| 5 ᠳ᠋ᠤᠭᠠᠷ ᠰᠠᠷ᠎ᠠ ᠶᠢᠨ 31 ᠤ ᠡᠳᠦᠷ᠂ 2024 ᠣᠨ ᠤ ᠥᠪᠥᠷ ᠮᠣᠩᠭᠤᠯ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠵᠢᠯᠯᠠᠭᠠᠨ ᠤ ᠭᠠᠷᠠᠭ ᠵᠢᠴᠢ ᠪᠥᠬᠦ ᠣᠷᠣᠨ ᠤ ᠬᠤᠷᠢ ᠶᠢᠰᠦᠳᠦᠭᠡᠷ ᠬᠤᠭᠤᠴᠠᠭᠠᠨ ᠤ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢᠨ ᠤᠬᠠᠭᠤᠯᠭ᠎ᠠ ᠶᠢᠨ ᠭᠠᠷᠠᠭ ᠤᠨ ᠲᠡᠭᠦᠰᠬᠦ ᠶᠣᠰᠣᠯᠠᠯ | ᠪᠤᠭᠤᠲᠤ ᠬᠤᠲᠠ ( ᠥᠪᠥᠷ ᠮᠣᠩᠭᠤᠯ ᠤᠨ ᠮᠤᠨᠢ ᠠᠭᠤᠯᠠ ᠶᠢᠨ ᠠᠷᠤ ᠬᠤᠷᠮᠣᠶ ᠶᠢᠨ ᠲᠠᠯ᠎ᠠ ᠨᠤᠲᠤᠭ ᠤᠨ ᠠᠮᠢ | ᠠᠬᠤᠶ ᠤᠰᠤᠨ ᠵᠦᠶ ᠶᠢᠨ ᠤᠯᠤᠰ ᠤᠨ ᠬᠡᠭᠡᠷ᠎ᠡ ᠶᠢᠨ ᠰᠢᠨᠵᠢᠯᠡᠬᠦ ᠤᠬᠠᠭᠠᠨ ᠤ ᠠᠵᠢᠭᠯᠠᠯᠲᠠ ᠰᠤᠳᠤᠯᠭᠠᠨ ᠤ | ᠥᠷᠲᠡᠭᠡ ) ᠳᠤ ᠶᠠᠪᠤᠭᠳᠠᠪᠠ᠃ | | | | | ᠲᠡᠭᠦᠰᠬᠦ ᠶᠣᠰᠣᠯᠠᠯ ᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠢᠩᠬᠢᠮ᠂ ᠤᠰᠤᠨ ᠠᠰᠢᠭᠯᠠᠯᠲᠠ ᠶᠢᠨ ᠶᠠᠮᠤᠨ · ᠳᠤᠮᠳᠠᠳᠤ ᠤᠯᠤᠰ ᠤᠨ ᠤᠰᠤᠨ ᠤ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ | ᠬᠠᠮᠲᠤᠷᠠᠨ ᠭᠤᠤᠯᠯᠠᠨ ᠡᠷᠭᠢᠯᠡᠵᠦ᠂ ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ | ᠂ ᠥᠪᠥᠷ ᠮᠣᠩᠭᠤᠯ ᠤᠨ ᠮᠤᠨᠢ ᠠᠭᠤᠯᠠ ᠶᠢᠨ ᠠᠷᠤ ᠬᠤᠷᠮᠣᠶ ᠶᠢᠨ ᠲᠠᠯ᠎ᠠ ᠨᠤᠲᠤᠭ ᠤᠨ ᠠᠮᠢ ᠠᠬᠤᠶ ᠤᠰᠤᠨ ᠵᠦᠶ | ᠶᠢᠨ ᠤᠯᠤᠰ ᠤᠨ ᠬᠡᠭᠡᠷ᠎ᠡ ᠶᠢᠨ ᠰᠢᠨᠵᠢᠯᠡᠬᠦ ᠤᠬᠠᠭᠠᠨ ᠤ ᠠᠵᠢᠭᠯᠠᠯᠲᠠ ᠶᠢᠨ ᠰᠤᠳᠤᠯᠭᠠᠨ ᠤ ᠥᠷᠲᠡᠭᠡ ᠳᠠᠭᠠᠭᠠᠴᠢᠯᠠᠨ | ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠨᠠᠮ | ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠬᠤᠤ ᠰᠢ ᠬᠤᠩ᠂ ᠤᠰᠤᠨ | ᠠᠰᠢᠭᠯᠠᠯᠲᠠ ᠶᠢᠨ ᠶᠠᠮᠤᠨ ᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ | ᠤ ᠭᠠᠵᠠᠷ ᠤᠨ ᠨᠠᠮ ᠤᠨ ᠬᠤᠷᠢᠶᠠᠨ ᠤ ᠱᠦᠵᠢ᠂ ᠭᠠᠵᠠᠷ ᠤᠨ ᠳᠠᠷᠤᠭ᠎ᠠ ᠰᠢᠤᠢ ᠪᠢᠩ ᠵᠡᠷᠭᠡ ᠤᠳᠤᠷᠢᠳᠤᠯᠭ᠎ᠠ | ᠲᠡᠭᠦᠰᠬᠦ ᠶᠣᠰᠣᠯᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠤᠳᠤᠷᠢᠳᠤᠯᠭ᠎ᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ᠂ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ᠂ ᠦᠬᠠᠶ ᠬᠤᠲᠠ ᠶᠢᠨ ᠤᠰᠤᠨ ᠤ | ᠶᠠᠪᠤᠳᠠᠯ ( ᠠᠰᠢᠭ ) ᠤᠨ ᠲᠣᠪᠴᠢᠶ᠎ᠠ ᠶᠢᠨ ᠬᠠᠮᠢᠶ᠎ᠠ ᠪᠥᠬᠦᠶ ᠤᠳᠤᠷᠢᠳᠤᠯᠭ᠎ᠠ ᠲᠡᠭᠦᠰᠬᠦ ᠶᠣᠰᠣᠯᠠᠯ ᠳᠤ ᠣᠷᠣᠯᠴᠠᠵᠠᠶ᠃ | | | | | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠬᠤᠤ ᠰᠢ ᠬᠤᠩ ᠪᠠᠶᠠᠷ ᠤᠨ ᠦᠭᠡ | ᠬᠡᠯᠡᠪᠡ | | | ᠤᠰᠤᠨ ᠠᠰᠢᠭᠯᠠᠯᠲᠠ ᠶᠢᠨ ᠶᠠᠮᠤᠨ ᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ | ᠤ ᠰᠤᠳᠤᠯᠭᠠᠨ ᠤ ᠭᠠᠵᠠᠷ ᠤᠨ ᠨᠠᠮ ᠤᠨ ᠬᠤᠷᠢᠶᠠᠨ ᠤ ᠱᠦᠵᠢ᠂ ᠭᠠᠵᠠᠷ ᠤᠨ ᠳᠠᠷᠤᠭ᠎ᠠ ᠰᠢᠤᠢ ᠪᠢᠩ ᠶᠠᠷᠢᠶ᠎ᠠ | ᠲᠠᠯᠪᠢᠪᠠ | | | | | | | | ᠲᠡᠭᠦᠰᠬᠦ ᠶᠣᠰᠣᠯᠠᠯ ᠳᠡᠭᠡᠷ᠎ᠡ ᠪᠠᠰᠠ ᠥᠪᠥᠷ ᠮᠣᠩᠭᠤᠯ ᠤᠨ ᠣᠶ ᠰᠢᠭᠤᠶ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠤᠨ ᠳᠠᠷᠤᠭ᠎ᠠ᠂ ᠰᠤᠳᠤᠯᠤᠭᠴᠢ ᠴᠢᠨ ᠹᠦ᠋ ᠼᠠᠩ᠂ ᠳᠤᠮᠳᠠᠳᠤ ᠤᠯᠤᠰ ᠤᠨ ᠤᠰᠤᠨ | ᠠᠰᠢᠭᠯᠠᠯᠲᠠ ᠤᠰᠤᠨ ᠴᠠᠬᠢᠯᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠤᠰᠤᠨ ᠤ ᠡᠬᠢ | ᠪᠠᠶᠠᠯᠢᠭ ᠤᠨ ᠰᠤᠳᠤᠯᠭᠠᠨ ᠤ ᠭᠠᠵᠠᠷ ᠤᠨ ᠳᠡᠳ᠋ ᠳᠠᠷᠤᠭ᠎ᠠ᠂ ᠳᠡᠭᠡᠳᠦ ᠵᠡᠷᠭᠡ ᠶᠢᠨ ᠢᠨᠵᠧᠨᠧᠷ ᠶᠠᠨ ᠳ᠋ᠧᠩ ᠬᠤᠸᠠ | ᠵᠡᠷᠭᠡ ᠲᠤᠰᠬᠠᠶ ᠮᠡᠷᠭᠡᠵᠢᠯᠲᠡᠨ ᠢ ᠣᠨᠴᠠᠭᠠᠶᠢᠯᠠᠨ ᠤᠷᠢᠵᠤ᠂ 《 ᠤᠮᠠᠷᠠᠲᠤ ᠶᠢᠨ ᠭᠤᠷᠪᠠᠨ ᠣᠷᠣᠨ 》 ᠤ ᠠᠮᠢ | ᠠᠬᠤᠶ ᠶᠢᠨ ᠬᠠᠮᠠᠭᠠᠯᠠᠯᠲᠠ ᠬᠢᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠳᠤ | ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠴᠢᠨᠠᠷ ᠪᠦᠬᠦᠢ ᠦᠶᠯᠡᠳᠪᠦᠷᠢᠯᠡᠯ ᠤᠨ ᠬᠦᠴᠦᠨ ᠢ ᠲᠦᠷᠭᠡᠳᠬᠡᠨ | ᠪᠦᠷᠢᠯᠳᠦᠭᠦᠯᠬᠦ ᠪᠠ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ | ᠬᠠᠯᠬᠠᠪᠴᠢ ᠶᠢᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ ᠲᠤᠰᠬᠠᠶ ᠰᠡᠳᠦᠪᠲᠦ ᠮᠡᠳᠡᠭᠦᠯᠦᠯᠲᠡ ᠬᠢᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠨᠢ ᠬᠡᠷᠬᠢᠨ ᠭᠠᠵᠠᠷ ᠣᠷᠣᠨ ᠤ ᠠᠮᠢ ᠠᠬᠤᠶ ᠶᠢᠨ | ᠠᠮᠤᠷ ᠲᠦᠪᠰᠢᠨ ᠪᠠ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠬᠠᠮᠲᠤ ᠪᠠᠷ ᠶᠠᠷᠢᠯᠴᠠᠪᠠ᠃ | | | | | | | | | 2024 ᠣᠨ ᠤ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠷᠠᠭ ᠤᠨ | ᠠᠵᠢᠯᠯᠠᠭ᠎ᠠ ᠨᠢ 《 ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠪᠥᠬᠦ ᠨᠡᠶᠢᠭᠡᠮ ᠤᠨ ᠰᠢᠨ᠎ᠡ ᠶᠢ | ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ 》 ᠪᠠᠷ ᠭᠤᠤᠯ ᠰᠡᠳᠦᠪ ᠪᠣᠯᠭᠠᠵᠤ᠂ 5 ᠳ᠋ᠤᠭᠠᠷ ᠰᠠᠷ᠎ᠠ ᠶᠢᠨ | 25 ᠤ ᠡᠳᠦᠷ ᠠᠴᠠ 6 ᠳ᠋ᠤᠭᠠᠷ ᠰᠠᠷ᠎ᠠ ᠶᠢᠨ 1 ᠤ ᠡᠳᠦᠷ ᠪᠣᠯᠲᠠᠯᠠᠬᠢ ᠬᠤᠭᠤᠴᠠᠭᠠᠨ ᠳᠤ ᠣᠯᠠᠨ ᠨᠡᠶᠢᠲᠡ ᠳᠤ | ᠬᠠᠨᠳᠤᠭᠤᠯᠤᠭᠰᠠᠨ᠂ ᠦᠨᠳᠦᠰᠦᠨ ᠱᠠᠲᠤᠨ ᠳᠤ ᠬᠠᠨᠳᠤᠭᠤᠯᠤᠭᠰᠠᠨ ᠣᠨᠴᠠᠯᠢᠭᠲᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃ ᠡᠯ᠎ᠡ ᠠᠶᠢᠮᠠᠭ ᠬᠤᠲᠠ ᠶᠢᠨ ᠡᠯ᠎ᠡ ᠰᠠᠯᠠᠭ᠎ᠠ ᠮᠥᠴᠢᠷ | ᠤᠳ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠭᠠᠷᠠᠭ᠂ ᠣᠶ ᠰᠢᠭᠤᠶ ᠡᠪᠡᠰᠦ ᠪᠡᠯᠴᠢᠭᠡᠷ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠭᠠᠷᠠᠭ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠭᠠᠷᠠᠭ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠭᠠᠷᠠᠭ ᠵᠡᠷᠭᠡ ᠶᠢ ᠵᠡᠷᠭᠡ ᠳᠤᠨᠢ ᠥᠷᠨᠢᠭᠦᠯᠵᠦ᠂ | ᠥᠷᠭᠡᠨ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠠᠵᠢᠯᠲᠠᠨ ᠢ ᠵᠣᠬᠢᠶᠠᠨ ᠪᠠᠶᠢᠭᠤᠯᠤᠨ᠂ ᠲᠠᠷᠢᠶᠠᠨ ᠭᠠᠵᠠᠷ᠂ ᠦᠶᠯᠡᠳᠪᠦᠷᠢ ᠠᠭᠤᠷᠬᠠᠶ ᠠᠵᠤ ᠠᠬᠤᠶᠢᠯᠠᠯ᠂ ᠨᠡᠶᠢᠭᠡᠮ | ᠲᠣᠭᠤᠷᠢᠭ ᠤᠨ ᠬᠥᠳᠡᠭᠡ ᠲᠣᠰᠬᠤᠨ᠂ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠬᠡᠯᠪᠡᠷᠢ ᠮᠠᠶ᠋ᠢᠭ ᠨᠢ | ᠣᠯᠠᠨ ᠶᠠᠩᠵᠤ ᠪᠦᠬᠦᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠦᠷᠨᠢᠭᠦᠯᠪᠡ᠃ ᠥᠪᠥᠷ ᠮᠣᠩᠭᠤᠯ | ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠷᠠᠭ ᠤᠨ ᠠᠵᠢᠯᠯᠠᠭ᠎ᠠ ᠲᠡᠭᠦᠰᠦᠭᠰᠡᠨ ᠴᠦ ᠬᠦᠰᠢᠭᠡ ᠪᠠᠭᠤᠬᠤ | ᠥᠬᠡᠶ ᠪᠠᠶᠢᠵᠤ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠭᠦᠯᠦᠯᠭᠡ᠂ ᠪᠥᠬᠦ | ᠣᠷᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠶᠢᠨ ᠤᠷᠤᠯᠳᠤᠭᠠᠨ᠂ ᠪᠥᠬᠦ ᠣᠷᠣᠨ ᠤ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠪᠢᠴᠢᠯ ᠸᠢᠳᠢᠣ᠋ ᠶᠢᠨ ᠤᠷᠤᠯᠳᠤᠭᠠᠨ᠂ ᠪᠥᠬᠦ ᠣᠷᠣᠨ ᠤ ᠰᠢᠨᠵᠢᠯᠡᠬᠦ ᠤᠬᠠᠭᠠᠨ ᠤ | ᠲᠤᠷᠰᠢᠯᠲᠠ ᠶᠢᠨ ᠦᠵᠡᠭᠦᠯᠦᠯᠭᠡ ᠶᠢᠨ ᠲᠣᠭᠯᠠᠯᠲᠠ᠂ ᠪᠥᠬᠦ ᠣᠷᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠰᠢᠯᠢᠳᠡᠭ ᠪᠦᠲᠦᠭᠡᠯ ᠢ ᠲᠠᠨᠢᠯᠴᠠᠭᠤᠯᠬᠤ ᠵᠡᠷᠭᠡ ᠠᠯᠢ ᠣᠯᠠᠨ ᠵᠢᠱᠢᠶ᠎ᠡ ᠦᠵᠡᠭᠦᠯᠬᠦ ᠴᠢᠨᠠᠷᠲᠠᠶ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠵᠢᠯᠯᠠᠭ᠎ᠠ ᠶᠢ ᠵᠠᠯᠭᠠᠭ᠎ᠠ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠨᠡᠶᠢᠲᠡ ᠳᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠷᠢᠳᠢ ᠰᠢᠳᠢ ᠶᠢ ᠮᠡᠳᠡᠷᠡᠭᠦᠯᠵᠦ᠂ ᠨᠡᠶᠢᠭᠡᠮ ᠳᠠᠶᠠᠭᠠᠷ ᠲᠤ ᠮᠡᠳᠡᠯᠭᠡ ᠶᠢ | ᠬᠦᠨᠳᠦᠳᠬᠡᠬᠦ᠂ ᠰᠢᠨ᠎ᠡ ᠶᠢ ᠡᠭᠦᠳᠬᠦ ᠶᠢ ᠡᠷᠬᠢᠮᠯᠡᠬᠦ᠂ ᠴᠢᠳᠠᠪᠤᠷᠢᠲᠠᠨ ᠢ ᠬᠦᠨᠳᠦᠳᠬᠡᠬᠦ ᠭᠦᠨ ᠵᠤᠵᠠᠭᠠᠨ ᠠᠭᠤᠷ | ᠠᠮᠢᠰᠬᠤᠯ ᠢ ᠪᠣᠶ ᠪᠣᠯᠭᠠᠬᠤ ᠶᠢ ᠠᠬᠢᠭᠤᠯᠤᠨ᠎ᠠ᠃ |