| 7 ᠰᠠᠷ᠎ᠠ ᠶᠢᠨ 10 ᠤ ᠡᠳᠦᠷ᠂ ᠪᠡᠭᠡᠵᠢᠩ ᠤᠨ ᠬᠢᠩᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠢᠯ ᠤᠨ ᠥᠷᠲᠡᠭᠡ ᠪᠡᠭᠡᠵᠢᠩ ᠤᠨ ᠳ᠋ᠠ ᠪᠧᠢ ᠨᠦᠩ ᠹᠧᠩ ᠬᠤᠸᠠᠩ ᠣᠯᠠᠨ ᠤᠯᠤᠰ ᠤᠨ ᠰᠢᠨ᠎ᠡ ᠶᠢ ᠡᠭᠦᠳᠬᠦ | ᠬᠦᠷᠢᠶᠡᠯᠡᠩ ᠵᠢᠩᠬᠢᠨᠢ ᠪᠠᠷ ᠫᠠᠶᠢᠰᠠ ᠰᠡᠬᠦᠪᠡ᠃ ᠬᠠᠶᠢᠳᠢᠶᠠᠨ ᠲᠣᠭᠤᠷᠢᠭ ᠤᠨ ᠵᠦᠩ ᠭᠤᠸᠠᠨ ᠼᠦᠨ ᠤ ᠰᠢᠨᠵᠢᠯᠡᠬᠦ | ᠤᠬᠠᠭᠠᠨ ᠤ ᠬᠤᠳᠠ ᠶᠢᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠭᠡᠷ ᠤᠨ ᠳᠡᠳ᠋ ᠡᠷᠬᠢᠯᠡᠭᠴᠢ ᠹᠧᠩ ᠶᠠᠨ᠂ | ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠳᠠᠷᠤᠭ᠎ᠠ ᠸᠧᠢ ᠵᠢᠦ ᠴᠢᠶᠠᠩ᠂ | ᠳᠡᠳ᠋ ᠲᠣᠪᠴᠢᠶᠠᠨ ᠳᠠᠷᠤᠭ᠎ᠠ ᠮᠧᠩ ᠰᠢᠶᠠᠩ ᠬᠤᠢ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ | ᠹᠦ᠋ ᠱᠧᠩ᠂ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠬᠥᠭᠵᠢᠯᠲᠡ ᠶᠢᠨ ᠲᠥᠪ | ᠤᠨ ᠡᠷᠬᠢᠯᠡᠭᠴᠢ ᠰᠦᠨ ᠵᠢᠶᠦ᠋ᠨ ᠬᠦᠢ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠰᠢᠤᠢ ᠬᠤᠩ ᠷᠦ᠋᠂ ᠪᠡᠭᠡᠵᠢᠩ ᠤᠨ ᠳ᠋ᠡ ᠪᠸᠢ | ᠨᠦᠩ ᠠᠮᠢᠳᠤ ᠪᠣᠳᠠᠰ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢᠦ ᠱᠢ ᠫᠠᠶᠢᠰᠠ | ᠰᠡᠬᠦᠬᠦ ᠶᠣᠰᠣᠯᠠᠯ ᠳᠤ ᠣᠷᠣᠯᠴᠠᠪᠠ᠃ ᠬᠠᠶᠢᠳᠢᠶᠠᠨ ᠲᠣᠭᠤᠷᠢᠭ ᠤᠨ ᠵᠦᠩ ᠭᠤᠸᠠᠨ ᠼᠦᠨ ᠤ ᠰᠢᠨᠵᠢᠯᠡᠬᠦ | ᠤᠬᠠᠭᠠᠨ ᠤ ᠬᠤᠳᠠ ᠶᠢᠨ ᠬᠠᠮᠢᠶᠠᠷᠤᠯᠲᠠ ᠶᠢᠨ ᠵᠥᠪᠯᠡᠯ᠂ ᠳ᠋ᠠ ᠪᠸᠢ ᠨᠦᠩ ᠪᠦᠯᠦᠭᠯᠡᠯ᠂ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠬᠥᠭᠵᠢᠯᠲᠡ ᠶᠢᠨ | ᠲᠥᠪ᠂ ᠭᠦ᠋ ᠯᠢᠨ ᠲᠠᠷᠢᠶᠠᠯᠠᠩ᠂ ᠹᠧᠩ ᠺᠧᠨ ᠦᠷ᠎ᠡ ᠶᠢᠨ ᠦᠢᠯᠡᠰ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ | ᠨᠥᠬᠦᠳ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃ | ᠯᠢ ᠹᠦ᠋ ᠱᠧᠩ ᠫᠠᠶᠢᠰᠠ ᠰᠡᠬᠦᠬᠦ ᠶᠣᠰᠣᠯᠠᠯ ᠢ ᠡᠷᠬᠢᠯᠡᠵᠦ᠂ ᠸᠧᠢ ᠵᠢᠦ ᠴᠢᠶᠠᠩ᠂ ᠯᠢᠦ ᠱᠢ ᠲᠤᠰ ᠲᠤᠰ | ᠠᠶᠢᠮᠠᠭ ᠬᠤᠰᠢᠭᠤ ᠬᠤᠶᠠᠷ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠹᠷᠣᠨᠲ ᠪᠣᠯᠤᠨ ᠳ᠋ᠠ ᠪᠸᠢ | ᠨᠦᠩ ᠪᠦᠯᠦᠭᠯᠡᠯ ᠢ ᠲᠥᠯᠥᠭᠡᠯᠡᠨ ᠪᠠᠶᠠᠷ ᠤᠨ ᠦᠭᠡ ᠬᠡᠯᠡᠵᠡᠢ᠃ ᠹᠧᠩ ᠶᠠᠨ᠂ ᠸᠧᠶ ᠵᠢᠦ ᠴᠢᠶᠠᠩ᠂ ᠯᠢ ᠹᠦ᠋ ᠱᠧᠩ᠂ | ᠯᠢᠦ ᠱᠢ ᠬᠠᠮᠲᠤ ᠪᠠᠷ ᠪᠡᠭᠡᠵᠢᠩ ᠤᠨ ᠬᠢᠩᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ | ᠥᠷᠲᠡᠭᠡ ᠶᠢᠨ ᠫᠠᠶᠢᠰᠠ ᠶᠢ ᠰᠡᠬᠦᠪᠡ᠃ | ᠪᠡᠭᠡᠵᠢᠩ ᠤᠨ ᠬᠢᠩᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠥᠷᠲᠡᠭᠡ ᠪᠣᠯ ᠬᠢᠩᠭᠠᠨ | ᠠᠶᠢᠮᠠᠭ ᠤᠨ ︽ᠬᠢᠩᠭᠠᠨ ᠪᠡᠭᠡᠵᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ︾ ᠤᠨ ᠨᠠᠷᠠᠲᠤ ᠲᠥᠷᠥᠯ | ᠲᠡᠮᠳᠡᠭᠲᠦ ᠶᠢᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠮᠥᠨ᠂ ᠬᠢᠩᠭᠠᠨ ᠪᠡᠭᠡᠵᠢᠩ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠦᠷᠢᠶᠡᠯᠡᠩ ᠤᠨ ᠳᠠᠷᠠᠭᠠᠬᠢ ︽ᠬᠢᠩᠭᠠᠨ ᠪᠡᠭᠡᠵᠢᠩ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ︾ ᠤᠨ ᠨᠠᠷᠠᠲᠤ ᠲᠥᠷᠥᠯ ᠲᠡᠮᠳᠡᠭᠲᠦ ᠶᠢᠨ ᠪᠠᠰᠠ ᠨᠢᠭᠡᠨ ᠬᠦᠴᠦᠷᠬᠡᠭ ᠶᠡᠭᠡ ᠲᠤᠯᠭᠠᠭᠤᠷᠢᠯᠠᠯ ᠮᠥᠨ᠃ | ᠪᠡᠭᠡᠵᠢᠩ ᠤᠨ ᠬᠢᠩᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠥᠷᠲᠡᠭᠡ ᠶᠢ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠬᠢᠩᠭᠠᠨ ᠠᠶᠢᠮᠠᠭ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠪᠡᠭᠡᠵᠢᠩ ᠤᠨ ᠳ᠋ᠡ ᠪᠧᠶ ᠨᠦᠩ ᠪᠦᠯᠦᠭᠯᠡᠯ ᠬᠠᠮᠲᠤᠪᠠᠷ | ᠴᠣᠭᠴᠠᠯᠠᠵᠤ᠂ ᠬᠠᠶᠢᠳᠢᠶᠠᠨ ᠲᠣᠭᠤᠷᠢᠭ ᠤᠨ ᠵᠦᠩ ᠭᠤᠸᠠᠨ ᠼᠦᠨ ᠤ ᠰᠢᠨᠵᠢᠯᠡᠬᠦ ᠤᠬᠠᠭᠠᠨ ᠤ ᠬᠤᠲᠠ ᠶᠢᠨ | ᠬᠠᠮᠢᠶᠠᠷᠤᠯᠲᠠ ᠶᠢᠨ ᠵᠥᠪᠯᠡᠯ ᠤᠨ ᠬᠦᠴᠦᠲᠡᠶ ᠳᠡᠮᠵᠢᠯᠭᠡ ᠳᠣᠤᠷ᠎ᠠ᠂ ᠣᠶᠢᠷ᠎ᠠ ᠶᠢᠨ ᠵᠢᠯ ᠤᠨ ᠲᠤᠷᠰᠢ ᠬᠢᠩᠭᠠᠨ | ᠠᠶᠢᠮᠠᠭ ᠬᠢᠭᠡᠳ ᠳ᠋ᠠ ᠪᠧᠶ ᠨᠦᠩ ᠪᠦᠯᠦᠭᠯᠡᠯ ᠤᠨ ᠪᠠᠲᠤ ᠪᠠᠬᠢ ᠬᠠᠮᠲᠤᠷᠠᠯᠴᠠᠭᠠᠨ ᠤ ᠰᠠᠭᠤᠷᠢ ᠪᠣᠯᠤᠨ ᠴᠢᠨᠠᠷ | ᠰᠠᠶᠢᠲᠠᠶ ᠡᠬᠢ ᠪᠠᠶᠠᠯᠢᠭ ᠲᠤ ᠲᠦᠰᠢᠭᠯᠡᠨ ᠪᠠᠶᠢᠭᠤᠯᠤᠭᠰᠠᠨ ᠶᠤᠮ᠂ ᠰᠢᠷ᠎ᠠ ᠪᠤᠷᠴᠠᠭ᠂ ᠡᠷᠳᠡᠨᠢ ᠰᠢᠰᠢ ᠶᠢᠨ ᠠᠮᠢᠳᠤ | ᠪᠣᠳᠠᠰ ᠤᠨ ᠦᠷ᠎ᠡ ᠪᠣᠶᠢᠵᠢᠭᠤᠯᠬᠤ ᠵᠡᠷᠭᠡ ᠬᠦᠷᠢᠶ᠎ᠡ ᠬᠡᠪᠴᠢᠶ᠎ᠡ ᠶᠢᠨ ᠲᠣᠭᠤᠷᠢᠨ ᠳᠤ᠂ ᠠᠮᠢᠳᠤ ᠪᠣᠳᠠᠰ ᠤᠨ ᠡᠭᠦᠯᠳᠡᠷ | ᠪᠣᠶᠢᠵᠢᠭᠤᠯᠬᠤ ᠦᠵᠡᠭᠦᠯᠦᠯᠭᠡ᠂ ᠦᠷ᠎ᠡ ᠪᠣᠶᠢᠵᠢᠭᠤᠯᠬᠤ ᠠᠵᠤ ᠠᠬᠤᠶᠢᠯᠠᠯ ᠢ ᠨᠡᠪᠴᠢᠭᠦᠯᠬᠦ᠂ ᠰᠤᠳᠤᠯᠤᠨ ᠨᠡᠭᠡᠭᠡᠵᠦ | ᠤᠯᠠᠷᠢᠭᠤᠯᠬᠤ ᠶᠢ ᠨᠢᠭᠡ ᠴᠣᠭᠴᠠᠵᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠭᠠᠵᠠᠷ ᠪᠠᠶᠢᠵᠤ᠂ ᠬᠤᠷᠴᠢᠨ ᠪᠠᠷᠠᠭᠤᠨ ᠭᠠᠷ ᠤᠨ ᠡᠮᠦᠨᠡᠲᠦ ᠬᠤᠰᠢᠭᠤ ᠪᠠ ᠬᠠᠶᠢᠳᠢᠶᠠᠨ ᠬᠤᠶᠠᠷ ᠭᠠᠵᠠᠷ ᠤᠨ | ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠡᠷᠡᠭᠯᠡᠯᠲᠡ ᠶᠢ ᠬᠦᠴᠦᠲᠡᠶ | ᠠᠬᠢᠭᠤᠯᠤᠨ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ | ᠦᠶᠯᠡᠰ ᠤᠨ ᠬᠥᠭᠵᠢᠯᠲᠡ ᠶᠢ ᠬᠤᠯᠪᠣᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠠᠮᠵᠢᠯᠴᠠᠨ | ᠠᠬᠢᠭᠤᠯᠬᠤ ᠴᠢᠬᠤᠯᠠ ᠬᠦᠴᠦᠨ ᠪᠣᠯᠬᠤ ᠪᠣᠯᠣᠨ᠎ᠠ᠃ | ᠪᠡᠭᠡᠵᠢᠩ ᠤᠨ ᠬᠢᠩᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠥᠷᠲᠡᠭᠡ ᠵᠢᠩᠬᠢᠨᠢ ᠪᠠᠷ | ᠪᠠᠶᠢᠭᠤᠯᠤᠭᠳᠠᠬᠤ ᠶᠢ ᠳᠠᠭᠠᠯᠳᠤᠨ᠂ 《 ᠬᠢᠩᠭᠠᠨ ᠪᠡᠭᠡᠵᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ 》 ᠤᠨ | ᠨᠠᠷᠠᠲᠤ ᠲᠡᠮᠳᠡᠭ 《 ᠨᠢᠭᠡ ᠬᠦᠷᠢᠶᠡᠯᠡᠩ ᠨᠢᠭᠡ ᠥᠷᠲᠡᠭᠡ 》 ᠶᠢᠨ ᠭᠤᠤᠯ ᠵᠢᠭᠰᠠᠭᠠᠯ ᠤᠨ ᠭᠠᠵᠠᠷ ᠤᠨ | ᠪᠠᠶᠢᠷᠢᠰᠢᠭᠤᠯᠤᠯᠲᠠ ᠶᠢ ᠪᠡᠶᠡᠯᠡᠭᠦᠯᠪᠡ᠃ ᠲᠠᠷᠠᠭᠠᠴᠢ ᠶᠢᠨ ᠠᠯᠬᠤᠮ ᠳᠤ᠂ ᠬᠢᠩᠭᠠᠨ ᠠᠶᠢᠮᠠᠭ ᠦᠷᠭᠦᠯᠵᠢᠯᠡᠨ ᠪᠡᠭᠡᠵᠢᠩ | ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠵᠢᠯᠴᠠᠭ᠎ᠠ ᠪᠠᠷ ᠲᠦᠰᠢᠭ ᠪᠣᠯᠭᠠᠵᠤ᠂ 《 | ᠬᠢᠩᠭᠠᠨ ᠪᠡᠭᠡᠵᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ 》 ᠤᠨ ᠲᠥᠷᠥᠯ ᠲᠡᠮᠳᠡᠭ ᠢ ᠡᠭᠦᠳᠬᠦ ᠪᠠᠷ | ᠭᠤᠤᠯ ᠱᠤᠭᠤᠮ ᠪᠣᠯᠭᠠᠵᠤ᠂ ᠬᠢᠩᠭᠠᠨ ᠤ ᠪᠡᠭᠡᠵᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ | ᠪᠣᠯᠤᠨ ᠪᠡᠭᠡᠵᠢᠩ ᠤᠨ ᠬᠢᠩᠭᠠᠨ ᠤ ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠥᠷᠲᠡᠭᠡ | ᠪᠠᠷ ᠠᠴᠢᠶᠠᠯᠠᠪᠤᠷᠢ ᠪᠣᠯᠭᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠵᠤ᠂ ᠬᠤᠷᠴᠢᠨ ᠪᠠᠷᠠᠭᠤᠨ ᠭᠠᠷ ᠤᠨ ᠡᠮᠦᠨᠡᠲᠦ ᠬᠤᠰᠢᠭᠤ ᠪᠠ | ᠬᠠᠶᠢᠳᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠶᠢ | ᠭᠦᠨᠵᠡᠭᠡᠶᠢᠷᠡᠭᠦᠯᠦᠨ ᠥᠷᠭᠡᠳᠬᠡᠵᠦ᠂ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ | ᠮᠠᠨᠳᠤᠭᠤᠯᠬᠤ 》 ᠠᠵᠢᠯᠯᠠᠭ᠎ᠠ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 《 ᠪᠦᠰᠡᠯᠡᠯᠲᠡ ᠶᠢ | ᠰᠢᠪᠲᠤᠯᠬᠤ 》 ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠬᠠᠶᠢᠳᠢᠶᠠᠨ ᠲᠣᠭᠤᠷᠢᠭ ᠤᠨ ᠳᠠᠪᠠᠭᠤᠯᠢᠭ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠭᠦᠶᠴᠡᠳ ᠠᠰᠢᠭᠯᠠᠵᠤ᠂ ᠰᠢᠨ᠎ᠡ ᠶᠢ ᠡᠭᠦᠳᠬᠦ ᠴᠢᠬᠤᠯᠠ | ᠡᠯᠧᠮᠧᠨ᠋ᠲ ᠢ ᠪᠦᠲᠦᠮᠵᠢᠲᠡᠶ ᠲᠥᠪᠯᠡᠷᠡᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠤᠨ | ᠨᠡᠶᠢᠯᠡᠯᠲᠡ ᠶᠢ ᠲᠠᠰᠤᠷᠠᠯᠲᠠ ᠦᠭᠡᠢ ᠠᠬᠢᠭᠤᠯᠵᠤ᠂ ᠮᠠᠨ ᠤ ᠠᠶᠢᠮᠠᠭ ᠤᠨ ᠠᠵᠤ ᠠᠬᠤᠢ ᠴᠢᠨᠠᠷ ᠰᠠᠶᠢᠲᠠᠢ | ᠬᠦᠭᠵᠢᠬᠦ ᠶᠢ ᠲᠤᠰᠠᠯᠠᠨ᠎ᠠ᠃ |