ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠵᠠᠯᠠᠭᠤ ᠺᠠᠳ᠋ᠷᠴᠤᠳ ᠢ ᠵᠣᠬᠢᠶᠠᠨ ᠪᠠᠶᠢᠭᠤᠯᠵᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠰᠣᠨᠢᠷᠬᠠᠭᠤᠯᠪᠠ
ᠨᠡᠶᠢᠲᠡᠯᠡᠭᠰᠡᠨ ᠴᠠᠭ᠄
2024/8/2
   ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠵᠠᠯᠠᠭᠤ ᠺᠠᠳ᠋ᠷᠴᠤᠳ ᠤᠨ ᠰᠠᠬᠢᠯᠭ᠎ᠠ ᠪᠠᠲᠤ ᠶᠣᠰᠣ ᠲᠦᠷᠢᠮ ᠤᠨ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 8 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠵᠠᠯᠠᠭᠤ ᠺᠠᠳ᠋ᠷᠴᠤᠳ ᠢ ᠵᠣᠬᠢᠶᠠᠨ ᠪᠠᠶᠢᠭᠤᠯᠵᠤ ᠰᠡᠷᠡᠮᠵᠢᠯᠡᠭᠦᠯᠬᠦ ᠬᠥᠮᠦᠵᠢᠯ  ᠤᠨ ᠹᠢᠯᠢᠮ ᠢ ᠲᠥᠪᠯᠡᠷᠡᠭᠦᠯᠦᠨ ᠰᠣᠨᠢᠷᠬᠠᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠲᠢᠩᠬᠢᠮ ᠤᠨ ᠳᠡᠳ᠋ ᠳᠠᠷᠤᠭ᠎ᠠ ᠵᠠᠩ ᠸᠧᠨ ᠲᠤᠤ ᠠᠵᠢᠯᠯᠠᠭ᠎ᠠ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃
    ᠬᠤᠷᠠᠯ ᠠᠴᠠ᠂ ᠵᠠᠯᠠᠭᠤ ᠺᠠᠳ᠋ᠷ ᠪᠣᠯ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠬᠦᠴᠦᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠵᠠᠯᠭᠠᠮᠵᠢᠯᠠᠭᠴᠢ ᠮᠥᠨ᠂ ᠡᠷᠬᠡᠪᠰᠢ ᠠᠷᠢᠭᠤᠨ ᠴᠢᠬᠡᠴᠢ ᠪᠠᠷ ᠵᠠᠰᠠᠭ ᠪᠠᠷᠢᠬᠤ 《 ᠨᠢᠭᠡᠳᠦᠭᠡᠷ ᠲᠣᠪᠴᠢ 》 ᠶᠢ ᠰᠠᠶᠢᠲᠤᠷ ᠲᠣᠪᠴᠢᠯᠠᠵᠤ᠂ ᠬᠦᠰᠡᠯᠡᠩ ᠢᠲᠡᠭᠡᠯ ᠪᠢᠰᠢᠷᠡᠯ ᠤᠨ ᠰᠠᠭᠤᠷᠢ ᠶᠢ ᠪᠠᠲᠤ ᠴᠣᠭᠴᠠᠯᠠᠵᠤ᠂ ᠶᠢᠷᠲᠢᠨᠴᠦ ᠶᠢᠨ ᠦᠵᠡᠯᠲᠡ᠂ ᠠᠮᠢᠳᠤᠷᠠᠬᠤᠢ  ᠶᠢᠨ ᠦᠵᠡᠯᠲᠡ᠂ ᠦᠷᠳᠡᠭ ᠤᠨ ᠦᠵᠡᠯᠲᠡ ᠭᠡᠬᠦ ᠡᠨᠡ ᠬᠦ 《 ᠶᠡᠷᠦᠩᠬᠡᠢ ᠨᠡᠭᠡᠭᠡᠯᠭᠡ 》 ᠶᠢ ᠴᠢᠩᠭ᠎ᠠ ᠡᠵᠡᠮᠳᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠲᠦᠷᠦᠯ ᠤᠨ ᠨᠠᠰᠤᠨ ᠲᠤᠷᠰᠢᠳᠠ ᠶᠢᠨ ᠵᠠᠪᠠᠯ ᠰᠤᠷᠬᠤ ᠬᠢᠴᠢᠶᠡᠯ ᠪᠣᠯᠭᠠᠵᠤ᠂ ᠤᠷᠢᠳ ᠢᠶᠠᠷ ᠰᠤᠷᠤᠯᠴᠠᠵᠤ᠂ ᠭᠦᠨᠵᠡᠭᠡᠢ ᠰᠤᠷᠤᠯᠴᠠᠵᠤ᠂ ᠰᠠᠬᠢᠯᠭ᠎ᠠ ᠪᠠᠲᠤ ᠶᠢ ᠣᠶᠢᠯᠠᠭᠠᠵᠤ᠂ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠰᠠᠬᠢᠯᠭ᠎ᠠ ᠪᠠᠲᠤ ᠶᠢ ᠰᠠᠬᠢᠬᠤ ᠬᠡᠷᠡᠭᠲᠡᠢ᠃ ᠨᠠᠮ ᠤᠨ ᠦᠨᠳᠦᠰᠦᠨ ᠣᠨᠣᠯ ᠪᠣᠯᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠰᠡᠳᠬᠢᠯ ᠳᠡᠭᠡᠨ ᠰᠢᠩᠭᠡᠭᠡᠵᠦ᠂ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠲᠤᠬᠠᠶᠢᠯᠠᠭᠰᠠᠨ ᠠᠵᠢᠯ  ᠳᠠᠭᠠᠨ ᠢᠯᠡᠷᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨ ᠬᠦ ᠪᠥᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠳᠠᠲᠠᠶ ᠦᠶᠯᠡᠳᠦᠯᠭᠡ ᠳᠤᠮᠳᠠ ᠢᠯᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
    ᠰᠡᠷᠡᠮᠵᠢᠯᠡᠭᠦᠯᠬᠦ ᠬᠥᠮᠦᠵᠢᠯ ᠤᠨ ᠹᠢᠯᠢᠮ ᠨᠢ ᠣᠶᠢᠷ᠎ᠠ ᠶᠢᠨ ᠵᠢᠯ ᠤᠨ ᠲᠤᠷᠰᠢᠬᠢ ᠥᠪᠡᠷᠲᠡᠭᠡᠨ ᠵᠠᠰᠠᠬᠤ ᠣᠷᠣᠨ  ᠤ ᠬᠡᠰᠡᠭ ᠵᠠᠯᠠᠭᠤ ᠺᠠᠳ᠋ᠷ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠲᠣᠭᠤᠷᠢᠨ ᠳᠤ᠂ ᠬᠡᠷᠡᠭ ᠢᠶᠠᠷ ᠰᠠᠬᠢᠯᠭ᠎ᠠ ᠪᠠᠲᠤ ᠶᠢ ᠲᠠᠶᠢᠯᠪᠤᠷᠢᠯᠠᠵᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ ᠠᠮᠢᠳᠤ ᠰᠣᠷᠭᠤᠭ ᠬᠡᠷᠡᠭ ᠤᠨ ᠵᠢᠱᠢᠶ᠎ᠡ ᠪᠠᠷ ᠵᠠᠯᠠᠭᠤ ᠺᠠᠳ᠋ᠷ ᠤᠨ ᠬᠦᠰᠡᠯᠡᠩ ᠢᠲᠡᠭᠡᠯ ᠪᠢᠰᠢᠷᠡᠯ  ᠢᠶᠠᠨ ᠪᠠᠲᠤᠳᠬᠠᠵᠤ᠂ ᠰᠠᠬᠢᠯᠭ᠎ᠠ ᠪᠠᠲᠤ ᠬᠠᠤᠯᠢ ᠲᠦᠷᠢᠮ ᠢ ᠴᠢᠩᠭ᠎ᠠ ᠰᠠᠬᠢᠵᠤ᠂ ᠠᠷᠢᠭᠤᠨ ᠴᠢᠬᠡᠴᠢ ᠪᠠᠷ ᠵᠠᠰᠠᠭ ᠪᠠᠷᠢᠵᠤ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ ᠶᠢ ᠪᠡᠶᠡᠯᠡᠭᠦᠯᠵᠦ᠂ 《 ᠥᠨᠥᠳᠦᠷ ᠤᠨ ᠺᠢᠨᠣ᠋ ᠦᠵᠡᠭᠴᠢ 》 ᠨᠢ《 ᠮᠠᠷᠭᠠᠰᠢ ᠶᠢᠨ ᠺᠢᠨᠣ᠋ ᠳᠣᠲᠣᠷᠠᠬᠢ ᠬᠥᠮᠥᠨ 》 ᠪᠣᠯᠭᠠᠵᠤ ᠪᠣᠯᠬᠤ ᠥᠬᠡᠶ ᠭᠡᠳᠡᠭ ᠢ ᠰᠡᠷᠡᠮᠵᠢᠯᠡᠭᠦᠯᠪᠡ᠃ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠭᠰᠡᠨ ᠤ ᠳᠠᠷᠠᠭ᠎ᠠ᠂ ᠣᠯᠠᠨ ᠢᠶᠠᠷ ᠢᠶᠠᠨ᠂ ᠬᠡᠷᠡᠭ ᠢᠶᠠᠷ ᠲᠣᠯᠢ ᠪᠣᠯᠭᠠᠵᠤ᠂ ᠰᠤᠷᠭᠠᠮᠵᠢ ᠠᠪᠴᠤ᠂ ᠰᠠᠬᠢᠯᠭ᠎ᠠ ᠪᠠᠲᠤ ᠪᠠ ᠶᠣᠰᠣ ᠲᠦᠷᠢᠮ ᠢ ᠲᠡᠷᠢᠭᠦᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠰᠡᠷᠡᠮᠵᠢᠯᠡᠨ ᠵᠢᠷᠦᠬᠡᠰᠢᠶᠡᠬᠦ᠂ ᠬᠤᠷᠢᠭ᠎ᠠ ᠱᠤᠭᠤᠮ ᠢ ᠰᠠᠬᠢᠬᠤ ᠦᠵᠡᠯ ᠰᠠᠨᠠᠭᠠᠨ ᠤ ᠤᠬᠠᠮᠰᠠᠷ ᠪᠠ ᠦᠶᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠢᠲᠡᠭᠡᠯ ᠪᠢᠰᠢᠷᠡᠯ ᠤᠨ ᠰᠠᠭᠤᠷᠢ ᠪᠠᠨ ᠦᠨᠡᠨ ᠬᠦ ᠪᠠᠬᠢᠵᠢᠭᠦᠯᠵᠦ᠂ ᠦᠵᠡᠯ ᠰᠠᠨᠠᠭᠠᠨ ᠤ ᠵᠠᠯᠠᠭᠤᠷ ᠢᠶᠠᠨ ᠯᠠᠪᠳᠠᠭᠤᠨ ᠪᠠᠲᠤᠲᠠᠶ ᠡᠵᠡᠮᠳᠡᠵᠦ᠂ ᠢᠯᠵᠢᠷᠡᠯ ᠢ ᠡᠰᠡᠷᠭᠦᠴᠡᠵᠦ ᠬᠤᠪᠢᠷᠠᠭᠤᠯᠤᠯᠲᠠ ᠶᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠦᠰᠡᠯᠡᠩ ᠲᠠᠢ ᠪᠠᠶᠢᠬᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ ᠢ ᠳᠠᠭᠠᠭᠠᠵᠤ ᠳᠡᠶᠢᠯᠬᠦ᠂ ᠵᠣᠷᠢᠭᠲᠠᠶ ᠲᠡᠮᠡᠴᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠠᠵᠢᠯ ᠤᠨ ᠳᠤᠮᠳᠠ ᠪᠠᠨ ᠣᠷᠣᠯᠴᠠᠵᠤ ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠳᠤ ᠦᠵᠡᠭᠦᠯᠪᠡᠰᠦ ᠵᠣᠬᠢᠬᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ  ᠃      ᠲᠢᠩᠬᠢᠮ ᠤᠨ ᠪᠠᠶᠢᠭᠤᠯᠤᠯᠭ᠎ᠠ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ 40 ᠭᠠᠷᠤᠶ ᠵᠠᠯᠠᠭᠤ ᠺᠠᠳ᠋ᠷ ᠰᠤᠷᠤᠯᠴᠠᠯᠭ᠎ᠠ ᠳᠤ ᠣᠷᠣᠯᠴᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号