ᠦᠰᠦᠭ ᠪᠢᠴᠢᠭ ᠢᠶᠠᠷ ᠦᠭᠦᠯᠡᠬᠦᠢ᠄《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ 》 ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ  ︵ᠨᠢᠭᠡ︶
ᠨᠡᠶᠢᠲᠡᠯᠡᠭᠰᠡᠨ ᠴᠠᠭ᠄
2024/12/31
 ᠨᠢᠭᠡ᠂ ᠲᠤᠭᠤᠷᠪᠢᠨ ᠪᠢᠴᠢᠭᠰᠡᠨ ᠠᠬᠤᠢ ᠪᠠᠶᠢᠳᠠᠯ ᠪᠠ ᠦᠨᠳᠦᠰᠦᠯᠡᠯ  ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ  ᠤᠨ ᠬᠤᠷᠢᠶᠠᠨ ᠤ ᠠᠯᠪᠠᠨ ᠲᠢᠩᠬᠢᠮ ᠤᠨ 《 ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ ᠤᠳ 》 ( ᠲᠢᠩᠬᠢᠮ ᠥᠰᠥᠭ  ﹇2018﹈ 23 ᠳ᠋ᠤᠭᠠᠷ ᠲᠣᠭᠠᠲᠤ ) 《 ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ ᠣᠪᠣᠷ ᠰᠤᠷᠲᠠᠯ ᠪᠠ ᠰᠤᠷᠤᠯᠴᠠᠬᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠠᠨᠠᠯ 》 ( ᠲᠥᠪ ᠠᠯᠪᠠᠨ ᠲᠠᠷᠬᠠᠭᠠᠭᠰᠠᠨ 201935 ᠳ᠋ᠤᠭᠠᠷ ᠲᠣᠭᠠᠲᠤ ) ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠶᠢᠨ ᠲᠤᠰᠠᠳᠠ᠂ 2022 ᠣᠨ ᠳᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ 》 ( ᠥᠪᠥᠷ ᠰᠠᠯᠠᠭ᠎ᠠ ᠵᠠᠰᠠᠭ ᠥᠰᠥᠭ 202212 ᠳ᠋ᠤᠭᠠᠷ ᠲᠣᠭᠠᠲᠤ ) ᠶᠢ ᠳᠠᠷᠤᠮᠠᠯᠯᠠᠨ ᠲᠠᠷᠬᠠᠭᠠᠪᠠ᠃ ᠲᠤᠰ ᠠᠷᠭ᠎ᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠪᠣᠯᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠨ ᠬᠠᠮᠢᠶᠠᠷᠴᠤ ᠪᠦᠬᠦᠢ ᠪᠤᠰᠤᠳ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠳᠤ ᠲᠣᠬᠢᠷᠠᠨ᠎ᠠ᠃   ᠰᠢᠨ᠎ᠡ ᠪᠠᠢᠳᠠᠯ ᠳᠤ ᠵᠣᠬᠢᠴᠠᠬᠤ ᠶᠢᠨ ᠲᠥᠯᠥᠭᠡ᠂ ᠰᠢᠨ᠎ᠡ ᠱᠠᠭᠠᠷᠳᠠᠯᠭ᠎ᠠ᠂ ᠨᠠᠮ ᠤᠨ ᠬᠤᠷᠢᠳᠤᠭᠠᠷ ᠬᠤᠭᠤᠴᠠᠭᠠᠨ  ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ᠂ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠲᠤᠬᠠᠶ ᠵᠠᠰᠠᠭ ᠤᠨ ᠣᠷᠳᠣᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ᠂ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠬᠠᠤᠯᠢ ᠶᠢ ᠦᠨᠳᠦᠰᠦᠯᠡᠪᠡᠯ᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠦᠷᠢᠮ 》᠂ 《 ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠰᠢᠶᠳᠪᠦᠷᠢᠯᠡᠬᠦ ᠲᠦᠷ ᠬᠡᠷᠡᠭᠵᠢᠭᠦᠯᠬᠦ ᠲᠣᠭᠲᠠᠭᠠᠯ 》 ( ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ 19 ᠳ᠋ᠦ᠋ᠭᠡᠷ ᠲᠣᠭᠠᠲᠤ ᠵᠠᠷᠯᠢᠭ )᠂ ᠵᠢᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠠᠷᠤᠮᠠᠯᠯᠠᠨ ᠶᠠᠪᠤᠭᠤᠯᠤᠭᠰᠠᠨ 《 ᠪᠦᠬᠦ ᠣᠷᠣᠨ ᠳᠤ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ 》᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠳᠠᠷᠤᠮᠠᠯᠯᠠᠨ ᠲᠠᠷᠬᠠᠭᠠᠭᠰᠠᠨ 《 ᠰᠢᠨᠵᠢᠯᠡᠬᠦ ᠤᠬᠠᠭᠠᠨ ᠤ ᠰᠤᠳᠤᠯᠭᠠᠨ ᠤ ᠢᠲᠡᠭᠡᠮᠵᠢ ᠠᠯᠳᠠᠭᠰᠠᠨ ᠦᠶᠯᠡ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠬᠦ ᠲᠦᠷᠢᠮ 》 ( ᠣᠯᠣᠰ ᠰᠢᠨᠵᠢᠯᠡᠬᠦ ᠲᠠᠷᠬᠠᠭᠠᠭᠰᠠᠨ ᠬᠢᠨᠠᠯᠲᠠ )᠂ ᠥᠪᠡᠷᠲᠡᠭᠡᠨ ᠵᠠᠰᠠᠬᠤ ᠣᠷᠣᠨ ᠤ 《 ᠠᠵᠢᠯ ᠲᠥᠷᠥᠯ ᠤᠨ ᠢᠲᠡᠭᠡᠮᠵᠢ ᠶᠢᠨ ᠦᠨᠡᠯᠡᠯᠲᠡ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ 》 ( ᠥᠪᠥᠷ ᠬᠥᠭᠵᠢᠭᠦᠯᠦᠯᠲᠡ ᠥᠭᠡᠷᠡᠴᠢᠯᠡᠯᠲᠡ ᠡᠳ᠋ ᠮᠥᠩᠭᠦᠨ ᠦᠰᠦᠭ )  ﹇2024﹈ 570 ᠳ᠋ᠤᠭᠠᠷ ᠲᠣᠭᠠᠲᠤ ) ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ 》 ᠳᠤ ᠳᠠᠬᠢᠨ ᠵᠠᠰᠠᠪᠤᠷᠢ ᠣᠷᠣᠭᠤᠯᠪᠠ᠂ ᠬᠡᠷᠡᠭᠯᠡᠬᠦ ᠬᠡᠪᠴᠢᠶ᠎ᠡ ᠶᠢ ᠡᠯ᠎ᠡ ᠠᠵᠢᠯ ᠲᠥᠷᠥᠯ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠦᠷᠢᠶᠡᠨ  ᠳᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠳᠤ ᠬᠦᠷᠲᠡᠯ᠎ᠡ ᠥᠷᠭᠡᠳᠬᠡᠨ᠎ᠡ᠂ ᠨᠠᠮ ᠤᠨ ᠲᠥᠪ ᠬᠤᠷᠢᠶ᠎ᠠ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠱᠠᠭᠠᠷᠳᠠᠯᠭ᠎ᠠ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠶᠢᠨ ᠪᠠᠶᠢᠭᠤᠯᠤᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠂ ᠢᠲᠡᠭᠡᠮᠵᠢ ᠪᠠᠷ ᠰᠠᠭᠤᠷᠢ ᠪᠣᠯᠭᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠂ ᠡᠷᠬᠡ ᠲᠡᠭᠰᠢ ᠲᠥᠪ ᠭᠤᠣᠯᠴᠢ ᠡᠮᠬᠢ ᠵᠢᠷᠤᠮ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠨᠥᠬᠦᠴᠡᠯ  ᠢ ᠪᠤᠢ ᠪᠣᠯᠭᠠᠨ᠎ᠠ  ᠃      ᠬᠤᠶᠠᠷ᠂ ᠶᠡᠷᠦᠩᠬᠡᠢ ᠪᠣᠷᠣ ᠲᠥᠯᠥᠪ ᠪᠠ ᠠᠭᠤᠯᠭ᠎ᠠ     《 ᠬᠠᠮᠢᠶᠠᠷᠤᠯᠲᠠ ᠶᠢᠨ ᠠᠷᠭ᠎ᠠ 》 ᠨᠢ ᠨᠡᠶᠢᠲᠡ 5 ᠪᠦᠯᠦᠭ 19 ᠵᠦᠶᠯ ᠲᠠᠢ  ᠃     ᠨᠢᠭᠡᠳᠦᠭᠡᠷ ᠪᠦᠯᠦᠭ ᠶᠡᠷᠦᠩᠬᠡᠶ ᠳᠦᠷᠢᠮ᠂ ᠨᠡᠶᠢᠲᠡ 4 ᠵᠦᠢᠯ  ᠃ ᠭᠤᠤᠯᠳᠠᠭᠤ 《 ᠬᠠᠮᠢᠶᠠᠷᠤᠯᠲᠠ ᠶᠢᠨ ᠠᠷᠭ᠎ᠠ 》 ᠳᠤ ᠵᠠᠰᠠᠪᠤᠷᠢ ᠣᠷᠣᠭᠤᠯᠬᠤ ᠦᠨᠳᠦᠰᠦᠯᠡᠯ᠂ ᠬᠠᠮᠢᠶᠠᠷᠤᠯᠲᠠ ᠶᠢᠨ ᠶᠡᠷᠦᠩᠬᠡᠶ ᠱᠠᠭᠠᠷᠳᠠᠯᠭ᠎ᠠ ᠪᠠ ᠬᠠᠷᠢᠭᠤᠴᠠᠯᠭ᠎ᠠ ᠶᠢᠨ ᠭᠤᠤᠯ ᠴᠣᠭᠴᠠ᠂ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠠᠭᠤᠯᠭ᠎ᠠ᠂ ᠬᠠᠮᠢᠶᠠᠷᠤᠯᠲᠠ ᠶᠢᠨ ᠶᠡᠷᠦᠩᠬᠡᠶ ᠵᠠᠷᠴᠢᠮ ᠢ ᠲᠣᠳᠣᠷᠬᠠᠶᠢᠯᠠᠪᠠ  ᠃     ᠬᠤᠶᠠᠳᠤᠭᠠᠷ ᠪᠦᠯᠦᠭ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ  ᠃ ᠭᠤᠤᠯᠳᠠᠭᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠯ᠎ᠡ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠡᠯ᠎ᠡ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ ᠂ ᠠᠵᠤ ᠠᠬᠤᠶᠢᠯᠠᠯ᠂ ᠠᠵᠢᠯ ᠦᠶᠯᠡᠰ ᠤᠨ ᠨᠢᠭᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠲᠤᠰᠬᠠᠶ ᠮᠡᠷᠭᠡᠵᠢᠯ  ᠤᠨ ᠦᠶᠯᠡᠴᠢᠯᠡᠭᠡᠨ ᠤ ᠪᠠᠶᠢᠭᠤᠯᠤᠮᠵᠢ ᠵᠡᠷᠭᠡ ᠶᠢᠨ ᠠᠵᠢᠯ ᠤᠨ ᠬᠤᠪᠢᠶᠠᠷᠢᠯᠠᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠪᠠ  ᠃     ᠭᠤᠷᠪᠠᠳᠤᠭᠠᠷ ᠪᠦᠯᠦᠭ ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠬᠦ  ᠃ ᠭᠤᠤᠯᠳᠠᠭᠤ ᠰᠢᠨᠵᠢᠯᠡᠬᠦ ᠤᠬᠠᠭᠠᠨ ᠤ ᠰᠤᠳᠤᠯᠭᠠᠨ ᠤ ᠢᠲᠡᠭᠡᠯ ᠠᠯᠳᠠᠭᠰᠠᠨ ᠠᠵᠢᠯᠯᠠᠭ᠎ᠠ ᠳᠤ ᠪᠠᠭᠲᠠᠬᠤ ᠠᠭᠤᠯᠭ᠎ᠠ᠂ ᠪᠠᠶᠢᠴᠠᠭᠠᠨ ᠰᠢᠶᠳᠪᠦᠷᠢᠯᠡᠬᠦ ᠡᠷᠬᠡ ᠬᠠᠷᠢᠭᠤᠴᠠᠯᠭ᠎ᠠ᠂ ᠪᠠᠶᠢᠴᠠᠭᠠᠨ ᠰᠢᠶᠳᠪᠦᠷᠢᠯᠡᠬᠦ ᠲᠦᠷᠢᠮ᠂ ᠪᠤᠷᠤᠭᠤ ᠶᠢ ᠠᠭᠤᠴᠢᠯᠠᠵᠤ ᠬᠠᠷᠢᠭᠤᠴᠠᠯᠭ᠎ᠠ ᠠᠴᠠ ᠭᠡᠯᠳᠦᠷᠢᠭᠦᠯᠬᠦ ᠱᠠᠭᠠᠷᠳᠠᠯᠭ᠎ᠠ ᠵᠡᠷᠭᠡ ᠶᠢ ᠲᠣᠳᠣᠷᠬᠠᠶᠢᠯᠠᠪᠠ  ᠃    ᠳᠥᠷᠪᠡᠳᠦᠭᠡᠷ ᠪᠦᠯᠦᠭ ᠢᠲᠡᠭᠡᠮᠵᠢ ᠶᠢ ᠦᠨᠡᠯᠡᠬᠦ ᠪᠠ ᠰᠡᠯᠪᠢᠨ ᠰᠡᠷᠭᠦᠭᠡᠬᠦ ᠳᠤ ᠨᠡᠶᠢᠲᠡ 4 ᠵᠦᠢᠯ ᠪᠤᠶ  ᠃ ᠭᠤᠤᠯᠳᠠᠭᠤ ᠰᠢᠨᠵᠢᠯᠡᠬᠦ ᠤᠬᠠᠭᠠᠨ ᠤ ᠰᠤᠳᠤᠯᠭᠠᠨ ᠤ ᠢᠲᠡᠭᠡᠮᠵᠢ ᠶᠢ ᠲᠠᠰ ᠬᠤᠪᠢᠶᠠᠨ ᠦᠨᠡᠯᠡᠬᠦ ᠲᠦᠷᠢᠮ᠂ ᠮᠡᠳᠡᠭᠡ ᠵᠠᠩᠭᠢ ᠴᠤᠭᠯᠠᠭᠤᠯᠬᠤ ᠪᠠ ᠲᠡᠮᠳᠡᠭᠯᠡᠬᠦ ᠶᠢ ᠥᠷᠨᠢᠭᠦᠯᠬᠦ ᠱᠠᠭᠠᠷᠳᠠᠯᠭ᠎ᠠ᠂ ᠢᠲᠡᠭᠡᠯ ᠠᠯᠳᠠᠭᠰᠠᠨ ᠦᠶᠯᠡ ᠠᠵᠢᠯᠯᠠᠭ᠎ᠠ  ᠶᠢᠨ ᠲᠡᠮᠳᠡᠭᠯᠡᠯ ᠢ ᠰᠢᠯᠵᠢᠭᠦᠯᠦᠨ ᠭᠠᠷᠭᠠᠬᠤ ᠪᠠ ᠰᠡᠷᠭᠦᠭᠡᠬᠦ ᠲᠣᠭᠲᠠᠭᠠᠯ ᠵᠡᠷᠭᠡ ᠶᠢ ᠲᠣᠳᠣᠷᠬᠠᠶᠢᠯᠠᠪᠠ  ᠃    ᠲᠠᠪᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ 2 ᠵᠦᠢᠯ ᠲᠠᠢ  ᠃ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠲᠠᠶᠢᠯᠪᠤᠷᠢᠯᠠᠬᠤ ᠡᠷᠬᠡ ᠪᠠ ᠲᠣᠰ ᠠᠷᠭ᠎ᠠ ᠶᠢᠨ ᠬᠡᠷᠡᠭᠵᠢᠭᠦᠯᠬᠦ ᠡᠳᠦᠷ ᠬᠤᠭᠤᠴᠠᠭ᠎ᠠ ᠶᠢ ᠲᠣᠳᠣᠷᠬᠠᠶᠢᠯᠠᠪᠠ  ᠃  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号