ᠦᠰᠦᠭ ᠪᠢᠴᠢᠭ ᠢᠶᠠᠷ ᠦᠭᠦᠯᠡᠬᠦᠢ᠄《 ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶ᠎ᠡ ᠴᠠᠷᠠᠭ᠎ᠠ ᠶᠢᠨ ᠡᠭᠦᠷᠭᠡ ᠴᠢᠳᠠᠪᠤᠷᠢ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ ᠦᠶᠯᠡᠴᠢᠯᠡᠭᠡᠨ ᠤ ᠬᠦᠴᠦᠨ ᠴᠢᠳᠠᠪᠤᠷᠢ  ᠶᠢ ᠳᠡᠭᠡᠭᠰᠢᠯᠡᠭᠦᠯᠬᠦ ᠵᠦᠶᠯᠡᠰ ᠤᠨ ᠨᠠᠷᠢᠨ ᠬᠠᠭᠤᠳᠠᠰᠤ 》 ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/12/31
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ《 ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶ᠎ᠡ ᠴᠠᠷᠠᠭ᠎ᠠ ᠶᠢᠨ ᠡᠭᠦᠷᠭᠡ ᠴᠢᠳᠠᠪᠤᠷᠢ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ ᠦᠶᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠵᠦᠶᠯᠡᠰ ᠤᠨ ᠨᠠᠷᠢᠨ ᠬᠠᠭᠤᠳᠠᠰᠤ 》 ( ᠳᠣᠷᠣᠭᠰᠢ《 ᠨᠠᠷᠢᠨ ᠬᠠᠭᠤᠳᠠᠰᠤ 》 ᠭᠡᠵᠦ ᠲᠣᠪᠴᠢᠯᠠᠨ᠎ᠠ ) ᠶᠢ ᠳᠠᠷᠤᠮᠠᠯᠯᠠᠨ ᠲᠠᠷᠬᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠶᠯᠡᠴᠢᠯᠡᠭᠡᠨ ᠤ ᠬᠦᠴᠦᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠪᠠᠷ ᠵᠣᠷᠢᠯᠭ᠎ᠠ ᠪᠠᠨ ᠪᠣᠯᠭᠠᠪᠠ᠃    《 ᠨᠠᠷᠢᠨ ᠬᠠᠭᠤᠳᠠᠰᠤ 》 ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠤ 14 ᠵᠦᠶᠯᠡᠰ ᠤᠨ ᠲᠣᠭᠤᠷᠢᠨ ᠳᠤ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠶᠢ ᠰᠢᠯᠢᠳᠡᠭᠵᠢᠭᠦᠯᠬᠦ᠂ ᠦᠶᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠴᠠᠶ᠃    《 ᠨᠠᠷᠢᠨ  ᠬᠠᠭᠤᠳᠠᠰᠤ 》 ᠨᠢ ᠰᠢᠨ᠎ᠡ ᠶᠢ ᠡᠭᠦᠳᠬᠦ ᠭᠤᠣᠯ ᠴᠣᠭᠴᠠ ᠳᠤ ᠨᠡᠩ ᠶᠡᠭᠡ ᠡᠵᠡᠨ ᠮᠡᠳᠡᠬᠦ ᠡᠷᠬᠡ ᠣᠯᠭᠤᠪᠠ᠃ ᠲᠦᠷᠦᠭᠦᠦ ᠲᠤᠰᠬᠠᠶ ᠮᠡᠷᠭᠡᠵᠢᠯᠲᠡᠨ ᠳᠤ ᠲᠥᠷᠥᠯ ᠵᠦᠶᠯ ᠢ ᠬᠡᠷᠡᠭᠵᠢᠭᠦᠯᠬᠦ ᠡᠵᠡᠨ ᠮᠡᠳᠡᠬᠦ ᠡᠷᠬᠡ ᠣᠯᠭᠤᠵᠤ᠂ ᠲᠦᠷᠦᠭᠦᠦ ᠲᠤᠰᠬᠠᠶ ᠮᠡᠷᠭᠡᠵᠢᠯᠲᠡᠨ ᠢ ᠮᠡᠷᠭᠡᠵᠢᠯ ᠤᠨ ᠱᠤᠭᠤᠮ ᠢ ᠲᠣᠭᠲᠠᠭᠠᠬᠤ ᠡᠷᠬᠡ᠂ ᠵᠠᠷᠤᠳᠠᠯ ᠬᠡᠷᠡᠭᠯᠡᠬᠦ ᠡᠵᠡᠨ ᠮᠡᠳᠡᠬᠦ ᠡᠷᠬᠡ ᠵᠢᠴᠢ ᠰᠤᠳᠤᠯᠭᠠᠨ ᠤ ᠪᠦᠯᠬᠦᠮ ᠢ ᠰᠢᠯᠢᠨ ᠰᠣᠩᠭᠤᠬᠤ ᠵᠡᠷᠭᠡ ᠡᠷᠬᠡ ᠮᠡᠳᠡᠯ ᠲᠠᠢ ᠪᠣᠯᠭᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ《 ᠰᠢᠪᠲᠤᠯᠤᠯᠲᠠ 》ᠢᠨᠵᠧᠨᠧᠷᠢᠩ ᠤᠨ 36 ᠵᠦᠶᠯ ᠤᠨ ᠭᠤᠤᠯᠳᠠᠯᠭ᠎ᠠ ᠲᠠᠢ ᠡᠭᠦᠷᠭᠡ ᠶᠢ ᠴᠥᠮ ᠲᠦᠷᠦᠭᠦᠦ ᠲᠤᠰᠬᠠᠶ ᠮᠡᠷᠭᠡᠵᠢᠯᠲᠡᠨ ᠲᠦᠷᠦᠭᠦᠯᠡᠨ ᠬᠡᠷᠡᠭᠵᠢᠭᠦᠯᠪᠡ  ᠃ ᠡᠭᠦᠨ  ᠤ ᠬᠠᠮᠲᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠲᠤᠰᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ  ᠤᠨ ᠦᠷ᠎ᠡ ᠪᠦᠲᠦᠭᠡᠯ ᠤᠨ ᠥᠮᠴᠢᠯᠡᠬᠦ ᠡᠷᠬᠡ ᠪᠠ ᠤᠷᠲᠤ ᠬᠤᠭᠤᠴᠠᠭ᠎ᠠ ᠪᠠᠷ ᠬᠡᠷᠡᠭᠯᠡᠬᠦ ᠡᠷᠬᠡ ᠶᠢᠨ ᠲᠤᠷᠰᠢᠯᠲᠠ ᠶᠢᠨ ᠬᠡᠪᠴᠢᠶ᠎ᠡ ᠶᠢ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠠᠴᠠ ᠤᠯᠤᠰ  ᠤᠨ ᠥᠮᠴᠢᠯᠡᠯ ᠤᠨ ᠠᠵᠤ ᠠᠬᠤᠶᠢᠯᠠᠯ ᠬᠦᠷᠲᠡᠯ᠎ᠡ ᠥᠷᠭᠡᠳᠬᠡᠨ᠎ᠡ᠃ ᠡᠭᠦᠨ ᠠᠴᠠ ᠭᠠᠳᠠᠨ᠎ᠠ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠳᠤ ᠲᠥᠷᠥᠯ ᠵᠦᠶᠯ ᠤᠨ ᠬᠠᠮᠢᠶᠠᠷᠤᠯᠲᠠ ᠪᠠ ᠵᠠᠷᠤᠳᠠᠯ ᠢ ᠬᠡᠷᠡᠭᠯᠡᠬᠦ ᠲᠠᠯ᠎ᠠ ᠪᠠᠷ ᠬᠢ ᠡᠵᠡᠨ ᠮᠡᠳᠡᠬᠦ ᠡᠷᠬᠡ ᠣᠯᠭᠤᠵᠤ᠂ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠤ ᠨᠠᠶᠢᠳᠠᠵᠤ ᠥᠷᠨᠢᠭᠦᠯᠦᠭᠰᠡᠨ ᠬᠥᠨᠳᠡᠯᠡᠨ ᠴᠢᠭᠯᠡᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠶᠯ ᠤᠨ ᠵᠠᠷᠤᠳᠠᠯ ᠢ ᠬᠡᠷᠡᠭᠯᠡᠬᠦ ᠡᠵᠡᠨ ᠮᠡᠳᠡᠬᠦ ᠡᠷᠬᠡ ᠣᠯᠭᠤᠨ᠎ᠠ᠃   《 ᠨᠠᠷᠢᠨ ᠬᠠᠭᠤᠳᠠᠰᠤ 》 ᠶᠢᠨ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠳᠠᠷᠤᠭᠠᠰᠤ ᠶᠢ ᠬᠥᠩᠭᠡᠷᠡᠭᠦᠯᠪᠡ  ᠃ ᠰᠠᠯᠠᠭ᠎ᠠ ᠮᠥᠴᠢᠷ ᠪᠠ ᠨᠢᠭᠡᠴᠡ ᠶᠢᠨ ᠲᠥᠷᠥᠯ ᠵᠦᠶᠯ ᠢ ᠬᠠᠮᠢᠶᠠᠷᠬᠤ ᠡᠷᠬᠡ ᠮᠡᠳᠡᠯ ᠣᠯᠭᠤᠵᠤ᠂ ᠲᠥᠷᠥᠯ ᠵᠦᠶᠯ ᠢ ᠰᠢᠯᠭᠠᠨ ᠬᠤᠷᠢᠶᠠᠵᠤ ᠬᠠᠮᠢᠶᠠᠷᠬᠤ ᠡᠷᠬᠡ ᠮᠡᠳᠡᠯ ᠢ ᠳᠣᠷᠣᠭᠰᠢ ᠪᠠᠭᠤᠯᠭᠠᠨ᠎ᠠ︔ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠶᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠳᠥᠭᠦᠮᠴᠢᠯᠡᠨ᠎ᠡ︔ ᠰᠢᠨᠵᠢᠯᠡᠬᠦ ᠤᠬᠠᠭᠠᠨ ᠤ ᠰᠤᠳᠤᠯᠭᠠᠨ ᠤ ᠵᠦᠢᠯᠡᠰ  ᠲᠤ ᠬᠢᠨᠠᠯᠲᠠ ᠲᠠᠯᠪᠢᠵᠤ ᠪᠠᠶᠢᠴᠠᠭᠠᠬᠤ ᠲᠣᠭᠲᠠᠴᠠ ᠶᠢ ᠰᠠᠶᠢᠵᠢᠷᠠᠭᠤᠯᠵᠤ᠂ ᠤᠯᠠᠨ ᠰᠠᠯᠠᠭ᠎ᠠ ᠮᠥᠴᠢᠷ ᠤᠨ ᠬᠢᠨᠠᠯᠲᠠ ᠲᠠᠯᠪᠢᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠲᠦᠯᠬᠢᠨ ᠠᠬᠢᠭᠤᠯᠵᠤ᠂ ᠪᠠᠶᠢᠴᠠᠭᠠᠬᠤ ᠳᠠᠪᠲᠠᠮᠵᠢ ᠤᠳᠠᠭ᠎ᠠ  ᠶᠢ ᠪᠠᠭᠠᠰᠬᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠬᠠᠷᠢᠭᠤᠴᠠᠯᠭ᠎ᠠ ᠠᠴᠠ ᠬᠡᠯᠲᠦᠷᠢᠭᠦᠯᠬᠦ ᠲᠣᠭᠲᠠᠴᠠ ᠶᠢ ᠪᠠᠶᠢᠭᠤᠯᠵᠤ᠂ ᠰᠢᠨ᠎ᠡ ᠱᠤᠭᠤᠮ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠵᠡᠷᠭᠡ ᠶᠠᠪᠤᠴᠠ ᠳᠠᠬᠢ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠬᠠᠷᠢᠭᠤᠴᠠᠯᠭ᠎ᠠ ᠠᠴᠠ ᠬᠡᠯᠲᠦᠷᠢᠭᠦᠯᠬᠦ ᠪᠠᠶᠢᠳᠠᠯ ᠢ ᠲᠣᠳᠣᠷᠬᠠᠶᠢᠯᠠᠨ ᠰᠦᠪᠡᠭᠴᠢᠯᠡᠨ᠎ᠡ︔ ᠰᠢᠨᠵᠢᠯᠡᠬᠦ ᠤᠬᠠᠭᠠᠨ ᠮᠡᠷᠭᠡᠵᠢᠯ ᠤᠨ ᠲᠤᠬᠠᠶᠢᠯᠠᠭᠰᠠᠨ ᠠᠵᠢᠯ ᠤᠨ ᠪᠥᠬᠦ ᠴᠤᠪᠤᠷᠠᠯ ᠢ ᠰᠦᠯᠵᠢᠶ᠎ᠡ ᠪᠠᠷ ᠭᠦᠶᠴᠡᠳᠬᠡᠬᠦ᠂ ᠰᠦᠯᠵᠢᠶ᠎ᠡ ᠪᠠᠷ ᠬᠠᠮᠢᠶᠠᠷᠬᠤ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠠᠵᠢᠯ ᠤᠨ ᠬᠡᠮᠵᠢᠶ᠎ᠡ ᠶᠢ 70 % ᠠᠴᠠ ᠳᠡᠭᠡᠭᠰᠢ ᠪᠠᠷ ᠬᠥᠩᠭᠡᠷᠡᠭᠦᠯᠦᠨ᠎ᠡ  ᠃    《 ᠨᠠᠷᠢᠨ ᠬᠠᠭᠤᠳᠠᠰᠤ 》 ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠦᠶᠯᠡᠴᠢᠯᠡᠭᠡᠨ  ᠤ ᠦᠷ᠎ᠡ ᠪᠦᠲᠦᠮᠵᠢ ᠶᠢ ᠳᠡᠭᠡᠭᠰᠢᠯᠡᠭᠦᠯᠪᠡ  ᠃ ᠮᠠᠨ ᠤ ᠣᠷᠣᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠪᠠᠷ ᠠᠵᠢᠯ ᠳᠤ ᠣᠷᠣᠭᠰᠠᠨ ᠳ᠋ᠣᠺᠲ᠋ᠣᠷ ᠴᠣᠯᠠ ᠬᠠᠮᠠᠭᠠᠯᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢ ᠰᠢᠭᠤᠳ ᠭᠤᠶᠤᠴᠢᠯᠠᠨ ᠮᠡᠳᠡᠭᠦᠯᠬᠦ ᠶᠢ ᠵᠥᠪᠰᠢᠶᠡᠷᠡᠵᠦ ᠂ ᠥᠪᠡᠷᠲᠡᠭᠡᠨ ᠵᠠᠰᠠᠬᠤ ᠣᠷᠣᠨ ᠤ ᠰᠢᠯᠢᠳᠡᠭ ᠵᠠᠯᠠᠭᠤᠴᠤᠳ ᠤᠨ ᠰᠠᠭᠤᠷᠢ ᠮᠥᠩᠭᠦ ᠶᠢᠨ ᠲᠥᠷᠥᠯ ᠵᠦᠶᠯ ᠢ ᠨᠡᠮᠡᠵᠦ ᠪᠠᠶᠢᠭᠤᠯᠪᠠ  ᠃ ᠳᠤᠷᠠᠳᠤᠭᠤᠰᠢᠲᠠᠶ ᠨᠢ᠂ ᠡᠨᠡ ᠵᠢᠯ᠂ 45 ᠨᠠᠰᠤ ᠵᠢᠴᠢ ᠲᠡᠭᠦᠨ ᠠᠴᠠ ᠳᠣᠷᠣᠭᠰᠢᠬᠢ ᠨᠠᠰᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠲᠥᠷᠥᠯ ᠵᠦᠶᠯ ᠲᠣᠭᠲᠠᠭᠠᠬᠤ ᠨᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠲᠥᠷᠥᠯ ᠵᠦᠶᠯ ᠲᠣᠭᠲᠠᠭᠠᠬᠤ ᠶᠡᠷᠦᠩᠬᠡᠶ ᠲᠣᠭᠠᠨ ᠤ 78.5 % ᠶᠢ ᠡᠵᠡᠯᠡᠪᠡ᠃     ᠡᠭᠦᠨ ᠠᠴᠠ ᠭᠠᠳᠠᠨ᠎ᠠ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠪᠠᠶᠢᠷᠢ ᠰᠠᠭᠤᠷᠢ  ᠶᠢ ᠴᠢᠩᠭᠠᠳᠬᠠᠵᠤ᠂ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠥᠷᠥᠯ ᠵᠦᠶᠯ ᠢ ᠲᠦᠷᠦᠭᠦᠯᠡᠨ ᠡᠭᠦᠷᠭᠡᠯᠡᠬᠦ ᠶᠢ ᠳᠡᠮᠵᠢᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠴᠢ ᠶᠢᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠨᠡᠶᠢᠲᠡ 11167 ᠠᠵᠤ ᠠᠬᠤᠶᠢᠯᠠᠯ ᠳᠤ ᠲᠤᠶᠢᠯ ᠤᠨ ᠣᠨᠣᠪᠴᠢᠲᠠᠶ ᠪᠠᠷ ᠰᠢᠨ᠎ᠡ ᠶᠢ ᠡᠭᠦᠳᠬᠦ ᠦᠶᠯᠡᠴᠢᠯᠡᠭᠡ ᠬᠠᠩᠭᠠᠪᠠ  ᠃ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠶᠯ ᠢ ᠰᠢᠯᠢᠨ ᠰᠣᠩᠭᠤᠬᠤ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠥᠷᠢᠰᠥᠯᠳᠦᠭᠡᠨ ᠢᠶᠠᠷ ᠰᠢᠯᠢᠳᠡᠭ ᠢ ᠨᠢ ᠰᠣᠩᠭᠤᠬᠤ᠂ ᠬᠠᠨᠳᠤᠯᠭ᠎ᠠ ᠲᠠᠢ ᠪᠠᠷ ᠨᠠᠶᠢᠳᠠᠬᠤ ᠵᠡᠷᠭᠡ ᠰᠢᠯᠢᠨ ᠰᠣᠩᠭᠤᠬᠤ ᠠᠷᠭ᠎ᠠ ᠮᠠᠶ᠋ᠢᠭ ᠪᠠ ᠵᠠᠷᠯᠠᠯ ᠨᠡᠶᠢᠲᠡᠯᠡᠨ ᠮᠠᠩᠯᠠᠶᠢᠯᠠᠭᠤᠯᠬᠤ᠂ ᠮᠣᠷᠢ ᠤᠷᠤᠯᠳᠤᠬᠤ ᠲᠦᠷᠢᠮ ᠵᠡᠷᠭᠡ ᠲᠥᠷᠥᠯ ᠵᠦᠶᠯ ᠢ ᠬᠡᠷᠡᠭᠵᠢᠭᠦᠯᠬᠦ ᠠᠷᠭ᠎ᠠ ᠮᠠᠶ᠋ᠢᠭ ᠢ ᠠᠪᠴᠤ᠂ ᠡᠨᠡ ᠵᠢᠯ ᠥᠷᠨᠢᠭᠦᠯᠦᠭᠰᠡᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠ ᠳᠣᠤᠷ᠎ᠠ ᠨᠡᠭᠦᠷᠡᠰᠦᠲᠥ᠋ᠷᠥᠭᠴᠢᠲᠦ ᠡᠨᠧᠷᠭᠢ ᠶᠢᠨ ᠬᠤᠶᠠᠷ ᠪᠦᠯᠦᠭ 28 ᠵᠦᠶᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ᠲᠥᠷᠥᠯ ᠵᠦᠶᠯ ᠢ ᠴᠥᠮ ᠵᠠᠷᠯᠠᠯ ᠨᠡᠶᠢᠲᠡᠯᠡᠨ ᠮᠠᠩᠯᠠᠶᠢᠯᠠᠭᠤᠯᠬᠤ ᠠᠷᠭ᠎ᠠ ᠮᠠᠶ᠋ᠢᠭ ᠢᠶᠠᠷ ᠬᠡᠷᠡᠭᠵᠢᠭᠦᠯᠦᠨ᠎ᠡ  ᠃   《 ᠨᠠᠷᠢᠨ  ᠬᠠᠭᠤᠳᠠᠰᠤ 》 ᠨᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠢ ᠭᠦᠶᠴᠡᠳᠬᠡᠬᠦ ᠬᠦᠴᠦᠨ ᠪᠥᠬᠦᠶ ᠬᠤᠭᠤᠴᠠᠭ᠎ᠠ ᠶᠢ ᠳᠡᠭᠡᠭᠰᠢᠯᠡᠭᠦᠯᠪᠡ  ᠃ ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ᠤᠨ ᠦᠨᠡᠮᠯᠡᠯ ᠪᠠ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠨᠡᠶᠢᠯᠡᠯ ᠢ ᠠᠬᠢᠭᠤᠯᠵᠤ᠂ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠶᠴᠡᠳᠬᠡᠬᠦ ᠶᠢ ᠪᠡᠶᠡᠯᠡᠭᠦᠯᠦᠨ᠂ ᠭᠦᠶᠴᠡᠳᠬᠡᠬᠦ ᠴᠠᠭ ᠤᠨ ᠬᠢᠵᠠᠭᠠᠷ ᠢ ᠤᠤᠯ ᠤᠨ 20 ᠠᠵᠢᠯᠯᠠᠬᠤ ᠡᠳᠦᠷ ᠠᠴᠠ 15 ᠠᠵᠢᠯᠯᠠᠬᠤ ᠡᠳᠦᠷ ᠪᠣᠯᠭᠠᠨ ᠪᠣᠭᠤᠨᠢᠰᠬᠠᠪᠠ︔ ᠮᠡᠷᠭᠡᠵᠢᠯ ᠤᠨ ᠭᠡᠷ᠎ᠡ  ᠶᠢ ᠮᠠᠭᠠᠳᠯᠠᠨ ᠲᠣᠭᠲᠠᠭᠠᠵᠤ ᠳᠡᠩᠰᠡᠯᠡᠨ ᠲᠡᠮᠳᠡᠭᠯᠡᠬᠦ ᠪᠥᠬᠦ ᠶᠠᠪᠤᠴᠠ ᠶᠢ ᠰᠦᠯᠵᠢᠶ᠎ᠡ ᠪᠠᠷ ᠭᠦᠶᠴᠡᠳᠬᠡᠬᠦ ᠶᠢ ᠪᠡᠶᠡᠯᠡᠭᠦᠯᠵᠦ᠂ ᠭᠦᠶᠴᠡᠳᠬᠡᠬᠦ ᠴᠠᠭ ᠤᠨ ᠬᠢᠵᠠᠭᠠᠷ ᠢ ᠤᠤᠯ ᠤᠨ 20 ᠠᠵᠢᠯᠯᠠᠬᠤ ᠡᠳᠦᠷ ᠪᠠᠶᠢᠭᠰᠠᠨ ᠠᠴᠠ ᠨᠢ 15 ᠠᠵᠢᠯᠯᠠᠬᠤ ᠡᠳᠦᠷ ᠪᠣᠯᠭᠠᠨ ᠪᠣᠭᠤᠨᠢᠰᠬᠠᠬᠤ ᠶᠢ ᠠᠬᠢᠭᠤᠯᠤᠨ᠎ᠠ᠃     ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠲᠢᠩᠬᠢᠮ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ  ᠶᠢ ᠪᠥᠬᠦ ᠬᠦᠴᠦᠨ ᠢᠶᠠᠷ ᠠᠬᠢᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠯᠢᠬᠵᠢᠭᠤᠯᠤᠭᠰᠠᠨ ᠠᠷᠭ᠎ᠠ ᠬᠡᠮᠵᠢᠶ᠎ᠡ ᠳᠤᠷᠠᠳᠬᠤ ᠶᠢ ᠠᠬᠢᠭᠤᠯᠵᠤ᠂ ᠦᠷ᠎ᠡ ᠪᠦᠲᠦᠮᠵᠢ ᠪᠠᠷ ᠰᠠᠶᠢᠨ᠂ ᠵᠢᠱᠢᠶ᠎ᠡ ᠦᠵᠡᠭᠦᠯᠬᠦ ᠦᠶᠯᠡᠳᠦᠯ ᠢᠶᠠᠷ ᠴᠢᠩᠭ᠎ᠠ ᠨᠡᠶᠢᠲᠡᠯᠢᠭ ᠬᠡᠷᠡᠭ ᠤᠨ ᠵᠢᠱᠢᠶ᠎ᠡ ᠶᠢ ᠢᠳᠡᠪᠬᠢᠲᠡᠶ ᠳᠡᠯᠭᠡᠷᠡᠭᠦᠯᠦᠨ᠎ᠡ︔ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠠᠪᠤᠴᠠ ᠳᠠᠬᠢ ᠲᠦᠭᠵᠢᠷᠡᠯ ᠪᠠ ᠬᠦᠴᠢᠷᠳᠡᠯ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠳᠤᠮᠳᠠᠬᠢ ᠪᠠᠴᠢᠮ ᠬᠦᠴᠢᠷᠳᠡᠯ ᠪᠠ ᠬᠦᠰᠡᠯ ᠡᠷᠡᠮᠡᠯᠵᠡᠯ ᠢ ᠴᠠᠭ ᠲᠤᠬᠠᠶ ᠳᠤᠨᠢ ᠡᠵᠡᠮᠰᠢᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠠᠰ ᠳᠡᠪᠰᠢᠭᠦᠯᠬᠦ ᠬᠡᠪ ᠢ ᠴᠠᠭ ᠲᠤᠨᠢ ᠲᠣᠬᠢᠷᠠᠭᠤᠯᠤᠨ ᠲᠣᠭᠲᠠᠭᠠᠵᠤ᠂ ᠰᠢᠨ᠎ᠡ ᠶᠢ ᠡᠭᠦᠳᠬᠦ  ᠪᠠᠷ ᠬᠥᠳᠡᠯᠭᠡᠭᠦᠷ ᠪᠣᠯᠭᠠᠬᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号