ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠠᠶ᠋ᠢᠭᠤᠯᠤᠮᠵᠢ
ᠲᠤᠪᠴᠢᠶ᠎ᠠ ᠵᠢᠨ ᠡᠭᠦᠷᠭᠡ ᠴᠢᠳᠠᠪᠬᠢ
ᠨᠡᠶ᠋ᠢᠲᠡᠯᠡᠭᠰᠡᠨ ᠴᠠᠭ᠄ 2024-01-12

    ᠲᠤᠪᠴᠢᠶ᠎ᠠ ᠵᠢᠨ ᠡᠭᠦᠷᠭᠡ ᠴᠢᠳᠠᠪᠬᠢ

    ᠭᠤᠣᠯ ᠡᠭᠦᠷᠭᠡ ᠬᠠᠷᠢᠭᠤᠴᠠᠯᠭ᠎ᠠ᠄ ᠣᠶ ᠰᠢᠭᠤᠶ ᠪᠠ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠥᠲᠥᠭᠡᠨ ᠪᠠᠶ᠋ᠢᠭᠤᠯᠤᠯᠲᠠ ᠰᠡᠷᠭᠦᠭᠡᠯᠲᠡ ᠵᠢᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ᠂ ᠣᠶ ᠰᠢᠭᠤᠶ ᠪᠠ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠥᠲᠥᠭᠡᠨ ᠪᠠᠶ᠋ᠢᠭᠤᠯᠤᠯᠲᠠ ᠰᠡᠷᠭᠦᠭᠡᠯᠲᠡ ᠵᠢᠨ ᠲᠥᠷᠥ ᠵᠢᠨ ᠪᠣᠳᠣᠯᠭ᠎ᠠ᠂ ᠲᠥᠯᠥᠪᠵᠢᠭᠦᠯᠭᠡ᠂ ᠪᠠᠷᠢᠮᠵᠢᠶ᠎ᠠ ᠵᠢ ᠲᠤᠭᠤᠷᠪᠢᠨ ᠲᠣᠭᠲᠠᠭ᠋ᠠᠬᠤ ᠪᠥᠭᠡᠳ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃ ᠣᠶ ᠰᠢᠭᠤᠶ ᠪᠠ ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠵᠤ ᠪᠥᠲᠥᠭᠡᠨ ᠪᠠᠶ᠋ᠢᠭᠤᠯᠵᠤ ᠰᠡᠷᠭᠦᠭᠡᠬᠦ ᠪᠠ ᠣᠶ᠋ᠢᠵᠢᠭᠤᠯᠵᠤ ᠡᠪᠡᠰᠦ ᠳᠠᠷᠢᠵᠤ ᠨᠣᠭᠤᠭ᠋ᠠᠷᠠᠭᠤᠯᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠣᠶ ᠰᠢᠭᠤᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ᠎ᠤᠨ ᠡᠬᠢ ᠪᠠᠶᠠᠯᠢᠭ᠎ᠤᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃ ᠴᠦᠯᠯᠡᠷᠭᠡᠭᠵᠢᠯ᠎ᠢ ᠰᠡᠷᠭᠡᠶ᠋ᠢᠯᠡᠨ ᠵᠠᠰᠠᠬᠤ ᠠᠵᠢᠯ᠎ᠳᠤ ᠬᠢᠨᠠᠯᠲᠠ ᠲᠠᠯᠪᠢᠵᠤ ᠬᠠᠮᠢᠶᠠᠷᠬᠤ ᠵᠢ ᠬᠠᠷᠢᠭᠤᠴᠠᠨ᠎ᠠ᠃ ᠡᠬᠡ ᠬᠠᠭᠤᠷᠠᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠬᠢ ᠪᠠᠶᠠᠯᠢᠭ᠎ᠤᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃ ᠡᠯ᠎ᠡ ᠲᠥᠷᠥᠯ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠢ ᠬᠢᠨᠠᠨ ᠬᠠᠮᠢᠶᠠᠷᠬᠤ ᠵᠢ ᠬᠠᠷᠢᠭᠤᠴᠠᠨ᠎ᠠ᠃ ᠤᠯᠤᠰ᠎ᠤᠨ ᠥᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠴᠢᠬᠢ ᠮᠣᠳᠣᠨ᠎ᠤ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠪᠣᠯᠤᠨ ᠬᠥᠭᠵᠢᠯᠲᠡ ᠵᠢ ᠵᠢᠯᠣᠭᠤᠳᠤᠨ᠎ᠠ᠃ ᠬᠠᠮᠢᠶ᠎ᠠ ᠪᠦᠬᠦᠢ ᠣᠢ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰ᠎ᠤᠨ ᠣᠷᠣᠨ ᠨᠤᠲᠤᠭ᠎ᠤᠨ ᠪᠠᠷᠢᠮᠵᠢᠶ᠎ᠠ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠢ ᠥᠷᠨᠢᠭᠦᠯᠬᠦ ᠵᠢ ᠵᠢᠯᠣᠭᠤᠳᠤᠨ᠎ᠠ᠃ ᠪᠦᠬᠦ ᠣᠷᠣᠨ᠎ᠤ ᠣᠶ ᠰᠢᠭᠤᠶ᠂ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠵᠢᠯᠣᠭᠤᠳᠤᠨ᠎ᠠ᠃ ᠣᠶ ᠰᠢᠭᠤᠶ ᠪᠠ ᠨᠤᠲᠤᠭ ᠪᠡᠯᠴᠢᠭᠡᠷ᠎ᠤᠨ ᠥᠭᠡᠷᠡᠴᠢᠯᠡᠯᠲᠡ ᠵᠢ ᠲᠦᠯᠬᠢᠨ ᠠᠬᠢᠭᠤᠯᠬᠤ ᠠᠵᠢᠯ᠎ᠢ ᠬᠠᠷᠢᠭᠤᠴᠠᠨ᠎ᠠ᠃ ᠣᠶ ᠰᠢᠭᠤᠶ ᠪᠠ ᠨᠤᠲᠤᠭ ᠪᠡᠯᠴᠢᠭᠡᠷ᠎ᠤᠨ ᠪᠡᠯᠡ ᠮᠥᠩᠭᠦ ᠵᠢᠨ ᠬᠠᠮᠢᠶᠠᠷᠤᠯᠲᠠ ᠪᠠ ᠬᠡᠷᠡᠭᠯᠡᠯᠲᠡ᠎ᠳᠤ ᠬᠢᠨᠠᠯᠲᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠤᠯᠤᠰ᠎ᠤᠨ ᠥᠮᠴᠢᠯᠡᠯᠲᠦ ᠬᠥᠷᠥᠩᠭᠡ᠎ᠳᠤ ᠬᠢᠨᠠᠯᠲᠠ ᠲᠠᠯᠪᠢᠵᠤ᠂ ᠣᠶ ᠰᠢᠭᠤᠶ ᠪᠠ ᠨᠤᠲᠤᠭ ᠪᠡᠯᠴᠢᠭᠡᠷ᠎ᠤᠨ ᠠᠮᠢ ᠠᠬᠤᠶ ᠵᠢᠨ ᠨᠦᠬᠦᠪᠦᠷᠢ ᠵᠢᠨ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠠᠮᠢ ᠠᠬᠤᠶ ᠵᠢᠨ ᠪᠦᠲᠦᠭᠡᠨ ᠪᠠᠶ᠋ᠢᠭᠤᠯᠤᠯᠲᠠ ᠵᠢᠨ ᠣᠨ᠎ᠤ ᠦᠢ᠍ᠯᠡᠳᠪᠦᠷᠢᠯᠡᠯ᠎ᠤᠨ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠨ᠎ᠠ᠃ ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠂ ᠤᠬᠠᠭᠤᠯᠭ᠎ᠠ ᠬᠥᠮᠦᠵᠢᠯ ᠪᠣᠯᠤᠨ ᠭᠠᠳᠠᠭ᠋ᠠᠳᠤ ᠬᠠᠷᠢᠯᠴᠠᠭ᠎ᠠ ᠬᠢᠭᠡᠳ ᠬᠠᠮᠵᠢᠯᠴᠠᠭ᠋ᠠᠨ᠎ᠤ ᠠᠵᠢᠯ᠎ᠢ ᠵᠢᠯᠣᠭᠤᠳᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠤᠯᠤᠰ᠎ᠤᠨ ᠥᠮᠴᠢᠯᠡᠯᠲᠦ ᠭᠤᠣᠯᠳᠠᠯᠭ᠎ᠠ᠎ᠲᠠᠢ ᠤᠶ᠋ᠢᠲᠤ ᠣᠷᠣᠨ᠎ᠤ ᠬᠠᠮᠢᠶ᠎ᠠ ᠪᠦᠬᠦᠢ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠨ᠎ᠡ᠃
   ᠳᠣᠲᠣᠭ᠋ᠠᠳᠤ ᠪᠠᠶ᠋ᠢᠭᠤᠯᠤᠮᠵᠢ᠄

   (ᠨᠢᠭᠡ) ᠠᠯᠪᠠᠨ ᠭᠡᠷ᠄ ᠪᠠᠶ᠋ᠢᠭᠤᠯᠤᠯᠭ᠎ᠠ ᠵᠢᠨ ᠡᠳᠦᠷ ᠲᠤᠲᠤᠮ᠎ᠤᠨ ᠠᠵᠢᠯᠯᠠᠭ᠋ᠠᠨ᠎ᠢ ᠬᠠᠷᠢᠭᠤᠴᠠᠵᠤ᠂ ᠤᠬᠠᠭᠤᠯᠬᠤ᠂ ᠨᠢᠭᠤᠴᠠ ᠵᠢ ᠬᠠᠮᠠᠭ᠋ᠠᠯᠠᠬᠤ᠂ ᠳᠠᠩᠰᠠ ᠡᠪᠬᠡᠮᠡᠯ᠂ ᠰᠢᠮᠳᠠᠭᠤᠯᠤᠨ ᠪᠠᠶ᠋ᠢᠴᠠᠭ᠋ᠠᠬᠤ᠂ ᠵᠠᠬᠢᠳᠠᠯ ᠰᠤᠷᠪᠤᠯᠵᠢᠯᠠᠯ᠂ ᠮᠡᠳᠡᠭᠡ ᠵᠠᠩᠭᠢ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠡᠷᠭᠡ ᠠᠵᠢᠯ᠎ᠢ ᠡᠭᠦᠷᠭᠡᠯᠡᠨ᠎ᠡ᠃
   (ᠬᠤᠶᠠᠷ) ᠡᠯᠡᠰᠦᠷᠬᠡᠭᠵᠢᠯ᠎ᠢ ᠵᠠᠰᠠᠵᠤ ᠣᠶ᠋ᠢᠵᠢᠭᠤᠯᠬᠤ ᠭᠠᠵᠠᠷ᠄ ᠤᠯᠤᠰ᠎ᠤᠨ ᠭᠠᠵᠠᠷ ᠰᠢᠷᠣᠶ ᠵᠢᠨ ᠨᠣᠭᠤᠭ᠋ᠠᠷᠠᠭᠤᠯᠤᠯᠲᠠ ᠪᠣᠯᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠲᠥᠷᠥ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠵᠤ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ᠂ ᠡᠯᠡᠰᠦᠷᠬᠡᠭᠵᠢᠭᠰᠡᠨ ᠭᠠᠵᠠᠷ ᠤᠷᠤᠨ᠎ᠤ ᠬᠤᠷᠢᠭ᠋ᠠᠲᠤ ᠬᠠᠮᠠᠭ᠋ᠠᠯᠠᠯᠳᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ᠂ ᠬᠠᠮᠢᠶ᠎ᠠ ᠪᠦᠬᠦᠢ ᠣᠷᠣᠨ ᠨᠤᠲᠤᠭ᠎ᠤᠨ ᠪᠠᠷᠢᠮᠵᠢᠶ᠎ᠠ ᠪᠣᠯᠤᠨ ᠮᠡᠷᠭᠡᠵᠢᠯ᠎ᠤᠨ ᠳᠦᠷᠢᠮ᠎ᠢ ᠲᠤᠭᠤᠷᠪᠢᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠴᠦᠯᠯᠡᠷᠭᠡᠭᠵᠢᠯ᠎ᠢ ᠪᠠᠶ᠋ᠢᠴᠠᠭ᠋ᠠᠬᠤ᠂ ᠬᠥᠳᠡᠯᠦᠩᠭᠦᠶ ᠬᠢᠨᠠᠨ ᠬᠡᠮᠵᠢᠯᠲᠠ ᠬᠢᠭᠡᠳ  ᠦᠨᠡᠯᠡᠯᠲᠠ ᠵᠢᠨ ᠬᠠᠮᠢᠶ᠎ᠠ ᠪᠥᠬᠦᠶ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠣᠶ ᠰᠢᠭᠤᠶ ᠵᠢᠨ ᠭᠤᠣᠯᠳᠠᠯᠭ᠎ᠠ᠎ᠲᠠᠢ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠢᠨᠵᠧᠨᠧᠷᠢᠩ᠎ᠢ ᠶᠡᠷᠦᠩᠬᠡᠶ᠋ᠢᠯᠡᠨ ᠬᠠᠮᠢᠶᠠᠷᠴᠤ᠂ ᠮᠣᠳᠣ ᠲᠠᠷᠢᠵᠤ ᠣᠶ᠋ᠢᠵᠢᠭᠤᠯᠬᠤ᠂ ᠠᠭᠤᠯᠠ ᠵᠢ ᠪᠢᠲᠡᠭᠦᠮᠵᠢᠯᠡᠨ ᠡᠯᠡᠰᠦ ᠮᠠᠩᠬ᠎ᠠ ᠵᠢ ᠣᠶ᠋ᠢᠵᠢᠭᠤᠯᠬᠤ ᠪᠠ ᠮᠣᠳᠣ ᠲᠠᠷᠢᠬᠤ ᠡᠪᠡᠰᠦ ᠲᠠᠷᠢᠬᠤ ᠵᠡᠷᠭᠡ ᠠᠮᠢᠳᠤ ᠪᠣᠳᠠᠰ᠎ᠤᠨ ᠠᠷᠭ᠎ᠠ ᠬᠡᠮᠵᠢᠶ᠎ᠡ᠎ᠪᠠᠷ ᠬᠥᠷᠥᠰᠥ ᠰᠢᠷᠣᠶ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠠᠵᠢᠯ᠎ᠢ ᠵᠢᠯᠣᠭᠤᠳᠤᠨ᠎ᠠ᠃ ᠴᠦᠯᠯᠡᠷᠭᠡᠭᠵᠢᠯ᠎ᠢ ᠰᠡᠷᠭᠡᠶ᠋ᠢᠯᠡᠨ ᠵᠠᠰᠠᠬᠤ ᠭᠤᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠡᠯᠡᠰᠦᠨ ᠰᠢᠭᠤᠷᠭ᠎ᠠ ᠵᠢᠨ ᠭᠠᠮᠰᠢᠭ᠎ᠢ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠪᠠ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠵᠢ ᠵᠣᠬᠢᠶᠠᠨ ᠪᠠᠶ᠋ᠢᠭᠤᠯᠤᠨ ᠵᠢᠯᠣᠭᠤᠳᠤᠨ᠎ᠠ᠃ ᠴᠦᠯᠯᠡᠷᠭᠡᠭᠵᠢᠯ᠎ᠢ ᠰᠡᠷᠭᠡᠶ᠋ᠢᠯᠡᠨ ᠵᠠᠰᠠᠬᠤ ᠨᠡᠶ᠋ᠢᠲᠡ ᠵᠢᠨ ᠭᠡᠷ᠎ᠡ ᠵᠢ ᠭᠦᠢ᠍ᠴᠡᠳᠬᠡᠬᠦ ᠠᠵᠢᠯ᠎ᠢ ᠡᠭᠦᠷᠭᠡᠯᠡᠨ᠎ᠡ᠃ ᠣᠶ ᠰᠢᠭᠤᠶ ᠵᠢᠨ ᠬᠦᠨᠦᠭᠡᠯᠲᠦ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ᠂ ᠬᠢᠵᠢᠭ ᠪᠠᠶ᠋ᠢᠴᠠᠭ᠋ᠠᠬᠤ ᠪᠠ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠠᠵᠢᠯ᠎ᠢ ᠵᠢᠯᠣᠭᠤᠳᠤᠨ᠎ᠠ᠃ ᠡᠷᠲᠡᠨ᠎ᠤ ᠮᠣᠳᠣ ᠨᠡᠷᠡᠳᠦ ᠮᠣᠳᠣ ᠵᠢ ᠬᠠᠮᠠᠭ᠋ᠠᠯᠠᠬᠤ᠂ ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
    (ᠭᠤᠷᠪᠠ) ᠤᠢ ᠰᠢᠭᠤᠶ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠭᠠᠵᠠᠷ᠄ ᠤᠢ ᠰᠢᠭᠤᠶ ᠵᠢᠨ ᠡᠬᠢ ᠪᠠᠶᠠᠯᠢᠭ᠎ᠢ ᠬᠠᠮᠠᠭ᠋ᠠᠯᠠᠨ ᠬᠥᠭᠵᠢᠭᠦᠯᠬᠦ ᠳᠦᠷᠦ ᠵᠢᠨ ᠪᠤᠲᠤᠯᠭ᠎ᠠ ᠠᠷᠭ᠎ᠠ ᠬᠡᠮᠵᠢᠶ᠎ᠡ ᠵᠢ ᠲᠤᠭᠤᠷᠪᠢᠨ ᠲᠣᠭᠲᠠᠭ᠋ᠠᠵᠤ᠂ ᠤᠢ ᠰᠢᠭᠤᠶ ᠵᠢ ᠣᠭᠲᠣᠯᠬᠤ ᠬᠢᠵᠠᠭ᠋ᠠᠷ ᠲᠤᠭ᠎ᠠ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠵᠣᠬᠢᠶᠠᠨ ᠪᠠᠶ᠋ᠢᠭᠤᠯᠬᠤ ᠵᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠣᠶ ᠰᠢᠭᠤᠶ ᠵᠢᠨ ᠡᠬᠢ ᠪᠠᠶᠠᠯᠢᠭ᠎ᠢ ᠬᠥᠳᠡᠯᠦᠩᠭᠦᠶ᠎ᠪᠠᠷ ᠬᠢᠨᠠᠨ ᠬᠡᠮᠵᠢᠬᠦ ᠬᠢᠭᠡᠳ ᠦᠨᠡᠯᠡᠬᠦ ᠬᠠᠮᠢᠶ᠎ᠠ ᠪᠥᠬᠦᠶ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠣᠶ ᠰᠢᠭᠤᠶ ᠵᠢᠨ ᠡᠬᠢ ᠪᠠᠶᠠᠯᠢᠭ᠎ᠢ ᠬᠢᠨᠠᠨ  ᠬᠠᠮᠢᠶᠠᠷᠤᠨ᠎ᠠ᠃ ᠣᠶ᠋ᠢᠲᠤ ᠭᠠᠵᠠᠷ᠎ᠤᠨ ᠬᠠᠮᠢᠶ᠎ᠠ ᠪᠦᠬᠦᠢ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ᠃ ᠤᠶ᠋ᠢᠲᠤ ᠭᠠᠵᠠᠷ᠎ᠢ ᠬᠠᠮᠠᠭ᠋ᠠᠯᠠᠨ ᠠᠰᠢᠭᠯᠠᠬᠤ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠶ ᠰᠢᠭᠤᠶ ᠵᠢᠨ ᠡᠵᠡᠩᠨᠡᠯᠲᠡ ᠵᠢᠨ ᠲᠥᠯᠥᠪᠵᠢᠭᠦᠯᠭᠡ ᠪᠣᠯᠤᠨ ᠣᠶ ᠰᠢᠭᠤᠶ ᠵᠢᠨ ᠡᠵᠡᠩᠨᠡᠯᠲᠡ ᠵᠢᠨ ᠲᠥᠰᠦᠯ᠎ᠢ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠶ ᠮᠣᠳᠣ ᠵᠢ ᠦᠨᠡᠮᠯᠡᠯ᠎ᠲᠠᠢ᠎ᠪᠠᠷ ᠣᠭᠲᠣᠯᠬᠤ᠂ ᠲᠡᠭᠡᠭᠡᠪᠦᠷᠢᠯᠡᠬᠦ ᠵᠢ ᠬᠢᠨᠠᠯᠲᠠ ᠲᠠᠯᠪᠢᠨ ᠵᠢᠯᠤᠭᠤᠳᠤᠨ᠎ᠠ᠃ ᠦᠨᠳᠦᠰᠦᠨ ᠱᠠᠲᠤᠨ᠎ᠤ ᠣᠶ ᠰᠢᠭᠤᠶ ᠵᠢᠨ ᠥᠷᠲᠡᠭᠡ ᠵᠢᠨ ᠪᠦᠲᠦᠭᠡᠨ ᠪᠠᠶ᠋ᠢᠭᠤᠯᠤᠯᠲᠠ ᠪᠣᠯᠤᠨ ᠬᠠᠮᠢᠶᠠᠷᠤᠯᠲᠠ ᠵᠢ ᠵᠢᠯᠤᠭᠤᠳᠤᠨ᠎ᠠ᠃ ᠣᠶ ᠰᠢᠭᠤᠶ᠂ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠪᠠ ᠣᠶ ᠰᠢᠭᠤᠶ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠵᠢᠯᠣᠭᠤᠳᠤᠨ᠎ᠠ᠃
   (ᠳᠥᠷᠪᠡ) ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠭᠠᠵᠠᠷ᠄ ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠬᠢᠭᠡᠳ ᠵᠦᠶ ᠵᠣᠬᠢᠰᠲᠠᠶ ᠠᠰᠢᠭᠯᠠᠬᠤ ᠲᠥᠷᠥ ᠵᠢᠨ ᠪᠣᠳᠣᠯᠭ᠎ᠠ ᠵᠢᠨ ᠲᠥᠯᠥᠪᠵᠢᠭᠦᠯᠭᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠡᠯᠡᠰᠦ ᠮᠠᠩᠬ᠎ᠠ ᠵᠢ ᠰᠡᠷᠭᠡᠶ᠋ᠢᠯᠡᠨ ᠵᠠᠰᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠳᠤ ᠤᠷᠤᠯᠴᠠᠨ᠎ᠠ᠃ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠠᠵᠢᠯ᠎ᠢ ᠵᠢᠯᠣᠭᠤᠳᠴᠤ᠂ ᠨᠤᠲᠤᠭ ᠪᠡᠯᠴᠢᠭᠡᠷ᠎ᠤᠨ ᠠᠮᠢ ᠠᠬᠤᠶ ᠵᠢᠨ ᠨᠥᠬᠦᠪᠥᠷᠢ ᠦᠭᠬᠦ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠪᠠ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠠᠵᠢᠯ᠎ᠢ ᠬᠠᠷᠢᠭᠤᠴᠠᠵᠤ᠂ ᠨᠤᠲᠤᠭ ᠪᠡᠯᠴᠢᠭᠡᠷ᠎ᠤᠨ ᠪᠡᠯᠴᠢᠭᠡᠷ᠎ᠢ ᠠᠮᠠᠷᠠᠭᠤᠯᠬᠤ᠂ ᠰᠡᠯᠭᠦᠨ ᠮᠠᠯᠵᠢᠬᠤ ᠠᠵᠢᠯ᠎ᠢ ᠵᠢᠯᠣᠭᠤᠳᠤᠨ᠂ ᠦᠨᠳᠦᠰᠦᠨ ᠨᠤᠲᠤᠭ ᠪᠡᠯᠴᠢᠭᠡᠷ᠎ᠢ ᠬᠤᠪᠢᠶᠠᠷᠢᠯᠠᠨ ᠲᠣᠭᠲᠠᠭ᠋ᠠᠬᠤ ᠪᠠ ᠬᠠᠮᠠᠭ᠋ᠠᠯᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠨᠤᠲᠤᠭ ᠪᠡᠯᠴᠢᠭᠡᠷ᠎ᠤᠨ ᠠᠮᠢ ᠠᠬᠤᠶ ᠵᠢ ᠰᠡᠷᠭᠦᠭᠡᠨ ᠵᠠᠰᠠᠬᠤ ᠠᠵᠢᠯ᠎ᠢ ᠬᠠᠷᠢᠭᠤᠴᠠᠨ ᠵᠢᠯᠣᠭᠤᠳᠴᠤ᠂ ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠢᠨᠵᠧᠨᠧᠷᠢᠩ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠨᠤᠲᠤᠭ ᠪᠡᠯᠴᠢᠭᠡᠷ᠎ᠤᠨ ᠬᠤᠯᠤᠭ᠋ᠠᠨ᠎ᠠ ᠬᠤᠷᠣᠬᠠᠶ ᠵᠢᠨ ᠡᠪᠡᠳᠴᠢᠨ ᠵᠡᠷᠭᠡ ᠬᠥᠨᠥᠭᠡᠯᠲᠦ ᠠᠮᠢᠳᠤ ᠪᠣᠳᠠᠰ᠎ᠤᠨ ᠭᠠᠮᠰᠢᠭ᠎ᠢ ᠰᠡᠷᠭᠡᠶ᠋ᠢᠯᠡᠬᠦ ᠪᠠ ᠲᠥᠰᠦᠭᠡᠯᠡᠵᠦ ᠰᠡᠷᠡᠮᠵᠢᠯᠡᠭᠦᠯᠬᠦ ᠵᠢ ᠵᠢᠯᠣᠭᠤᠳᠤᠨ᠎ᠠ᠃ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠥᠳᠡᠯᠦᠩᠭᠦᠶ᠎ᠪᠠᠷ ᠬᠢᠨᠠᠨ ᠬᠡᠮᠵᠢᠬᠦ ᠬᠢᠭᠡᠳ ᠦᠨᠡᠯᠡᠬᠦ ᠬᠠᠮᠢᠶ᠎ᠠ ᠪᠦᠬᠦᠢ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠦᠨᠳᠦᠰᠦᠨ ᠱᠠᠲᠤᠨ᠎ᠤ ᠨᠤᠲᠤᠭ ᠪᠡᠯᠴᠢᠭᠡᠷ᠎ᠤᠨ ᠥᠷᠲᠡᠭᠡ ᠵᠢᠨ ᠪᠦᠲᠦᠭᠡᠨ ᠪᠠᠶ᠋ᠢᠭᠤᠯᠤᠯᠲᠠ ᠪᠣᠯᠤᠨ ᠬᠠᠮᠢᠶᠠᠷᠤᠯᠲᠠ ᠵᠢ ᠵᠢᠯᠤᠭᠤᠳᠤᠨ᠎ᠠ᠃
    (ᠲᠠᠪᠤ) ᠨᠤᠲᠤᠭ ᠪᠡᠯᠴᠢᠭᠡᠷ᠎ᠤᠨ ᠬᠢᠨᠠᠯᠲᠠ ᠲᠠᠯᠪᠢᠬᠤ ᠭᠠᠵᠠᠷ᠄ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ᠎ᠳᠤ ᠬᠢᠨᠠᠯᠲᠠ ᠲᠠᠯᠪᠢᠬᠤ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠵᠢᠯ᠎ᠢ ᠬᠠᠷᠢᠭᠤᠴᠠᠵᠤ᠂ ᠨᠤᠲᠤᠭ ᠪᠡᠯᠴᠢᠭᠡᠷ᠎ᠢ ᠡᠪᠳᠡᠭᠰᠡᠨ ᠴᠢᠬᠤᠯᠠ ᠶᠡᠭᠡ ᠬᠡᠷᠡᠭ᠎ᠢ ᠵᠣᠬᠢᠴᠠᠭᠤᠯᠤᠨ ᠰᠢᠢ᠍ᠳᠪᠦᠷᠢᠯᠡᠨ᠎ᠡ᠃ ᠨᠤᠲᠤᠭ ᠪᠡᠯᠴᠢᠭᠡᠷ᠎ᠢ ᠨᠡᠭᠡᠭᠡᠨ ᠠᠰᠢᠭᠯᠠᠬᠤ ᠵᠢ ᠬᠢᠨᠠᠨ ᠬᠠᠮᠢᠶᠠᠷᠴᠤ᠂ ᠨᠤᠲᠤᠭ ᠪᠡᠯᠴᠢᠭᠡᠷ᠎ᠤᠨ ᠴᠢᠳᠠᠮᠵᠢᠲᠤ ᠣᠷᠣᠨ᠎ᠢ ᠬᠤᠪᠢᠶᠠᠷᠢᠯᠠᠨ ᠲᠣᠭᠲᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠨᠤᠲᠤᠭ ᠪᠡᠯᠴᠢᠭᠡᠷ᠎ᠤᠨ ᠵᠢᠭᠤᠯᠴᠢᠯᠠᠯ᠎ᠤᠨ ᠬᠠᠮᠢᠶ᠎ᠠ ᠪᠦᠬᠦᠢ ᠠᠵᠢᠯ᠎ᠢ ᠬᠢᠨᠠᠨ ᠬᠠᠮᠢᠶᠠᠷᠤᠨ᠎ᠠ᠃
   (ᠵᠢᠷᠭᠤᠭ᠎ᠠ) ᠴᠢᠭᠢᠭᠯᠢᠭ ᠭᠠᠵᠠᠷ ᠪᠠ ᠬᠡᠭᠡᠷ᠎ᠡ ᠵᠢᠨ ᠠᠮᠢᠲᠠᠨ ᠤᠷᠭᠤᠮᠠᠯ᠎ᠤᠨ ᠬᠠᠮᠠᠭ᠋ᠠᠯᠠᠯᠲᠠ ᠬᠠᠮᠢᠶᠠᠷᠤᠯᠲᠠ ᠵᠢᠨ ᠭᠠᠵᠠᠷ᠄ ᠴᠢᠭᠢᠭᠯᠢᠭ ᠭᠠᠵᠠᠷ᠎ᠤᠨ ᠡᠬᠢ ᠪᠠᠶᠠᠯᠢᠭ᠎ᠢ ᠬᠠᠮᠠᠭ᠋ᠠᠯᠠᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠤᠭᠤᠷᠪᠢᠨ ᠲᠣᠭᠲᠠᠭ᠋ᠠᠵᠤ᠂ ᠴᠢᠭᠢᠭᠯᠢᠭ ᠭᠠᠵᠠᠷ ᠪᠠ ᠡᠬᠡ ᠬᠠᠭᠤᠷᠠᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠬᠢ ᠪᠠᠶᠠᠯᠢᠭ᠎ᠢ ᠪᠠᠶ᠋ᠢᠴᠠᠭ᠋ᠠᠬᠤ᠂ ᠬᠥᠳᠡᠯᠦᠩᠭᠦᠶ ᠬᠢᠨᠠᠨ ᠬᠡᠮᠵᠢᠬᠦ ᠬᠢᠭᠡᠳ ᠦᠨᠡᠯᠡᠬᠦ ᠬᠠᠮᠢᠶ᠎ᠠ ᠪᠥᠬᠦᠶ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠴᠢᠭᠢᠭᠯᠢᠭ ᠭᠠᠵᠠᠷ᠎ᠢ ᠬᠠᠮᠠᠭ᠋ᠠᠯᠠᠬᠤ ᠠᠵᠢᠯ᠎ᠢ ᠵᠢᠯᠣᠭᠤᠳᠴᠤ᠂ ᠴᠢᠭᠢᠭᠯᠢᠭ ᠭᠠᠵᠠᠷ᠎ᠤᠨ ᠠᠮᠢ ᠠᠬᠤᠶ ᠵᠢ ᠰᠡᠷᠭᠦᠭᠡᠬᠦ᠂ ᠠᠮᠢ ᠠᠬᠤᠶ ᠵᠢᠨ ᠨᠦᠬᠦᠪᠦᠷᠢ ᠵᠢᠨ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠴᠢᠬᠤᠯᠠ ᠴᠢᠭᠢᠭᠯᠢᠭ ᠭᠠᠵᠠᠷ ᠪᠠ ᠴᠢᠭᠢᠭᠯᠢᠭ ᠭᠠᠵᠠᠷ᠎ᠤᠨ ᠴᠡᠴᠡᠷᠯᠢᠭ᠎ᠢ ᠬᠢᠨᠠᠨ ᠬᠠᠮᠢᠶᠠᠷᠴᠤ᠂ ᠴᠢᠭᠢᠭᠯᠢᠭ ᠭᠠᠵᠠᠷ᠎ᠢ ᠨᠡᠭᠡᠭᠡᠨ ᠠᠰᠢᠭᠯᠠᠬᠤ ᠵᠢ ᠬᠢᠨᠠᠨ ᠬᠠᠮᠢᠶᠠᠷᠴᠤ᠂ ᠣᠯᠠᠨ ᠤᠯᠤᠰ᠎ᠤᠨ ᠴᠢᠭᠢᠭᠯᠢᠭ ᠭᠠᠵᠠᠷ᠎ᠤᠨ ᠨᠡᠶ᠋ᠢᠲᠡ ᠵᠢᠨ ᠭᠡᠷ᠎ᠡ ᠵᠢ ᠬᠦᠢ᠍ᠴᠡᠳᠬᠡᠬᠦ ᠬᠠᠮᠢᠶ᠎ᠠ ᠪᠦᠬᠦᠢ ᠠᠵᠢᠯ᠎ᠢ ᠡᠬᠦᠷᠭᠡᠯᠡᠨ᠎ᠡ᠃ ᠡᠬᠡ ᠬᠠᠭᠤᠷᠠᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠠᠵᠢᠯ᠎ᠢ ᠬᠢᠨᠠᠨ ᠬᠠᠮᠢᠶᠠᠷᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠭᠤᠣᠯᠳᠠᠯᠭ᠎ᠠ᠎ᠲᠠᠢ ᠬᠠᠮᠠᠭ᠋ᠠᠯᠠᠬᠤ ᠡᠬᠡ ᠬᠠᠭᠤᠷᠠᠶ ᠵᠢᠨ ᠬᠡᠭᠡᠷ᠎ᠡ ᠵᠢᠨ ᠠᠮᠢᠲᠠᠨ᠂ ᠤᠷᠭᠤᠮᠠᠯ᠎ᠤᠨ ᠨᠡᠷᠡᠰ᠎ᠤᠨ ᠵᠢᠭᠰᠠᠭ᠋ᠠᠯᠲᠠ᠎ᠳᠤ ᠲᠣᠬᠢᠷᠠᠭᠤᠯᠤᠯᠲᠠ ᠬᠢᠬᠦ ᠰᠠᠨᠠᠯ᠎ᠢ ᠰᠤᠳᠤᠯᠤᠨ ᠳᠤᠷᠠᠳᠤᠨ᠎ᠠ᠃ ᠡᠬᠡ ᠬᠠᠭᠤᠷᠠᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠠᠵᠢᠯ᠎ᠢ ᠠᠵᠢᠯ᠎ᠤᠨ ᠬᠤᠪᠢᠶᠠᠷᠢᠯᠠᠯ ᠶᠣᠰᠣᠭ᠋ᠠᠷ ᠬᠢᠨᠠᠨ ᠬᠠᠮᠢᠶᠠᠷᠤᠨ᠎ᠠ᠃
   (ᠳᠣᠯᠤᠭ᠎ᠠ) ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠬᠠᠮᠢᠶᠠᠷᠤᠯᠲᠠ ᠵᠢᠨ ᠭᠠᠵᠠᠷ᠄ ᠤᠯᠤᠰ᠎ᠤᠨ ᠴᠡᠴᠡᠷᠯᠢᠭ ᠵᠡᠷᠭᠡ ᠡᠯ᠎ᠡ ᠲᠥᠷᠥᠯ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠢ ᠬᠢᠨᠠᠨ ᠬᠠᠮᠢᠶᠠᠷᠴᠤ᠂ ᠡᠯ᠎ᠡ ᠲᠥᠷᠥᠯ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠬᠠᠮᠠᠭ᠋ᠠᠯᠠᠯᠲᠠ ᠵᠢᠨ ᠬᠥᠭᠵᠢᠯᠲᠡ ᠵᠢᠨ ᠲᠥᠯᠥᠪᠵᠢᠭᠦᠯᠭᠡ ᠵᠢ ᠲᠤᠭᠤᠷᠪᠢᠵᠤ᠂ ᠡᠯ᠎ᠡ ᠲᠥᠷᠥᠯ᠎ᠤᠨ ᠤᠯᠤᠰ᠎ᠤᠨ ᠲᠠᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠢ ᠰᠢᠨ᠎ᠡ᠎ᠪᠠᠷ ᠪᠠᠶ᠋ᠢᠭᠤᠯᠬᠤ᠂ ᠳᠣᠭᠢᠷᠠᠭᠤᠯᠬᠤ ᠵᠢ ᠬᠢᠨᠠᠨ ᠬᠠᠷᠭᠤᠭᠤᠯᠬᠤ ᠰᠠᠨᠠᠭᠤᠯᠭ᠎ᠠ ᠳᠤᠷᠠᠳᠤᠨ᠎ᠠ᠃ ᠡᠯ᠎ᠡ ᠲᠥᠷᠥᠯ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠠᠮᠢ ᠠᠬᠤᠶ ᠵᠢ ᠰᠡᠷᠭᠦᠭᠡᠬᠦ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠳᠡᠯᠡᠬᠡᠶ ᠵᠢᠨ ᠪᠠᠶ᠋ᠢᠭ᠋ᠠᠯᠢ ᠵᠢᠨ ᠥᠪ᠎ᠤᠨ ᠲᠥᠷᠥᠯ ᠵᠦᠢ᠍ᠯ ᠪᠠ ᠳᠡᠯᠡᠬᠡᠶ ᠵᠢᠨ ᠪᠠᠶ᠋ᠢᠭ᠋ᠠᠯᠢ ᠬᠢᠭᠡᠳ ᠰᠣᠶᠣᠯ᠎ᠤᠨ ᠬᠤᠤᠰ ᠥᠪ᠎ᠤᠨ ᠲᠥᠷᠥᠯ ᠵᠦᠢ᠍ᠯ᠎ᠤᠨ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠵᠢᠭᠤᠯᠴᠢᠯᠠᠯ᠎ᠤᠨ ᠨᠡᠭᠡᠭᠡᠨ ᠬᠥᠭᠵᠢᠭᠦᠯᠦᠯᠲᠡ ᠵᠢ ᠬᠢᠨᠠᠨ ᠬᠠᠮᠢᠶᠠᠷᠤᠨ᠎ᠠ᠃
   (ᠨᠠᠢ᠍ᠮᠠ) ᠤᠯᠤᠰ᠎ᠤᠨ ᠥᠮᠴᠢᠯᠡᠯᠲᠦ ᠣᠶ ᠰᠢᠭᠤᠶ ᠵᠢᠨ ᠲᠠᠯᠠᠪᠠᠶ ᠪᠣᠯᠤᠨ ᠦᠷ᠎ᠡ ᠴᠢᠬᠢ ᠵᠢᠨ ᠬᠠᠮᠢᠶᠠᠷᠤᠯᠲᠠ ᠵᠢᠨ ᠭᠠᠵᠠᠷ᠄ ᠤᠯᠤᠰ᠎ᠤᠨ ᠥᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠴᠢᠬᠢ ᠮᠣᠳᠣᠨ᠎ᠤ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠪᠣᠯᠤᠨ ᠬᠥᠭᠵᠢᠯᠲᠡ ᠵᠢ ᠵᠢᠯᠣᠭᠤᠳᠤᠨ᠎ᠠ᠃ ᠣᠶ ᠮᠣᠳᠣᠨ᠎ᠤ ᠦᠷ᠎ᠡ᠂ ᠡᠪᠡᠰᠦᠨ ᠦᠷ᠎ᠡ ᠵᠢᠨ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠵᠦ᠂ ᠦᠷ᠎ᠡ ᠵᠢᠨ ᠡᠬᠢ ᠪᠠᠶᠠᠯᠢᠭ᠎ᠢ ᠨᠡᠶ᠋ᠢᠳᠡᠮ ᠪᠠᠶ᠋ᠢᠴᠠᠭ᠋ᠠᠬᠤ᠂ ᠴᠤᠭᠯᠠᠭᠤᠯᠬᠤ᠂ ᠦᠨᠡᠯᠡᠬᠦ᠂ ᠠᠰᠢᠭᠯᠠᠬᠤ ᠪᠠ ᠦᠷ᠎ᠡ ᠵᠢᠨ ᠡᠬᠢ ᠪᠠᠶᠠᠯᠢᠭ᠎ᠤᠨ ᠬᠥᠮᠥᠷᠭᠡ ᠵᠢᠨ ᠪᠠᠶ᠋ᠢᠭᠤᠯᠤᠯᠲᠠ ᠵᠢ ᠵᠣᠬᠢᠶᠠᠨ ᠪᠠᠶ᠋ᠢᠭᠤᠯᠤᠨ᠎ᠠ᠃ ᠰᠢᠯᠢᠳᠡᠭ ᠡᠭᠦᠯᠳᠡᠷ ᠰᠣᠩᠭᠤᠨ ᠪᠤᠶ᠋ᠢᠵᠢᠭᠤᠯᠬᠤ᠂ ᠬᠢᠨᠠᠨ ᠲᠣᠭᠲᠠᠭ᠋ᠠᠬᠤ᠂ ᠵᠢᠱ᠌ᠢᠶ᠎ᠡ ᠦᠵᠡᠭᠦᠯᠬᠦ᠂ ᠳᠡᠯᠭᠡᠷᠡᠭᠦᠯᠬᠦ ᠵᠢ ᠵᠣᠬᠢᠶᠠᠨ ᠪᠠᠶ᠋ᠢᠭᠤᠯᠵᠤ᠂ ᠣᠶ ᠮᠣᠳᠣᠨ᠎ᠤ ᠦᠷ᠎ᠡ᠂ ᠡᠪᠡᠰᠦᠨ ᠦᠷ᠎ᠡ᠎ᠳᠤ ᠬᠢᠨᠠᠯᠲᠠ ᠲᠠᠯᠪᠢᠵᠤ ᠰᠢᠯᠭ᠋ᠠᠨ ᠪᠠᠶ᠋ᠢᠴᠠᠭ᠋ᠠᠬᠤ ᠠᠵᠢᠯ᠎ᠢ ᠬᠠᠷᠢᠭᠤᠴᠠᠨ᠎ᠠ᠃ ᠰᠢᠯᠢᠳᠡᠭ ᠦᠷ᠎ᠡ ᠵᠢᠨ ᠰᠠᠭᠤᠷᠢᠨ ᠭᠠᠵᠠᠷ᠂ ᠪᠠᠲᠤᠯᠠᠭ᠎ᠠ ᠵᠢᠨ ᠴᠢᠨᠠᠷᠲᠠᠶ ᠴᠢᠬᠢ ᠮᠣᠳᠣᠨ᠎ᠤ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠵᠢ ᠵᠢᠯᠣᠭᠤᠳᠤᠨ᠎ᠠ᠃ ᠣᠶ ᠮᠣᠳᠣᠨ᠎ᠤ ᠦᠷ᠎ᠡ ᠴᠢᠬᠢ᠂ ᠡᠪᠡᠰᠦᠨ ᠦᠷ᠎ᠡ ᠵᠢᠨ ᠶᠠᠰᠤ ᠴᠢᠨᠠᠷ ᠪᠣᠯᠤᠨ ᠦᠢ᠍ᠯᠡᠳᠪᠦᠷᠢᠯᠡᠯ ᠡᠵᠡᠩᠨᠡᠯᠲᠡ ᠵᠢᠨ ᠦᠢ᠍ᠯᠡ ᠠᠵᠢᠯᠯᠠᠭ᠎ᠠ ᠵᠢ ᠬᠢᠨᠠᠨ ᠬᠠᠮᠢᠶᠠᠷᠤᠨ᠎ᠠ᠃
   (ᠶᠢᠰᠦ) ᠥᠭᠡᠷᠡᠴᠢᠯᠡᠯᠲᠡ ᠬᠦᠭᠵᠢᠬᠦᠯᠦᠯᠳᠡ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠠᠵᠠᠷ᠄ ᠬᠠᠮᠲᠤ ᠵᠢᠨ ᠤᠢ ᠰᠢᠭᠤᠢ ᠵᠢᠨ ᠡᠷᠬᠡ ᠵᠢᠨ ᠳᠦᠷᠢᠮ ᠪᠠ ᠭᠤᠤᠯᠳᠠᠯᠭ᠎ᠠ᠎ᠲᠠᠢ ᠤᠯᠤᠰ᠎ᠤᠨ ᠦᠮᠴᠢᠯᠡᠯᠲᠦ ᠤᠶ᠋ᠢᠲᠤ ᠣᠷᠣᠨ᠂ ᠤᠯᠤᠰ᠎ᠤᠨ ᠦᠮᠴᠢᠯᠡᠯᠲᠦ ᠣᠢ ᠰᠢᠭᠤᠶ ᠵᠢᠨ ᠲᠠᠯᠠᠪᠠᠢ᠂ ᠨᠤᠲᠤᠭ ᠪᠡᠯᠴᠢᠭᠡᠷ ᠵᠡᠷᠭᠡ ᠵᠢᠨ ᠥᠭᠡᠷᠡᠴᠢᠯᠡᠯᠲᠡ ᠵᠢᠨ ᠬᠠᠮᠢᠶ᠎ᠠ ᠪᠦᠬᠦᠢ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠤᠳᠤᠨ᠎ᠠ᠃ ᠲᠠᠷᠢᠶᠠᠯᠠᠬᠤ ᠮᠠᠯᠵᠢᠬᠤ ᠣᠷᠣᠨ᠎ᠤ ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠬᠥᠭᠵᠢᠯᠲᠡ ᠵᠢᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠵᠣᠬᠢᠶᠠᠨ ᠪᠠᠶ᠋ᠢᠭᠤᠯᠤᠨ ᠲᠤᠭᠤᠷᠪᠢᠬᠤ ᠵᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ᠎ᠤ ᠤᠢ᠌ᠲᠤ ᠭᠠᠵᠠᠷ᠂ ᠣᠶ ᠮᠣᠳᠣ ᠪᠣᠯᠤᠨ ᠨᠤᠲᠤᠭ ᠪᠡᠯᠴᠢᠭᠡᠷ᠎ᠢ ᠳᠠᠭ᠋ᠠᠭ᠋ᠠᠴᠢᠯᠠᠨ ᠡᠵᠡᠩᠨᠡᠬᠦ᠂ ᠠᠰᠢᠭᠯᠠᠬᠤ ᠬᠠᠮᠢᠶᠠᠷᠤᠯᠲᠠ ᠵᠢ ᠵᠢᠯᠣᠭᠤᠳᠤᠨ᠎ᠠ᠃ ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠂ ᠦᠷ᠎ᠡ ᠪᠦᠲᠦᠭᠡᠯ᠎ᠢ ᠬᠤᠪᠢᠷᠠᠭᠤᠯᠬᠤ ᠪᠠ ᠮᠡᠷᠭᠡᠵᠢᠯ ᠳᠡᠯᠭᠡᠷᠡᠭᠦᠯᠬᠦ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠣᠶ ᠰᠢᠭᠤᠶ ᠪᠠ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠷᠢᠮᠵᠢᠶᠠᠵᠢᠭᠤᠯᠤᠯᠲᠠ᠂ ᠶᠠᠰᠤ ᠴᠢᠨᠠᠷ᠎ᠤᠨ ᠰᠢᠯᠭ᠋ᠠᠨ ᠪᠠᠶ᠋ᠢᠴᠠᠭ᠋ᠠᠯᠲᠠ᠂ ᠬᠢᠨᠠᠨ ᠬᠡᠮᠵᠢᠬᠦ ᠪᠠ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠡᠷᠭᠡ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃ ᠣᠶ ᠰᠢᠭᠤᠶ ᠪᠠ ᠨᠤᠲᠤᠭ ᠪᠡᠯᠴᠢᠭᠡᠷ᠎ᠤᠨ ᠠᠮᠢᠳᠤ ᠪᠣᠳᠠᠰ᠎ᠤᠨ ᠦᠷ᠎ᠡ ᠡᠳ᠋᠎ᠤᠨ ᠡᠬᠢ ᠪᠠᠶᠠᠯᠢᠭ᠂ ᠭᠧᠨ ᠬᠤᠪᠢᠷᠠᠭᠤᠯᠤᠭᠰᠠᠨ ᠠᠮᠢᠳᠤ ᠪᠣᠳᠠᠰ᠎ᠤᠨ ᠠᠮᠤᠷ ᠲᠦᠪᠰᠢᠨ᠎ᠢ ᠬᠢᠨᠠᠨ ᠬᠠᠮᠢᠶᠠᠷᠤᠨ᠎ᠠ᠃ ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠠᠵᠤ ᠦᠢ᠍ᠯᠡᠰᠵᠢᠯᠲᠡ ᠵᠢᠨ ᠬᠥᠭᠵᠢᠯᠲᠡ ᠵᠢᠨ ᠲᠥᠯᠥᠪᠵᠢᠭᠦᠯᠭᠡ ᠪᠣᠯᠤᠨ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ ᠵᠢ ᠲᠤᠭᠤᠷᠪᠢᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠶᠡᠷᠦᠩᠬᠡᠶ᠋ᠢᠯᠡᠨ ᠨᠡᠭᠡᠭᠡᠨ ᠠᠰᠢᠭᠯᠠᠬᠤ ᠠᠵᠢᠯ ᠲᠥᠷᠥᠯ᠎ᠤᠨ ᠬᠠᠮᠢᠶᠠᠷᠤᠯᠲᠠ ᠵᠢ ᠬᠠᠷᠢᠭᠤᠴᠠᠨ᠎ᠠ᠃ ᠬᠤᠯᠪᠣᠭᠳᠠᠯ ᠪᠦᠬᠦᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠤᠨ ᠲᠥᠰᠦᠯ᠎ᠢ ᠲᠤᠭᠤᠷᠪᠢᠨ᠎ᠠ᠃ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠂ ᠵᠠᠰᠠᠭ ᠵᠠᠬᠢᠷᠭ᠋ᠠᠨ᠎ᠤ ᠵᠠᠷᠭᠤ ᠬᠦᠯᠢᠶᠡᠬᠦ ᠵᠡᠷᠭᠡ ᠠᠵᠢᠯ᠎ᠢ ᠡᠭᠦᠷᠭᠡᠯᠡᠨ᠎ᠡ᠃ ᠣᠶ ᠰᠢᠭᠤᠶ ᠨᠤᠲᠤᠭ ᠪᠡᠯᠴᠢᠭᠡᠷ᠎ᠤᠨ ᠠᠶᠤᠯ ᠥᠬᠡᠶ ᠦᠢ᠍ᠯᠡᠳᠪᠦᠷᠢᠯᠡᠯ᠎ᠢ ᠵᠢᠯᠣᠭᠤᠳᠤᠨ᠎ᠠ᠃
   (ᠠᠷᠪᠠ) ᠲᠦᠯᠦᠪᠵᠢᠬᠦᠯᠭᠡ ᠡᠳ᠋᠎ᠤᠨ ᠶᠠᠪᠤᠳᠠᠯ᠎ᠤᠨ ᠭᠠᠵᠠᠷ᠄ ᠣᠶ ᠰᠢᠭᠤᠶ ᠪᠠ ᠨᠤᠲᠤᠭ ᠪᠡᠯᠴᠢᠭᠡᠷ᠎ᠤᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠂ ᠲᠦᠯᠦᠪᠵᠢᠬᠦᠯᠭᠡ ᠵᠢ ᠲᠤᠭᠤᠷᠪᠢᠨ  ᠲᠤᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠪᠡᠯᠡ ᠮᠥᠩᠭᠦ ᠵᠢᠴᠢ ᠭᠤᠣᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ ᠪᠣᠯᠤᠨ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢ ᠬᠢᠨᠠᠨ ᠬᠠᠮᠢᠶᠠᠷᠤᠨ᠎ᠠ᠃ ᠵᠢᠯ᠎ᠤᠨ ᠦᠢ᠍ᠯᠡᠳᠪᠦᠷᠢᠯᠡᠯ᠎ᠤᠨ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠵᠤ ᠳᠤᠷᠤᠭᠰᠢ ᠪᠠᠭᠤᠯᠭ᠋ᠠᠨ᠎ᠠ᠃ ᠠᠮᠢ ᠠᠬᠤᠶ᠎ᠪᠠᠷ ᠶᠠᠳᠠᠭᠤ ᠵᠢ ᠲᠡᠳᠬᠦᠬᠦ ᠪᠠ ᠬᠠᠮᠢᠶ᠎ᠠ ᠪᠦᠬᠦᠢ ᠠᠮᠢ ᠠᠬᠤᠶ ᠵᠢᠨ ᠨᠥᠬᠦᠪᠥᠷᠢ ᠵᠢᠨ ᠳᠦᠷᠢᠮ᠎ᠢ ᠬᠡᠷᠡᠭᠵᠢᠭᠦᠯᠬᠦ᠎ᠳᠤ ᠣᠷᠣᠯᠴᠠᠨ᠎ᠠ᠃ ᠭᠠᠳᠠᠭ᠋ᠠᠳᠤ᠎ᠳᠤ ᠬᠤᠯᠪᠣᠭᠳᠠᠬᠤ᠂ ᠭᠠᠳᠠᠭ᠋ᠠᠳᠤ᠎ᠳᠤ ᠲᠤᠰᠠᠯᠠᠬᠤ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢ ᠵᠣᠬᠢᠶᠠᠨ ᠪᠠᠶ᠋ᠢᠭᠤᠯᠤᠨ ᠮᠡᠳᠡᠭᠦᠯᠬᠦ ᠵᠢᠨ ᠬᠠᠮᠲᠤ ᠵᠢᠯᠣᠭᠤᠳᠴᠤ᠂ ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠭᠠᠳᠠᠭ᠋ᠠᠳᠤ᠎ᠯᠤᠭ᠎ᠠ ᠵᠢᠨ ᠬᠠᠮᠵᠢᠯᠴᠠᠭ᠎ᠠ ᠬᠢᠭᠡᠳ ᠰᠣᠯᠢᠯᠴᠠᠭ᠎ᠠ ᠵᠢ ᠦᠷᠨᠢᠬᠦᠯᠦᠨ᠎ᠡ᠃ ᠰᠠᠯᠠᠭ᠎ᠠ ᠮᠥᠴᠢᠷ᠎ᠤᠨ ᠲᠥᠰᠦᠪ᠂ ᠲᠤᠭ᠎ᠠ ᠪᠦᠷᠢᠳᠬᠡᠯ᠎ᠤᠨ ᠮᠡᠳᠡᠭᠡ ᠵᠠᠩᠭᠢ᠂ ᠬᠢᠨᠠᠨ ᠪᠣᠳᠣᠵᠤ ᠬᠢᠨᠠᠨ ᠪᠠᠶ᠋ᠢᠴᠠᠭ᠋ᠠᠬᠤ᠂ ᠪᠠᠶ᠋ᠢᠭᠤᠯᠤᠯᠭ᠎ᠠ ᠵᠢᠨ ᠡᠳ᠋᠎ᠤᠨ ᠶᠠᠪᠤᠳᠠᠯ᠎ᠤᠨ ᠲᠣᠭ᠋ᠠᠴᠠᠭ᠎ᠠ ᠬᠢᠬᠦ ᠬᠠᠮᠢᠶᠠᠷᠤᠯᠲᠠ ᠪᠣᠯᠤᠨ ᠬᠠᠷᠢᠶ᠎ᠠ ᠨᠢᠭᠡᠴᠡ ᠵᠢᠨ ᠵᠶ᠋ᠠᠨ ᠡᠳ᠋᠎ᠤᠨ ᠶᠠᠪᠤᠳᠠᠯ᠎ᠤᠨ ᠲᠦᠯᠦᠪᠵᠢᠬᠦᠯᠭᠡ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
    (ᠠᠷᠪᠠᠨ ᠨᠢᠭᠡ) ᠠᠵᠢᠯᠲᠠᠨ᠎ᠤ ᠭᠠᠵᠠᠷ᠄ ᠪᠠᠶ᠋ᠢᠭᠤᠯᠤᠯᠭ᠎ᠠ᠂ ᠲᠣᠮᠢᠯᠠᠭᠰᠠᠨ ᠪᠠᠶ᠋ᠢᠭᠤᠯᠤᠮᠵᠢ ᠪᠣᠯᠤᠨ ᠬᠠᠷᠢᠶ᠎ᠠ ᠨᠢᠭᠡᠴᠡ ᠵᠢᠨ ᠵᠶ᠋ᠠᠨ ᠺᠠᠳ᠋ᠷ ᠠᠵᠢᠯᠲᠠᠨ᠎ᠤ ᠶᠠᠪᠤᠳᠠᠯ᠂ ᠪᠠᠶ᠋ᠢᠭᠤᠯᠤᠮᠵᠢ ᠵᠢᠨ ᠣᠷᠣᠨ ᠲᠤᠭ᠎ᠠ᠂ ᠬᠥᠳᠡᠯᠮᠦᠷᠢ ᠴᠠᠯᠢᠩ ᠪᠣᠯᠤᠨ ᠬᠥᠮᠦᠵᠢᠯ ᠪᠣᠯᠪᠠᠰᠤᠷᠠᠭᠤᠯᠤᠯ᠎ᠤᠨ ᠠᠵᠢᠯ᠎ᠢ ᠡᠭᠦᠷᠭᠡᠯᠡᠨ᠎ᠡ᠃ ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠵᠢᠨ ᠠᠵᠢᠯ᠎ᠢ ᠵᠢᠯᠣᠭᠤᠳᠤᠨ᠎ᠠ᠃ 
    (ᠠᠷᠪᠠᠨ ᠬᠤᠶᠠᠷ) ᠪᠠᠶ᠋ᠢᠭᠤᠯᠤᠯᠭ᠎ᠠ ᠵᠢᠨ ᠨᠠᠮ᠎ᠤᠨ ᠬᠤᠷᠢᠶ᠎ᠠ᠄ ᠪᠠᠶ᠋ᠢᠭᠤᠯᠤᠯᠭ᠎ᠠ ᠪᠠ ᠬᠠᠷᠢᠶ᠎ᠠ ᠨᠢᠭᠡᠴᠢ ᠵᠢᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶ᠋ᠢᠴᠠᠭ᠋ᠠᠬᠤ ᠵᠡᠷᠭᠡ ᠠᠵᠢᠯ᠎ᠢ ᠬᠠᠷᠢᠭᠤᠴᠠᠨ᠎ᠠ᠃
    (ᠠᠷᠪᠠᠨ ᠭᠤᠷᠪᠠ)) ᠠᠵᠢᠯ᠎ᠠᠴᠠ᠎ᠪᠠᠨ ᠠᠮᠠᠷᠠᠵᠤ ᠪᠠᠭᠤᠭᠰᠠᠳ᠎ᠤᠨ ᠠᠵᠢᠯ᠎ᠤᠨ ᠭᠠᠵᠠᠷ᠄ ᠪᠠᠶ᠋ᠢᠭᠤᠯᠤᠯᠭ᠎ᠠ ᠵᠢᠨ ᠠᠵᠢᠯ᠎ᠠᠴᠠ᠎ᠪᠠᠨ ᠠᠮᠠᠷᠠᠵᠤ ᠪᠠᠭᠤᠭᠰᠠᠳ᠎ᠤᠨ ᠠᠵᠢᠯ᠎ᠢ ᠬᠠᠷᠢᠭᠤᠴᠠᠵᠤ᠂ ᠬᠠᠷᠢᠶ᠎ᠠ ᠨᠢᠭᠡᠴᠡ ᠵᠢᠨ ᠵᠶ᠋ᠠᠨ ᠠᠵᠢᠯ᠎ᠠᠴᠠ᠎ᠪᠠᠨ ᠠᠮᠠᠷᠠᠵᠤ ᠪᠠᠭᠤᠭᠰᠠᠳ᠎ᠤᠨ ᠠᠵᠢᠯ᠎ᠢ ᠵᠢᠯᠣᠭᠤᠳᠤᠨ᠎ᠠ᠃
     (ᠠᠷᠪᠠᠨ ᠳᠥᠷᠪᠡ) ᠭᠠᠯ ᠰᠡᠷᠭᠡᠶ᠋ᠢᠯᠡᠬᠦ ᠭᠠᠵᠠᠷ
     ᠠᠵᠢᠯᠯᠠᠬᠤ ᠭᠠᠵᠠᠷ᠄ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠰᠢᠤᠸᠠᠢ ᠶᠤᠸᠠᠨ ᠵᠡᠭᠦᠨ ᠵᠡᠭᠡᠯᠢ ᠵᠢᠨ 23 ᠳ᠋ᠤᠭ᠋ᠠᠷ ᠨᠣᠮᠧᠷ
      ᠠᠵᠢᠯᠯᠠᠬᠤ ᠴᠠᠭ᠄ ᠦᠳᠡ ᠵᠢᠨ ᠡᠮᠦᠨ᠎ᠡ  9᠄ 00 — 12᠄ 00᠂ ᠦᠳᠡ ᠵᠢᠨ  ᠬᠤᠢ᠌ᠨ᠎ᠠ 13᠄ 30 — 17᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠵᠢᠴᠢ ᠬᠤᠤᠰ ᠠᠮᠠᠷᠠᠯᠲᠠ ᠵᠢᠨ ᠡᠳᠦᠷ᠎ᠠᠴᠠ ᠭᠠᠳᠠᠨ᠎ᠠ)
     ᠬᠠᠷᠢᠯᠴᠠᠬᠤ ᠤᠳᠠᠰᠤ᠄ 0471 - 3385317
     ᠬᠠᠷᠢᠭᠤᠴᠠᠯᠭ᠋ᠠᠲᠠᠨ᠄ ᠸᠠᠩ ᠵᠤᠤ ᠱᠧᠩ
  

     ᠬᠠᠷᠢᠶ᠎ᠠ ᠨᠢᠭᠡᠴᠢ᠄

     (ᠨᠢᠭᠡ) ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠠᠯᠠᠨ ᠬᠠᠷ᠎ᠠ ᠠᠭᠤᠯᠠ ᠵᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ ᠬᠠᠮᠠᠭ᠋ᠠᠯᠠᠯᠲᠠ ᠵᠢᠨ ᠣᠷᠣᠨ᠎ᠤ ᠶᠡᠷᠦᠩᠬᠡᠢ ᠲᠥᠯᠥᠪᠵᠢᠭᠦᠯᠭᠡ ᠪᠠ ᠲᠤᠰᠬᠠᠢ ᠲᠥᠯᠥᠪᠵᠢᠭᠦᠯᠭᠡ ᠵᠢ ᠲᠤᠭᠤᠷᠪᠢᠨ ᠲᠣᠭᠲᠠᠭ᠋ᠠᠬᠤ ᠪᠠ ᠬᠡᠷᠡᠭᠵᠢᠭᠦᠯᠦᠨ᠎ᠡ᠃ ᠬᠠᠮᠠᠭ᠋ᠠᠯᠠᠯᠲᠠ ᠵᠢᠨ ᠣᠷᠣᠨ᠎ᠤ ᠪᠠᠶ᠋ᠢᠭ᠋ᠠᠯᠢ ᠵᠢᠨ ᠣᠷᠴᠢᠨ ᠲᠣᠭᠤᠷᠢᠨ᠂ ᠪᠠᠶ᠋ᠢᠭ᠋ᠠᠯᠢ ᠵᠢᠨ ᠡᠬᠢ ᠪᠠᠶᠠᠯᠢᠭ᠎ᠢ ᠬᠠᠮᠠᠭ᠋ᠠᠯᠠᠬᠤ᠂ ᠬᠢᠨᠠᠯᠲᠠ ᠲᠠᠯᠪᠢᠬᠤ ᠪᠠ ᠬᠠᠮᠢᠶᠠᠷᠬᠤ ᠠᠵᠢᠯ᠎ᠢ ᠡᠭᠦᠷᠭᠡᠯᠡᠨ᠎ᠡ᠃ ᠬᠠᠮᠠᠭ᠋ᠠᠯᠠᠯᠲᠠ ᠵᠢᠨ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠂ ᠪᠠᠶ᠋ᠢᠭ᠋ᠠᠯᠢ ᠵᠢᠨ ᠣᠷᠴᠢᠨ ᠲᠣᠭᠤᠷᠢᠨ᠂ ᠬᠠᠮᠠᠭ᠋ᠠᠯᠠᠯᠳᠠ ᠵᠢᠨ ᠲᠦᠬᠦᠭᠡᠷᠤᠮᠵᠢ ᠵᠢ ᠡᠪᠳᠡᠭᠰᠡᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠨ᠎ᠡ᠃ ᠬᠠᠮᠠᠭ᠋ᠠᠯᠠᠯᠲᠠ ᠵᠢᠨ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠪᠠᠶ᠋ᠢᠴᠠᠭ᠋ᠠᠯᠲᠠ᠂ ᠠᠮᠢ ᠠᠬᠤᠢ ᠵᠢᠨ ᠣᠷᠴᠢᠨ ᠨᠥᠬᠦᠴᠡᠯ᠎ᠤᠨ ᠬᠢᠨᠠᠨ ᠬᠡᠮᠵᠢᠯᠲᠡ ᠵᠡᠷᠭᠡ ᠠᠵᠢᠯ᠎ᠢ ᠥᠷᠨᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠬᠤ ᠪᠤᠶᠤ ᠬᠠᠪᠰᠤᠷᠴᠤ ᠪᠠᠶ᠋ᠢᠭ᠋ᠠᠳ ᠬᠠᠮᠠᠭ᠋ᠠᠯᠠᠯᠲᠠ ᠵᠢᠨ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠢ ᠥᠷᠨᠢᠭᠦᠯᠦᠨ᠎ᠡ᠃ ᠬᠠᠮᠠᠭ᠋ᠠᠯᠠᠯᠲᠠ ᠵᠢᠨ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ᠂ ᠬᠦᠨᠦᠭᠡᠯᠲᠤ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ ᠪᠠ ᠬᠡᠭᠡᠷ᠎ᠡ ᠵᠢᠨ ᠠᠮᠢᠲᠠᠨ᠎ᠤ ᠬᠢᠵᠢᠭ᠎ᠤᠨ ᠰᠤᠷᠪᠤᠯᠵᠢ ᠬᠢᠵᠢᠭ ᠡᠪᠡᠳᠴᠢᠨ᠎ᠢ ᠬᠢᠨᠠᠨ ᠬᠡᠮᠵᠢᠬᠦ ᠵᠡᠷᠭᠡ ᠠᠵᠢᠯ᠎ᠢ ᠡᠭᠦᠷᠭᠡᠯᠡᠨ᠎ᠡ᠃ ᠬᠠᠮᠠᠭ᠋ᠠᠯᠠᠯᠲᠠ ᠵᠢᠨ ᠣᠷᠣᠨ᠎ᠤ ᠠᠮᠢ ᠠᠬᠤᠶ ᠵᠢ ᠰᠡᠷᠭᠦᠭᠡᠬᠦ᠂ ᠰᠠᠭᠤᠷᠢ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠮᠡᠳᠡᠭᠦᠯᠬᠦ ᠪᠠ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠡᠷᠭᠡ ᠠᠵᠢᠯ᠎ᠢ ᠡᠭᠦᠷᠭᠡᠯᠡᠨ᠎ᠡ᠃ ᠬᠠᠮᠠᠭ᠋ᠠᠯᠠᠯᠲᠠ ᠵᠢᠨ ᠣᠷᠣᠨ᠎ᠤ ᠤᠯᠤᠰ᠎ᠤᠨ ᠥᠮᠴᠢᠯᠡᠯᠲᠦ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠡᠵᠡᠩᠨᠡᠨ ᠬᠠᠮᠠᠭ᠋ᠠᠯᠠᠬᠤ ᠪᠠ ᠣᠶ᠋ᠢᠲᠤ ᠭᠠᠵᠠᠷ ᠨᠤᠲᠤᠭ ᠪᠡᠯᠴᠢᠭᠡᠷ᠎ᠢ ᠬᠡᠷᠡᠭᠯᠡᠬᠦ ᠡᠷᠬᠡ ᠵᠢᠨ ᠬᠠᠮᠢᠶᠠᠷᠤᠯᠲᠠ ᠵᠡᠷᠭᠡ ᠠᠵᠢᠯ᠎ᠢ ᠡᠭᠦᠷᠭᠡᠯᠡᠨ᠎ᠡ᠃ ᠬᠠᠮᠠᠭ᠋ᠠᠯᠠᠯᠲᠠ ᠵᠢᠨ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠢ ᠲᠥᠯᠥᠪᠦᠷᠢ᠎ᠲᠠᠢ ᠬᠡᠷᠡᠭᠯᠡᠬᠦ᠂ ᠠᠮᠢ ᠠᠬᠤᠶ ᠵᠢᠨ ᠨᠦᠬᠦᠪᠦᠷᠢ ᠵᠢᠨ ᠠᠵᠢᠯ᠎ᠢ ᠡᠭᠦᠷᠭᠡᠯᠡᠵᠦ᠂ ᠬᠠᠮᠠᠭ᠋ᠠᠯᠠᠯᠲᠠ ᠵᠢᠨ ᠣᠷᠣᠨ᠎ᠤ ᠬᠠᠮᠢᠶ᠎ᠠ ᠪᠦᠬᠦᠢ ᠪᠦᠲᠦᠭᠡᠨ ᠪᠠᠶ᠋ᠢᠭᠤᠯᠤᠯᠲᠠ᠂ ᠲᠣᠭᠤᠷᠢᠨ ᠦᠵᠡᠬᠦ᠂ ᠵᠢᠭᠤᠯᠴᠢᠯᠠᠬᠤ ᠵᠡᠷᠭᠡ ᠠᠵᠤ ᠠᠬᠤᠶ ᠵᠢᠨ ᠠᠵᠢᠯᠯᠠᠭ᠎ᠠ ᠪᠣᠯᠤᠨ ᠲᠥᠷᠥᠯ ᠵᠦᠢ᠍ᠯ᠎ᠢ ᠵᠢᠷᠤᠮᠵᠢᠭᠤᠯᠤᠨ᠎ᠠ᠃ ᠤᠯᠤᠰ᠎ᠤᠨ ᠥᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠬᠠᠮᠢᠶᠠᠷᠤᠯᠲᠠ ᠵᠢᠨ ᠬᠠᠮᠢᠶ᠎ᠠ ᠪᠥᠬᠦᠶ ᠠᠵᠢᠯ᠎ᠢ ᠡᠭᠦᠷᠭᠡᠯᠡᠨ᠎ᠡ᠃
    ᠪᠠᠢ᠌ᠭᠤᠯᠤᠮᠵᠢ ᠵᠢᠨ ᠲᠤᠬᠢᠷᠠᠭᠤᠯᠤᠯᠳᠠ᠄ ᠨᠠᠮ ᠣᠯᠠᠨ ᠲᠦᠮᠡᠨ᠎ᠤ ᠠᠵᠢᠯ᠎ᠤᠨ ᠭᠠᠵᠠᠷ᠂ ᠠᠯᠪᠠᠨ ᠭᠡᠷ᠂ ᠠᠵᠢᠯᠲᠠᠨ᠎ᠤ ᠶᠠᠪᠤᠳᠠᠯ᠎ᠤᠨ ᠰᠤᠷᠭ᠋ᠠᠨ ᠬᠥᠮᠦᠵᠢᠯ᠎ᠤᠨ ᠭᠠᠵᠠᠷ᠂ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠭᠠᠵᠠᠷ᠂ ᠡᠵᠡᠩᠨᠡᠯᠲᠡ ᠬᠠᠮᠢᠶᠠᠷᠤᠯᠲᠠ ᠵᠢᠨ ᠭᠠᠵᠠᠷ᠂ ᠠᠮᠢ ᠠᠬᠤᠶ ᠵᠢᠨ ᠰᠡᠷᠭᠦᠭᠡᠯᠲᠡ ᠵᠢᠨ ᠭᠠᠵᠠᠷ᠂ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠭᠠᠵᠠᠷ᠃

     ᠠᠵᠢᠯᠯᠠᠬᠤ ᠭᠠᠵᠠᠷ᠄ ᠬᠥᠬᠡᠬᠤᠲᠠ ᠵᠢᠨ ᠬᠤᠲᠣᠩ ᠠᠷᠠᠳ᠎ᠤᠨ ᠲᠣᠭᠤᠷᠢᠭ᠎ᠤᠨ ᠪᠠᠶᠠᠨ ᠰᠢᠭᠤᠢ ᠵᠡᠭᠡᠯᠢ ᠵᠢᠨ ᠹᠦ᠋᠎ᠲᠠᠢ ᠪᠠᠶᠠᠨ ᠢᠯᠴᠢ ᠡᠭᠦᠰᠭᠡᠭᠴᠢ ᠵᠢᠨ ᠦᠢ᠍ᠯᠡᠳᠪᠦᠷᠢ ᠵᠢᠨ ᠡᠰᠡᠷᠭᠦ ᠲᠠᠯ᠎ᠠ ᠵᠢᠨ ᠥᠪᠥᠷ ᠮᠣᠩᠭᠤᠯ᠎ᠤᠨ ᠳᠠᠯᠠᠨ ᠬᠠᠷ᠎ᠠ ᠠᠭᠤᠯᠠ ᠵᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ

    ᠠᠵᠢᠯᠯᠠᠬᠤ ᠴᠠᠭ᠄ ᠦᠳᠡ ᠵᠢᠨ ᠡᠮᠦᠨ᠎ᠡ 9᠄ 00 — 12᠄ 00᠂ ᠦᠳᠡ ᠵᠢᠨ ᠬᠤᠶ᠋ᠢᠨ᠎ᠠ 1᠄ 30 — 5᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠪᠠ ᠬᠤᠤᠰ ᠠᠮᠠᠷᠠᠯᠲᠠ ᠵᠢᠨ ᠡᠳᠦᠷ᠎ᠠᠴᠠ ᠭᠠᠳᠠᠨ᠎ᠠ) ᠬᠠᠷᠢᠯᠴᠠᠬᠤ ᠤᠳᠠᠰᠤ᠄ 0471 - 3395816 ᠬᠠᠷᠢᠭᠤᠴᠠᠯᠭ᠋ᠠᠲᠠᠨ᠄ ᠨᠢᠦ ᠰᠢ ᠱᠠᠨ 
    (ᠬᠤᠶᠠᠷ) ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ
    ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠠᠮᠢ ᠠᠬᠤᠶ ᠵᠢᠨ ᠰᠢᠰᠲ᠋ᠧᠮ᠎ᠤᠨ ᠪᠦᠲᠦᠴᠡ᠂ ᠴᠢᠳᠠᠮᠵᠢ᠂ ᠬᠠᠮᠠᠭ᠋ᠠᠯᠠᠯᠲᠠ ᠪᠠ ᠰᠡᠷᠭᠦᠭᠡᠯᠲᠡ ᠵᠡᠷᠭᠡ ᠬᠦᠷᠢᠶᠡᠨ᠎ᠤ ᠬᠡᠷᠡᠭᠯᠡᠭᠡᠨ᠎ᠤ ᠰᠠᠭᠤᠷᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯ᠎ᠢ ᠡᠭᠦᠷᠭᠡᠯᠡᠨ᠎ᠡ; ᠴᠦᠯᠯᠡᠷᠭᠡᠭᠵᠢᠯ᠎ᠢ ᠰᠡᠷᠭᠡᠶ᠋ᠢᠯᠡᠨ ᠵᠠᠰᠠᠬᠤ᠂ ᠲᠠᠴᠢᠷᠳᠠᠭᠰᠠᠨ ᠠᠮᠢ ᠠᠬᠤᠶ ᠵᠢᠨ ᠰᠢᠰᠲ᠋ᠧᠮ᠎ᠢ ᠬᠠᠮᠠᠭ᠋ᠠᠯᠠᠬᠤ ᠪᠠ ᠰᠡᠷᠭᠦᠭᠡᠬᠦ᠂ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠪᠤᠶ᠋ᠢᠵᠢᠭᠤᠯᠬᠤ᠂ ᠬᠦᠨᠦᠭᠡᠯᠲᠦ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ᠂ ᠤᠳᠤᠮᠰᠢᠯ᠎ᠤᠨ ᠦᠷ᠎ᠡ ᠪᠤᠶ᠋ᠢᠵᠢᠭᠤᠯᠬᠤ᠂ ᠡᠭᠦᠯᠳᠡᠷ ᠣᠷᠣᠭᠤᠯᠤᠨ ᠳᠠᠰᠬᠠᠬᠤ᠂ ᠦᠷ᠎ᠡ ᠵᠢᠨ ᠡᠬᠢ ᠪᠠᠶᠠᠯᠢᠭ᠎ᠢ ᠴᠤᠭᠯᠠᠭᠤᠯᠬᠤ ᠪᠠ ᠬᠠᠳᠠᠭ᠋ᠠᠯᠠᠬᠤ᠂ ᠣᠶ ᠰᠢᠭᠤᠶ ᠵᠢ ᠡᠵᠡᠩᠨᠡᠬᠦ᠂ ᠣᠶ ᠰᠢᠭᠤᠶ ᠪᠠ ᠨᠤᠲᠤᠭ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢ ᠬᠤᠷᠠᠭᠤᠯᠬᠤ ᠵᠡᠷᠭᠡ ᠵᠠᠩᠭᠢᠯᠠᠭ᠎ᠠ ᠵᠢᠨ ᠮᠡᠷᠭᠡᠵᠢᠯ᠎ᠤᠨ ᠪᠣᠭᠤᠮᠲᠠ ᠰᠢᠪᠲᠤᠯᠬᠤ ᠠᠵᠢᠯ᠎ᠢ ᠥᠷᠨᠢᠭᠦᠯᠦᠨ᠎ᠡ; ᠣᠶ ᠰᠢᠭᠤᠶ ᠪᠠ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ᠂ ᠳᠡᠯᠭᠡᠷᠡᠭᠦᠯᠦᠨ ᠵᠢᠱ᠌ᠢᠶ᠎ᠡ ᠦᠵᠡᠭᠦᠯᠬᠦ᠂ ᠮᠡᠷᠭᠡᠵᠢᠯ᠎ᠤᠨ ᠯᠠᠪᠯᠠᠯᠭ᠎ᠠ ᠥᠭᠬᠦ ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠥᠷᠨᠢᠭᠦᠯᠦᠨ᠎ᠡ; ᠤᠢ ᠰᠢᠭᠤᠢ ᠪᠠ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ᠂ ᠰᠤᠷᠭ᠋ᠠᠨ ᠬᠥᠮᠦᠵᠢᠭᠦᠯᠵᠦ ᠪᠣᠯᠪᠠᠰᠤᠷᠠᠭᠤᠯᠬᠤ᠂ ᠡᠷᠳᠡᠮ ᠰᠢᠨᠵᠢᠯᠡᠭᠡᠨ᠎ᠤ ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠵᠡᠷᠭᠡ ᠠᠵᠢᠯ᠎ᠢ ᠥᠷᠨᠢᠭᠦᠯᠦᠨ᠎ᠡ; ᠣᠷᠴᠢᠨ ᠲᠣᠭᠤᠷᠢᠨ᠎ᠢ ᠨᠣᠭᠤᠭ᠋ᠠᠷᠠᠭᠤᠯᠬᠤ ᠢᠨᠵᠧᠨᠧᠷᠢᠩ᠎ᠤᠨ ᠵᠢᠷᠤᠭ ᠲᠥᠯᠥᠪᠯᠡᠭᠡ᠂ ᠢᠳᠡᠭᠡᠨ᠎ᠤ ᠪᠦᠲᠦᠭᠡᠭᠳᠡᠬᠦᠨ᠎ᠤ ᠣᠶ ᠵᠢᠨ ᠦᠢ᠍ᠯᠡᠳᠬᠦᠨ᠎ᠤ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠵᠡᠷᠭᠡ ᠠᠵᠢᠯ᠎ᠢ ᠡᠭᠦᠷᠭᠡᠯᠡᠨ᠎ᠡ᠃ 
     ᠪᠠᠢ᠌ᠭᠤᠯᠤᠮᠵᠢ ᠵᠢᠨ ᠲᠤᠬᠢᠷᠠᠭᠤᠯᠤᠯᠳᠠ᠄ ᠨᠠᠮ᠎ᠤᠨ ᠬᠤᠷᠢᠶᠠᠨ᠎ᠤ ᠠᠯᠪᠠᠨ ᠭᠡᠷ (ᠠᠬᠠᠮᠠᠳ ᠺᠠᠳ᠋ᠷ᠎ᠤᠨ ᠭᠠᠵᠠᠷ)᠂ ᠠᠯᠪᠠᠨ ᠭᠡᠷ᠂ ᠠᠵᠢᠯᠲᠠᠨ᠎ᠤ ᠶᠠᠪᠤᠳᠠᠯ᠎ᠤᠨ ᠰᠤᠷᠭ᠋ᠠᠨ ᠬᠥᠮᠦᠵᠢᠯ᠎ᠤᠨ ᠭᠠᠵᠠᠷ᠂ ᠡᠳ᠋᠎ᠤᠨ ᠶᠠᠪᠤᠳᠠᠯ᠎ᠤᠨ ᠭᠠᠵᠠᠷ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠭᠡᠳ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠭᠠᠵᠠᠷ᠂ ᠡᠯᠡᠰᠦᠷᠬᠡᠭᠵᠢᠯ᠎ᠢ ᠰᠤᠳᠤᠯᠬᠤ ᠭᠠᠵᠠᠷ᠂ ᠰᠢᠨᠵᠢᠯᠡᠬᠦ ᠤᠬᠠᠭ᠋ᠠᠨ ᠮᠡᠷᠭᠡᠵᠢᠯ ᠳᠡᠯᠭᠡᠷᠡᠭᠦᠯᠬᠦ ᠪᠠ ᠤᠬᠠᠭᠤᠯᠤᠨ ᠬᠥᠮᠦᠵᠢᠭᠦᠯᠬᠦ ᠲᠥᠪ᠂ ᠨᠤᠲᠤᠭ ᠪᠡᠯᠴᠢᠭᠡᠷ ᠰᠤᠳᠤᠯᠬᠤ ᠭᠠᠵᠠᠷ᠂ ᠢᠳᠡᠭᠡᠨ᠎ᠤ ᠪᠦᠲᠦᠭᠡᠭᠳᠡᠬᠦᠨ᠎ᠤ ᠣᠶ ᠵᠢᠨ ᠦᠢ᠍ᠯᠡᠳᠬᠦᠨ᠎ᠢ ᠪᠠᠶ᠋ᠢᠴᠠᠭ᠋ᠠᠨ ᠰᠢᠯᠭ᠋ᠠᠵᠤ ᠪᠠᠶ᠋ᠢᠴᠠᠭ᠋ᠠᠨ ᠬᠡᠮᠵᠢᠬᠦ ᠲᠥᠪ ᠵᠡᠷᠭᠡ 15 ᠳᠣᠲᠣᠭ᠋ᠠᠳᠤ ᠪᠠᠶ᠋ᠢᠭᠤᠯᠤᠮᠵᠢ
    ᠠᠵᠢᠯᠯᠠᠬᠤ ᠭᠠᠵᠠᠷ᠄ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠰᠢᠤᠸᠠᠢ ᠶᠤᠸᠠᠨ ᠵᠡᠭᠦᠨ ᠵᠡᠭᠡᠯᠢ ᠵᠢᠨ 288 ᠳ᠋ᠤᠭ᠋ᠠᠷ ᠨᠣᠮᠧᠷ
     ᠠᠵᠢᠯᠯᠠᠬᠤ ᠴᠠᠭ᠄ ᠦᠳᠡ ᠵᠢᠨ ᠡᠮᠦᠨ᠎ᠡ 9᠄ 00 — 12᠄ 00᠂ ᠦᠳᠡ ᠵᠢᠨ ᠬᠤᠢ᠌ᠨ᠎ᠠ 13᠄ 30 — 17᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠵᠢᠴᠢ ᠬᠤᠤᠰ ᠠᠮᠠᠷᠠᠯᠲᠠ ᠵᠢᠨ ᠡᠳᠦᠷ᠎ᠠᠴᠠ ᠭᠠᠳᠠᠨ᠎ᠠ)
     ᠬᠠᠷᠢᠯᠴᠠᠬᠤ ᠤᠲᠠᠰᠤ᠄ 0471 - 3381151᠃ ᠬᠠᠷᠢᠭᠤᠴᠠᠯᠭ᠋ᠠᠲᠠᠨ᠄ ᠸᠠᠩ ᠯᠢ ᠶᠢᠩ᠃

    (ᠭᠤᠷᠪᠠ) ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠲᠥᠪ
    ᠪᠠᠢ᠌ᠭᠤᠯᠤᠯᠭ᠎ᠠ ᠵᠢᠨ ᠡᠳ᠋ ᠬᠥᠷᠥᠩᠭᠡ ᠵᠢᠨ ᠬᠠᠮᠢᠶᠠᠷᠤᠯᠲᠠ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠳᠠᠩᠰᠠ ᠡᠪᠬᠡᠮᠡᠯ᠎ᠤᠨ ᠬᠠᠮᠢᠶᠠᠷᠤᠯᠲᠠ᠂ ᠨᠢᠭᠤᠴᠠ ᠪᠠᠴᠢᠮ ᠨᠡᠪᠲᠡᠷᠡᠯᠴᠡᠭᠡ ᠵᠡᠷᠭᠡ ᠬᠠᠪᠰᠤᠷᠤᠮᠵᠢ ᠵᠢᠨ ᠴᠢᠨᠠᠷᠲᠠᠶ ᠠᠵᠢᠯ᠎ᠢ ᠡᠭᠦᠷᠭᠡᠯᠡᠨ᠎ᠡ; ᠠᠯᠪᠠᠨ ᠶᠠᠪᠤᠳᠠᠯ᠎ᠤᠨ ᠵᠣᠴᠢᠯᠠᠯᠭ᠎ᠠ᠂ ᠬᠤᠷᠠᠯ᠎ᠤᠨ ᠪᠠᠲᠤᠯᠠᠭ᠎ᠠ ᠵᠡᠷᠭᠡ ᠠᠵᠢᠯ᠎ᠢ ᠡᠭᠦᠷᠭᠡᠯᠡᠨ᠎ᠡ; ᠠᠳᠠᠯ ᠠᠬᠤᠢ ᠵᠢᠨ ᠬᠠᠮᠢᠶᠠᠷᠤᠯᠲᠠ᠂ ᠲᠡᠷᠭᠡ ᠬᠥᠰᠬᠡ ᠵᠢᠨ ᠬᠠᠮᠢᠶᠠᠷᠤᠯᠲᠠ᠂ ᠶᠡᠷᠦᠩᠬᠡᠶ᠋ᠢᠯᠡᠨ ᠵᠠᠰᠠᠬᠤ ᠵᠡᠷᠭᠡ ᠠᠷᠤ ᠲᠠᠯ᠎ᠠ ᠵᠢᠨ ᠪᠠᠲᠤᠯᠠᠭ᠎ᠠ ᠵᠢᠨ ᠦᠢ᠍ᠯᠡᠴᠢᠯᠡᠭᠡᠨ᠎ᠤ ᠴᠢᠨᠠᠷᠲᠠᠶ ᠠᠵᠢᠯ᠎ᠢ ᠡᠭᠦᠷᠭᠡᠯᠡᠨ᠎ᠡ᠃

    ᠪᠠᠢ᠌ᠭᠤᠯᠤᠮᠵᠢ ᠵᠢᠨ ᠲᠤᠬᠢᠷᠠᠭᠤᠯᠤᠯᠳᠠ᠄ ᠠᠯᠪᠠᠨ ᠭᠡᠷ᠂ ᠡᠳ᠋ ᠬᠥᠷᠥᠩᠭᠡ ᠵᠢᠨ ᠰᠠᠯᠠᠭ᠎ᠠ᠂ ᠲᠡᠷᠭᠡ ᠬᠥᠰᠬᠡ ᠵᠢᠨ ᠰᠠᠯᠠᠭ᠎ᠠ᠂ ᠡᠨᠧᠷᠭᠢ ᠠᠷᠪᠢᠯᠠᠬᠤ ᠰᠠᠯᠠᠭ᠎ᠠ᠂ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠰᠠᠯᠠᠭ᠎ᠠ᠂ ᠪᠠᠲᠤᠯᠠᠭ᠎ᠠ ᠵᠢᠨ ᠰᠠᠯᠠᠭ᠎ᠠ᠃
ᠠᠵᠢᠯᠯᠠᠬᠤ ᠭᠠᠵᠠᠷ᠄ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠰᠢᠤᠸᠠᠢ ᠶᠤᠸᠠᠨ ᠵᠡᠭᠦᠨ ᠵᠡᠭᠡᠯᠢ ᠵᠢᠨ 23 ᠳ᠋ᠤᠭ᠋ᠠᠷ ᠨᠣᠮᠧᠷ᠃
    ᠠᠵᠢᠯᠯᠠᠬᠤ ᠴᠠᠭ᠄ ᠦᠳᠡ ᠵᠢᠨ ᠡᠮᠦᠨ᠎ᠡ 9᠄ 00 — 12᠄ 00᠂ ᠦᠳᠡ ᠵᠢᠨ ᠬᠤᠶ᠋ᠢᠨᠠᠬᠢ 13᠄ 30 — 17᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠵᠢᠴᠢ ᠬᠤᠤᠰ ᠠᠮᠠᠷᠠᠯᠲᠠ ᠵᠢᠨ ᠡᠳᠦᠷ᠎ᠠᠴᠠ ᠭᠠᠳᠠᠨ᠎ᠠ)᠃ ᠬᠠᠷᠢᠯᠴᠠᠬᠤ ᠤᠳᠠᠰᠤ᠄ 0471 - 3380604᠃ 
    ᠬᠠᠷᠢᠭᠤᠴᠠᠯᠭ᠋ᠠᠲᠠᠨ᠄ ᠰᠦ ᠢ ᠵᠢᠶᠧ
   (ᠳᠥᠷᠪᠡ) ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢᠨ ᠶᠡᠷᠦᠩᠬᠡᠶ ᠥᠷᠲᠡᠭᠡ

    ᠣᠶ ᠰᠢᠭᠤᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ ᠵᠡᠷᠭᠡ ᠵᠢ ᠬᠠᠮᠠᠭ᠋ᠠᠯᠠᠬᠤ ᠵᠢᠴᠢ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠵᠡᠷᠭᠡ ᠬᠠᠪᠰᠤᠷᠤᠮᠵᠢ ᠵᠢᠨ ᠴᠢᠨᠠᠷᠲᠠᠶ ᠠᠵᠢᠯ᠎ᠢ ᠡᠭᠦᠷᠭᠡᠯᠡᠨ᠎ᠡ; ᠪᠠᠶ᠋ᠢᠭ᠋ᠠᠯᠢ ᠵᠢᠨ ᠣᠶ ᠵᠢ ᠬᠠᠮᠠᠭ᠋ᠠᠯᠠᠬᠤ ᠪᠠ ᠨᠡᠶ᠋ᠢᠲᠡ ᠵᠢᠨ ᠠᠰᠠᠷᠠᠮᠵᠢ ᠵᠢᠨ ᠣᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ ᠵᠡᠷᠭᠡ ᠵᠢᠨ ᠠᠮᠢ ᠠᠬᠤᠶ ᠵᠢᠨ ᠨᠥᠬᠦᠪᠥᠷᠢ ᠵᠢᠨ ᠠᠵᠢᠯ᠎ᠢ ᠬᠠᠮᠵᠢᠯᠴᠠᠨ ᠥᠷᠨᠢᠭᠦᠯᠦᠨ᠎ᠡ; ᠣᠶ ᠰᠢᠭᠤᠶ ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠬᠤ᠂ ᠨᠥᠭᠡᠴᠡ ᠡᠬᠢ ᠪᠠᠶᠠᠯᠢᠭ᠎ᠢ ᠪᠤᠶ᠋ᠢᠵᠢᠭᠤᠯᠬᠤ᠂ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢ ᠬᠥᠳᠡᠯᠦᠩᠭᠦᠶ᠎ᠪᠠᠷ ᠬᠢᠨᠠᠨ ᠬᠡᠮᠵᠢᠬᠦ ᠵᠡᠷᠭᠡ ᠲᠤᠰᠠᠯᠠᠬᠤ ᠴᠢᠨᠠᠷᠲᠠᠶ ᠠᠵᠢᠯ᠎ᠢ ᠡᠭᠦᠷᠭᠡᠯᠡᠨ᠎ᠡ; ᠤᠯᠤᠰ᠎ᠤᠨ ᠴᠡᠴᠡᠷᠯᠢᠭ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠪᠠᠶ᠋ᠢᠭ᠋ᠠᠯᠢ ᠵᠢᠨ ᠴᠡᠴᠡᠷᠯᠢᠭ ᠵᠡᠷᠭᠡ ᠡᠯ᠎ᠡ ᠲᠥᠷᠥᠯ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠬᠠᠮᠠᠭ᠋ᠠᠯᠠᠯᠲᠠ ᠪᠠ ᠡᠯᠡᠰᠦᠷᠬᠡᠭᠵᠢᠭᠰᠡᠨ ᠭᠠᠵᠠᠷ ᠰᠢᠷᠣᠶ ᠵᠢ ᠪᠢᠲᠡᠭᠦᠮᠵᠢᠯᠡᠨ ᠬᠠᠮᠠᠭ᠋ᠠᠯᠠᠬᠤ ᠵᠡᠷᠭᠡ ᠲᠤᠰᠠᠯᠠᠬᠤ ᠴᠢᠨᠠᠷᠲᠠᠶ ᠠᠵᠢᠯ᠎ᠢ ᠡᠭᠦᠷᠭᠡᠯᠡᠨ᠎ᠡ; ᠡᠬᠡ ᠬᠠᠭᠤᠷᠠᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠵᠡᠷᠭᠡ ᠲᠤᠰᠠᠯᠠᠬᠤ ᠴᠢᠨᠠᠷᠲᠠᠶ ᠠᠵᠢᠯ᠎ᠢ ᠡᠭᠦᠷᠭᠡᠯᠡᠨ᠎ᠡ; ᠪᠡᠯᠴᠢᠭᠡᠷᠯᠡᠭᠦᠯᠬᠦ ᠵᠢ ᠴᠠᠭ᠋ᠠᠵᠠᠯᠠᠬᠤ᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠣᠷᠣᠨ᠎ᠢ ᠬᠤᠪᠢᠶᠠᠷᠢᠯᠠᠨ ᠲᠣᠭᠲᠠᠭ᠋ᠠᠬᠤ ᠪᠠ ᠨᠤᠲᠤᠭ ᠪᠡᠯᠴᠢᠭᠡᠷ᠎ᠤᠨ ᠬᠥᠳᠡᠯᠦᠩᠭᠦᠶ ᠪᠠᠶ᠋ᠢᠳᠠᠯ᠎ᠢ ᠬᠢᠨᠠᠨ ᠬᠡᠮᠵᠢᠬᠦ ᠵᠡᠷᠭᠡ ᠮᠡᠷᠭᠡᠵᠢᠯ᠎ᠤᠨ ᠴᠢᠨᠠᠷᠲᠠᠶ ᠠᠵᠢᠯ᠎ᠢ ᠬᠠᠮᠵᠢᠯᠴᠠᠨ ᠥᠷᠨᠢᠭᠦᠯᠦᠨ᠎ᠡ; ᠣᠶ ᠰᠢᠭᠤᠶ ᠨᠤᠲᠤᠭ ᠪᠡᠯᠴᠢᠭᠡᠷ᠎ᠤᠨ ᠠᠵᠢᠯ ᠲᠥᠷᠥᠯ᠎ᠤᠨ ᠮᠡᠳᠡᠭᠡ ᠵᠠᠩᠭᠢᠵᠢᠯᠲᠠ ᠵᠢᠨ ᠲᠥᠯᠥᠪᠵᠢᠭᠦᠯᠭᠡ᠂ ᠪᠠᠶ᠋ᠢᠷᠢᠰᠢᠭᠤᠯᠤᠯ᠂ ᠨᠡᠭᠡᠭᠡᠨ ᠠᠰᠢᠭᠯᠠᠬᠤ ᠵᠡᠷᠭᠡ ᠬᠠᠮᠢᠶ᠎ᠠ ᠪᠥᠬᠦᠶ ᠠᠵᠢᠯ᠎ᠢ ᠡᠭᠦᠷᠭᠡᠯᠡᠵᠦ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠵᠡᠷᠭᠡ ᠬᠠᠮᠢᠶ᠎ᠠ ᠪᠥᠬᠦᠶ ᠠᠵᠢᠯ᠎ᠢ ᠬᠠᠮᠵᠢᠨ ᠥᠷᠨᠢᠭᠦᠯᠦᠨ᠎ᠡ᠃
    ᠪᠠᠢ᠌ᠭᠤᠯᠤᠮᠵᠢ ᠵᠢᠨ ᠲᠤᠬᠢᠷᠠᠭᠤᠯᠤᠯᠳᠠ᠄ ᠠᠯᠪᠠᠨ ᠭᠡᠷ᠂ ᠶᠡᠷᠦᠩᠬᠡᠶ᠋ᠢᠯᠡᠭᠰᠡᠨ ᠰᠠᠯᠠᠭ᠎ᠠ᠂ ᠪᠠᠶ᠋ᠢᠭ᠋ᠠᠯᠢ ᠵᠢᠨ ᠣᠶ ᠪᠣᠯᠤᠨ ᠨᠡᠶ᠋ᠢᠲᠡ ᠵᠢᠨ ᠠᠰᠠᠷᠠᠮᠵᠢ ᠵᠢᠨ ᠣᠶ ᠵᠢᠨ ᠰᠠᠯᠠᠭ᠎ᠠ᠂ ᠮᠡᠳᠡᠭᠡ ᠵᠠᠩᠭᠢ ᠵᠢᠨ ᠰᠠᠯᠠᠭ᠎ᠠ᠂ ᠴᠢᠭᠢᠭᠯᠢᠭ ᠭᠠᠵᠠᠷ ᠪᠣᠯᠤᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠰᠠᠯᠠᠭ᠎ᠠ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠠᠯᠠᠭ᠎ᠠ᠂ ᠨᠤᠲᠤᠭ ᠪᠡᠯᠴᠢᠭᠡᠷ᠎ᠤᠨ ᠰᠠᠯᠠᠭ᠎ᠠ᠃ 
     ᠠᠵᠢᠯᠯᠠᠬᠤ ᠭᠠᠵᠠᠷ᠄ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠰᠢᠤᠸᠠᠢ ᠶᠤᠸᠠᠨ ᠵᠡᠭᠦᠨ ᠵᠡᠭᠡᠯᠢ ᠵᠢᠨ 23 ᠳ᠋ᠤᠭ᠋ᠠᠷ ᠨᠣᠮᠧᠷ᠃
    ᠠᠵᠢᠯᠯᠠᠬᠤ ᠴᠠᠭ᠄ ᠦᠳᠡ ᠵᠢᠨ ᠡᠮᠦᠨ᠎ᠡ 9᠄ 00 — 12᠄ 00᠂ ᠦᠳᠡ ᠵᠢᠨ  ᠬᠤᠢ᠌ᠨ᠎ᠠ13᠄ 30 — 17᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠵᠢᠴᠢ ᠬᠤᠤᠰ ᠠᠮᠠᠷᠠᠯᠲᠠ ᠵᠢᠨ ᠡᠳᠦᠷ᠎ᠠᠴᠠ ᠭᠠᠳᠠᠨ᠎ᠠ)᠃ 
     ᠬᠠᠷᠢᠯᠴᠠᠬᠤ ᠤᠲᠠᠰᠤ᠄ 0471 - 3382379 
     ᠬᠠᠷᠢᠭᠤᠴᠠᠯᠭ᠋ᠠᠲᠠᠨ᠄ ᠪᠦᠬᠡ
    (ᠲᠠᠪᠤ) ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠠᠵᠢᠯ᠎ᠤᠨ ᠶᠡᠷᠦᠩᠬᠡᠶ ᠥᠷᠲᠡᠭᠡ

     ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠠᠮᠢ ᠠᠬᠤᠶ ᠵᠢᠨ ᠪᠦᠲᠦᠭᠡᠨ ᠪᠠᠶ᠋ᠢᠭᠤᠯᠤᠯᠲᠠ᠂ ᠭᠤᠣᠯᠳᠠᠯᠭ᠎ᠠ᠎ᠲᠠᠢ ᠢᠨᠵᠧᠨᠧᠷᠢᠩ ᠪᠣᠯᠤᠨ ᠲᠥᠷᠥᠯ ᠵᠦᠢ᠍ᠯ ᠵᠡᠷᠭᠡ ᠮᠡᠷᠭᠡᠵᠢᠯ᠎ᠤᠨ ᠴᠢᠨᠠᠷᠲᠠᠶ᠂ ᠬᠠᠪᠰᠤᠷᠤᠮᠵᠢ ᠵᠢᠨ ᠴᠢᠨᠠᠷᠲᠠᠶ ᠠᠵᠢᠯ᠎ᠢ ᠡᠭᠦᠷᠭᠡᠯᠡᠨ᠎ᠡ; ᠴᠦᠯᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠵᠢ ᠰᠡᠷᠭᠡᠶ᠋ᠢᠯᠡᠨ ᠵᠠᠰᠠᠬᠤ ᠵᠢᠴᠢ ᠨᠡᠭᠡᠭᠡᠨ ᠠᠰᠢᠭᠯᠠᠬᠤ ᠵᠡᠷᠭᠡ ᠮᠡᠷᠭᠡᠵᠢᠯ᠎ᠤᠨ ᠴᠢᠨᠠᠷᠲᠠᠶ ᠠᠵᠢᠯ᠎ᠢ ᠡᠭᠦᠷᠭᠡᠯᠡᠨ᠎ᠡ; ᠪᠦᠬᠦ ᠠᠷᠠᠳ᠎ᠤᠨ ᠠᠯᠪᠠᠨ ᠵᠢᠷᠤᠮ᠎ᠤᠨ ᠮᠣᠳᠣ ᠲᠠᠷᠢᠬᠤ᠂ ᠬᠤᠲᠠ ᠬᠥᠳᠡᠭᠡ ᠵᠢᠨ ᠨᠣᠭᠤᠭ᠋ᠠᠷᠠᠭᠤᠯᠤᠯᠲᠠ᠂ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠨᠣᠭᠤᠭ᠋ᠠᠷᠠᠭᠤᠯᠤᠯᠲᠠ ᠵᠡᠷᠭᠡ ᠤᠯᠤᠰ᠎ᠤᠨ ᠭᠠᠵᠠᠷ ᠰᠢᠷᠣᠶ ᠵᠢᠨ ᠨᠣᠭᠤᠭ᠋ᠠᠷᠠᠭᠤᠯᠤᠯᠲᠠ ᠵᠢᠨ ᠠᠵᠢᠯ᠎ᠢ ᠬᠠᠮᠵᠢᠯᠴᠠᠨ ᠥᠷᠨᠢᠭᠦᠯᠦᠨ᠎ᠡ; ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠠᠮᠢ ᠠᠬᠤᠶ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠶᠠᠰᠤ ᠴᠢᠨᠠᠷ᠎ᠲᠤ ᠬᠢᠨᠠᠯᠲᠠ ᠲᠠᠯᠪᠢᠬᠤ ᠮᠡᠷᠭᠡᠵᠢᠯ᠎ᠤᠨ ᠴᠢᠨᠠᠷᠲᠠᠶ ᠠᠵᠢᠯ᠎ᠢ ᠡᠭᠦᠷᠭᠡᠯᠡᠨ᠎ᠡ; ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠠᠮᠢ ᠠᠬᠤᠶ ᠵᠢᠨ ᠪᠦᠲᠦᠭᠡᠨ ᠪᠠᠶ᠋ᠢᠭᠤᠯᠤᠯᠲᠠ ᠵᠢᠨ ᠮᠡᠷᠭᠡᠵᠢᠯ᠎ᠤᠨ ᠵᠢᠯᠣᠭᠤᠳᠤᠯᠭ᠎ᠠ᠂ ᠳᠡᠯᠭᠡᠷᠡᠭᠦᠯᠦᠯᠲᠡ᠂ ᠪᠣᠯᠪᠠᠰᠤᠷᠠᠭᠤᠯᠤᠯ ᠵᠡᠷᠭᠡ ᠠᠵᠢᠯ᠎ᠢ ᠡᠭᠦᠷᠭᠡᠯᠡᠨ᠎ᠡ; ᠦᠨᠳᠦᠰᠦᠨ ᠱᠠᠲᠤᠨ᠎ᠤ ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠠᠵᠢᠯ᠎ᠤᠨ ᠥᠷᠲᠡᠭᠡ ᠵᠢᠨ ᠰᠢᠰᠲᠸᠮ᠂ ᠮᠡᠷᠭᠡᠵᠢᠯ ᠳᠡᠯᠭᠡᠷᠡᠭᠦᠯᠬᠦ ᠰᠢᠰᠲᠸᠮ᠎ᠤᠨ ᠪᠠᠶ᠋ᠢᠭᠤᠯᠤᠯᠲᠠ ᠵᠢ ᠬᠠᠮᠵᠢᠯᠴᠠᠨ ᠦᠷᠨᠢᠭᠦᠯᠦᠨ᠎ᠡ; ᠣᠶ ᠰᠢᠭᠤᠶ᠂ ᠨᠤᠲᠤᠭ ᠪᠡᠯᠴᠢᠭᠡᠷ᠎ᠤᠨ ᠲᠥᠷᠥ ᠵᠢᠨ ᠪᠣᠳᠣᠯᠭ᠎ᠠ ᠵᠢᠨ ᠴᠢᠨᠠᠷᠲᠠᠶ ᠳᠠᠭ᠋ᠠᠳᠬᠠᠯ᠎ᠤᠨ ᠬᠠᠮᠢᠶ᠎ᠠ ᠪᠦᠬᠦᠢ ᠠᠵᠢᠯ᠎ᠢ ᠬᠠᠮᠵᠢᠯᠴᠠᠨ ᠥᠷᠨᠢᠭᠦᠯᠦᠨ᠎ᠡ; ᠣᠶ ᠰᠢᠭᠤᠶ ᠨᠤᠲᠤᠭ ᠡᠯᠡᠰᠦᠨ᠎ᠤ ᠠᠵᠤ  ᠦᠢ᠍ᠯᠡᠰ᠎ᠤᠨ ᠬᠥᠭᠵᠢᠯᠲᠡ᠂ ᠲᠤᠰᠬᠠᠶ ᠠᠵᠤ ᠠᠬᠤᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠴᠣᠭᠴᠠᠯᠠᠯᠲᠠ ᠵᠡᠷᠭᠡ ᠠᠵᠢᠯ᠎ᠢ ᠬᠠᠮᠵᠢᠯᠴᠠᠨ ᠥᠷᠨᠢᠭᠦᠯᠦᠨ᠎ᠡ᠃

    ᠪᠠᠢ᠌ᠭᠤᠯᠤᠮᠵᠢ ᠵᠢᠨ ᠲᠤᠬᠢᠷᠠᠭᠤᠯᠤᠯᠳᠠ᠄ ᠠᠯᠪᠠᠨ ᠭᠡᠷ᠂ ᠶᠡᠷᠦᠩᠬᠡᠶ᠋ᠢᠯᠡᠭᠰᠡᠨ ᠲᠤᠬᠠᠶ᠋ᠢᠯᠠᠭᠰᠠᠨ ᠠᠵᠢᠯ᠎ᠤᠨ ᠰᠠᠯᠠᠭ᠎ᠠ᠂ ᠣᠶ ᠰᠢᠭᠤᠶ ᠵᠢᠨ ᠠᠮᠢ ᠠᠬᠤᠶ ᠵᠢᠨ ᠪᠦᠲᠦᠭᠡᠨ ᠪᠠᠶ᠋ᠢᠭᠤᠯᠤᠯᠲᠠ ᠵᠢᠨ ᠰᠠᠯᠠᠭ᠎ᠠ᠂ ᠨᠤᠲᠤᠭ ᠪᠡᠯᠴᠢᠭᠡᠷ᠎ᠤᠨ ᠠᠮᠢ ᠠᠬᠤᠶ ᠵᠢᠨ ᠪᠦᠲᠦᠭᠡᠨ ᠪᠠᠶ᠋ᠢᠭᠤᠯᠤᠯᠲᠠ ᠵᠢᠨ ᠰᠠᠯᠠᠭ᠎ᠠ᠂ ᠨᠡᠶ᠋ᠢᠲᠡ ᠵᠢᠨ ᠠᠰᠠᠷᠠᠮᠵᠢ ᠵᠢᠨ ᠨᠣᠭᠤᠭ᠋ᠠᠷᠠᠭᠤᠯᠤᠯᠲᠠ ᠵᠢᠨ ᠰᠠᠯᠠᠭ᠎ᠠ᠂ ᠠᠵᠤ ᠦᠢ᠍ᠯᠡᠰ᠎ᠤᠨ ᠬᠥᠭᠵᠢᠯᠲᠡ ᠵᠢᠨ ᠰᠠᠯᠠᠭ᠎ᠠ᠂ ᠮᠡᠷᠭᠡᠵᠢᠯ ᠳᠡᠯᠭᠡᠷᠡᠭᠦᠯᠬᠦ ᠰᠠᠯᠠᠭ᠎ᠠ᠃ 
     ᠠᠵᠢᠯᠯᠠᠬᠤ ᠭᠠᠵᠠᠷ᠄ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠵᠣᠣ ᠤᠳᠠ ᠵᠠᠮ᠎ᠤᠨ ᠰᠢᠨ ᠰᠢ ᠸᠠᠩ ᠵᠡᠭᠡᠯᠢ᠃
    ᠠᠵᠢᠯᠯᠠᠬᠤ ᠴᠠᠭ᠄ ᠦᠳᠡ ᠵᠢᠨ ᠡᠮᠦᠨ᠎ᠡ 9᠄ 00 — 12᠄ 00᠂ ᠦᠳᠡ ᠵᠢᠨ  ᠬᠤᠢ᠌ᠨ᠎ᠠ 13᠄ 30 — 17᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠵᠢᠴᠢ ᠬᠤᠤᠰ ᠠᠮᠠᠷᠠᠯᠲᠠ ᠵᠢᠨ ᠡᠳᠦᠷ᠎ᠠᠴᠠ ᠭᠠᠳᠠᠨ᠎ᠠ)
    ᠬᠠᠷᠢᠯᠴᠠᠬᠤ ᠤᠲᠠᠰᠤ᠄ 0471 - 4918225
    ᠬᠠᠷᠢᠭᠤᠴᠠᠯᠭ᠋ᠠᠲᠠᠨ᠄ ᠯᠢᠦ ᠯᠢᠨ ᠹᠦ᠋
    (ᠵᠢᠷᠭᠤᠭ᠎ᠠ) ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠢ ᠬᠢᠨᠠᠨ ᠪᠠᠶ᠋ᠢᠴᠠᠭ᠋ᠠᠬᠤ ᠪᠠᠲᠤᠯᠠᠭ᠎ᠠ ᠵᠢᠨ ᠲᠥᠪ
     ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠠᠴᠠ ᠲᠤᠰᠢᠶᠠᠭᠰᠠᠨ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠢᠨᠠᠨ ᠪᠠᠶ᠋ᠢᠴᠠᠭ᠋ᠠᠬᠤ ᠵᠢᠴᠢ ᠡᠳᠦᠷ ᠲᠤᠲᠤᠮ᠎ᠤᠨ ᠲᠣᠭᠤᠷᠢᠨ ᠪᠠᠶ᠋ᠢᠴᠠᠭ᠋ᠠᠬᠤ ᠪᠠᠲᠤᠯᠠᠭ᠎ᠠ ᠵᠢᠨ ᠴᠢᠨᠠᠷᠲᠠᠶ ᠠᠵᠢᠯ᠎ᠢ ᠡᠭᠦᠷᠭᠡᠯᠡᠨ᠎ᠡ; ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠨ ᠠᠰᠢᠭᠯᠠᠬᠤ ᠭᠡᠷᠡᠴᠢᠯᠡᠯ᠎ᠤᠨ ᠬᠠᠪᠰᠤᠷᠤᠮᠵᠢ ᠵᠢᠨ ᠴᠢᠨᠠᠷᠲᠠᠶ ᠠᠵᠢᠯ᠎ᠢ ᠡᠭᠦᠷᠭᠡᠯᠡᠨ᠎ᠡ; ᠤᠶ᠋ᠢᠲᠤ ᠭᠠᠵᠠᠷ ᠪᠣᠯᠤᠨ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ  ᠬᠡᠷᠡᠭᠯᠡᠬᠦ ᠠᠵᠢᠯ᠎ᠤᠨ ᠲᠤᠬᠠᠶ ᠵᠢᠨ ᠲᠠᠯᠠᠪᠠᠢ ᠵᠢᠨ ᠰᠢᠯᠭ᠋ᠠᠨ ᠬᠢᠨᠠᠬᠤ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ; ᠣᠶ ᠰᠢᠭᠤᠶ ᠪᠠ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠪᠠᠶ᠋ᠢᠳᠠᠯ᠎ᠤᠨ ᠪᠠᠶ᠋ᠢᠴᠠᠭ᠋ᠠᠯᠲᠠ ᠵᠡᠷᠭᠡ ᠠᠵᠢᠯ᠎ᠢ ᠬᠠᠮᠵᠢᠯᠴᠠᠨ ᠥᠷᠨᠢᠭᠦᠯᠦᠨ᠎ᠡ᠃

     ᠪᠠᠢ᠌ᠭᠤᠯᠤᠮᠵᠢ ᠵᠢᠨ ᠲᠤᠬᠢᠷᠠᠭᠤᠯᠤᠯᠳᠠ᠄ ᠠᠯᠪᠠᠨ ᠭᠡᠷ᠂ ᠳᠤᠮᠳᠠ ᠬᠡᠰᠡᠭ᠎ᠤᠨ ᠬᠢᠨᠠᠨ ᠪᠠᠶ᠋ᠢᠴᠠᠭ᠋ᠠᠬᠤ ᠰᠠᠯᠠᠭ᠎ᠠ᠂ ᠵᠡᠭᠦᠨ ᠬᠡᠰᠡᠭ᠎ᠤᠨ ᠬᠢᠨᠠᠨ ᠪᠠᠶ᠋ᠢᠴᠠᠭ᠋ᠠᠬᠤ ᠰᠠᠯᠠᠭ᠎ᠠ᠂ ᠪᠠᠷᠠᠭᠤᠨ ᠬᠡᠰᠡᠭ᠎ᠤᠨ ᠬᠢᠨᠠᠨ ᠪᠠᠶ᠋ᠢᠴᠠᠭ᠋ᠠᠬᠤ ᠰᠠᠯᠠᠭ᠎ᠠ᠃ 
     ᠠᠵᠢᠯᠯᠠᠬᠤ ᠭᠠᠵᠠᠷ᠄ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠰᠢᠤᠸᠠᠢ ᠶᠤᠸᠠᠨ ᠵᠡᠭᠦᠨ ᠵᠡᠭᠡᠯᠢ ᠵᠢᠨ 23 ᠳ᠋ᠤᠭ᠋ᠠᠷ ᠨᠣᠮᠧᠷ᠃
    ᠠᠵᠢᠯᠯᠠᠬᠤ ᠴᠠᠭ᠄ ᠦᠳᠡ ᠵᠢᠨ ᠡᠮᠦᠨ᠎ᠡ 9᠄ 00 — 12᠄ 00᠂ ᠦᠳᠡ ᠵᠢᠨ  ᠬᠤᠢ᠌ᠨ᠎ᠠ 13᠄ 30 — 17᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠵᠢᠴᠢ ᠬᠤᠤᠰ ᠠᠮᠠᠷᠠᠯᠲᠠ ᠵᠢᠨ ᠡᠳᠦᠷ᠎ᠠᠴᠠ ᠭᠠᠳᠠᠨ᠎ᠠ) 
     ᠬᠠᠷᠢᠯᠴᠠᠬᠤ ᠤᠲᠠᠰᠤ᠄ 0471 - 3380276᠂ 3381283
    ᠬᠠᠷᠢᠭᠤᠴᠠᠯᠭ᠋ᠠᠲᠠᠨ᠄ ᠰᠦ ᠰᠢ ᠹᠦ᠋
    (ᠳᠣᠯᠤᠭ᠎ᠠ) ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠦᠷ᠎ᠡ ᠴᠢᠬᠢ ᠵᠢᠨ ᠶᠡᠷᠦᠩᠬᠡᠶ ᠥᠷᠲᠡᠭᠡ
     ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠵᠢ ᠪᠤᠶ᠋ᠢᠵᠢᠭᠤᠯᠬᠤ᠂ ᠨᠥᠭᠡᠴᠡᠯᠡᠬᠦ ᠵᠡᠷᠭᠡ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ; ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠵᠢ ᠬᠢᠨᠠᠨ ᠲᠣᠭᠲᠠᠭ᠋ᠠᠬᠤ᠂ ᠰᠢᠯᠭ᠋ᠠᠨ ᠲᠣᠭᠲᠠᠭ᠋ᠠᠬᠤ ᠵᠢᠴᠢ ᠶᠠᠰᠤ ᠴᠢᠨᠠᠷ᠎ᠲᠤ ᠬᠢᠨᠠᠯᠲᠠ ᠲᠠᠯᠪᠢᠵᠤ ᠰᠢᠯᠭ᠋ᠠᠨ ᠪᠠᠶ᠋ᠢᠴᠠᠭ᠋ᠠᠬᠤ ᠵᠡᠷᠭᠡ ᠬᠠᠪᠰᠤᠷᠤᠮᠵᠢ ᠵᠢᠨ ᠴᠢᠨᠠᠷᠲᠠᠶ ᠠᠵᠢᠯ᠎ᠢ ᠡᠭᠦᠷᠭᠡᠯᠡᠨ᠎ᠡ; ᠣᠶ ᠮᠣᠳᠣᠨ᠎ᠤ ᠦᠷ᠎ᠡ ᠴᠢᠬᠢ ᠪᠣᠯᠤᠨ ᠡᠪᠡᠰᠦᠨ ᠦᠷ᠎ᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠂ ᠴᠢᠬᠢ ᠮᠣᠳᠣᠨ᠎ᠤ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠵᠢᠨ ᠮᠡᠷᠭᠡᠵᠢᠯ᠎ᠤᠨ ᠴᠢᠨᠠᠷᠲᠠᠶ ᠠᠵᠢᠯ᠎ᠢ ᠡᠭᠦᠷᠭᠡᠯᠡᠨ᠎ᠡ᠃ ᠣᠶ ᠮᠣᠳᠣᠨ᠎ᠤ ᠦᠷ᠎ᠡ ᠴᠢᠬᠢ ᠪᠣᠯᠤᠨ ᠡᠪᠡᠰᠦᠨ᠎ᠤ ᠡᠭᠦᠯᠳᠡᠷ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ᠂ ᠤᠷᠭᠤᠮᠠᠯ᠎ᠤᠨ ᠰᠢᠨ᠎ᠡ ᠡᠭᠦᠯᠳᠡᠷ᠎ᠤᠨ ᠬᠠᠮᠠᠭ᠋ᠠᠯᠠᠯᠲᠠ᠂ ᠰᠢᠯᠢᠳᠡᠭ ᠡᠭᠦᠯᠳᠡᠷ᠎ᠢ ᠳᠡᠯᠭᠡᠷᠡᠭᠦᠯᠬᠦ ᠵᠡᠷᠭᠡ ᠬᠠᠪᠰᠤᠷᠤᠮᠵᠢ ᠵᠢᠨ ᠴᠢᠨᠠᠷᠲᠠᠶ ᠠᠵᠢᠯ᠎ᠢ ᠡᠭᠦᠷᠭᠡᠯᠡᠨ᠎ᠡ᠃ ᠤᠯᠤᠰ᠎ᠤᠨ ᠥᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠪᠦᠲᠦᠭᠡᠨ ᠪᠠᠶ᠋ᠢᠭᠤᠯᠤᠯᠲᠠ᠂ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠲᠥᠯᠥᠪᠦᠷᠢ᠎ᠲᠠᠢ ᠬᠡᠷᠡᠭᠯᠡᠬᠦ᠂ ᠣᠶ ᠵᠢᠨ ᠬᠤᠷᠮᠣᠶ ᠵᠢᠨ ᠠᠵᠤ ᠠᠬᠤᠶ ᠪᠠ ᠠᠮᠢ ᠠᠬᠤᠶ ᠵᠢᠨ ᠵᠢᠭᠤᠯᠴᠢᠯᠠᠯ᠎ᠢ ᠬᠥᠭᠵᠢᠭᠦᠯᠬᠦ ᠵᠡᠷᠭᠡ ᠠᠵᠢᠯ᠎ᠢ ᠬᠠᠮᠵᠢᠯᠴᠠᠨ ᠥᠷᠨᠢᠭᠦᠯᠦᠨ᠎ᠡ; ᠣᠶ ᠮᠣᠳᠣᠨ᠎ᠤ ᠦᠷ᠎ᠡ ᠴᠢᠬᠢ ᠪᠣᠯᠤᠨ ᠡᠪᠡᠰᠦᠨ ᠦᠷ᠎ᠡ ᠵᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ᠂ ᠮᠡᠷᠭᠡᠵᠢᠯ᠎ᠤᠨ ᠪᠣᠯᠪᠠᠰᠤᠷᠠᠭᠤᠯᠤᠯ ᠵᠡᠷᠭᠡ ᠠᠵᠢᠯ᠎ᠢ ᠡᠭᠦᠷᠭᠡᠯᠡᠨ᠎ᠡ᠃
     ᠪᠠᠢ᠌ᠭᠤᠯᠤᠮᠵᠢ ᠵᠢᠨ ᠲᠤᠬᠢᠷᠠᠭᠤᠯᠤᠯᠳᠠ᠄ ᠠᠯᠪᠠᠨ ᠭᠡᠷ᠂ ᠶᠡᠷᠦᠩᠬᠡᠶ᠋ᠢᠯᠡᠭᠰᠡᠨ ᠰᠠᠯᠠᠭ᠎ᠠ᠂ ᠰᠢᠯᠢᠳᠡᠭ ᠡᠭᠦᠯᠳᠡᠷ᠎ᠤᠨ ᠰᠠᠯᠠᠭ᠎ᠠ᠂ ᠶᠠᠰᠤ ᠴᠢᠨᠠᠷ᠎ᠤᠨ ᠰᠠᠯᠠᠭ᠎ᠠ᠂ ᠪᠦᠲᠦᠭᠡᠨ ᠪᠠᠶ᠋ᠢᠭᠤᠯᠤᠯᠲᠠ ᠵᠢᠨ ᠰᠠᠯᠠᠭ᠎ᠠ᠂ ᠣᠶ ᠰᠢᠭᠤᠶ ᠵᠢᠨ ᠲᠠᠯᠠᠪᠠᠶ ᠵᠢᠨ ᠰᠠᠯᠠᠭ᠎ᠠ᠃
     ᠠᠵᠢᠯᠯᠠᠬᠤ ᠭᠠᠵᠠᠷ᠄ ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠬᠥᠬᠡᠬᠤᠲᠠ ᠵᠠᠮ᠎ᠤᠨ 352 ᠳ᠋ᠤᠭ᠋ᠠᠷ ᠨᠣᠮᠧᠷ 
     ᠠᠵᠢᠯᠯᠠᠬᠤ ᠴᠠᠭ᠄ ᠦᠳᠡ ᠵᠢᠨ ᠡᠮᠦᠨ᠎ᠡ 9᠄ 00 — 12᠄ 00᠂ ᠦᠳᠡ ᠵᠢᠨ  ᠬᠤᠢ᠌ᠨ᠎ᠠ 13᠄ 30 — 17᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠵᠢᠴᠢ ᠬᠤᠤᠰ ᠠᠮᠠᠷᠠᠯᠲᠠ ᠵᠢᠨ ᠡᠳᠦᠷ᠎ᠠᠴᠠ ᠭᠠᠳᠠᠨ᠎ᠠ)
      ᠬᠠᠷᠢᠯᠴᠠᠬᠤ ᠤᠲᠠᠰᠤ᠄ 0471 - 2342324᠂ 2342328
     ᠬᠠᠷᠢᠭᠤᠴᠠᠯᠭ᠋ᠠᠲᠠᠨ᠄ ᠯᠢ ᠭᠦᠸᠧ ᠵᠢᠶᠦ᠋ᠨ
     (ᠨᠠᠢ᠍ᠮᠨ) ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠬᠦᠨᠦᠭᠡᠯᠲᠦ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ ᠬᠢᠵᠢᠭ ᠪᠠᠶ᠋ᠢᠴᠠᠭ᠋ᠠᠬᠤ ᠶᠡᠷᠦᠩᠬᠡᠶ ᠥᠷᠲᠡᠭᠡ

     ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠡᠪᠡᠳᠴᠢᠨ᠂ ᠬᠤᠷᠣᠬᠠᠶ᠂ ᠬᠤᠯᠤᠭ᠋ᠠᠨ᠎ᠠ᠂ ᠬᠦᠨᠦᠭᠡᠯᠲᠦ ᠤᠷᠭᠤᠮᠠᠯ ᠵᠢᠴᠢ ᠪᠤᠰᠤᠳ ᠬᠦᠨᠦᠭᠡᠯᠲᠦ ᠠᠮᠢᠳᠤ ᠪᠣᠳᠠᠰ᠎ᠢ ᠬᠢᠨᠠᠨ ᠬᠡᠮᠵᠢᠬᠦ᠂ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃ ᠣᠶ ᠰᠢᠭᠤᠶ ᠪᠠ ᠨᠤᠲᠤᠭ ᠪᠡᠯᠴᠢᠭᠡᠷ᠎ᠤᠨ ᠬᠦᠨᠦᠭᠡᠯᠲᠦ ᠠᠮᠢᠳᠤ ᠪᠣᠳᠠᠰ᠎ᠢ ᠬᠢᠨᠠᠨ ᠬᠡᠮᠵᠢᠬᠦ᠂ ᠬᠢᠵᠢᠭ ᠪᠠᠶ᠋ᠢᠴᠠᠭ᠋ᠠᠬᠤ᠂ ᠰᠡᠷᠭᠡᠶ᠋ᠢᠯᠡᠨ ᠵᠠᠰᠠᠬᠤ ᠵᠡᠷᠭᠡ ᠰᠡᠷᠭᠡᠶ᠋ᠢᠯᠡᠨ ᠡᠵᠡᠮᠳᠡᠬᠦ ᠰᠢᠰᠲ᠋ᠧᠮᠵᠢ ᠵᠢᠨ ᠪᠠᠶ᠋ᠢᠭᠤᠯᠤᠯᠲᠠ ᠪᠠ ᠬᠦᠨᠦᠭᠡᠯᠲᠦ ᠠᠮᠢᠳᠤ ᠪᠣᠳᠠᠰ᠎ᠢ ᠨᠡᠶ᠋ᠢᠳᠡᠮ ᠪᠠᠶ᠋ᠢᠴᠠᠭ᠋ᠠᠬᠤ ᠵᠡᠷᠭᠡ ᠬᠠᠮᠢᠶ᠎ᠠ ᠪᠦᠬᠦᠢ ᠠᠵᠢᠯ᠎ᠢ ᠬᠠᠮᠵᠢᠯᠴᠠᠨ ᠦᠷᠨᠢᠭᠦᠯᠦᠨ᠎ᠡ᠃ ᠣᠶ ᠰᠢᠭᠤᠶ ᠪᠠ ᠨᠤᠲᠤᠭ ᠪᠡᠯᠴᠢᠭᠡᠷ᠎ᠤᠨ ᠭᠠᠳᠠᠨ᠎ᠠ᠎ᠠᠴᠠ ᠢᠷᠡᠯᠲᠡᠢ ᠠᠮᠢᠳᠤ ᠪᠣᠳᠠᠰ᠎ᠢ ᠨᠡᠶ᠋ᠢᠳᠡᠮ ᠪᠠᠶ᠋ᠢᠴᠠᠭ᠋ᠠᠬᠤ᠂ ᠲᠦᠭᠰᠢᠭᠦᠷᠢ ᠵᠢ ᠦᠨᠡᠯᠡᠨ ᠵᠢᠱ᠌ᠢᠬᠦ ᠪᠠ ᠵᠠᠰᠠᠬᠤ ᠵᠡᠷᠭᠡ ᠬᠠᠮᠢᠶ᠎ᠠ ᠪᠦᠬᠦᠢ ᠠᠵᠢᠯ᠎ᠢ ᠬᠠᠮᠵᠢᠯᠴᠠᠨ ᠦᠷᠨᠢᠬᠦᠯᠦᠨ᠎ᠡ᠃ ᠬᠦᠨᠦᠭᠡᠯᠲᠦ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ ᠤᠬᠠᠭᠤᠯᠭ᠎ᠠ ᠬᠥᠮᠦᠵᠢᠯ᠂ ᠮᠡᠷᠭᠡᠵᠢᠯ᠎ᠤᠨ ᠳᠡᠯᠭᠡᠷᠡᠭᠦᠯᠦᠯᠲᠡ᠂ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃ 
      ᠪᠠᠢ᠌ᠭᠤᠯᠤᠮᠵᠢ ᠵᠢᠨ ᠲᠤᠬᠢᠷᠠᠭᠤᠯᠤᠯᠳᠠ᠄ ᠶᠡᠷᠦᠩᠬᠡᠶ᠋ᠢᠯᠡᠭᠰᠡᠨ ᠰᠠᠯᠠᠭ᠎ᠠ᠂ ᠬᠢᠨᠠᠨ ᠬᠡᠮᠵᠢᠵᠦ ᠰᠡᠷᠡᠮᠵᠢᠯᠡᠭᠦᠯᠬᠦ ᠰᠠᠯᠠᠭ᠎ᠠ᠂ ᠰᠢᠯᠭ᠋ᠠᠨ ᠪᠠᠶ᠋ᠢᠴᠠᠭ᠋ᠠᠬᠤ ᠬᠢᠵᠢᠭ ᠪᠠᠶ᠋ᠢᠴᠠᠭ᠋ᠠᠬᠤ ᠰᠠᠯᠠᠭ᠎ᠠ᠂ ᠰᠡᠷᠭᠡᠶ᠋ᠢᠯᠡᠨ ᠵᠠᠰᠠᠬᠤ ᠰᠠᠯᠠᠭ᠎ᠠ᠂ ᠤᠬᠠᠭᠤᠯᠭ᠎ᠠ ᠬᠥᠮᠦᠵᠢᠯ᠎ᠤᠨ ᠰᠠᠯᠠᠭ᠎ᠠ᠃ 
      ᠠᠵᠢᠯᠯᠠᠬᠤ ᠭᠠᠵᠠᠷ᠄ ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠬᠥᠯᠥᠨ ᠬᠤᠶ᠋ᠢᠲᠤ ᠵᠠᠮ᠎ᠤᠨ 28 ᠳ᠋ᠤᠭ᠋ᠠᠷ ᠨᠣᠮᠧᠷ
      ᠠᠵᠢᠯᠯᠠᠬᠤ ᠴᠠᠭ᠄ ᠦᠳᠡ ᠵᠢᠨ ᠡᠮᠦᠨ᠎ᠡ 9᠄ 00 — 12᠄ 00᠂ ᠦᠳᠡ ᠵᠢᠨ ᠬᠤᠶ᠋ᠢᠨ᠎ᠠ 1᠄ 30 — 5᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠪᠠ ᠬᠤᠤᠰ ᠠᠮᠠᠷᠠᠯᠲᠠ ᠵᠢᠨ ᠡᠳᠦᠷ᠎ᠠᠴᠠ ᠭᠠᠳᠠᠨ᠎ᠠ)᠃
      ᠬᠠᠷᠢᠯᠴᠠᠬᠤ ᠤᠲᠠᠰᠤ᠄ 0471 - 2882626
      ᠬᠠᠷᠢᠭᠤᠴᠠᠯᠭ᠋ᠠᠲᠠᠨ᠄ ᠲᠡᠮᠦᠴᠢᠨ
      (ᠶᠢᠰᠦ) ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠢ ᠬᠢᠨᠠᠨ ᠬᠡᠮᠵᠢᠬᠦ ᠲᠥᠯᠥᠪᠵᠢᠭᠦᠯᠭᠡ ᠵᠢᠨ ᠬᠦᠷᠢᠶᠡᠯᠡᠩ
      ᠣᠶ ᠰᠢᠭᠤᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ᠂ ᠡᠯ᠎ᠡ ᠲᠥᠷᠥᠯ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠪᠠᠶ᠋ᠢᠴᠠᠭ᠋ᠠᠯᠲᠠ᠂ ᠬᠢᠨᠠᠨ ᠬᠡᠮᠵᠢᠬᠦ᠂ ᠦᠨᠡᠯᠡᠬᠦ ᠵᠡᠷᠭᠡ ᠵᠢ ᠡᠭᠦᠷᠭᠡᠯᠡᠨ᠎ᠡ; ᠡᠯᠡᠰᠦᠷᠬᠡᠭᠵᠢᠯ ᠴᠦᠯᠯᠡᠷᠭᠡᠭᠵᠢᠯ᠂ ᠡᠬᠡ ᠬᠠᠭᠤᠷᠠᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠂ ᠡᠷᠲᠡᠨ᠎ᠤ ᠮᠣᠳᠣ ᠨᠡᠷᠡᠲᠦ ᠮᠣᠳᠣ ᠵᠡᠷᠭᠡ ᠵᠢ ᠪᠠᠶ᠋ᠢᠴᠠᠭ᠋ᠠᠬᠤ᠂ ᠬᠢᠨᠠᠨ ᠬᠡᠮᠵᠢᠬᠦ᠂ ᠦᠨᠡᠯᠡᠬᠦ ᠵᠡᠷᠭᠡ ᠵᠢ ᠡᠭᠦᠷᠭᠡᠯᠡᠨ᠎ᠡ; ᠣᠶ ᠰᠢᠭᠤᠶ ᠨᠤᠲᠤᠭ ᠪᠡᠯᠴᠢᠭᠡᠷ᠎ᠤᠨ ᠬᠥᠭᠵᠢᠯᠲᠡ ᠵᠢᠨ ᠲᠥᠯᠥᠪᠵᠢᠭᠦᠯᠭᠡ᠂ ᠤᠶ᠋ᠢᠲᠤ ᠭᠠᠵᠠᠷ᠎ᠢ ᠬᠠᠮᠠᠭ᠋ᠠᠯᠠᠨ ᠠᠰᠢᠭᠯᠠᠬᠤ ᠲᠥᠯᠥᠪᠵᠢᠭᠦᠯᠭᠡ᠂ ᠣᠶ ᠰᠢᠭᠤᠶ ᠵᠢ ᠬᠠᠮᠠᠭ᠋ᠠᠯᠠᠨ ᠡᠵᠡᠩᠨᠡᠵᠦ ᠠᠰᠢᠭᠯᠠᠬᠤ ᠲᠥᠯᠥᠪᠵᠢᠭᠦᠯᠭᠡ ᠵᠢᠴᠢ ᠨᠤᠲᠤᠭ ᠪᠡᠯᠴᠢᠭᠡᠷ᠎ᠢ ᠬᠠᠮᠠᠭ᠋ᠠᠯᠠᠨ ᠠᠰᠢᠭᠯᠠᠬᠤ᠂ ᠦᠷ᠎ᠡ ᠵᠢᠨ ᠡᠬᠢ ᠪᠠᠶᠠᠯᠢᠭ᠎ᠢ ᠬᠠᠮᠠᠭ᠋ᠠᠯᠠᠬᠤ ᠵᠡᠷᠭᠡ ᠲᠤᠰᠬᠠᠶ ᠵᠦᠢ᠍ᠯ᠎ᠤᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠵᠢᠨ ᠲᠤᠰᠠᠯᠠᠬᠤ ᠴᠢᠨᠠᠷᠲᠠᠶ᠂ ᠮᠡᠷᠭᠡᠵᠢᠯ᠎ᠤᠨ ᠴᠢᠨᠠᠷᠲᠠᠶ ᠠᠵᠢᠯ᠎ᠢ ᠡᠭᠦᠷᠭᠡᠯᠡᠨ᠎ᠡ; ᠨᠡᠶ᠋ᠢᠲᠡ ᠵᠢᠨ ᠠᠰᠠᠷᠠᠮᠵᠢ ᠵᠢᠨ ᠣᠶ᠂ ᠦᠨᠳᠦᠰᠦᠨ ᠨᠤᠲᠤᠭ ᠪᠡᠯᠴᠢᠭᠡᠷ᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠵᠡᠷᠭᠡ ᠲᠤᠰᠬᠠᠶ ᠵᠦᠢ᠍ᠯ᠎ᠤᠨ ᠣᠷᠣᠨ ᠬᠤᠪᠢᠶᠠᠷᠢᠯᠠᠯ᠎ᠤᠨ ᠮᠡᠷᠭᠡᠵᠢᠯ᠎ᠤᠨ ᠴᠢᠨᠠᠷᠲᠠᠶ ᠠᠵᠢᠯ᠎ᠢ ᠡᠭᠦᠷᠭᠡᠯᠡᠨ᠎ᠡ; ᠣᠶ᠋ᠢᠲᠤ ᠭᠠᠵᠠᠷ ᠨᠤᠲᠤᠭ ᠪᠡᠯᠴᠢᠭᠡᠷ᠎ᠤᠨ ᠲᠤᠬᠠᠶ ᠵᠢᠨ ᠭᠠᠵᠠᠷ᠎ᠢ ᠬᠠᠶ᠋ᠢᠨ ᠰᠢᠯᠭ᠋ᠠᠬᠤ ᠵᠢᠴᠢ ᠣᠶ᠋ᠢᠵᠢᠭᠤᠯᠵᠤ ᠡᠪᠡᠰᠦ ᠲᠠᠷᠢᠭᠰᠠᠨ ᠪᠣᠳᠠᠲᠤ ᠠᠮᠵᠢᠯᠲᠠ ᠵᠢ ᠬᠢᠨᠠᠨ ᠪᠠᠶ᠋ᠢᠴᠠᠭ᠋ᠠᠬᠤ ᠲᠤᠰᠠᠯᠠᠬᠤ ᠴᠢᠨᠠᠷᠲᠠᠶ ᠠᠵᠢᠯ᠎ᠢ ᠡᠭᠦᠷᠭᠡᠯᠡᠨ᠎ᠡ; ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠢᠨᠵᠧᠨᠧᠷᠢᠩ᠎ᠢ ᠪᠠᠶ᠋ᠢᠴᠠᠭ᠋ᠠᠵᠤ ᠰᠢᠯᠭ᠋ᠠᠨ ᠠᠪᠬᠤ᠂ ᠦᠷ᠎ᠡ ᠪᠦᠲᠦᠮᠵᠢ ᠵᠢ ᠦᠨᠡᠯᠡᠬᠦ ᠵᠡᠷᠭᠡ ᠲᠤᠰᠠᠯᠠᠬᠤ ᠴᠢᠨᠠᠷᠲᠠᠶ ᠠᠵᠢᠯ᠎ᠢ ᠡᠭᠦᠷᠭᠡᠯᠡᠨ᠎ᠡ; ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠠᠵᠢᠯ ᠲᠥᠷᠥᠯ᠎ᠤᠨ ᠣᠷᠣᠨ ᠨᠤᠲᠤᠭ᠎ᠤᠨ ᠪᠠᠷᠢᠮᠵᠢᠶ᠎ᠠ ᠵᠢ ᠲᠣᠭᠲᠠᠭ᠋ᠠᠬᠤ ᠠᠵᠢᠯ᠎ᠢ ᠡᠭᠦᠷᠭᠡᠯᠡᠨ᠎ᠡ; ᠣᠶ ᠰᠢᠭᠤᠶ ᠨᠤᠲᠤᠭ ᠪᠡᠯᠴᠢᠭᠡᠷ᠎ᠤᠨ ᠮᠡᠳᠡᠭᠡ ᠵᠠᠩᠭᠢ ᠵᠢᠨ ᠰᠢᠰᠲ᠋ᠧᠮ᠎ᠤᠨ ᠲᠤᠭ᠎ᠠ ᠪᠠᠷᠢᠮᠲᠠ ᠵᠢ ᠬᠠᠮᠠᠭ᠋ᠠᠯᠠᠬᠤ ᠵᠡᠷᠭᠡ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
      ᠪᠠᠢ᠌ᠭᠤᠯᠤᠮᠵᠢ ᠵᠢᠨ ᠲᠤᠬᠢᠷᠠᠭᠤᠯᠤᠯᠳᠠ᠄ ᠨᠠᠮ᠎ᠤᠨ ᠬᠤᠷᠢᠶᠠᠨ᠎ᠤ ᠠᠯᠪᠠᠨ ᠭᠡᠷ᠂ ᠰᠠᠬᠢᠯᠭ᠎ᠠ ᠪᠠᠲᠤ ᠪᠠᠶ᠋ᠢᠴᠠᠭ᠋ᠠᠬᠤ ᠲᠠᠰᠤᠭ᠂ ᠵᠠᠰᠠᠭ ᠵᠠᠬᠢᠷᠭ᠋ᠠᠨ᠎ᠤ ᠠᠯᠪᠠᠨ ᠭᠡᠷ᠂ ᠠᠵᠢᠯᠲᠠᠨ᠎ᠤ ᠶᠠᠪᠤᠳᠠᠯ᠎ᠤᠨ ᠰᠤᠷᠭ᠋ᠠᠨ ᠬᠥᠮᠦᠵᠢᠯ᠎ᠤᠨ ᠰᠠᠯᠠᠭ᠎ᠠ᠂  ᠡᠳ᠋᠎ᠤᠨ ᠶᠠᠪᠤᠳᠠᠯ᠎ᠤᠨ ᠰᠠᠯᠠᠭ᠎ᠠ᠂ ᠳᠠᠩᠰᠠ ᠡᠪᠬᠡᠮᠡᠯ᠎ᠤᠨ ᠲᠠᠰᠤᠭ᠂ ᠦᠢ᠍ᠯᠡᠳᠪᠦᠷᠢᠯᠡᠯ ᠮᠡᠷᠭᠡᠵᠢᠯ᠎ᠤᠨ ᠰᠠᠯᠠᠭ᠎ᠠ᠂ ᠲᠥᠯᠥᠪᠵᠢᠭᠦᠯᠭᠡ ᠵᠢᠨ ᠲᠠᠰᠤᠭ᠂ ᠠᠮᠢ ᠠᠬᠤᠶ ᠵᠢᠨ ᠬᠢᠨᠠᠨ ᠬᠡᠮᠵᠢᠯᠲᠡ ᠵᠢᠴᠢ ᠦᠨᠡᠯᠡᠯᠲᠡ ᠵᠢᠨ ᠲᠠᠰᠤᠭ᠂ ᠠᠮᠢ ᠠᠬᠤᠶ ᠵᠢ ᠰᠡᠷᠭᠦᠭᠡᠬᠦ ᠲᠠᠰᠤᠭ ᠵᠡᠷᠭᠡ 19 ᠳᠣᠲᠣᠭ᠋ᠠᠳᠤ ᠪᠠᠶ᠋ᠢᠭᠤᠯᠤᠮᠵᠢ᠃
     ᠠᠵᠢᠯᠯᠠᠬᠤ ᠭᠠᠵᠠᠷ᠄ ᠬᠥᠬᠡᠬᠤᠲᠠ ᠵᠢᠨ ᠢᠦᠢ ᠴᠢᠤᠸᠠᠨ ᠲᠣᠭᠤᠷᠢᠭ᠎ᠤᠨ ᠡᠦ ᠲᠠ ᠰᠧ ᠵᠡᠭᠦᠨ ᠵᠡᠭᠡᠯᠢ ᠵᠢᠨ 3 ᠳ᠋ᠤᠭ᠋ᠠᠷ ᠨᠣᠮᠧᠷ᠃
      ᠠᠵᠢᠯᠯᠠᠬᠤ ᠴᠠᠭ᠄ ᠦᠳᠡ ᠵᠢᠨ ᠡᠮᠦᠨ᠎ᠡ 9᠄ 00 — 12᠄ 00᠂ ᠦᠳᠡ ᠵᠢᠨ  ᠬᠤᠢ᠌ᠨ᠎ᠠ 13᠄ 30 — 17᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠵᠢᠴᠢ ᠬᠤᠤᠰ ᠠᠮᠠᠷᠠᠯᠲᠠ ᠵᠢᠨ ᠡᠳᠦᠷ᠎ᠠᠴᠠ ᠭᠠᠳᠠᠨ᠎ᠠ)᠃
     ᠬᠠᠷᠢᠯᠴᠠᠬᠤ ᠤᠲᠠᠰᠤ᠄ 0471 - 5953540 
      ᠬᠠᠷᠢᠭᠤᠴᠠᠯᠭ᠋ᠠᠲᠠᠨ᠄ ᠯᠢᠦ ᠠᠶ ᠵᠢᠶᠦ᠋ᠨ 
     (ᠠᠷᠪᠠ) ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠢ ᠬᠢᠨᠠᠨ ᠬᠡᠮᠵᠢᠬᠦ ᠲᠥᠯᠥᠪᠵᠢᠭᠦᠯᠭᠡ ᠵᠢᠨ ᠬᠤᠶᠠᠳᠤᠭ᠋ᠠᠷ ᠬᠦᠷᠢᠶᠡᠯᠡᠩ
     ᠣᠶ ᠰᠢᠭᠤᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ᠂ ᠡᠯ᠎ᠡ ᠲᠥᠷᠥᠯ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠪᠠᠶ᠋ᠢᠴᠠᠭ᠋ᠠᠬᠤ᠂ ᠬᠢᠨᠠᠨ ᠬᠡᠮᠵᠢᠬᠦ᠂ ᠦᠨᠡᠯᠡᠬᠦ ᠵᠡᠷᠭᠡ ᠵᠢ ᠡᠭᠦᠷᠭᠡᠯᠡᠨ᠎ᠡ; ᠡᠯᠡᠰᠦᠷᠬᠡᠭᠵᠢᠯ ᠴᠦᠯᠯᠡᠷᠬᠡᠭᠵᠢᠯ᠂ ᠡᠬᠡ ᠬᠠᠭᠤᠷᠠᠢ ᠵᠢᠨ ᠬᠡᠭᠡᠷ᠎ᠡ ᠵᠢᠨ ᠠᠮᠢᠳᠠᠨ ᠤᠷᠭᠤᠮᠠᠯ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠂ ᠡᠷᠲᠡᠨ᠎ᠤ ᠮᠣᠳᠣ ᠨᠡᠷᠡᠳᠦ ᠮᠣᠳᠣ ᠵᠡᠷᠭᠡ ᠵᠢ ᠪᠠᠶ᠋ᠢᠴᠠᠭ᠋ᠠᠬᠤ᠂ ᠬᠢᠨᠠᠨ ᠬᠡᠮᠵᠢᠬᠦ᠂ ᠦᠨᠡᠯᠡᠬᠦ ᠵᠡᠷᠭᠡ ᠵᠢ ᠡᠭᠦᠷᠭᠡᠯᠡᠨ᠎ᠡ; ᠤᠢ ᠰᠢᠭᠤᠶ ᠨᠤᠲᠤᠭ ᠪᠡᠯᠴᠢᠭᠡᠷ᠎ᠢ ᠬᠥᠭᠵᠢᠭᠦᠯᠬᠦ ᠲᠥᠯᠥᠪᠵᠢᠭᠦᠯᠭᠡ᠂ ᠣᠶ᠋ᠢᠲᠤ ᠭᠠᠵᠠᠷ᠎ᠢ ᠬᠠᠮᠠᠭ᠋ᠠᠯᠠᠨ ᠠᠰᠢᠭᠯᠠᠬᠤ ᠲᠥᠯᠥᠪᠵᠢᠭᠦᠯᠭᠡ᠂ ᠤᠢ ᠰᠢᠭᠤᠶ ᠵᠢ  ᠬᠠᠮᠠᠭ᠋ᠠᠯᠠᠬᠤ ᠡᠵᠡᠩᠨᠡᠬᠦ ᠠᠰᠢᠭᠯᠠᠬᠤ ᠲᠥᠯᠥᠪᠵᠢᠭᠦᠯᠭᠡ ᠵᠢᠴᠢ ᠨᠤᠲᠤᠭ ᠪᠡᠯᠴᠢᠭᠡᠷ᠎ᠢ ᠬᠠᠮᠠᠭ᠋ᠠᠯᠠᠨ ᠠᠰᠢᠭᠯᠠᠬᠤ᠂ ᠦᠷ᠎ᠡ ᠡᠳ᠋᠎ᠤᠨ ᠡᠬᠢ ᠪᠠᠶᠠᠯᠢᠭ᠎ᠢ ᠬᠠᠮᠠᠭ᠋ᠠᠯᠠᠬᠤ ᠵᠡᠷᠭᠡ ᠲᠤᠰᠬᠠᠶ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠵᠢᠨ ᠲᠤᠰᠠᠯᠠᠬᠤ ᠴᠢᠨᠠᠷᠲᠠᠶ᠂ ᠮᠡᠷᠭᠡᠵᠢᠯ᠎ᠤᠨ ᠴᠢᠨᠠᠷᠲᠠᠶ ᠠᠵᠢᠯ᠎ᠢ ᠡᠭᠦᠷᠭᠡᠯᠡᠨ᠎ᠡ; ᠨᠡᠶ᠋ᠢᠲᠡ ᠵᠢᠨ ᠠᠰᠠᠷᠠᠮᠵᠢ ᠵᠢᠨ ᠤᠢ᠂ ᠦᠨᠳᠦᠰᠦᠨ ᠨᠤᠲᠤᠭ ᠪᠡᠯᠴᠢᠭᠡᠷ᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠵᠡᠷᠭᠡ ᠲᠤᠰᠬᠠᠶ ᠵᠦᠢ᠍ᠯ᠎ᠤᠨ ᠣᠷᠣᠨ ᠬᠤᠪᠢᠶᠠᠷᠢᠯᠠᠯ᠎ᠤᠨ ᠮᠡᠷᠭᠡᠵᠢᠯ᠎ᠤᠨ ᠴᠢᠨᠠᠷᠲᠠᠶ ᠠᠵᠢᠯ᠎ᠢ ᠡᠭᠦᠷᠭᠡᠯᠡᠨ᠎ᠡ; ᠣᠶ᠋ᠢᠲᠤ ᠭᠠᠵᠠᠷ ᠨᠤᠲᠤᠭ ᠪᠡᠯᠴᠢᠭᠡᠷ᠎ᠤᠨ ᠲᠤᠬᠠᠶ ᠵᠢᠨ ᠲᠠᠯᠠᠪᠠᠶ ᠵᠢᠨ ᠬᠠᠶ᠋ᠢᠨ ᠰᠢᠯᠭ᠋ᠠᠬᠤ ᠵᠢᠴᠢ ᠣᠶ᠋ᠢᠵᠢᠭᠤᠯᠵᠤ ᠡᠪᠡᠰᠦ ᠳᠠᠷᠢᠭᠰᠠᠨ ᠪᠣᠳᠠᠲᠤ ᠠᠮᠵᠢᠯᠲᠠ ᠵᠢ ᠬᠠᠷᠭᠤᠭᠤᠯᠤᠨ ᠪᠠᠶ᠋ᠢᠴᠠᠭ᠋ᠠᠬᠤ ᠵᠢᠨ ᠲᠤᠰᠠᠯᠠᠬᠤ ᠴᠢᠨᠠᠷᠲᠠᠶ ᠠᠵᠢᠯ᠎ᠢ ᠡᠭᠦᠷᠭᠡᠯᠡᠨ᠎ᠡ; ᠠᠮᠢ ᠠᠬᠤᠶ ᠵᠢ ᠬᠠᠮᠠᠭ᠋ᠠᠯᠠᠵᠤ ᠰᠡᠷᠭᠦᠭᠡᠬᠦ ᠢᠨᠵᠧᠨᠧᠷᠢᠩ᠎ᠢ ᠪᠠᠶ᠋ᠢᠴᠠᠭ᠋ᠠᠵᠤ ᠰᠢᠯᠭ᠋ᠠᠨ ᠠᠪᠬᠤ᠂ ᠦᠷ᠎ᠡ ᠪᠦᠲᠦᠮᠵᠢ ᠵᠢ ᠦᠨᠡᠯᠡᠬᠦ ᠵᠡᠷᠭᠡ ᠲᠤᠰᠠᠯᠠᠬᠤ ᠴᠢᠨᠠᠷᠲᠠᠶ ᠠᠵᠢᠯ᠎ᠢ ᠡᠭᠦᠷᠭᠡᠯᠡᠨ᠎ᠡ; ᠣᠶ ᠰᠢᠭᠤᠶ ᠪᠠ ᠨᠤᠲᠤᠭ ᠪᠡᠯᠴᠢᠭᠡᠷ᠎ᠤᠨ ᠠᠵᠢᠯ ᠲᠥᠷᠥᠯ᠎ᠤᠨ ᠣᠷᠣᠨ ᠨᠤᠲᠤᠭ᠎ᠤᠨ ᠪᠠᠷᠢᠮᠵᠢᠶ᠎ᠠ ᠵᠢ ᠲᠣᠭᠲᠠᠭ᠋ᠠᠬᠤ ᠠᠵᠢᠯ᠎ᠢ ᠡᠭᠦᠷᠭᠡᠯᠡᠨ᠎ᠡ; ᠣᠶ ᠰᠢᠭᠤᠶ ᠨᠤᠲᠤᠭ ᠪᠡᠯᠴᠢᠭᠡᠷ᠎ᠤᠨ ᠮᠡᠳᠡᠭᠡ ᠵᠠᠩᠭᠢ ᠵᠢᠨ ᠰᠢᠰᠲ᠋ᠧᠮ᠎ᠤᠨ ᠲᠤᠭ᠎ᠠ ᠪᠠᠷᠢᠮᠲᠠ ᠵᠢ ᠬᠠᠮᠠᠭ᠋ᠠᠯᠠᠬᠤ ᠵᠡᠷᠭᠡ ᠬᠠᠮᠢᠶ᠎ᠠ ᠪᠥᠬᠦᠶ ᠠᠵᠢᠯ᠎ᠢ ᠡᠭᠦᠷᠭᠡᠯᠡᠨ᠎ᠡ᠃
    ᠪᠠᠢ᠌ᠭᠤᠯᠤᠮᠵᠢ ᠵᠢᠨ ᠲᠤᠬᠢᠷᠠᠭᠤᠯᠤᠯᠳᠠ᠄ ᠨᠠᠮ᠎ᠤᠨ ᠬᠤᠷᠢᠶ᠎ᠠ ᠵᠢᠨ ᠠᠯᠪᠠᠨ ᠬᠡᠷ᠂ ᠰᠠᠬᠢᠯᠭ᠎ᠠ ᠪᠠᠲᠤ ᠪᠠᠶ᠋ᠢᠴᠠᠭ᠋ᠠᠬᠤ ᠲᠠᠰᠤᠭ᠂ ᠠᠯᠪᠠᠨ ᠬᠡᠷ᠂ ᠠᠵᠢᠯᠲᠠᠨ᠎ᠤ ᠶᠠᠪᠤᠳᠠᠯ᠎ᠤᠨ ᠰᠠᠯᠠᠭ᠎ᠠ᠂ ᠡᠳ᠋᠎ᠤᠨ ᠶᠠᠪᠤᠳᠠᠯ ᠡᠳ᠋ ᠬᠥᠷᠥᠩᠭᠡ ᠵᠢᠨ ᠰᠠᠯᠠᠭ᠎ᠠ᠂ ᠶᠡᠷᠦᠩᠬᠡᠶ ᠶᠠᠪᠤᠳᠠᠯ᠎ᠤᠨ ᠰᠠᠯᠠᠭ᠎ᠠ᠂ ᠲᠤᠬᠠᠶ᠋ᠢᠯᠠᠭᠰᠠᠨ ᠠᠵᠢᠯ᠎ᠤᠨ ᠬᠠᠮᠢᠶᠠᠷᠤᠯᠲᠠ ᠵᠢᠨ ᠰᠠᠯᠠᠭ᠎ᠠ᠂ ᠮᠡᠷᠭᠡᠵᠢᠯ᠎ᠤᠨ ᠰᠢᠨ᠎ᠡ ᠵᠢ ᠡᠭᠦᠳᠬᠦ ᠲᠠᠰᠤᠭ᠂ ᠲᠠᠩᠰᠠ ᠡᠪᠬᠡᠮᠡᠯ᠎ᠤᠨ ᠲᠠᠰᠤᠭ᠂ ᠵᠢᠷᠤᠭᠯᠠᠬᠤ ᠲᠠᠰᠤᠭ ᠵᠡᠷᠭᠡ 19 ᠲᠤᠳᠤᠭ᠋ᠠᠳᠤ ᠪᠠᠶ᠋ᠢᠭᠤᠯᠤᠮᠵᠢ ᠪᠤᠢ᠃ 
    ᠠᠵᠢᠯᠯᠠᠬᠤ ᠬᠠᠶᠢᠭ᠄ ᠥᠪᠥᠷ ᠮᠣᠩᠭᠤᠯ᠎ᠤᠨ ᠬᠢᠩᠭ᠋ᠠᠨ ᠠᠶ᠋ᠢᠮᠠᠭ᠎ᠤᠨ ᠤᠯᠠᠭ᠋ᠠᠨᠬᠤᠲᠠ ᠵᠢᠨ ᠬᠦ᠋ ᠵᠤ᠌ ᠪᠠᠷᠠᠭᠤᠨ ᠵᠡᠭᠡᠯᠢ ᠵᠢᠨ 53 ᠳ᠋ᠤᠭ᠋ᠠᠷ ᠨᠣᠮᠧᠷ
    ᠠᠵᠢᠯᠯᠠᠬᠤ ᠴᠠᠭ᠄ ᠦᠳᠡ ᠵᠢᠨ ᠡᠮᠦᠨ᠎ᠡ 9᠄ 00 — 12᠄ 00᠂ ᠦᠳᠡ ᠵᠢᠨ  ᠬᠤᠢ᠌ᠨ᠎ᠠ 13᠄ 30 — 17᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠵᠢᠴᠢ ᠬᠤᠤᠰ ᠠᠮᠠᠷᠠᠯᠲᠠ ᠵᠢᠨ ᠡᠳᠦᠷ᠎ᠠᠴᠠ ᠭᠠᠳᠠᠨ᠎ᠠ)
    ᠬᠠᠷᠢᠯᠴᠠᠬᠤ ᠤᠲᠠᠰᠤ᠄ 0482-3980408
    ᠬᠠᠷᠢᠭᠤᠴᠠᠯᠭ᠋ᠠᠲᠠᠨ᠄ ᠵᠠᠩ ᠬᠤᠢ ᠯᠢᠶᠠᠩ
    (ᠠᠷᠪᠠᠨ ᠨᠢᠭᠡ) ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠯᠠᠨ ᠰᠢᠷᠭ᠎ᠠ ᠳᠠᠭ᠎ᠠ ᠵᠢᠨ ᠬᠡᠪᠴᠢᠶᠡᠵᠢᠭᠰᠡᠨ ᠣᠶ ᠰᠢᠭᠤᠶ ᠵᠢᠨ ᠲᠠᠯᠠᠪᠠᠶ

    ᠬᠤᠯᠠᠨ ᠰᠢᠷᠭ᠎ᠠ ᠳᠠᠭ᠎ᠠ ᠵᠢᠨ ᠬᠡᠪᠴᠢᠶᠡᠵᠢᠭᠰᠡᠨ ᠣᠶ ᠰᠢᠭᠤᠶ ᠵᠢᠨ ᠲᠠᠯᠠᠪᠠᠶ ᠵᠢᠨ ᠣᠶ ᠰᠢᠭᠤᠶ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠪᠤᠶ᠋ᠢᠵᠢᠭᠤᠯᠬᠤ ᠠᠵᠢᠯ᠎ᠢ ᠡᠭᠦᠷᠭᠡᠯᠡᠨ᠎ᠡ᠃ ᠬᠡᠪᠴᠢᠶᠡᠵᠢᠭᠰᠡᠨ ᠣᠶ ᠰᠢᠭᠤᠶ ᠵᠢᠨ ᠲᠠᠯᠠᠪᠠᠶ ᠵᠢᠨ ᠲᠥᠯᠥᠪᠵᠢᠭᠦᠯᠭᠡ ᠵᠢᠨ ᠵᠢᠷᠤᠭ ᠲᠥᠯᠥᠪᠯᠡᠭᠡ ᠪᠠ ᠣᠶ ᠰᠢᠭᠤᠶ ᠵᠢᠨ ᠡᠵᠡᠩᠨᠡᠯᠲᠡ ᠵᠢᠨ ᠲᠥᠰᠦᠯ᠎ᠢ ᠨᠠᠶ᠋ᠢᠷᠠᠭᠤᠯᠤᠨ ᠵᠣᠬᠢᠶᠠᠬᠤ ᠵᠢᠨ ᠲᠤᠰᠠᠯᠠᠬᠤ ᠴᠢᠨᠠᠷᠲᠠᠶ ᠮᠡᠷᠭᠡᠵᠢᠯ᠎ᠤᠨ ᠴᠢᠨᠠᠷᠲᠠᠶ ᠠᠵᠢᠯ᠎ᠢ ᠡᠭᠦᠷᠭᠡᠯᠡᠨ᠎ᠡ᠃ ᠣᠶ ᠰᠢᠭᠤᠶ ᠵᠢᠨ ᠲᠠᠯᠠᠪᠠᠶ ᠵᠢᠨ ᠪᠠᠯᠠ ᠮᠥᠩᠭᠦ ᠵᠢᠨ ᠬᠡᠷᠡᠭᠯᠡᠯᠲᠡ ᠵᠢ ᠬᠢᠨᠠᠨ ᠬᠠᠷᠭᠤᠭᠤᠯᠬᠤ᠂ ᠬᠢᠨᠠᠨ ᠬᠠᠮᠢᠶᠠᠷᠬᠤ ᠵᠡᠷᠭᠡ ᠲᠤᠰᠠᠯᠠᠬᠤ ᠴᠢᠨᠠᠷᠲᠠᠶ ᠠᠵᠢᠯ᠎ᠢ ᠡᠭᠦᠷᠭᠡᠯᠡᠨ᠎ᠡ᠃ ᠤᠢ ᠰᠢᠭᠤᠶ ᠵᠢᠨ ᠲᠠᠯᠠᠪᠠᠢ ᠵᠢᠨ ᠦᠷ᠎ᠡ ᠴᠢᠬᠢ ᠪᠤᠶ᠋ᠢᠵᠢᠭᠤᠯᠬᠤ᠂ ᠣᠶ᠋ᠢᠵᠢᠭᠤᠯᠬᠤ᠂ ᠤᠢ ᠰᠢᠭᠤᠶ ᠵᠢ ᠡᠵᠡᠩᠨᠡᠬᠦ᠂ ᠤᠢ ᠰᠢᠭᠤᠶ ᠵᠢᠨ ᠡᠬᠢ ᠪᠠᠶᠠᠯᠢᠭ᠎ᠢ ᠬᠠᠮᠠᠭ᠋ᠠᠯᠠᠬᠤ᠂ ᠤᠢ ᠮᠣᠳᠣᠨ᠎ᠤ ᠭᠠᠵᠠᠷ᠎ᠢ ᠬᠠᠮᠢᠶᠠᠷᠴᠤ ᠬᠠᠮᠠᠭ᠋ᠠᠯᠠᠬᠤ ᠪᠠ ᠤᠢ ᠮᠣᠳᠣ ᠵᠢ ᠣᠭᠲᠣᠯᠵᠤ ᠰᠢᠨᠡᠳᠬᠡᠬᠦ ᠵᠡᠷᠭᠡ ᠠᠵᠢᠯ᠎ᠢ ᠬᠠᠮᠵᠢᠨ ᠥᠷᠨᠢᠭᠦᠯᠦᠨ᠎ᠡ᠃ ᠣᠶ ᠰᠢᠭᠤᠶ ᠵᠢᠨ ᠲᠠᠯᠠᠪᠠᠶ ᠵᠢᠨ ᠣᠶ ᠰᠢᠭᠤᠶ ᠵᠢᠨ ᠵᠢᠭᠤᠯᠴᠢᠯᠠᠯ᠂ ᠣᠶ ᠵᠢᠨ ᠬᠤᠷᠮᠣᠶ ᠵᠢᠨ ᠠᠵᠤ ᠠᠬᠤᠶ᠂ ᠨᠡᠭᠦᠷᠡᠰᠦᠲᠥ᠋ᠷᠥᠭᠴᠢ ᠵᠢ ᠬᠤᠷᠠᠭᠤᠯᠬᠤ ᠠᠷᠠᠯᠵᠢᠶ᠎ᠠ ᠪᠠ ᠣᠶ ᠰᠢᠭᠤᠶ ᠵᠢᠨ ᠠᠵᠤ ᠦᠢ᠍ᠯᠡᠰ᠎ᠢ ᠨᠡᠭᠡᠭᠡᠨ ᠬᠥᠭᠵᠢᠭᠦᠯᠬᠦ ᠵᠡᠷᠭᠡ ᠠᠵᠢᠯ᠎ᠢ ᠬᠠᠮᠵᠢᠨ ᠥᠷᠨᠢᠭᠦᠯᠦᠨ᠎ᠡ᠃ ᠣᠶ ᠰᠢᠭᠤᠶ ᠵᠢᠨ ᠲᠠᠯᠠᠪᠠᠶ ᠵᠢᠨ ᠣᠶ ᠮᠣᠳᠣ᠂ ᠰᠢᠭᠤᠶ᠋ᠢᠲᠤ ᠭᠠᠵᠠᠷ᠎ᠤᠨ ᠬᠡᠷᠡᠭᠯᠡᠬᠦ ᠡᠷᠬᠡ ᠵᠢᠨ ᠡᠷᠭᠢᠯᠲᠡ ᠵᠢ ᠬᠢᠨᠠᠨ ᠬᠠᠷᠭᠤᠭᠤᠯᠬᠤ ᠲᠤᠰᠠᠯᠠᠬᠤ ᠴᠢᠨᠠᠷᠲᠠᠶ ᠠᠵᠢᠯ᠎ᠢ ᠡᠭᠦᠷᠭᠡᠯᠡᠨ᠎ᠡ᠃ ᠤᠢ ᠰᠢᠭᠤᠶ ᠵᠢᠨ ᠲᠡᠯᠡᠪᠡᠢ ᠵᠢᠨ ᠤᠢ ᠰᠢᠭᠤᠶ ᠵᠢᠨ ᠦᠢ᠍ᠯᠡᠳᠪᠦᠷᠢᠯᠡᠯ᠎ᠤᠨ ᠠᠵᠢᠯᠯᠠᠭ᠎ᠠ ᠵᠢᠨ ᠲᠧᠭᠨᠢᠭ ᠮᠡᠷᠭᠡᠵᠢᠯ᠎ᠤᠨ ᠵᠢᠯᠦᠭᠤᠳᠦᠯᠭ᠎ᠠ᠂ ᠲᠧᠭᠨᠢᠭ ᠮᠡᠷᠭᠡᠵᠢᠯ᠎ᠤᠨ ᠦᠢ᠍ᠯᠡᠴᠢᠯᠡᠭᠡ ᠵᠡᠷᠭᠡ ᠠᠵᠢᠯ᠎ᠢ ᠥᠷᠨᠢᠭᠦᠯᠦᠨ᠎ᠡ᠃
      ᠪᠠᠶ᠋ᠢᠭᠤᠯᠤᠮᠵᠢ ᠵᠢᠨ ᠲᠣᠬᠢᠷᠠᠭᠤᠯᠤᠯᠲᠠ᠄ ᠶᠡᠷᠦᠩᠬᠡᠶ᠋ᠢᠯᠡᠭᠰᠡᠨ ᠰᠠᠯᠠᠭ᠎ᠠ᠂ ᠲᠤᠬᠠᠶ᠋ᠢᠯᠠᠭᠰᠠᠨ ᠠᠵᠢᠯ᠎ᠤᠨ ᠰᠠᠯᠠᠭ᠎ᠠ᠂ ᠠᠵᠤ ᠦᠢ᠍ᠯᠡᠰ᠎ᠤᠨ ᠰᠠᠯᠠᠭ᠎ᠠ ᠵᠡᠷᠭᠡ 3 ᠳᠣᠲᠣᠭ᠋ᠠᠳᠤ ᠪᠠᠶ᠋ᠢᠭᠤᠯᠤᠮᠵᠢ ᠪᠤᠢ᠃
      ᠠᠵᠢᠯᠯᠠᠬᠤ ᠭᠠᠵᠠᠷ᠄ ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠬᠥᠯᠥᠨ ᠬᠤᠶ᠋ᠢᠲᠤ ᠵᠠᠮ᠎ᠤᠨ 28 ᠳ᠋ᠤᠭ᠋ᠠᠷ ᠨᠣᠮᠧᠷ
      ᠠᠵᠢᠯᠯᠠᠬᠤ ᠴᠠᠭ᠄ ᠦᠳᠡ ᠵᠢᠨ ᠡᠮᠦᠨ᠎ᠡ 9᠄ 00 — 12᠄ 00᠂ ᠦᠳᠡ ᠵᠢᠨ  ᠬᠤᠢ᠌ᠨ᠎ᠠ 13᠄ 30 — 17᠄ 00 (ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠵᠢᠴᠢ ᠬᠤᠤᠰ ᠠᠮᠠᠷᠠᠯᠲᠠ ᠵᠢᠨ ᠡᠳᠦᠷ᠎ᠠᠴᠠ ᠭᠠᠳᠠᠨ᠎ᠠ)
     ᠬᠠᠷᠢᠯᠴᠠᠬᠤ ᠤᠲᠠᠰᠤ᠄ 0471-3380306

     ᠬᠠᠷᠢᠭᠤᠴᠠᠯᠭ᠋ᠠᠲᠠᠨ᠄ ᠰᠢᠶᠤ ᠮᠢᠩ ᠢᠦᠢ   

 

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠠᠶ᠋ᠢᠭᠤᠯᠭ᠎ᠠ ᠵᠢᠨ ᠨᠠᠮ᠎ᠤᠨ ᠬᠣᠷᠢᠶ᠎ᠠ
ᠤᠢ ᠰᠢᠭᠤᠶ ᠪᠠ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠠᠵᠢᠯ᠎ᠤᠨ ᠨᠢᠭᠡᠳᠦᠭᠡᠷ ᠭᠠᠵᠠᠷ
 
             蒙ICP备05000248号