5 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ | ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠡᠢ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠱᠠᠨᠳᠦ᠋ᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠣᠳᠠᠲᠠᠢ ᠲᠠᠢ ᠤᠶᠠᠯᠳᠤᠭᠤᠯᠤᠨ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ | ᠳᠤᠨᠢ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠭᠦᠨᠵᠡᠭᠡᠢ ᠲᠤᠭᠤᠰᠢᠯᠠᠭᠤᠯᠵᠤ᠂ | ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ | ᠴᠢᠩᠭᠠᠳᠬᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ | ᠰᠢᠨ᠎ᠡ ᠶᠢ ᠡᠭᠦᠳᠬᠦ ᠶᠢ ᠨᠡᠩ ᠰᠠᠶᠢᠲᠤᠷ ᠬᠥᠲᠥᠯᠥᠨ ᠳᠠᠭᠠᠭᠤᠯᠬᠤ ᠬᠡᠷᠡᠭᠲᠡᠢ᠃ ᠥᠭᠡᠷᠡᠴᠢᠯᠡᠯᠲᠡ ᠶᠢ ᠨᠢᠭᠡᠳᠦᠯᠲᠡᠢ | ᠲᠥᠯᠥᠪᠵᠢᠭᠦᠯᠬᠦ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠢᠰᠲ᠋ᠧᠮ ᠲᠠᠢ ᠲᠥᠯᠥᠪᠵᠢᠭᠦᠯᠵᠦ᠂ | ᠴᠢᠨᠠᠷ ᠰᠠᠶᠢᠲᠠᠢ ᠬᠥᠭᠵᠢᠯᠲᠡ ᠶᠢ ᠬᠠᠷᠰᠢᠯᠠᠵᠤ ᠪᠠᠶᠢᠭ᠎ᠠ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠨᠠᠩ | ᠰᠠᠶᠢᠲᠤᠷ ᠠᠷᠢᠯᠭᠠᠬᠤ ᠬᠡᠷᠡᠭᠲᠡᠢ᠃ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ᠂ ᠦᠷ᠎ᠡ ᠠᠰᠢᠭ ᠢ | ᠨᠡᠮᠡᠭᠳᠡᠭᠦᠯᠬᠦ ᠪᠠᠷ ᠭᠤᠣᠯᠳᠠᠯᠭ᠎ᠠ ᠪᠣᠯᠭᠠᠨ ᠲᠠᠷᠢᠶᠠᠯᠠᠩ ᠮᠠᠯ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ | ᠬᠥᠭᠵᠢᠬᠦ ᠶᠢ ᠠᠬᠢᠭᠤᠯᠵᠤ᠂ ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠬᠤ ᠪᠠᠷ ᠭᠤᠣᠯᠳᠠᠯᠭ᠎ᠠ ᠪᠣᠯᠭᠠᠨ ᠠᠲᠠᠷ | ᠬᠠᠭᠠᠯᠪᠤᠷᠢᠯᠠᠯᠲᠠ ᠶᠢᠨ ᠤᠯᠤᠰ ᠤᠨ ᠥᠮᠴᠢᠯᠡᠯᠲᠦ ᠲᠠᠷᠢᠶᠠᠯᠠᠩ ᠤᠨ ᠲᠠᠯᠠᠪᠠᠶ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠬᠡᠷᠡᠭᠲᠡᠢ᠃ ︽ᠤᠮᠠᠷᠠᠲᠤ ᠬᠢᠯᠢ ᠶᠢᠨ ᠰᠣᠶᠣᠯ︾ ᠤᠨ ᠪᠠᠶᠢᠭᠤᠯᠤᠯᠲᠠ ᠶᠢ ᠯᠠᠪᠳᠠᠭᠤᠨ ᠢᠶᠠᠷ | ᠠᠬᠢᠭᠤᠯᠵᠤ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠡᠷᠡᠭ ᠤᠨ ᠵᠢᠰᠢᠶ᠎ᠡ ᠪᠠᠷ ᠬᠠᠤᠯᠢ ᠶᠢ | ᠲᠠᠶᠢᠯᠪᠤᠷᠢᠯᠠᠬᠤ ᠵᠡᠷᠭᠡ ᠠᠷᠭ᠎ᠠ ᠭᠡᠯᠪᠡᠷᠢ ᠶᠢ ᠠᠪᠴᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ | ᠵᠢᠯᠤᠭᠤᠳᠴᠤ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ 5 ᠰᠠᠷ᠎ᠠ ᠶᠢᠨ 27 ᠤ ᠡᠳᠦᠷ ᠤᠨ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ | ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠬᠠᠷᠢᠭᠤᠴᠠᠯᠭ᠎ᠠ ᠪᠠᠨ | ᠮᠡᠳᠡᠵᠦ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠭᠦᠢᠴᠡᠳᠬᠡᠬᠦ ᠶᠢ ᠱᠠᠯᠠᠪᠳᠠᠭᠤᠯᠤᠨ | ᠱᠠᠭᠠᠷᠳᠠᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠢᠢᠳᠪᠦᠷᠢᠯᠡᠬᠦ ᠪᠠ ᠠᠶᠤᠯ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠲᠣᠭᠲᠠᠴᠠ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ | ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠲᠦᠭᠰᠢᠭᠦᠷᠢ ᠶᠢ ᠠᠷᠢᠯᠭᠠᠬᠤ ᠪᠠ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ | ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠰᠲ᠋ᠧᠮ ᠤᠨ | ᠴᠢᠨᠠᠷᠲᠠᠢ ᠠᠶᠤᠯ ᠲᠦᠭᠰᠢᠭᠦᠷᠢ ᠥᠯᠥ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠨ ᠤ ᠣᠷᠣᠨ ᠤ ᠠᠵᠢᠯ ᠣᠯᠭᠤᠯᠲᠠ ᠶᠢᠨ | ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠤᠨ ᠵᠠᠳᠠᠯᠵᠤ᠂ ᠰᠢᠯᠲᠠᠭᠠᠨ ᠢ ᠨᠢ | ᠣᠨᠣᠪᠴᠢᠲᠠᠢ ᠡᠷᠢᠵᠦ᠂ ᠤᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠢᠯ ᠣᠯᠭᠤᠯᠲᠠ ᠶᠢᠨ ᠶᠠᠰᠤ | ᠴᠢᠨᠠᠷ ᠢ ᠪᠦᠲᠦᠮᠵᠢᠲᠡᠢ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠬᠤ | ᠬᠡᠷᠡᠭᠲᠡᠢ᠃ ᠬᠥᠭᠵᠢᠯᠲᠡ ᠳᠤ ᠲᠦᠰᠢᠭᠯᠡᠨ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ | ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠴᠢᠩᠭ᠎ᠠ ᠠᠳᠬᠤᠵᠤ᠂ ᠨᠡᠩ ᠤᠯᠠᠨ ᠠᠵᠤ | ᠦᠢᠯᠡᠰ ᠤᠨ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠡᠩ ᠤᠯᠠᠨ ᠠᠵᠢᠯ ᠤᠨ | ᠪᠠᠶᠢᠷᠢ ᠶᠢ ᠴᠢᠷᠮᠠᠶᠢᠨ ᠡᠭᠦᠳᠬᠦ ᠬᠡᠷᠡᠭᠲᠡᠢ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ | ᠦᠷᠭᠦᠯᠵᠢᠯᠡᠨ ᠶᠡᠭᠡ ᠬᠡᠪᠴᠢᠶ᠎ᠡ ᠪᠠᠷ ᠥᠷᠨᠢᠭᠦᠯᠵᠦ᠂ ᠬᠥᠮᠥᠨ ᠪᠠ ᠠᠵᠢᠯ ᠤᠨ ᠪᠠᠶᠢᠷᠢ ᠶᠢ ᠪᠦᠲᠦᠮᠵᠢᠲᠡᠢ ᠪᠠᠷ | ᠵᠣᠯᠭᠠᠭᠤᠯᠬᠤ ᠶᠢ ᠠᠬᠢᠭᠤᠯᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠰᠣᠩᠭᠤᠬᠤ ᠶᠢ | ᠬᠥᠲᠥᠯᠥᠨ ᠵᠢᠯᠤᠭᠤᠳᠬᠤ ᠪᠠ ᠠᠵᠢᠯ ᠣᠯᠭᠤᠬᠤ ᠦᠢᠯᠡᠴᠢᠯᠡᠭᠡᠨ ᠢ ᠴᠢᠩᠭᠠᠳᠬᠠᠵᠤ᠂ ᠲᠡᠳᠡᠨ ᠢ ᠬᠠᠪᠰᠤᠷᠤᠨ | ᠡᠷᠲᠡᠬᠡᠨ ᠤᠷᠤᠭᠰᠢᠲᠠᠢ ᠪᠠᠷ ᠠᠵᠢᠯ ᠣᠯᠭᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ | ᠪᠦᠲᠦᠭᠡᠨ ᠪᠠᠶᠢᠭᠤᠯᠤᠯᠲᠠ ᠶᠢ ᠴᠢᠨᠠᠭᠰᠢᠳᠠ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠰᠢᠨ᠎ᠡ ᠨᠢᠭᠡ ᠡᠭᠡᠯᠵᠢ ᠶᠢᠨ ᠬᠥᠳᠡᠭᠡ ᠲᠣᠰᠬᠤᠨ ᠤ ᠵᠠᠰᠠᠮᠠᠯ | ᠵᠠᠮ ᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠬᠦ ᠠᠵᠠ ᠲᠣᠭᠢᠶᠠᠯ ᠢ ᠠᠮᠵᠢᠵᠤ᠂ ᠮᠠᠨ ᠤ ᠣᠷᠣᠨ ᠤ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠬᠦᠴᠦᠯᠡᠨ ᠬᠢᠵᠦ᠂ | ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ ᠰᠠᠶᠢᠲᠤᠷ ᠠᠳᠬᠤᠬᠤ ᠬᠡᠷᠡᠭᠲᠡᠢ᠃ ᠪᠠᠶᠢᠳᠠᠯ ᠢ | ᠲᠣᠳᠣᠷᠬᠠᠢ ᠣᠶᠢᠯᠠᠭᠠᠵᠤ᠂ ᠲᠥᠯᠦᠪᠵᠢᠭᠦᠯᠭᠡ ᠪᠠᠨ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ | ᠵᠠᠮ ᠤᠨ ᠠᠷᠠᠴᠢᠯᠠᠨ ᠬᠠᠮᠠᠭᠠᠯᠠᠬᠤ ᠠᠵᠢᠯ ᠢ ᠲᠥᠯᠥᠪᠯᠡᠭᠡ ᠲᠠᠢ᠂ ᠠᠯᠬᠤᠮ ᠳᠠᠷᠠᠭ᠎ᠠ ᠲᠠᠢ ᠪᠠᠷ ᠰᠠᠶᠢᠲᠤᠷ ᠬᠢᠬᠦ ᠬᠡᠷᠡᠭᠲᠡᠢ᠃ | ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠶᠡᠬᠡᠪᠡᠷ ᠬᠡᠷᠡᠭᠵᠢᠭᠦᠯᠵᠦ᠂ ᠢᠳᠡᠪᠬᠢᠲᠡᠢ ᠪᠠᠷ ᠨᠥᠬᠦᠴᠡᠯ | ᠪᠦᠷᠢᠯᠳᠦᠭᠦᠯᠵᠦ ᠲᠤᠰ ᠭᠠᠵᠠᠷ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ ︽ᠳᠥᠷᠪᠡᠨ ᠰᠠᠶᠢᠨ ᠬᠥᠳᠡᠭᠡ | ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠠᠪ ᠤᠨ ᠬᠤᠯᠪᠣᠭᠠᠲᠤ ᠠᠬᠠᠮᠠᠳᠲᠤ ᠤᠯᠤᠰ ᠤᠨ | ᠬᠢᠲᠠᠳ ᠬᠡᠯᠡᠨ ᠤ ᠵᠢᠭᠠᠨ ᠰᠤᠷᠭᠠᠯᠲᠠ ᠶᠢᠨ ︽ᠵᠠᠭᠤᠨ ᠰᠤᠷᠭᠠᠭᠤᠯᠢ ᠶᠢᠨ ᠲᠥᠷᠥᠯ ᠵᠦᠢᠯ︾ ᠤᠨ ᠰᠤᠷᠤᠬᠴᠢᠳ ᠤᠨ | ᠲᠥᠯᠥᠭᠡᠯᠡᠭᠴᠢᠳ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ | ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠭᠠᠨ ᠬᠥᠮᠦᠵᠢᠯ ᠤᠨ ᠭᠠᠳᠠᠭᠠᠳᠤ ᠰᠣᠯᠢᠯᠴᠠᠭ᠎ᠠ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠱᠠᠭᠠᠷᠳᠠᠯᠭ᠎ᠠ ᠳᠤᠷᠠᠳᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |