| ᠨᠢᠭᠡ᠂ ᠲᠤᠭᠤᠷᠪᠢᠨ ᠪᠢᠴᠢᠭᠰᠡᠨ ᠠᠬᠤᠢ ᠪᠠᠶᠢᠳᠠᠯ | ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠡᠩᠰᠡᠯᠡᠨ ᠲᠡᠮᠳᠡᠭᠯᠡᠬᠦ ᠨᠢ ᠮᠠᠨ ᠤ ᠣᠷᠣᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠦᠶᠯᠡᠳᠪᠦᠷᠢᠯᠡᠵᠦ ᠭᠠᠷᠭᠠᠬᠤ᠂ ᠰᠢᠯᠵᠢᠭᠦᠯᠦᠨ ᠤᠯᠠᠷᠢᠭᠤᠯᠬᠤ ᠦᠷ᠎ᠡ | ᠪᠦᠲᠦᠮᠵᠢ ᠪᠠ ᠮᠡᠷᠭᠡᠵᠢᠯ ᠤᠨ ᠬᠦᠴᠦᠨ ᠵᠦᠶᠯ ᠤᠨ ᠵᠠᠬ᠎ᠠ ᠳᠡᠯᠭᠡᠭᠦᠷ ᠤᠨ ᠬᠥᠭᠵᠢᠶᠡᠨᠲᠡᠶ ᠪᠠᠶᠢᠬᠤ ᠬᠡᠮᠵᠢᠶ᠎ᠡ ᠶᠢ | ᠰᠢᠭᠤᠳ ᠲᠤᠰᠬᠠᠨ᠎ᠠ ᠃ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ | ᠳᠡᠩᠰᠡᠯᠡᠨ ᠲᠡᠮᠳᠡᠭᠯᠡᠬᠦ ᠶᠢ ᠵᠢᠷᠤᠮᠵᠢᠭᠤᠯᠤᠨ ᠬᠠᠮᠢᠶᠠᠷᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠠᠵᠤ ᠦᠶᠢᠯᠡᠰᠵᠢᠭᠦᠯᠬᠦ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠶᠢᠨ ᠲᠤᠰᠠᠳᠠ᠂ 2022 ᠣᠨ ᠤ 11 ᠳ᠋ᠦ᠋ᠭᠡᠷ ᠰᠠᠷ᠎ᠠ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ | ᠶᠠᠮᠤᠨ ᠤ ᠭᠠᠯ ᠪᠠᠮᠪᠠᠷ ᠲᠥᠪ ᠠᠴᠠ《 ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠡᠩᠰᠡᠯᠡᠨ ᠲᠡᠮᠳᠡᠭᠯᠡᠬᠦ | ᠠᠵᠢᠯ ᠤᠨ ᠵᠢᠯᠣᠭᠤᠳᠤᠮᠵᠢ 》 ( ᠳᠣᠷᠣᠭᠰᠢ 《 ᠵᠢᠯᠣᠭᠤᠳᠤᠮᠵᠢ 》ᠭᠡᠵᠦ ᠲᠣᠪᠴᠢᠯᠠᠨ᠎ᠠ ) ᠶᠢ ᠳᠠᠷᠤᠮᠠᠯᠯᠠᠨ | ᠲᠠᠷᠬᠠᠭᠠᠪᠠ ᠃ 《 ᠵᠢᠯᠣᠭᠤᠳᠤᠮᠵᠢ 》 ᠶᠢᠨ ᠪᠣᠳᠠᠲᠠᠶ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ 《 ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠡᠩᠰᠡᠯᠡᠨ ᠲᠡᠮᠳᠡᠭᠯᠡᠬᠦ ᠠᠵᠢᠯ ᠤᠨ ᠬᠠᠮᠢᠶᠠᠷᠤᠯᠲᠠ | ᠶᠢᠨ ᠠᠷᠭ᠎ᠠ ( ᠲᠤᠷᠰᠢᠨ ᠬᠡᠷᠡᠭᠵᠢᠭᠦᠯᠬᠦ ) 》 ( ᠳᠣᠷᠣᠭᠰᠢ 《 ᠠᠷᠭ᠎ᠠ 》 ᠭᠡᠵᠦ ᠲᠣᠪᠴᠢᠯᠠᠨ᠎ᠠ ) ᠶᠢ | ᠲᠣᠭᠲᠠᠭᠠᠪᠠ᠃ | ᠬᠤᠶᠠᠷ᠂ ᠭᠤᠣᠯ ᠠᠭᠤᠯᠭ᠎ᠠ | 《 ᠠᠷᠭ᠎ᠠ 》 ᠨᠢ ᠨᠡᠶᠢᠲᠡ 7 ᠪᠦᠯᠦᠭ 34 ᠵᠦᠶᠯ ᠲᠠᠢ᠃ | ᠨᠢᠭᠡᠳᠦᠭᠡᠷ ᠪᠦᠯᠦᠭ ᠶᠡᠷᠦᠩᠬᠡᠶ ᠳᠦᠷᠢᠮ ᠳᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ | ᠤᠨ ᠲᠢᠩᠬᠢᠮ᠂ ᠲᠢᠩᠬᠢᠮ ᠤᠨ ᠬᠠᠷᠢᠶ᠎ᠠ ᠡᠭᠦᠷᠭᠡ ᠴᠢᠳᠠᠪᠤᠷᠢᠲᠤ ᠨᠢᠭᠡᠴᠡ᠂ ᠡᠯ᠎ᠡ ᠠᠶᠢᠮᠠᠭ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃ | ᠬᠤᠶᠠᠳᠤᠭᠠᠷ ᠪᠦᠯᠦᠭ ᠳᠠᠩᠰᠠᠯᠠᠬᠤ ᠪᠠᠶᠢᠭᠤᠯᠤᠮᠵᠢ ᠳᠤ ᠳᠠᠩᠰᠠᠯᠠᠬᠤ ᠪᠠᠶᠢᠭᠤᠯᠤᠮᠵᠢ ᠪᠠᠶᠢᠭᠤᠯᠬᠤ ᠨᠥᠬᠦᠴᠡᠯ᠂ | ᠵᠢᠷᠤᠮ ᠪᠠ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠵᠡᠷᠭᠡ ᠵᠦᠢᠯᠡᠰ ᠢ ᠲᠣᠭᠲᠠᠭᠠᠪᠠ᠃ | ᠭᠤᠷᠪᠠᠳᠤᠭᠠᠷ ᠪᠦᠯᠦᠭ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠳᠤ ᠳᠠᠩᠰᠠᠯᠠᠭᠤᠯᠤᠨ | ᠪᠦᠷᠢᠳᠬᠡᠭᠦᠯᠬᠦ ᠶᠠᠪᠤᠴᠠ᠂ ᠳᠠᠩᠰᠠᠯᠠᠬᠤ ᠪᠡᠶᠡᠴᠢ ᠴᠣᠭᠴᠠ ᠶᠢᠨ ᠱᠠᠭᠠᠷᠳᠠᠯᠭ᠎ᠠ᠂ ᠮᠠᠭᠠᠳᠯᠠᠨ ᠲᠣᠭᠲᠠᠭᠠᠵᠤ | ᠪᠦᠷᠢᠳᠬᠡᠭᠦᠯᠬᠦ ᠱᠠᠭᠠᠷᠳᠠᠯᠭ᠎ᠠ ᠵᠢᠴᠢ ᠨᠢᠭᠡᠨᠲᠡ ᠳᠠᠩᠰᠠᠯᠠᠭᠤᠯᠤᠭᠰᠠᠨ ᠮᠡᠷᠭᠡᠵᠢᠯ ᠤᠨ ᠭᠡᠷ᠎ᠡ ᠶᠢ ᠬᠤᠪᠢᠷᠠᠭᠤᠯᠬᠤ᠂ | ᠴᠤᠴᠠᠯᠬᠤ᠂ ᠬᠦᠴᠦᠨ ᠦᠭᠡᠢ ᠪᠣᠯᠭᠠᠬᠤ᠂ ᠲᠠᠨᠭᠰᠠᠨ ᠳᠤ ᠣᠷᠣᠭᠤᠯᠬᠤ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ | ᠳᠥᠷᠪᠡᠳᠦᠭᠡᠷ ᠪᠦᠯᠦᠭ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠳᠤᠮᠳᠠ ᠬᠤᠶᠠᠳᠠᠬᠢ ᠤᠳᠠᠭ᠎ᠠ ᠬᠢᠨᠠᠨ | ᠬᠠᠷᠭᠤᠭᠤᠯᠬᠤ᠂ ᠳᠠᠬᠢᠨ ᠬᠢᠨᠠᠬᠤ᠂ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠰᠡᠷᠭᠡᠶᠢᠯᠡᠨ ᠡᠵᠡᠮᠳᠡᠬᠦ ᠲᠣᠭᠲᠠᠴᠠ ᠶᠢ | ᠲᠣᠭᠲᠠᠭᠠᠵᠤ᠂ ᠡᠯ᠎ᠡ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ | ᠲᠦᠭᠰᠢᠭᠦᠷᠢ ᠶᠢ ᠬᠠᠮᠢᠶᠠᠷᠬᠤ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠳᠤ ᠬᠢᠨᠠᠯᠲᠠ ᠲᠠᠯᠪᠢᠵᠤ | ᠦᠨᠡᠯᠡᠨ ᠵᠢᠱᠢᠬᠦ ᠲᠣᠭᠲᠠᠴᠠ ᠶᠢ ᠪᠠᠶᠢᠭᠤᠯᠵᠤ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠂ | ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠨ ᠲᠡᠮᠳᠡᠭᠯᠡᠬᠦ ᠰᠢᠰᠲ᠋ᠧᠮ ᠤᠨ ᠠᠵᠢᠯᠯᠠᠭᠤᠯᠬᠤ ᠠᠵᠢᠯᠲᠠᠨ | ᠤ ᠬᠠᠮᠢᠶᠠᠷᠤᠯᠲᠠ ᠶᠢ ᠵᠢᠷᠤᠮᠵᠢᠭᠤᠯᠵᠤ᠂ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠨ ᠲᠡᠮᠳᠡᠭᠯᠡᠬᠦ | ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠲᠤᠷ ᠬᠢᠬᠦ | ᠬᠡᠷᠡᠭᠲᠡᠶ ᠭᠡᠵᠦ ᠱᠠᠭᠠᠷᠳᠠᠪᠠ᠃ | ᠲᠠᠪᠤᠳᠤᠭᠠᠷ ᠪᠦᠯᠦᠭ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠤᠮᠳᠠ ᠮᠡᠷᠭᠡᠵᠢᠯ ᠤᠨ ᠭᠡᠷ᠎ᠡ ᠶᠢ ᠮᠠᠭᠠᠳᠯᠠᠨ | ᠲᠣᠭᠲᠠᠭᠠᠵᠤ ᠳᠠᠩᠰᠠᠯᠠᠨ ᠲᠡᠮᠳᠡᠭᠯᠡᠬᠦ ᠬᠤᠯᠪᠣᠭᠳᠠᠯ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠤᠬᠠᠭᠤᠯᠬᠤ᠂ ᠲᠤᠤᠱᠯᠠᠭᠤᠯᠬᠤ ᠪᠠ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ᠂ ᠮᠡᠷᠭᠡᠵᠢᠯ ᠤᠨ ᠭᠡᠷ᠎ᠡ ᠶᠢ | ᠮᠠᠭᠠᠳᠯᠠᠨ ᠲᠣᠭᠲᠠᠭᠠᠵᠤ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢᠨ ᠠᠵᠢᠯ ᠤᠨ ᠵᠠᠷᠤᠳᠠᠯ ᠢ ᠵᠦᠢ ᠵᠣᠬᠢᠰᠲᠠᠶ | ᠲᠣᠬᠢᠷᠠᠭᠤᠯᠬᠤ᠂ ᠣᠨ ᠤ ᠦᠢᠯᠡᠴᠢᠯᠡᠭᠡᠨ ᠤ ᠠᠵᠢᠯ ᠤᠨ ᠠᠮᠵᠢᠯᠲᠠ ᠶᠢ ᠰᠢᠯᠭᠠᠨ ᠬᠢᠨᠠᠵᠤ ᠦᠨᠡᠯᠡᠬᠦ ᠪᠠ ᠳᠠᠷᠠᠭᠠᠬᠢ | ᠲᠤᠰᠠᠯᠠᠮᠵᠢ ᠳᠡᠮᠵᠢᠯᠭᠡ ᠵᠡᠷᠭᠡ ᠠᠭᠤᠯᠭ᠎ᠠ ᠶᠢ ᠳᠤᠷᠠᠳᠤᠨ᠎ᠠ ᠃ | ᠵᠢᠷᠭᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ ᠳᠤ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ | ᠳᠠᠩᠰᠠᠯᠠᠬᠤ ᠠᠵᠢᠯ ᠤᠨ ᠳᠤᠮᠳᠠ ᠲᠣᠭᠲᠠᠭᠠᠯ ᠢ ᠵᠥᠷᠢᠴᠡᠵᠦ ᠬᠠᠤᠯᠢ ᠶᠢ ᠵᠥᠷᠢᠴᠡᠭᠰᠡᠨ ᠪᠠᠶᠢᠪᠠᠯ ᠰᠢᠶᠳᠪᠦᠷᠢᠯᠡᠬᠦ | ᠠᠷᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠪᠠ᠃ | ᠳᠣᠯᠣᠳᠤᠭᠠᠷ ᠪᠦᠯᠦᠭ ᠳᠠᠭᠠᠯᠳᠤᠭᠤᠯᠤᠯ ᠳᠦᠷᠢᠮ ᠳᠤ《 ᠠᠷᠭ᠎ᠠ 》 ᠶᠢ ᠲᠠᠶᠢᠯᠪᠤᠷᠢᠯᠠᠬᠤ ᠡᠷᠬᠡ ᠮᠡᠳᠡᠯ | ᠪᠣᠯᠤᠨ ᠬᠡᠷᠡᠭᠵᠢᠭᠦᠯᠬᠦ ᠴᠠᠭ ᠢ ᠲᠣᠳᠣᠷᠬᠠᠶᠢᠯᠠᠪᠠ᠃ |