| 5 ᠳ᠋ᠤᠭᠠᠷ ᠰᠠᠷ᠎ᠠ ᠶᠢᠨ 9 ᠤ ᠡᠳᠦᠷ᠂ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ | ᠤᠨ ᠣᠷᠳᠣᠨ ᠬᠢᠭᠡᠳ ᠱᠧᠨᠵᠧᠨ ᠬᠤᠲᠠ ᠶᠢᠨ ᠴᠤᠸᠠᠩ ᠰᠢᠨ ᠸᠧᠶ ᠡᠯᠧᠺᠲᠷᠣᠨ ᠰᠢᠨᠵᠢᠯᠡᠬᠦ ᠤᠬᠠᠭᠠᠨ ᠮᠡᠷᠭᠡᠵᠢᠯ | ᠤᠨ ᠬᠢᠵᠠᠭᠠᠷᠲᠤ ᠺᠣᠮᠫᠠᠨᠢ ᠶᠢᠨ ᠤᠶᠤᠨᠲᠤ ᠳᠡᠯᠭᠡᠴᠡ ᠶᠢᠨ ᠲᠥᠷᠥᠯ ᠵᠦᠶᠯ ᠬᠠᠮᠲᠤᠷᠠᠯᠴᠠᠭᠠᠨ ᠤ ᠵᠥᠪᠯᠡᠯᠴᠡᠭᠡᠷ | ᠲᠣᠬᠢᠷᠠᠯᠴᠠᠪᠠ᠃ | ᠲᠥᠷᠥᠯ ᠵᠦᠶᠯ ᠢ ᠪᠤᠭᠤᠲᠤ ᠬᠤᠲᠠ ᠶᠢᠨ ᠪᠡᠭᠡᠵᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠰᠠᠭᠤᠷᠢᠨ ᠠᠴᠠ ᠣᠷᠣᠭᠤᠯᠵᠤ᠂ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠲᠤ ᠨᠠᠶᠢᠳᠠᠪᠤᠷᠢᠵᠢᠭᠤᠯᠤᠨ | ᠂ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 1.3 ᠳ᠋ᠦᠩᠰᠢᠭᠤᠷ ᠲᠥᠭᠦᠷᠢᠭ ᠲᠤ ᠬᠦᠷᠴᠦ᠂ ᠵᠢᠱᠢᠯᠲᠡ ᠪᠠᠷ 6 | ᠰᠠᠷ᠎ᠠ ᠳᠤ ᠪᠥᠬᠦ ᠲᠠᠯ᠎ᠠ ᠪᠠᠷ ᠠᠰᠢᠭᠯᠠᠯᠲᠠ ᠳᠤ ᠣᠷᠣᠵᠤ ᠪᠣᠷᠣᠯᠠᠭᠤᠯᠬᠤ ᠪᠣᠯᠤᠨ᠎ᠠ᠃ ᠲᠥᠷᠥᠯ ᠵᠦᠶᠯ ᠤᠨ | ᠪᠥᠲᠥᠭᠡᠨ ᠪᠠᠶᠢᠭᠤᠯᠤᠯᠲᠠ ᠨᠢ LCM ᠰᠢᠩᠭᠡᠨ ᠲᠠᠯᠠᠰᠲᠤ ᠳᠡᠯᠭᠡᠴᠡ᠂ ᠲᠤᠶᠢᠯᠰᠢᠷᠠᠭᠰᠠᠨ ᠬᠡᠷᠡᠯ ᠤᠨ ᠢᠯᠲᠠᠰᠤ | ᠵᠢᠴᠢ ᠤᠶᠤᠨᠲᠤ ᠦᠵᠦᠭᠦᠷ ᠤᠨ ᠰᠤᠳᠤᠯᠤᠨ ᠨᠡᠭᠡᠭᠡᠬᠦ ᠲᠥᠪ᠂ ᠪᠦᠲᠦᠭᠡᠭᠳᠡᠬᠦᠨ ᠤ ᠦᠶᠯᠡᠳᠪᠦᠷᠢᠯᠡᠯ ᠤᠨ ᠲᠥᠪ ᠢ | ᠬᠠᠮᠤᠷᠴᠤ᠂ ᠪᠠᠶᠢᠭᠤᠯᠤᠭᠳᠠᠭᠰᠠᠨ ᠤ ᠳᠠᠷᠠᠭᠠᠬᠢ 5 ᠵᠢᠯ ᠤᠨ ᠪᠣᠷᠣᠯᠠᠭᠤᠯᠭ᠎ᠠ ᠶᠢᠨ ᠲᠤᠭ᠎ᠠ ᠨᠡᠶᠢᠲᠡ 15 | ᠳ᠋ᠦᠩᠰᠢᠭᠤᠷ ᠲᠥᠭᠦᠷᠢᠭ ᠲᠤ ᠬᠦᠷᠴᠦ᠂ 2500 ᠲᠦᠮᠡᠨ ᠲᠥᠭᠦᠷᠢᠭ ᠤᠨ ᠭᠠᠶᠢᠯᠢ ᠲᠤᠰᠢᠶᠠᠨ᠎ᠠ᠃ | ᠲᠠᠷᠠᠭᠠᠴᠢ ᠶᠢᠨ ᠠᠯᠬᠤᠮ ᠳᠤ᠂ ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | ᠬᠤᠲᠠ ᠶᠢᠨ ᠨᠠᠮ ᠤᠨ ᠬᠤᠷᠢᠶᠠᠨ ᠤ 1 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠪᠠ 《 ᠬᠤᠶᠠᠷ ᠢ ᠤᠷᠢᠵᠤ ᠬᠤᠶᠠᠷ | ᠢ ᠣᠷᠣᠭᠤᠯᠵᠤ ᠨᠢᠭᠡ ᠶᠢ ᠰᠢᠯᠢᠳᠡᠭᠵᠢᠭᠦᠯᠬᠦ 》 ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ | ᠨᠠᠶᠢᠳᠠᠪᠤᠷᠢᠵᠢᠭᠤᠯᠵᠤ᠂ ᠪᠡᠭᠡᠵᠢᠩ᠂ ᠱᠧᠨᠵᠧᠨ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠭᠠᠵᠠᠷ ᠤᠨ ᠬᠤᠳᠠᠯᠳᠤᠭᠠᠴᠢᠨ ᠤᠷᠢᠬᠤ ᠴᠣᠩᠬᠤ ᠪᠠ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠤᠨ ᠦᠶᠯᠡᠳᠦᠯ | ᠢ ᠭᠦᠶᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠳᠠᠯᠳᠤᠭᠠᠴᠢᠨ ᠤᠷᠢᠬᠤ ᠶᠢ ᠶᠡᠭᠡ ᠪᠠᠷ | ᠥᠷᠨᠢᠭᠦᠯᠵᠦ᠂ ᠪᠤᠭᠤᠲᠤ ᠳᠤ ᠨᠠᠩ ᠣᠯᠠᠨ ᠬᠥᠭᠵᠢᠭᠰᠡᠨ ᠭᠠᠵᠠᠷ ᠣᠷᠣᠨ ᠤ ᠴᠢᠨᠠᠷ ᠰᠠᠶᠢᠲᠠᠶ ᠰᠢᠨ᠎ᠡ ᠶᠢ ᠡᠭᠦᠳᠬᠦ | ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠨᠠᠩ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠲᠥᠷᠥᠯ ᠵᠦᠶᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ | ᠠᠵᠤ ᠦᠶᠯᠡᠰ ᠤᠨ ᠬᠥᠭᠵᠢᠯᠲᠡ ᠶᠢ ᠦᠨᠡᠨ ᠬᠦ ᠴᠢᠩᠭᠠᠳᠬᠠᠵᠤ᠂ ᠨᠠᠩ ᠣᠯᠠᠨ ᠰᠢᠨ᠎ᠡ ᠶᠢ ᠡᠭᠦᠳᠦᠭᠰᠡᠨ ᠦᠷ᠎ᠡ | ᠪᠦᠲᠦᠭᠡᠯ ᠢ ᠪᠣᠳᠠᠲᠤ ᠦᠶᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠤᠨ᠎ᠠ᠃ |