ᠭᠤᠷᠪᠠ᠂ ᠭᠤᠣᠯ ᠣᠨᠴᠠᠯᠢᠭ | ᠨᠢᠭᠡ ᠳᠤ ᠤᠤᠯ ᠤᠨ ᠬᠠᠮᠢᠶᠠᠷᠤᠯᠲᠠ ᠶᠢᠨ ᠠᠷᠭ᠎ᠠ ᠶᠢᠨ ᠬᠡᠷᠡᠭᠯᠡᠬᠦ ᠬᠡᠪᠴᠢᠶ᠎ᠡ ᠶᠢ ᠥᠷᠭᠡᠳᠬᠡᠪᠡ ᠃ ᠤᠤᠯ ᠤᠨ | 《 ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠪᠠ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠬᠠᠮᠢᠶᠠᠷᠬᠤ ᠳᠤ ᠲᠣᠬᠢᠷᠠᠬᠤ ᠪᠤᠰᠤᠳ ᠰᠢᠨᠵᠢᠯᠡᠬᠦ ᠤᠬᠠᠭᠠᠨ | ᠮᠡᠷᠭᠡᠵᠢᠯ ᠤᠨ ᠠᠵᠢᠯᠯᠠᠭ᠎ᠠ 》 ᠠᠴᠠ 《 ᠮᠠᠨ ᠤ ᠣᠷᠣᠨ ᠳᠤ ᠬᠠᠷᠢᠶᠠᠯᠠᠭᠳᠠᠬᠤ ᠪᠤᠶᠤ ᠮᠠᠨ ᠤ ᠣᠷᠣᠨ ᠤ | ᠵᠣᠬᠢᠶᠠᠨ ᠪᠠᠶᠢᠭᠤᠯᠤᠯᠲᠠ ᠳᠤ ᠣᠷᠣᠯᠴᠠᠬᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠦᠷᠢᠶᠡᠨ ᠳᠠᠬᠢ ᠰᠢᠨᠵᠢᠯᠡᠬᠦ | ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭ᠎ᠠ ᠶᠢᠨ ᠭᠤᠣᠯ ᠴᠣᠭᠴᠠ ( ᠳᠣᠷᠣᠭᠰᠢ | ᠬᠠᠷᠢᠭᠤᠴᠠᠯᠭ᠎ᠠ ᠶᠢᠨ ᠭᠤᠣᠯ ᠴᠣᠭᠴᠠ ᠭᠡᠵᠦ ᠲᠣᠪᠴᠢᠯᠠᠨ᠎ᠠ ) ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ | ᠶᠢᠨ ᠵᠢᠷᠤᠮᠵᠢᠯ ᠢ ᠵᠢᠷᠤᠮᠯᠠᠭᠰᠠᠨ ᠪᠠᠶᠢᠳᠠᠯ ᠃ 》 | ᠬᠤᠶᠠᠷ ᠲᠤ ᠤᠤᠯ ᠤᠨ ᠬᠤᠶᠠᠳᠤᠭᠠᠷ ᠪᠦᠯᠦᠭ 《 ᠬᠠᠮᠢᠶᠠᠷᠤᠯᠲᠠ ᠶᠢᠨ ᠲᠣᠭᠲᠠᠴᠠ 》 ᠶᠢ 《 ᠲᠤᠰᠢᠶᠠᠯ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ 》 ᠭᠡᠵᠦ ᠵᠠᠰᠠᠪᠠ ᠃ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠯ᠎ᠡ ᠠᠵᠢᠯ ᠲᠥᠷᠥᠯ ᠤᠨ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ᠂ ᠡᠯ᠎ᠡ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠵᠢᠴᠢ ᠮᠠᠨ ᠤ ᠣᠷᠣᠨ ᠳᠤ ᠬᠠᠷᠢᠶᠠᠯᠠᠭᠳᠠᠬᠤ ᠪᠤᠶᠤ ᠮᠠᠨ ᠤ ᠣᠷᠣᠨ ᠤ ᠵᠣᠬᠢᠶᠠᠨ ᠪᠠᠶᠢᠭᠤᠯᠤᠭᠰᠠᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭ᠎ᠠ ᠳᠤ ᠬᠠᠷᠢᠶᠠᠯᠠᠭᠳᠠᠬᠤ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ᠂ ᠠᠵᠢᠯ ᠦᠶᠯᠡᠰ ᠤᠨ | ᠨᠢᠭᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠲᠤᠰᠬᠠᠶ ᠦᠶᠯᠡᠴᠢᠯᠡᠭᠡᠨ ᠤ ᠪᠠᠶᠢᠭᠤᠯᠤᠮᠵᠢ ᠵᠡᠷᠭᠡ ᠰᠢᠨᠵᠢᠯᠡᠬᠦ | ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠨ | ᠲᠣᠳᠣᠷᠬᠠᠶᠢᠯᠠᠬᠤ ᠬᠡᠷᠡᠭᠲᠡᠶ ᠃ | ᠭᠤᠷᠪᠠ ᠳᠤ ᠤᠤᠯ ᠤᠨ ᠭᠤᠷᠪᠠᠳᠤᠭᠠᠷ ᠪᠦᠯᠦᠭ 《 ᠲᠡᠮᠳᠡᠭᠯᠡᠬᠦ ᠪᠠ ᠦᠨᠡᠯᠡᠬᠦ 》 ᠶᠢ ᠳᠥᠷᠪᠡᠳᠦᠭᠡᠷ ᠪᠦᠯᠦᠭ | 《 ᠢᠲᠡᠭᠡᠮᠵᠢ ᠶᠢ ᠦᠨᠡᠯᠡᠬᠦ ᠪᠠ ᠰᠡᠷᠭᠦᠭᠡᠬᠦ 》 ᠭᠡᠵᠦ ᠵᠠᠰᠠᠪᠤᠷᠢ ᠣᠷᠣᠭᠤᠯᠵᠤ᠂ ᠰᠢᠨᠵᠢᠯᠡᠬᠦ ᠤᠬᠠᠭᠠᠨ ᠤ | ᠰᠤᠳᠤᠯᠭᠠᠨ ᠤ ᠢᠲᠡᠭᠡᠮᠵᠢ ᠳᠤ ᠡᠩ ᠤᠨ ᠪᠠᠶᠢᠳᠠᠯ ᠳᠤ ᠱᠠᠲᠤ ᠬᠤᠪᠢᠶᠠᠨ ᠦᠨᠡᠯᠡᠬᠦ ᠲᠦᠷᠢᠮ ᠢ ᠬᠡᠷᠡᠭᠵᠢᠭᠦᠯᠵᠦ᠂ | ᠵᠠᠷᠴᠢᠮ ᠳᠡᠭᠡᠷ᠎ᠡ ᠪᠠᠨ ᠦᠨᠡᠯᠡᠬᠦ ᠶᠢ ᠳᠥᠷᠪᠡᠨ ᠳᠡᠰ ᠬᠤᠪᠢᠶᠠᠨ ᠢᠲᠡᠭᠡᠮᠵᠢ ᠶᠢ ᠦᠨᠡᠯᠡᠬᠦ᠂ ᠲᠡᠮᠳᠡᠭᠯᠡᠬᠦ ᠪᠠ | ᠬᠠᠮᠢᠶᠠᠷᠬᠤ ᠬᠡᠷᠡᠭᠲᠡᠶ ᠭᠡᠵᠦ ᠲᠣᠳᠣᠷᠬᠠᠶᠢᠯᠠᠪᠠ︔ ᠡᠭᠦᠨ ᠤ ᠬᠠᠮᠲᠤ ᠡᠯ᠎ᠡ ᠠᠵᠢᠯ ᠲᠥᠷᠥᠯ ᠤᠨ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠪᠠᠰᠠ ᠪᠣᠳᠠᠲᠤ ᠪᠠᠶᠢᠳᠠᠯ ᠢᠶᠠᠨ ᠦᠨᠳᠦᠰᠦᠯᠡᠨ᠂ ᠲᠣᠰ ᠠᠵᠢᠯ ᠲᠥᠷᠥᠯ ᠤᠨ | ᠬᠦᠷᠢᠶᠡᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠢᠲᠡᠭᠡᠮᠵᠢ ᠶᠢᠨ ᠵᠡᠷᠭᠡ ᠳᠡᠰ ᠢ ᠥᠪᠡᠰᠦᠪᠡᠨ ᠵᠢᠷᠤᠵᠤ | ᠲᠥᠯᠥᠪᠯᠡᠬᠦ ᠶᠢᠨ ᠬᠠᠮᠲᠤ ᠢᠯᠭᠠᠨ ᠰᠠᠯᠭᠠᠵᠤ ᠬᠠᠮᠢᠶᠠᠷᠴᠤ ᠪᠣᠯᠤᠨ᠎ᠠ ᠭᠡᠵᠦ ᠲᠣᠳᠣᠷᠬᠠᠶᠢᠯᠠᠪᠠ ᠃ | ᠳᠥᠷᠪᠡ ᠳᠤ ᠤᠤᠯ ᠤᠨ ᠳᠥᠷᠪᠡᠳᠦᠭᠡᠷ ᠪᠦᠯᠦᠭ 《 ᠢᠲᠡᠭᠡᠯ ᠢᠶᠠᠨ ᠠᠯᠳᠠᠭᠰᠠᠨ ᠢ ᠪᠠᠶᠢᠴᠠᠭᠠᠬᠤ 》 | ᠠᠭᠤᠯᠭ᠎ᠠ ᠶᠢ ᠭᠤᠷᠪᠠᠳᠤᠭᠠᠷ ᠪᠦᠯᠦᠭ 《 ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠬᠦ | 》 ᠭᠡᠵᠦ ᠵᠠᠰᠠᠪᠤᠷᠢ ᠣᠷᠣᠭᠤᠯᠪᠠ ᠃ ᠰᠢᠨᠵᠢᠯᠡᠬᠦ ᠤᠬᠠᠭᠠᠨ ᠤ ᠰᠤᠳᠤᠯᠭᠠᠨ ᠤ ᠢᠲᠡᠭᠡᠮᠵᠢ ᠠᠯᠳᠠᠭᠰᠠᠨ ᠦᠶᠯᠡ | ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠬᠦ ᠳᠤ 《 ᠰᠢᠨᠵᠢᠯᠡᠬᠦ ᠤᠬᠠᠭᠠᠨ ᠤ ᠰᠤᠳᠤᠯᠭᠠᠨ ᠤ ᠢᠲᠡᠭᠡᠮᠵᠢ | ᠠᠯᠳᠠᠭᠰᠠᠨ ᠦᠶᠯᠡ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠬᠦ ᠲᠦᠷᠢᠮ 》 ( ᠲᠥᠷᠥ ᠰᠢᠨᠵᠢᠯᠡᠬᠦ ᠲᠠᠷᠬᠠᠭᠠᠭᠰᠠᠨ | ᠬᠢᠨᠠᠯᠲᠠ 2022221 ᠳ᠋ᠦ᠋ᠭᠡᠷ ᠲᠣᠭᠠᠲᠤ ) ᠪᠠ 《 ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ | ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠰᠢᠶᠳᠪᠦᠷᠢᠯᠡᠬᠦ ᠲᠦᠷ ᠬᠡᠷᠡᠭᠵᠢᠭᠦᠯᠬᠦ ᠲᠣᠭᠲᠠᠭᠠᠯ 》 ( | ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ 19 ᠳ᠋ᠦ᠋ᠭᠡᠷ ᠲᠣᠭᠠᠲᠤ ᠵᠠᠷᠯᠢᠭ ) ᠶᠣᠰᠣᠭᠠᠷ ᠬᠡᠷᠡᠭᠵᠢᠭᠦᠯᠬᠦ ᠬᠡᠷᠡᠭᠲᠡᠶ | ᠭᠡᠵᠦ ᠲᠣᠳᠣᠷᠬᠠᠶᠢᠯᠠᠪᠠ᠃ ᠲᠡᠷᠡᠴᠢᠯᠡᠨ 《 ᠬᠠᠷᠢᠭᠤᠴᠠᠯᠭ᠎ᠠ ᠶᠢᠨ ᠪᠡᠶᠡᠴᠢ ᠴᠣᠭᠴᠠ ᠨᠢ ᠡᠭᠦᠷᠭᠡ ᠬᠠᠷᠢᠭᠤᠴᠠᠯᠭ᠎ᠠ | ᠪᠠᠨ ᠴᠢᠷᠮᠠᠶᠢᠨ ᠭᠦᠢᠴᠡᠳᠬᠡᠭᠰᠡᠨ ᠪᠣᠯᠪᠠᠴᠤ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ | ᠶᠢᠨ ᠬᠠᠷᠠᠯᠲᠠ ᠡᠭᠦᠷᠭᠡ ᠶᠢ ᠮᠥᠨ ᠯᠡ ᠪᠡᠶᠡᠯᠡᠭᠦᠯᠵᠦ ᠳᠡᠶᠢᠯᠬᠦ ᠦᠭᠡᠢ ᠪᠠᠶᠢᠪᠠᠯ᠂ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠢᠶᠠᠷ ᠬᠢᠨᠠᠨ ᠬᠠᠷᠭᠤᠭᠤᠯᠤᠭᠤᠯᠤᠭᠠᠳ ᠬᠠᠷᠢᠭᠤᠴᠠᠯᠭ᠎ᠠ ᠠᠴᠠ ᠬᠡᠯᠲᠦᠷᠢᠭᠦᠯᠦᠨ᠎ᠡ 》 ᠭᠡᠵᠦ ᠳᠤᠷᠠᠳᠤᠨ | ᠭᠠᠷᠭᠠᠪᠠ᠃ |