ᠤᠯᠤᠰ᠎ᠤᠨ ᠣᠶ ᠰᠢᠭᠤᠶ ᠨᠤᠲᠤᠭ ᠪᠠ ᠪᠡᠯᠴᠢᠭᠡᠷ᠎ᠤᠨ ᠲᠣᠪᠴᠢᠶᠠᠨ᠎ᠤ ᠳᠠᠷᠤᠭ᠎ᠠ ᠭᠤᠸᠠᠨ ᡁᠢ ᠡᠸᠦ᠄ ᠤᠢ ᠰᠢᠭᠤᠢ ᠵᠢᠨ ᠳᠠᠷᠤᠭ᠎ᠠ ᠵᠢᠨ ᠳᠦᠷᠢᠮ᠎ᠳᠤ ᠳᠦᠷᠢᠮ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠮᠵᠢ ᠢᠯᠡᠷᠡᠪᠡ
ᠨᠢᠳᠤᠨᠤᠨ᠂ ᠲᠥᠪ ᠬᠣᠷᠢᠶ᠎ᠠ᠎ᠠᠴᠠ 《ᠤᠢ ᠰᠢᠭᠤᠢ ᠵᠢᠨ ᠳᠠᠷᠤᠭ᠎ᠠ ᠵᠢᠨ ᠲᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠬᠦ ᠲᠤᠬᠠᠢ ᠰᠠᠨᠠᠯ》᠎ᠢ ᠵᠢᠩᠬᠢᠨᠢ᠎ᠪᠠᠷ ᠨᠡᠶ᠋ᠢᠲᠡᠯᠡᠪᠡ᠃ ᠤᠢ ᠰᠢᠭᠤᠢ ᠵᠢᠨ ᠳᠠᠷᠤᠭ᠎ᠠ ᠵᠢᠨ ᠲᠦᠷᠢᠮ᠎ᠢ ᠪᠦᠬᠦ ᠤᠯᠤᠰ᠎ᠤᠨ ᠡᠯ᠎ᠡ ᠭᠠᠵᠠᠷ᠎ᠲᠤ ᠳᠡᠯᠭᠡᠷᠡᠭᠦᠯᠦᠭᠡᠳ ᠨᠡᠶ᠋ᠢᠭᠡᠮ᠎ᠤᠨ ᠡᠯ᠎ᠡ ᠡᠲᠡᠭᠡᠳ᠎ᠤᠨ ᠨᠡᠶ᠋ᠢᠳᠡᠮ᠎ᠤᠨ ᠠᠩᠬᠠᠷᠤᠯ᠎ᠢ ᠲᠠᠲᠠᠪᠠ᠃
ᠭᠤᠸᠠᠨ ᡁᠢ ᠡᠸᠦ᠂ ᠤᠢ ᠰᠢᠭᠤᠢ ᠵᠢᠨ ᠳᠠᠷᠤᠭ᠎ᠠ ᠵᠢᠨ ᠲᠦᠷᠢᠮ᠎ᠢ ᠬᠡᠷᠡᠭᠵᠢᠭᠦᠯᠬᠦ᠎ᠪᠠᠷ ᠳᠠᠮᠵᠢᠭᠤᠯᠵᠤ᠂ ᠬᠠᠮᠤᠭ᠎ᠤᠨ ᠴᠢᠩᠭ᠎ᠠ ᠲᠦᠷᠢᠮ᠂ ᠬᠠᠮᠤᠭ᠎ᠤᠨ ᠴᠢᠩᠭ᠎ᠠ ᠬᠠᠤᠯᠢᠵᠢᠯ ᠵᠶ᠋ᠠᠷ 《ᠠᠭᠤᠯᠠ ᠵᠢ ᠬᠠᠮᠢᠶᠠᠷᠬᠤ ᠬᠥᠮᠦᠨ᠎ᠲᠠᠢ᠂ ᠤᠢ ᠮᠣᠳᠣ ᠵᠢ ᠣᠶ᠋ᠢᠵᠢᠭᠤᠯᠬᠤ ᠬᠥᠮᠦᠨ᠎ᠲᠠᠢ᠂ ᠮᠣᠳᠣ ᠵᠢ ᠬᠠᠮᠠᠭ᠋ᠠᠯᠠᠬᠤ ᠬᠥᠮᠦᠨ᠎ᠲᠠᠢ᠂ ᠬᠠᠷᠢᠭᠤᠴᠠᠯᠭ᠎ᠠ ᠵᠢ ᠡᠭᠦᠷᠭᠡᠯᠡᠬᠦ ᠬᠥᠮᠦᠨ᠎ᠲᠠᠢ》 ᠪᠠᠶ᠋ᠢᠬᠤ ᠵᠢ ᠪᠡᠶᠡᠯᠡᠭᠦᠯᠵᠦ᠂ ᠤᠢ ᠰᠢᠭᠤᠢ ᠵᠢ ᠬᠠᠮᠠᠭ᠋ᠠᠯᠠᠨ ᠬᠥᠭᠵᠢᠭᠦᠯᠬᠦ ᠵᠡᠷᠭᠡ ᠡᠬᠢ ᠪᠠᠶᠠᠯᠢᠭ᠎ᠤᠨ ᠡᠷᠴᠢᠮ ᠬᠦᠷᠦᠯᠴᠡᠬᠦ ᠦᠭᠡᠢ᠂ ᠬᠠᠷᠢᠭᠤᠴᠠᠯᠭ᠎ᠠ ᠪᠣᠳᠠᠲᠠᠢ ᠪᠤᠰᠤ ᠵᠡᠷᠭᠡ ᠠᠰᠠᠭᠤᠳᠠᠯ᠎ᠢ ᠦᠨᠳᠦᠰᠦᠨ᠎ᠠᠴᠠ᠎ᠨᠢ ᠰᠢᠢ᠍ᠳᠪᠦᠷᠢᠯᠡᠵᠦ᠂ ᠤᠯᠤᠰ᠎ᠠᠴᠠ ᠠᠮᠢ ᠠᠬᠤᠢ ᠵᠢ ᠬᠠᠮᠠᠭ᠋ᠠᠯᠠᠬᠤ᠂ ᠤᠯᠠᠨ ᠲᠦᠮᠡᠨ᠎ᠳᠤ ᠪᠣᠳᠠᠲᠠᠢ ᠠᠰᠢᠭ ᠬᠦᠷᠲᠡᠭᠡᠬᠦ ᠬᠣᠣᠰ ᠠᠮᠵᠢᠯᠲᠠ ᠵᠢ ᠠᠩᠬ᠎ᠠ ᠠᠯᠬᠤᠮ ᠪᠡᠶᠡᠯᠡᠭᠦᠯᠵᠦ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠲᠦᠷᠢᠮ᠎ᠤᠨ ᠰᠢᠨ᠎ᠡ ᠡᠭᠦᠳᠦᠯᠲᠡ ᠵᠢᠨ ᠦᠷ᠎ᠡ ᠪᠦᠲᠦᠮᠵᠢ ᠪᠠ ᠠᠮᠢᠵᠢᠷᠠᠯ᠎ᠤᠨ ᠬᠦᠴᠦᠨ᠎ᠢ ᠢᠯᠡᠷᠡᠭᠦᠯᠪᠡ ᠭᠡᠵᠦ ᠬᠡᠯᠡᠪᠡ᠃
ᠭᠤᠸᠠᠨ ᡁᠢ ᠡᠸᠤ᠂ ᠣᠳᠣᠬᠠᠨ᠎ᠳᠤ ᠵᠢᠴᠢ ᠬᠣᠶ᠋ᠢᠰᠢᠳᠠ ᠵᠢᠨ ᠬᠡᠰᠡᠭ ᠬᠤᠭᠤᠴᠠᠭ᠋ᠠᠨ᠎ᠳᠤ᠂ ᠪᠥᠬᠥ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠰᠢᠰᠲ᠋ᠧᠮ᠎ᠤᠨ᠎ᠬᠢᠨ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠢ ᠨᠠᠶ᠋ᠢᠳᠠᠪᠤᠷᠢᠵᠢᠭᠤᠯᠬᠤ ᠵᠢ ᠪᠥᠬᠥ ᠬᠦᠴᠦᠨ ᠵᠶ᠋ᠠᠷ ᠵᠶ᠋ᠠᠨ ᠠᠬᠢᠭᠤᠯᠵᠤ᠂ ᠡᠯ᠎ᠡ ᠱᠠᠲᠤᠨ᠎ᠤ ᠣᠶ ᠰᠢᠭᠤᠶ ᠵᠢᠨ ᠳᠠᠷᠤᠭ᠎ᠠ ᠵᠢ ᠪᠠᠶ᠋ᠢᠭᠤᠯᠬᠤ ᠡᠭᠦᠷᠭᠡ ᠵᠢ ᠤᠷᠢᠳᠴᠢᠯᠠᠨ ᠪᠡᠶᠡᠯᠡᠭᠦᠯᠬᠦ᠎ᠪᠠᠷ ᠴᠢᠷᠮᠠᠶ᠋ᠢᠬᠤ ᠬᠡᠷᠡᠭᠲᠡᠶ᠃ ᠤᠢ ᠰᠢᠭᠤᠢ ᠪᠠ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠬᠥᠭᠵᠢᠯᠲᠡ ᠵᠢᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠥᠲᠥᠯᠪᠦᠷᠢ ᠵᠢ ᠨᠠᠶ᠋ᠢᠷᠠᠭᠤᠯᠤᠨ ᠵᠣᠬᠢᠶᠠᠵᠤ᠂ ᠣᠷᠣᠨ ᠪᠦᠰᠡ ᠵᠢᠨ ᠴᠢᠨᠠᠷᠲᠠᠢ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮ᠎ᠲᠠᠢ ᠵᠠᠰᠠᠬᠤ ᠢᠨᠵᠧᠨᠧᠷᠢᠩ᠎ᠢ ᠬᠡᠷᠡᠭᠵᠢᠭᠦᠯᠦᠨ᠎ᠡ᠃ ᠤᠯᠤᠰ᠎ᠤᠨ ᠨᠤᠲᠤᠭ ᠳᠡᠪᠢᠰᠬᠡᠷ᠎ᠤᠨ ᠨᠣᠭᠣᠭ᠋ᠠᠷᠠᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠶᠠᠪᠤᠭᠳᠠᠭᠣᠯᠵᠣ᠂ 《2030᠎ᠤᠨ ᠪᠣᠯᠬᠤ᠎ᠳᠤ ᠤᠢ ᠰᠢᠭᠤᠢ ᠵᠢᠨ ᠬᠠᠳᠠᠭ᠋ᠠᠯᠠᠭᠳᠠᠴᠠ ᠵᠢ 2005 ᠣᠨ᠎ᠤ᠎ᠬᠢ᠎ᠠᠴᠠ 60 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠨᠡᠮᠡᠭᠳᠡᠭᠦᠯᠬᠦ》 ᠬᠠᠷᠠᠯᠲᠠ ᠡᠭᠦᠷᠭᠡ ᠵᠢ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠬᠦ ᠵᠢ ᠦᠨᠡᠨᠬᠦ ᠪᠠᠲᠤᠯᠠᠨ᠎ᠠ᠃ ᠤᠯᠤᠰ᠎ᠤᠨ ᠴᠡᠴᠡᠷᠯᠢᠭ ᠵᠶ᠋ᠠᠷ ᠭᠣᠣᠯ ᠴᠣᠭᠴᠠ ᠪᠣᠯᠭ᠋ᠠᠭᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠢ ᠪᠠᠶ᠋ᠢᠭᠤᠯᠵᠤ᠂ ᠤᠯᠤᠰ᠎ᠤᠨ ᠴᠡᠴᠡᠷᠯᠢᠭ᠎ᠢ ᠵᠢᠩᠬᠢᠨᠢ᠎ᠪᠠᠷ ᠪᠠᠶ᠋ᠢᠭᠤᠯᠵᠤ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠢ ᠰᠢᠯᠢᠳᠡᠭᠵᠢᠭᠦᠯᠦᠨ ᠨᠡᠶ᠋ᠢᠳᠬᠡᠬᠦ ᠵᠢ ᠠᠬᠢᠭᠤᠯᠤᠨ᠎ᠠ᠃ ᠬᠡᠭᠡᠷ᠎ᠡ ᠵᠢᠨ ᠠᠮᠢᠲᠠᠨ ᠢᠳᠡᠬᠦ ᠵᠢ ᠴᠠᠭ᠋ᠠᠵᠠᠯᠠᠬᠤ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠂ ᠣᠯᠠᠨ ᠲᠦᠮᠡᠨ᠎ᠤ ᠦᠢᠯᠡᠳᠪᠦᠷᠢᠯᠡᠯ ᠠᠮᠢᠳᠤᠷᠠᠯ᠎ᠤᠨ ᠠᠮᠤᠷ ᠲᠦᠪᠰᠢᠨ᠎ᠢ ᠰᠦᠷᠳᠡᠭᠦᠯᠵᠦ ᠪᠠᠶ᠋ᠢᠭ᠎ᠠ ᠬᠡᠭᠡᠷ᠎ᠡ ᠵᠢᠨ ᠭᠠᠬᠠᠶ ᠵᠡᠷᠭᠡ ᠬᠡᠭᠡᠷ᠎ᠡ ᠵᠢᠨ ᠠᠮᠢᠲᠠᠨ᠎ᠳᠤ ᠬᠠᠤᠯᠢ ᠶᠣᠰᠣᠭ᠋ᠠᠷ ᠳᠦᠷᠰᠦ ᠵᠢᠨ ᠰᠦᠷᠦᠭ᠎ᠤᠨ ᠲᠣᠬᠢᠷᠠᠭᠤᠯᠭ᠎ᠠ ᠡᠵᠡᠮᠰᠢᠯ ᠬᠢᠬᠦ ᠬᠡᠷᠡᠭᠲᠡᠶ᠃ ᠠᠮᠢ ᠠᠬᠤᠶ ᠵᠢᠨ ᠰᠦᠯᠵᠢᠶᠡᠨ᠎ᠤ ᠮᠡᠳᠡᠷᠡᠬᠦ ᠰᠢᠰᠲ᠋ᠧᠮ᠎ᠢ ᠲᠦᠷᠭᠡᠳᠬᠡᠨ ᠪᠠᠶ᠋ᠢᠭᠤᠯᠵᠤ᠂ ᠣᠯᠠᠨ ᠴᠢᠳᠠᠮᠵᠢ ᠪᠦᠬᠦᠢ ᠬᠢᠨᠠᠨ ᠬᠠᠮᠢᠶᠠᠷᠴᠤ ᠬᠢᠨᠠᠨ ᠰᠢᠨᠵᠢᠬᠦ ᠠᠵᠢᠯ᠎ᠤᠨ ᠬᠠᠷᠠᠯᠲᠠ ᠵᠢ ᠪᠡᠶᠡᠯᠡᠭᠦᠯᠬᠦ ᠵᠢ ᠠᠬᠢᠭᠤᠯᠤᠨ᠎ᠠ᠃ ᠣᠶ ᠰᠢᠭᠤᠶ ᠪᠠ ᠨᠤᠲᠤᠭ ᠪᠡᠯᠴᠢᠭᠡᠷ᠎ᠤᠨ ᠭᠠᠯ ᠲᠦᠢᠮᠡᠷ᠎ᠢ ᠰᠡᠷᠭᠡᠶ᠋ᠢᠯᠡᠨ ᠤᠨᠲᠠᠷᠠᠭ᠋ᠠᠬᠤ ᠵᠢ ᠨᠢᠭᠡ ᠴᠣᠭᠴᠠᠵᠢᠭᠤᠯᠬᠤ ᠠᠵᠢᠯ᠎ᠤᠨ ᠰᠢᠰᠲ᠋ᠧᠮ᠎ᠢ ᠬᠦᠴᠦᠯᠡᠨ ᠪᠠᠶ᠋ᠢᠭᠤᠯᠵᠤ᠂ ᠨᠠᠷᠠᠰᠤᠨ ᠮᠤᠳᠤᠨ᠎ᠤ ᠤᠲᠠᠰᠤᠯᠢᠭ ᠬᠣᠷᠣᠬᠠᠶ ᠵᠢᠨ ᠡᠪᠡᠳᠴᠢᠨ᠎ᠢ ᠰᠡᠷᠭᠡᠶ᠋ᠢᠯᠡᠨ ᠵᠠᠰᠠᠬᠤ᠂ ᠠᠶᠤᠩᠭ᠎ᠠ ᠨᠢᠷᠭᠡᠯᠭᠡ ᠵᠢᠨ ᠲᠦᠢᠮᠡᠷ᠎ᠢ ᠰᠡᠷᠭᠡᠶ᠋ᠢᠯᠡᠨ ᠡᠵᠡᠮᠳᠡᠬᠦ ᠵᠡᠷᠭᠡ ᠳᠡᠯᠡᠬᠡᠶ ᠵᠢᠨ ᠲᠠᠰ᠎ᠤᠨ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠠᠬᠢᠴᠠ ᠵᠢ ᠦᠷᠭᠦᠯᠵᠢᠯᠡᠨ ᠠᠬᠢᠭᠤᠯᠤᠨ᠎ᠠ᠃ ᠲᠣᠰ᠎ᠤᠨ ᠴᠠᠢ᠂ ᠬᠤᠯᠤᠰᠤ᠂ ᠴᠡᠴᠡᠭ ᠡᠪᠡᠰᠦ ᠵᠡᠷᠭᠡ ᠳᠠᠪᠠᠭᠤᠯᠢᠭ ᠠᠵᠤ ᠦᠢ᠍ᠯᠡᠰ᠎ᠢ ᠭᠣᠣᠯᠳᠠᠯᠭ᠎ᠠ᠎ᠲᠠᠢ ᠬᠥᠭᠵᠢᠭᠦᠯᠵᠦ᠂ ᠬᠦᠬᠡ ᠣᠰᠣ ᠬᠦᠬᠡᠮᠳᠦᠭ ᠠᠭᠤᠯᠠ ᠵᠢ ᠠᠯᠳᠠ ᠮᠥᠩᠭᠥᠨ ᠠᠭᠤᠯᠠ ᠪᠣᠯᠭ᠋ᠠᠨ ᠬᠤᠪᠢᠷᠠᠭᠤᠯᠬᠤ ᠵᠢ ᠢᠳᠡᠪᠬᠢᠲᠡᠢ ᠠᠬᠢᠭᠤᠯᠤᠨ᠎ᠠ ᠭᠡᠵᠦ ᠢᠯᠡᠷᠬᠡᠢ᠌ᠯᠡᠪᠡ᠃