2024 ᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/8/9
   ᠡᠯ᠎ᠡ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠮᠠᠨᠵᠤᠤᠷ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠷᠢᠶᠡᠨ ᠬᠤᠲᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠯ᠎ᠡ ᠬᠤᠯᠪᠣᠭᠳᠠᠯ ᠪᠦᠬᠦᠢ  ᠨᠢᠭᠡᠴᠢ᠄    ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠬᠦᠯᠦᠬᠦᠷ  ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠨᠡᠪᠴᠢᠬᠦᠯᠦᠬᠦᠷ ᠤᠨ ᠦᠶᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠨᠡᠪᠴᠢᠬᠦᠯᠦᠬᠦᠷ ᠤᠨ ᠦᠶᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ  ᠤᠨ ᠨᠡᠪᠴᠢᠬᠦᠯᠦᠬᠦᠷ ᠪᠠ ᠲᠦᠷᠭᠡᠳᠬᠡᠭᠦᠷ ᠤᠨ ᠬᠠᠮᠢᠶᠠᠷᠤᠯᠲᠠ ᠶᠢᠨ ᠠᠷᠭ᠎ᠠ 》 ( ᠥᠪᠥᠷ ᠰᠠᠯᠠᠭ᠎ᠠ ᠥᠰᠥᠭ  ﹇2022﹈ 21 ᠳ᠋ᠦ᠋ᠭᠡᠷ ᠲᠣᠭᠠᠲᠤ ) ᠪᠠ 《 2024 ᠣᠨ ᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠬᠦᠯᠦᠬᠦᠷ ᠤᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ 》 ( ᠥᠪᠥᠷ ᠰᠠᠯᠠᠭ᠎ᠠ ᠥᠰᠥᠭ  ﹇2024﹈ 25 ᠳ᠋ᠤᠭᠠᠷ ᠲᠣᠭᠠᠲᠤ ) ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ 2014 ᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠬᠦᠯᠦᠬᠦᠷ ᠤᠨ ᠠᠵᠢᠯ ᠤᠨ ᠠᠮᠵᠢᠯᠲᠠ ᠶᠢ ᠦᠨᠡᠯᠡᠬᠦ ᠠᠵᠢᠯ ᠢ ᠦᠷᠨᠢᠭᠦᠯᠪᠡ᠃ ᠦᠨᠡᠯᠡᠯᠲᠡ ᠶᠢᠨ ᠦᠷ᠎ᠡ ᠳ᠋ᠦᠩ ᠢ ᠵᠠᠷᠯᠠᠨ ᠨᠡᠶᠢᠲᠡᠯᠡᠭᠡᠳ ᠣᠨᠳᠣᠤ ᠰᠠᠨᠠᠯ ᠥᠬᠡᠶ᠂ 4 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠤᠨ ᠦᠨᠡᠯᠡᠯᠲᠡ ᠶᠢᠨ ᠦᠷ᠎ᠡ ᠳ᠋ᠦᠩ ᠨᠢ ᠰᠢᠯᠢᠳᠡᠭ  ᠂ 19 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠤᠨ ᠦᠨᠡᠯᠡᠯᠲᠡ ᠶᠢᠨ ᠦᠷ᠎ᠡ ᠳ᠋ᠦᠩ ᠨᠢ ᠬᠢᠷᠢ ᠲᠡᠩᠴᠡᠵᠦ᠂ 2 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠤᠨ ᠦᠨᠡᠯᠡᠯᠲᠡ ᠶᠢᠨ ᠦᠷ᠎ᠡ ᠳ᠋ᠦᠩ ᠨᠢ ᠬᠢᠷᠢ ᠲᠡᠩᠴᠡᠭᠦ ᠥᠬᠡᠶ᠂ 2 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠤᠨ ᠬᠢᠷᠢ ᠬᠡᠮ ᠢᠶᠠᠨ ᠬᠠᠰᠠᠭᠤᠯᠪᠠ᠃ ᠣᠳᠣ ᠦᠨᠡᠯᠡᠭᠰᠡᠨ ᠦᠷ᠎ᠡ ᠳ᠋ᠦᠩ ᠢ ᠨᠡᠶᠢᠲᠡᠯᠡᠶ᠎ᠡ ( ᠳᠠᠭᠠᠯᠳᠤᠭᠤᠯᠤᠯ  ᠳᠤ ᠦᠵᠡ )  ᠃     ᠰᠢᠯᠢᠳᠡᠭ ᠢᠶᠠᠷ ᠦᠨᠡᠯᠡᠭᠳᠡᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ  ᠨᠢ ᠦᠷᠭᠦᠯᠵᠢᠯᠡᠨ ᠴᠢᠷᠮᠠᠶᠢᠵᠤ᠂ ᠳᠠᠬᠢᠨᠲᠠ ᠰᠢᠯᠢᠳᠡᠭ ᠠᠮᠵᠢᠯᠲᠠ ᠪᠦᠲᠦᠮᠵᠢ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠤᠨ ᠰᠡᠭᠦᠯᠴᠢ ᠶᠢᠨ ᠨᠥᠬᠦᠪᠥᠷᠢ ᠪᠠᠯᠠ ᠮᠥᠩᠭᠦ ᠶᠢ ᠭᠥᠯᠢᠶᠡᠨ ᠠᠪᠬᠤ ᠳᠠᠭᠠᠨ ᠪᠥᠬᠦ ᠣᠷᠣᠨ ᠤ ᠴᠢᠨᠠᠷᠲᠠᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠵᠣᠬᠢᠬᠤ ᠡᠭᠦᠷᠭᠡ ᠴᠢᠳᠠᠪᠤᠷᠢ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠭᠡᠷᠡᠶ︔ ᠦᠨᠡᠯᠡᠯᠲᠡ ᠳᠤ ᠬᠢᠷᠢ ᠲᠡᠩᠴᠡᠭᠰᠡᠨ ᠦᠭᠡᠢ 2 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠨᠢ ᠡᠷᠬᠡᠪᠰᠢ ᠴᠡᠭᠴᠡᠯᠡᠨ ᠰᠠᠶᠢᠵᠢᠷᠠᠭᠤᠯᠬᠤ ᠪᠠᠨ ᠴᠢᠩᠭᠠᠳᠬᠠᠵᠤ᠂ 2025 ᠣᠨ ᠳᠤ ᠦᠷᠭᠦᠯᠵᠢᠯᠡᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠣᠷᠣᠯᠴᠠᠬᠤ ᠬᠡᠷᠡᠭᠲᠡᠢ  ᠃ ᠡᠯ᠎ᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠦᠢᠯᠡᠰ ᠪᠤᠰᠬᠠᠬᠤ ᠠᠮᠢ ᠠᠬᠤᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠤᠨ ᠪᠠᠶᠢᠭᠤᠯᠤᠯᠲᠠ ᠳᠤ ᠪᠦᠲᠦᠮᠵᠢᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃    ᠡᠯ᠎ᠡ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠵᠡᠷᠭᠡ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ ᠤᠳ ᠵᠢᠷᠤᠮᠵᠢᠭᠰᠠᠨ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠬᠦᠯᠦᠬᠦᠷ ᠢ ᠬᠢᠨᠠᠨ ᠬᠠᠮᠢᠶᠠᠷᠬᠤ᠂ ᠵᠢᠯᠣᠭᠤᠳᠬᠤ ᠪᠠ ᠳᠡᠮᠵᠢᠬᠦ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ︔ 2 ᠬᠢᠷᠢ ᠬᠡᠮ ᠢᠶᠠᠨ ᠬᠦᠴᠦᠨ ᠥᠬᠡᠶ ᠪᠣᠯᠭᠠᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠤᠨ ᠬᠦᠴᠦᠨ ᠥᠬᠡᠶ ᠪᠣᠯᠭᠠᠬᠤ ᠭᠠᠷᠳᠠᠮ ᠢ ᠴᠠᠭ ᠲᠤᠬᠠᠶ  ᠳᠤ ᠨᠢ ᠭᠦᠶᠴᠡᠳᠬᠡᠵᠦ᠂ ᠬᠤᠶᠢᠰᠢᠳᠠ ᠳᠠᠭᠢᠵᠤ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ  ᠤᠨ ᠬᠠᠮᠢᠶᠠᠷᠤᠯᠲᠠ ᠶᠢᠨ ᠰᠢᠰᠲ᠋ᠧᠮᠵᠢ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠰᠢᠰᠲ᠋ᠧᠮᠵᠢ ᠪᠠ ᠪᠦᠷᠢᠳᠬᠡᠭᠳᠡᠨ ᠪᠠᠶᠢᠴᠠᠭᠠᠭᠳᠠᠬᠤ ᠡᠲᠡᠭᠡᠳ ᠲᠤ ᠣᠷᠣᠭᠤᠯᠬᠤ ᠥᠬᠡᠶ᠃     ᠳᠠᠭᠠᠯᠳᠤᠭᠤᠯᠤᠯ᠄ 2024 ᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠤᠨ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠤᠨ ᠬᠤᠷᠢᠶᠠᠩᠭᠤᠶ ᠬᠦᠰᠦᠨᠦᠭᠲᠦ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ      2024ᠣᠨ ᠤ 8 ᠰᠠᠷ᠎ᠠ ᠶᠢᠨ 2 ᠤᠨ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号