| 6 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ | ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠳᠤᠮᠳᠠᠳᠤ ᠤᠯᠤᠰ ᠤᠨ ᠤᠯᠠᠨ ᠤᠯᠤᠰ ᠤᠨ | ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠷᠧᠨ | ᠬᠤᠩ ᠪᠢᠨ ᠲᠠᠢ ᠠᠭᠤᠯᠵᠠᠪᠠ᠃ | | | | | ᠰᠦᠨ ᠱᠤᠤ ᠴᠧᠩ ᠷᠧᠨ ᠬᠤᠩ ᠪᠢᠨ ᠨᠠᠷ ᠢ ᠪᠠᠶᠠᠷᠯᠠᠨ ᠤᠭᠲᠤᠵᠤ᠂ ᠳᠤᠮᠳᠠᠳᠤ ᠤᠯᠤᠰ ᠤᠨ ᠤᠯᠠᠨ | ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠥᠪᠥᠷ ᠮᠣᠩᠭᠤᠯ ᠳᠤ ᠬᠦᠴᠦᠲᠡᠢ ᠳᠡᠮᠵᠢᠯᠭᠡ | ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠲᠡᠦᠬᠡᠨ ᠳᠡᠭᠡᠷ᠎ᠡ ᠥᠪᠥᠷ ᠮᠣᠩᠭᠤᠯ ᠪᠣᠯ | ᠳᠠᠷᠤᠢ ︽ᠲᠠᠯ᠎ᠠ ᠨᠤᠲᠤᠭ ᠤᠨ ᠲᠣᠷᠭᠠᠨ ᠵᠠᠮ︾ ᠪᠠ ︽ᠲᠦᠮᠡᠨ ᠭᠠᠵᠠᠷ ᠤᠨ ᠴᠠᠢ ᠶᠢᠨ ᠵᠠᠮ︾ ᠤᠨ ᠴᠢᠬᠤᠯᠠ | ᠬᠦᠢᠰᠦ ᠪᠠ ᠨᠡᠪᠲᠡᠷᠡᠬᠦ ᠵᠠᠮ ᠮᠥᠨ᠂ ᠨᠡᠭᠡᠭᠡᠯᠲᠡ ᠬᠢᠬᠦ ᠤᠳᠤᠮᠰᠢᠯ ᠪᠠ ᠳᠠᠪᠠᠭᠤᠯᠢᠭ ᠲᠠᠢ ᠶᠤᠮ᠃ ᠶᠡᠷᠦᠩᠬᠡᠢ ᠱᠦᠵᠢ | ᠰᠢ ᠶᠢᠨ ᠫᠢᠩ ᠤᠨ ᠪᠢᠳᠡᠨ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢᠨ ᠨᠢᠭᠡ ᠪᠣᠯ ᠳᠠᠷᠤᠢ ᠥᠪᠥᠷ | ᠮᠣᠩᠭᠤᠯ ᠢ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ | ᠶᠠᠪᠤᠳᠠᠯ ᠪᠣᠯᠣᠨ᠎ᠠ᠃ ᠪᠢᠳᠡ ᠶᠠᠭ ᠠᠷᠭ᠎ᠠ ᠪᠦᠭᠦᠨ ᠢ ᠰᠦᠪᠡᠭᠴᠢᠯᠡᠨ ᠳᠣᠲᠣᠭᠠᠳᠤ ᠭᠠᠳᠠᠭᠠᠳᠤ ᠨᠡᠭᠡᠭᠡᠯᠲᠡ ᠶᠢ | ᠥᠷᠭᠡᠳᠬᠡᠵᠦ ᠪᠠᠶᠢᠨ᠎ᠠ᠂ ᠣᠳᠣ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠬᠤᠷᠳᠤᠴᠠ ᠲᠣᠩ ᠲᠦᠷᠭᠡᠨ ᠪᠣᠯᠤᠭᠰᠠᠨ | ᠪᠤᠯᠪᠠᠴᠤ ᠪᠠᠭᠲᠠᠭᠠᠮᠵᠢ ᠨᠢ ᠨᠡᠯᠢᠶᠡᠳ ᠪᠠᠭ᠎ᠠ᠂ ᠨᠡᠭᠡᠭᠡᠯᠲᠡ ᠶᠢᠨ ᠲᠦᠪᠰᠢᠨ ᠨᠢ ᠪᠠᠰᠠ ᠥᠨᠳᠥᠷ ᠪᠢᠰᠢ ᠶᠤᠮ᠃ | ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠬᠢᠨ ᠲᠠᠪᠴᠠᠩ᠂ | ᠴᠢᠳᠠᠪᠤᠷᠢᠲᠠᠨ ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠢᠳᠡᠨ ᠳᠤ ᠢᠯᠡᠭᠦᠬᠡᠨ ᠠᠷᠭ᠎ᠠ ᠤᠬᠠᠭᠠᠨ | ᠭᠠᠷᠭᠠᠵᠤ᠂ ᠪᠢᠳᠡᠨ ᠳᠤ ᠢᠯᠡᠭᠦᠬᠡᠨ ᠬᠥᠭᠦᠷᠭᠡ ᠬᠤᠯᠪᠣᠭᠠᠰᠤ ᠪᠣᠯᠵᠤ᠂ ᠪᠢᠳᠡᠨ ᠢ ᠬᠠᠪᠰᠤᠷᠤᠨ ᠨᠡᠩ ᠤᠯᠠᠨ ᠠᠵᠤ | ᠠᠬᠤᠶᠢᠯᠠᠯ ᠢ ᠣᠷᠣᠭᠤᠯᠤᠨ ᠠᠪᠴᠢᠷᠠᠵᠤ᠂ ᠨᠡᠩ ᠤᠯᠠᠨ ᠬᠥᠮᠥᠰ ᠤᠨ ᠠᠩᠬᠠᠷᠤᠯ ᠢ ᠲᠠᠲᠠᠵᠤ ᠠᠷᠠᠯᠵᠢᠶᠠᠨ ᠤ | ᠬᠥᠭᠵᠢᠶᠡᠨᠲᠦ ᠪᠠᠶᠢᠳᠠᠯ ᠢ ᠪᠤᠢ ᠪᠤᠯᠭᠠᠵᠤ᠂ ᠨᠡᠭᠡᠭᠡᠯᠲᠡᠲᠤ ᠬᠥᠭᠵᠢᠯᠲᠡ ᠶᠢᠨ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠭᠦ ᠶᠢ ᠬᠦᠰᠡᠵᠦ ᠪᠠᠶᠢᠨ᠎ᠠ ᠭᠡᠵᠦ ᠬᠡᠯᠡᠪᠡ᠃ | | | ᠷᠧᠨ ᠬᠤᠩ ᠪᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠳᠤ | ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ | ᠠᠬᠢᠭᠤᠯᠬᠤ ᠵᠥᠪᠯᠡᠯ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠲᠣᠰ ᠤᠳᠠᠭ᠎ᠠ ᠶᠢᠨ | ᠪᠠᠶᠢᠴᠠᠭᠠᠨ ᠰᠤᠳᠤᠯᠤᠯᠲᠠ ᠪᠠᠷ ᠳᠡᠮᠵᠢᠨ ᠪᠢᠳᠡ ᠥᠪᠥᠷ ᠮᠣᠩᠭᠤᠯ ᠤᠨ ᠣᠳᠣᠬᠠᠨ ᠤ ᠬᠥᠭᠵᠢᠯᠲᠡ ᠶᠢᠨ ᠪᠠᠶᠢᠳᠠᠯ | ᠮᠠᠰᠢ ᠰᠠᠶᠢᠨ ᠪᠠᠶᠢᠬᠤ ᠶᠢ ᠦᠨᠡᠨ ᠬᠦ ᠣᠶᠢᠯᠠᠭᠠᠪᠠ᠃ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ | ᠠᠬᠢᠭᠤᠯᠬᠤ ᠵᠥᠪᠯᠡᠯ ᠨᠢ ᠵᠠᠰᠠᠭ ᠠᠵᠤ ᠠᠬᠤᠶᠢᠯᠠᠯ ᠢ ᠬᠤᠯᠪᠣᠯᠳᠤᠨ ᠨᠡᠪᠲᠡᠷᠡᠯᠴᠡᠭᠦᠯᠬᠦ᠂ ᠳᠣᠲᠣᠭᠠᠳᠤ ᠭᠠᠳᠠᠭᠠᠳᠤ ᠶᠢ | ᠠᠭᠤᠰᠤᠯᠴᠠᠭᠤᠯᠤᠨ ᠨᠡᠪᠲᠡᠷᠡᠯᠴᠡᠭᠦᠯᠬᠦ᠂ ᠬᠠᠩᠭᠠᠯᠭ᠎ᠠ ᠬᠡᠷᠡᠭᠴᠡᠭᠡ ᠶᠢ ᠰᠠᠭᠠᠳ ᠦᠭᠡᠢ ᠨᠡᠪᠲᠡᠷᠡᠭᠦᠯᠬᠦ | ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠤᠮᠳᠠᠳᠤ ᠤᠯᠤᠰ ᠤᠨ ᠤᠯᠠᠨ ᠤᠯᠤᠰ ᠤᠨ ᠬᠠᠩᠭᠠᠯᠭ᠎ᠠ ᠶᠢᠨ | ᠬᠡᠯᠬᠢᠶ᠎ᠡ ᠶᠢ ᠠᠬᠢᠭᠤᠯᠬᠤ ᠦᠵᠡᠰᠭᠦᠯᠡᠩ ᠤᠨ ᠴᠤᠭᠯᠠᠭᠠᠨ ᠵᠡᠷᠭᠡ ᠴᠢᠬᠤᠯᠠ ᠲᠠᠪᠴᠠᠩ ᠳᠤ ᠲᠦᠰᠢᠭᠯᠡᠨ᠂ ᠥᠪᠥᠷ | ᠮᠣᠩᠭᠤᠯ ᠤᠨ ᠰᠣᠶᠣᠯ ᠤᠨ ᠪᠠᠶᠢᠭᠤᠯᠤᠯᠲᠠ ᠪᠠ ᠠᠵᠤ ᠠᠬᠤᠢ ᠠᠷᠠᠯᠵᠢᠶᠠᠨ ᠤ ᠬᠥᠭᠵᠢᠯᠲᠡ ᠶᠢᠨ ᠦᠷ᠎ᠡ ᠪᠦᠲᠦᠭᠡᠯ ᠢ | ᠭᠦᠢᠴᠡᠳ ᠳᠡᠯᠭᠡᠨ ᠦᠵᠡᠭᠦᠯᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠠᠵᠤ ᠠᠬᠤᠶᠢᠯᠠᠯ ᠢ ᠢᠳᠡᠪᠬᠢᠲᠡᠢ | ᠤᠬᠠᠭᠤᠯᠤᠨ ᠲᠠᠨᠢᠯᠴᠠᠭᠤᠯᠵᠤ᠂ ᠲᠡᠳᠡᠨ ᠢ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠰᠢᠨ᠎ᠡ ᠶᠢ ᠡᠭᠦᠳᠬᠦ ᠬᠡᠯᠬᠢᠶ᠎ᠡ ᠳᠤ ᠨᠡᠩ ᠰᠠᠶᠢᠲᠤᠷ ᠠᠭᠤᠰᠤᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ | ︽ᠭᠠᠷᠴᠤ ᠶᠠᠪᠤᠬᠤ︾ ᠪᠠ ︽ᠣᠷᠣᠭᠤᠯᠤᠨ ᠠᠪᠴᠢᠷᠠᠬᠤ︾ ᠳᠤ ᠨᠡᠩ ᠰᠠᠶᠢᠲᠤᠷ ᠬᠦᠴᠦᠨ ᠨᠡᠮᠡᠷᠢᠯᠡᠨ᠎ᠡ ᠭᠡᠵᠦ | ᠬᠡᠯᠡᠪᠡ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ ᠶᠠᠩ ᠶᠢᠨ ᠠᠭᠤᠯᠵᠠᠯᠲᠠ ᠳᠤ | ᠣᠷᠣᠯᠴᠠᠵᠠᠢ᠃ |