ᠬᠥᠬᠡᠬᠤᠲᠠ ᠶᠢᠨ ᠬᠤᠲᠠ ᠶᠢᠨ ᠲᠠᠰ ᠤᠨ ᠮᠡᠷᠭᠡᠵᠢᠯ ᠰᠢᠯᠵᠢᠭᠦᠯᠬᠦ 5 ᠦᠶᠯᠡᠴᠢᠯᠡᠭᠡᠨ ᠤ ᠪᠠᠶᠢᠭᠤᠯᠤᠮᠵᠢ ᠰᠢᠨ᠎ᠡ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/6/7
   5 ᠳ᠋ᠤᠭᠠᠷ ᠰᠠᠷ᠎ᠠ ᠶᠢᠨ 28 ᠤ ᠡᠳᠦᠷ᠂ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ 2023 ᠣᠨ ᠤ ᠬᠤᠲᠠ ᠶᠢᠨ ᠲᠠᠰ ᠤᠨ ᠮᠡᠷᠭᠡᠵᠢᠯ ᠰᠢᠯᠵᠢᠭᠦᠯᠬᠦ ᠦᠶᠯᠡᠴᠢᠯᠡᠭᠡᠨ ᠤ ᠪᠠᠶᠢᠭᠤᠯᠤᠮᠵᠢ ᠶᠢᠨ ᠪᠦᠷᠢᠳᠬᠡᠨ ᠳᠠᠩᠰᠠᠯᠠᠭᠤᠯᠤᠭᠰᠠᠨ ᠨᠡᠷᠡᠰ ᠢ ᠨᠡᠶᠢᠲᠡᠯᠡᠵᠦ᠂ ᠥᠪᠥᠷ ᠮᠣᠩᠭᠤᠯ ᠤᠨ ᠸᠧᠨ ᠲᠧᠩ ᠮᠡᠳᠡᠭᠡ ᠵᠠᠩᠭᠢ ᠶᠢᠨ ᠮᠡᠷᠭᠡᠵᠢᠯ ᠤᠨ ᠦᠶᠯᠡᠴᠢᠯᠡᠭᠡᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠺᠧ ᠵᠥᠩ ᠮᠡᠳᠡᠭᠡ ᠵᠠᠩᠭᠢ ᠶᠢᠨ ᠵᠥᠪᠯᠡᠯᠭᠡ ᠥᠭᠬᠦ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᡁᠢ ᠵᠧᠩ ᠠᠵᠤ ᠠᠬᠤᠶᠢᠯᠠᠯ ᠤᠨ ᠬᠠᠮᠢᠶᠠᠷᠤᠯᠲᠠ  ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠧᠩ ᠺᠧ ᠵᠢᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠺᠧ ᠢ ᠮᠡᠳᠡᠭᠡ ᠵᠠᠩᠭᠢ ᠶᠢᠨ ᠵᠥᠪᠯᠡᠯᠭᠡ ᠥᠭᠬᠦ ᠬᠢᠵᠠᠭᠠᠷᠲᠤ ᠺᠣᠮᠫᠠᠨᠢ ᠵᠡᠷᠭᠡ 5 ᠮᠡᠷᠭᠡᠵᠢᠯ ᠰᠢᠯᠵᠢᠭᠦᠯᠬᠦ ᠦᠶᠯᠡᠴᠢᠯᠡᠭᠡᠨ ᠤ ᠪᠠᠶᠢᠭᠤᠯᠤᠮᠵᠢ ᠵᠢᠭᠰᠠᠭᠠᠯᠲᠠ ᠳᠤ ᠣᠷᠣᠪᠠ ᠃ ᠢᠩᠭᠢᠭᠡᠳ ᠪᠥᠬᠦ ᠬᠤᠲᠠ ᠶᠢᠨ ᠮᠡᠷᠭᠡᠵᠢᠯ ᠰᠢᠯᠵᠢᠭᠦᠯᠬᠦ ᠦᠶᠯᠡᠴᠢᠯᠡᠭᠡᠨ ᠤ ᠪᠠᠶᠢᠭᠤᠯᠤᠮᠵᠢ ᠶᠢᠨ ᠶᠡᠷᠦᠩᠬᠡᠶ ᠲᠤᠭ᠎ᠠ 27 ᠪᠣᠯᠪᠠ᠃     ᠮᠡᠷᠭᠡᠵᠢᠯ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠨᠢ ᠮᠡᠷᠭᠡᠵᠢᠯ ᠰᠢᠯᠵᠢᠭᠦᠯᠬᠦ ᠶᠢ ᠪᠡᠶᠡᠯᠡᠭᠦᠯᠬᠦ ᠪᠠ ᠲᠦᠷᠭᠡᠳᠬᠡᠬᠦ ᠳᠤ ᠡᠯ᠎ᠡ ᠲᠥᠷᠥᠯ ᠤᠨ ᠦᠶᠯᠡᠴᠢᠯᠡᠭᠡ ᠬᠠᠩᠭᠠᠬᠤ ᠲᠤᠰᠬᠠᠶ ᠦᠶᠯᠡᠴᠢᠯᠡᠭᠡᠨ ᠤ ᠪᠠᠶᠢᠭᠤᠯᠤᠮᠵᠢ ( ᠮᠡᠷᠭᠡᠵᠢᠯ ᠤᠨ ᠠᠷᠠᠯᠵᠢᠶᠠᠨ ᠤ ᠵᠠᠬ᠎ᠠ ᠳᠡᠯᠭᠡᠭᠦᠷ᠂ ᠮᠡᠷᠭᠡᠵᠢᠯ ᠰᠢᠯᠵᠢᠭᠦᠯᠬᠦ ᠰᠦᠯᠵᠢᠶᠡᠨ ᠤ ᠲᠠᠪᠴᠠᠩ᠂ ᠮᠡᠷᠭᠡᠵᠢᠯ ᠤᠨ ᠵᠢᠭᠤᠴᠢᠯᠠᠯ᠂ ᠮᠡᠷᠭᠡᠵᠢᠯ ᠤᠨ ᠬᠢᠭᠡᠳ ᠡᠵᠡᠩᠨᠡᠯᠲᠡ᠂ ᠮᠡᠷᠭᠡᠵᠢᠯ ᠤᠨ ᠪᠡᠯᠡ ᠣᠷᠣᠭᠤᠯᠵᠤ ᠪᠡᠯᠡ ᠲᠤᠬᠢᠷᠠᠭᠤᠯᠬᠤ ᠵᠡᠷᠭᠡ  ᠨᠢ ᠮᠡᠷᠭᠡᠵᠢᠯ ᠰᠢᠯᠵᠢᠭᠦᠯᠬᠦ ᠶᠢ ᠪᠡᠶᠡᠯᠡᠭᠦᠯᠬᠦ ᠪᠠ ᠲᠦᠷᠭᠡᠳᠬᠡᠬᠦ ᠲᠤ ᠡᠯ᠎ᠡ ᠲᠥᠷᠥᠯ ᠤᠨ ᠦᠢᠯᠡᠴᠢᠯᠡᠭᠡ ᠬᠠᠩᠭᠠᠬᠤ ᠲᠤᠰᠬᠠᠢ ᠮᠡᠷᠭᠡᠵᠢᠯ ᠤ ᠦᠢᠯᠡᠴᠢᠯᠡᠭᠡᠨ ᠪᠠᠶᠢᠭᠤᠯᠤᠮᠵᠢ᠂ ᠵᠢᠴᠢ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠶᠯᠡᠴᠢᠯᠡᠭᠡ ᠥᠷᠨᠢᠭᠦᠯᠬᠦ ᠣᠯᠠᠨ ᠨᠡᠶᠢᠲᠡ ᠶᠢᠨ ᠦᠶᠯᠡᠴᠢᠯᠡᠭᠡᠨ ᠤ ᠪᠠᠶᠢᠭᠤᠯᠤᠮᠵᠢ ᠪᠠᠭᠲᠠᠨ᠎ᠠ ) ᠪᠠᠶᠢᠵᠤ᠂ ᠮᠡᠷᠭᠡᠵᠢᠯ ᠰᠢᠯᠵᠢᠭᠦᠯᠬᠦ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠯᠠᠷᠢᠭᠤᠯᠬᠤ ᠶᠢ ᠠᠬᠢᠭᠤᠯᠬᠤ ᠪᠠ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠳᠤ ᠴᠢᠬᠤᠯᠠ ᠦᠢᠯᠡᠳᠦᠯ ᠪᠠᠳᠠᠷᠠᠭᠤᠯᠵᠤ ᠪᠠᠶᠢᠨ᠎ᠠ᠂ ᠲᠤᠰᠬᠠᠶ ᠮᠡᠷᠭᠡᠵᠢᠯ ᠤᠨ ᠦᠶᠯᠡᠴᠢᠯᠡᠭᠡ ᠬᠠᠩᠭᠠᠬᠤ ᠪᠠᠷ ᠳᠠᠮᠵᠢᠨ᠂ ᠮᠡᠷᠭᠡᠵᠢᠯ ᠤᠨ ᠬᠠᠩᠭᠠᠯᠭ᠎ᠠ ᠠᠴᠠ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠳᠤ ᠪᠦᠲᠦᠮᠵᠢᠲᠡᠶ ᠰᠢᠯᠵᠢᠯᠲᠡ ᠬᠢᠬᠦ ᠶᠢ ᠬᠠᠪᠰᠤᠷᠤᠨ ᠪᠡᠶᠡᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠲᠦᠷᠭᠡᠳᠬᠡᠨ᠎ᠡ᠃    ᠣᠶᠢᠷ᠎ᠠ ᠶᠢᠨ ᠵᠢᠯ ᠠᠴᠠ ᠨᠠᠭᠠᠰᠢ᠂ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠬᠡᠷᠡᠭᠵᠢᠭᠦᠯᠵᠦ᠂ 《 ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠥᠪᠯᠡᠷᠡᠭᠦᠯᠬᠦ 》 ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠠᠪᠴᠠᠩ ᠤᠨ ᠶᠡᠷᠦᠩᠬᠡᠶ ᠴᠤᠩᠬᠤᠪᠴᠢ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠮᠡᠷᠭᠡᠵᠢᠯ ᠰᠢᠯᠵᠢᠭᠦᠯᠬᠦ ᠦᠶᠯᠡᠴᠢᠯᠡᠭᠡᠨ ᠤ ᠪᠠᠶᠢᠭᠤᠯᠤᠮᠵᠢ ᠶᠢ ᠢᠳᠡᠪᠬᠢᠲᠡᠶ ᠪᠣᠶᠢᠵᠢᠭᠤᠯᠤᠨ᠂ ᠮᠡᠷᠭᠡᠵᠢᠯ ᠤᠨ ᠵᠠᠭᠤᠴᠢᠯᠠᠭᠴᠢ ᠶᠢᠨ ᠡᠩᠨᠡᠭᠡ ᠶᠢ ᠪᠤᠵᠠᠭᠠᠶᠢᠷᠠᠭᠤᠯᠵᠤ᠂ ᠪᠥᠬᠦ ᠬᠤᠲᠠ ᠶᠢᠨ ᠮᠡᠷᠭᠡᠵᠢᠯ ᠢ ᠰᠢᠯᠵᠢᠭᠦᠯᠬᠦ ᠪᠠᠶᠢᠭᠤᠯᠤᠮᠵᠢ ᠶᠢᠨ ᠦᠶᠯᠡᠴᠢᠯᠡᠭᠡᠨ ᠤ ᠴᠢᠳᠠᠪᠤᠷᠢ ᠶᠢ ᠲᠦᠷᠭᠡᠨ ᠳᠡᠭᠡᠭᠰᠢᠯᠡᠭᠦᠯᠬᠦ ᠶᠢ ᠠᠬᠢᠭᠤᠯᠪᠠ᠂ ᠪᠦᠷᠢᠳᠬᠡᠯ ᠤᠨ ᠲᠤᠭ᠎ᠠ ᠪᠠᠷᠢᠮᠲᠠ ᠶᠢ ᠦᠨᠳᠦᠰᠦᠯᠡᠪᠡᠯ᠂ 5 ᠳ᠋ᠤᠭᠠᠷ ᠰᠠᠷ᠎ᠠ ᠶᠢᠨ 13 ᠤ ᠡᠳᠦᠷ ᠪᠣᠯᠲᠠᠯ᠎ᠠ᠂ ᠬᠥᠬᠡᠬᠤᠲᠠ ᠶᠢᠨ ᠳᠠᠩᠰᠠᠯᠠᠭᠤᠯᠤᠭᠰᠠᠨ ᠮᠡᠷᠭᠡᠵᠢᠯ ᠤᠨ ᠭᠡᠷ᠎ᠡ 178 ᠵᠦᠶᠯ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 2.89% ᠪᠠᠷ ᠨᠡᠮᠡᠭᠳᠡᠪᠡ︔ ᠭᠡᠷ᠎ᠡ ᠶᠢᠨ ᠠᠷᠠᠯᠵᠢᠶ᠎ᠠ ᠪᠦᠲᠦᠭᠰᠡᠨ ᠲᠤᠭ᠎ᠠ 52955.45 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ  ᠠᠴᠠ 125.95% ᠪᠠᠷ ᠨᠡᠮᠡᠭᠳᠡᠪᠡ︔ ᠪᠥᠬᠦ ᠬᠤᠲᠠ ᠳᠤ ᠨᠡᠶᠢᠲᠡ 1273 ᠮᠡᠷᠭᠡᠵᠢᠯ ᠤᠨ ᠵᠠᠭᠤᠴᠢᠯᠠᠭᠴᠢ ᠬᠥᠮᠦᠵᠢᠭᠦᠯᠵᠦ᠂ ᠡᠭᠦᠨ ᠳᠤ ᠠᠩᠬ᠎ᠠ ᠵᠡᠷᠭᠡ ᠶᠢᠨ ᠮᠡᠷᠭᠡᠵᠢᠯ ᠤᠨ ᠵᠠᠭᠤᠴᠢᠯᠠᠭᠴᠢ 1013᠂ ᠳᠤᠮᠳᠠ ᠵᠡᠷᠭᠡ ᠶᠢᠨ ᠮᠡᠷᠭᠡᠵᠢᠯ ᠤᠨ ᠵᠠᠭᠤᠴᠢᠯᠠᠭᠴᠢ 260 ᠪᠣᠶ᠃    ᠲᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠮᠡᠷᠭᠡᠵᠢᠯ ᠰᠢᠯᠵᠢᠭᠦᠯᠬᠦ ᠦᠶᠯᠡᠴᠢᠯᠡᠭᠡᠨ ᠤ ᠪᠠᠶᠢᠭᠤᠯᠤᠮᠵᠢ ᠶᠢ ᠲᠡᠳᠬᠦᠨ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠢᠳᠡᠪᠬᠢᠲᠡᠶ ᠪᠠᠷ ᠪᠣᠶᠢᠵᠢᠭᠤᠯᠤᠨ ᠬᠤᠰᠢᠭᠤᠴᠢᠯᠠᠵᠤ᠂ ᠮᠡᠷᠭᠡᠵᠢᠯ ᠢ ᠰᠢᠯᠵᠢᠭᠦᠯᠬᠦ ᠦᠶᠯᠡᠴᠢᠯᠡᠭᠡᠨ  ᠤ ᠪᠠᠶᠢᠭᠤᠯᠤᠮᠵᠢ ᠶᠢᠨ ᠲᠤᠰᠬᠠᠶᠢᠵᠢᠭᠰᠠᠨ᠂ ᠵᠢᠷᠤᠮᠵᠢᠭᠰᠠᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠣᠨᠳᠣᠤᠰᠢᠭᠤᠯᠬᠤ ᠶᠢ ᠲᠦᠷᠭᠡᠳᠬᠡᠵᠦ᠂ ᠣᠷᠣᠨ ᠪᠦᠰᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠦᠷᠭᠦᠯᠵᠢᠯᠡᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠨᠡᠮᠡᠷᠢᠯᠡᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号