ ᠤᠨ ᠴᠣᠬᠤᠯᠠᠪᠤᠷᠢᠯᠠᠨ ᠵᠥᠪᠰᠢᠶᠡᠷᠡᠵᠦ ᠪᠥᠲᠥᠭᠡᠨ ᠪᠠᠶᠢᠭᠤᠯᠤᠭᠰᠠᠨ ᠪᠥᠭᠡᠳ ᠨᠢᠭᠡᠨᠲᠡ ᠪᠦᠬᠦᠯᠢ 3 ᠵᠢᠯ | ᠠᠵᠢᠯᠯᠠᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠣᠯᠤᠨ᠎ᠠ᠃ | ᠳᠥᠷᠪᠡᠳᠦᠭᠡᠷ ᠵᠦᠶᠯ ᠰᠢᠯᠭᠠᠨ ᠬᠢᠨᠠᠵᠤ ᠦᠨᠡᠯᠡᠨ ᠵᠢᠱᠢᠬᠦ ᠶᠢ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ | ᠠᠴᠠ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠬᠤ ᠪᠤᠶᠤ ᠭᠤᠷᠪᠠᠳᠠᠬᠢ ᠡᠲᠡᠭᠡᠳ ᠤᠨ | ᠪᠠᠶᠢᠭᠤᠯᠤᠮᠵᠢ ᠳᠤ ᠨᠠᠶᠢᠳᠠᠨ ᠥᠷᠨᠢᠭᠦᠯᠵᠦ᠂ ᠡᠩ ᠤᠨ ᠪᠠᠶᠢᠳᠠᠯ ᠳᠤ ᠮᠠᠲ᠋ᠧᠷᠢᠶᠠᠯ ᠢ ᠬᠢᠨᠠᠨ ᠲᠣᠭᠲᠠᠭᠠᠬᠤ ᠪᠠ ᠲᠤᠬᠠᠶ | ᠶᠢᠨ ᠲᠠᠯᠠᠪᠠᠶ ᠳᠤ ᠰᠢᠨᠵᠢᠯᠡᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠪᠡᠶᠡᠯᠡᠭᠦᠯᠦᠨ᠎ᠡ᠃ | ᠲᠠᠪᠤᠳᠤᠭᠠᠷ ᠵᠦᠶᠯ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠨᠢ ᠰᠢᠨᠵᠢᠯᠡᠬᠦ ᠤᠬᠠᠭᠠᠨ ᠮᠡᠷᠭᠡᠵᠢᠯ ᠤᠨ | ᠲᠢᠩᠬᠢᠮ ᠤᠨ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠪᠥᠲᠥᠭᠡᠨ ᠪᠠᠶᠢᠭᠤᠯᠬᠤ ᠶᠢ ᠴᠣᠬᠤᠯᠠᠪᠤᠷᠢᠯᠠᠬᠤ ᠦᠶ᠎ᠡ ᠳᠤ | ᠲᠣᠭᠲᠠᠭᠠᠭᠰᠠᠨ ᠪᠥᠲᠥᠭᠡᠨ ᠪᠠᠶᠢᠭᠤᠯᠬᠤ ᠲᠥᠰᠦᠯ ᠲᠠᠢ ᠬᠠᠷᠢᠴᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ | ᠦᠨᠡᠯᠡᠨ ᠵᠢᠱᠢᠭᠰᠡᠨ ᠮᠡᠳᠡᠭᠦᠯᠦᠯᠲᠡ ( ᠳᠠᠭᠠᠯᠳᠤᠭᠤᠯᠤᠯ ᠬᠦᠰᠦᠨᠦᠭᠲᠦ 2 )᠂ ᠣᠶᠢᠷ᠎ᠠ ᠶᠢᠨ ᠭᠤᠷᠪᠠᠨ ᠵᠢᠯ ᠤᠨ | ᠣᠨ ᠤ ᠮᠡᠳᠡᠭᠦᠯᠦᠯᠲᠡ ( ᠳᠠᠭᠠᠯᠳᠤᠭᠤᠯᠤᠯ ᠬᠦᠰᠦᠨᠦᠭᠲᠦ 3 ) ᠵᠢᠴᠢ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ | ᠲᠤᠰᠢᠶᠠᠨ᠎ᠠ᠃ | ᠵᠢᠷᠭᠤᠳᠤᠭᠠᠷ ᠵᠦᠶᠯ ᠮᠠᠲ᠋ᠧᠷᠢᠶᠠᠯ ᠢ ᠬᠢᠨᠠᠨ ᠲᠣᠭᠲᠠᠭᠠᠬᠤ ᠳᠤ ᠭᠤᠤᠯᠳᠠᠭᠤ ᠬᠢᠨᠠᠨ ᠰᠢᠯᠭᠠᠵᠤ ᠦᠨᠡᠯᠡᠨ | ᠵᠢᠱᠢᠬᠦ ᠭᠦᠶᠴᠡᠳᠬᠡᠯ ᠲᠤᠭ᠎ᠠ ᠶᠢᠨ ᠰᠢᠰᠲ᠋ᠧᠮᠵᠢ ᠶᠢ ᠦᠨᠳᠦᠰᠦᠯᠡᠨ ᠥᠷᠨᠢᠭᠦᠯᠦᠨ᠎ᠡ᠂ ᠡᠭᠦᠨ ᠳᠤ ᠬᠠᠷᠠᠯᠲᠠᠲᠤ | ᠡᠭᠦᠷᠭᠡ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ᠂ ᠰᠢᠨᠵᠢᠯᠡᠬᠦ | ᠤᠬᠠᠭᠠᠨ ᠤ ᠰᠤᠳᠤᠯᠭᠠᠨ ᠤ ᠪᠦᠲᠦᠭᠡᠯ ᠪᠠ ᠨᠡᠶᠢᠭᠡᠮ ᠤᠨ ᠦᠶᠯᠡᠴᠢᠯᠡᠭᠡ ᠵᠡᠷᠭᠡ ᠪᠠᠶᠢᠳᠠᠯ ( ᠳᠠᠭᠠᠯᠳᠤᠭᠤᠯᠤᠯ | ᠬᠦᠰᠦᠨᠦᠭᠲᠦ 1 ) ᠪᠠᠭᠲᠠᠨ᠎ᠠ᠃ | ᠳᠣᠯᠣᠳᠤᠭᠠᠷ ᠵᠦᠢᠯ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠨᠢ ᠰᠢᠯᠭᠠᠨ ᠬᠢᠨᠠᠵᠤ ᠦᠨᠡᠯᠡᠨ | ᠵᠢᠱᠢᠬᠦ ᠭᠦᠢᠴᠡᠳᠬᠡᠯ ᠲᠤᠭ᠎ᠠ ᠵᠢᠴᠢ ᠲᠤᠬᠠᠶ ᠶᠢᠨ ᠲᠠᠯᠠᠪᠠᠶ ᠳᠤ ᠰᠢᠯᠭᠠᠨ ᠪᠠᠶᠢᠴᠠᠭᠠᠵᠤ ᠬᠢᠨᠠᠨ ᠬᠠᠷᠭᠤᠭᠤᠯᠤᠭᠰᠠᠨ | ᠪᠠᠶᠢᠳᠠᠯ ᠢ ᠦᠨᠳᠦᠰᠦᠯᠡᠨ ᠶᠡᠷᠦᠩᠬᠡᠶᠢᠯᠡᠨ ᠦᠨᠡᠯᠡᠨ ᠵᠢᠱᠢᠭᠰᠡᠨ ᠦᠷ᠎ᠡ ᠳ᠋ᠦᠩ ᠢ ᠪᠤᠶ ᠪᠣᠯᠭᠠᠨ᠎ᠠ᠃ ᠦᠨᠡᠯᠡᠨ | ᠵᠢᠱᠢᠭᠰᠡᠨ ᠦᠷ᠎ᠡ ᠳ᠋ᠦᠩ ᠢ ᠰᠢᠯᠢᠳᠡᠭ ( 80 ᠬᠤᠪᠢ )᠂ ᠬᠢᠷᠢ ᠲᠡᠩᠴᠡᠭᠰᠡᠨ ( 6080 ᠬᠤᠪᠢ᠂ 60 ᠬᠤᠪᠢ | ᠪᠠᠭᠲᠠᠨ᠎ᠠ )᠂ ᠬᠢᠷᠢ ᠲᠡᠩᠴᠡᠭᠰᠡᠨ ᠥᠬᠡᠶ ( 60 ᠬᠤᠪᠢ ) ᠭᠤᠷᠪᠠᠨ ᠲᠥᠷᠥᠯ ᠬᠤᠪᠢᠶᠠᠵᠤ᠂ ᠡᠭᠦᠨ ᠳᠤ | ᠰᠢᠯᠢᠳᠡᠭ ᠤᠨ ᠬᠠᠷᠢᠴᠠᠯ ᠢ ᠦᠨᠡᠯᠡᠨ ᠵᠢᠱᠢᠭᠰᠡᠨ ᠶᠡᠷᠦᠩᠬᠡᠶ ᠲᠤᠭ᠎ᠠ ᠶᠢᠨ 30 % ᠠᠴᠠ ᠬᠡᠲᠦᠷᠡᠭᠦᠯᠵᠦ ᠪᠣᠯᠬᠤ | ᠥᠬᠡᠶ᠃ |