ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠭᠤᠸᠠᠨ ᡁᠢ ᠡᠸᠦ ᠰᠤᠷᠪᠤᠯᠵᠢᠯᠠᠭᠴᠢ ᠵᠢᠨ ᠰᠤᠷᠪᠤᠯᠵᠢᠯᠠᠭ᠎ᠠ ᠵᠢ ᠬᠦᠯᠢᠶᠡᠬᠦ᠎ᠳᠡᠭᠡᠨ᠂ ᠡᠨᠡ ᠵᠢᠯ ᠨᠢᠭᠡ ᠪᠦᠯᠦᠭ ᠤᠯᠤᠰ᠎ᠤᠨ ᠴᠡᠴᠡᠷᠯᠢᠭ᠎ᠢ ᠵᠢᠩᠬᠢᠨᠢ᠎ᠪᠠᠷ ᠪᠠᠶ᠋ᠢᠭᠤᠯᠬᠤ ᠵᠢᠨ ᠬᠠᠮᠲᠤ ᠬᠡᠭᠡᠷ᠎ᠡ ᠵᠢᠨ ᠠᠮᠢᠲᠠᠨ᠎ᠢ ᠢᠳᠡᠭᠡᠨ᠎ᠳᠤ ᠬᠡᠷᠡᠭᠯᠡᠬᠦ ᠵᠢ ᠴᠠᠭ᠋ᠠᠵᠠᠯᠠᠬᠤ ᠠᠵᠢᠯ᠎ᠢ ᠦᠷᠭᠦᠯᠵᠢᠯᠡᠨ ᠰᠠᠶ᠋ᠢᠲᠤᠷ ᠬᠢᠨ᠎ᠠ ᠭᠡᠵᠡᠢ᠃
30 ᠵᠢᠯ ᠳᠠᠷᠠᠭ᠋ᠠᠯᠠᠨ 《ᠬᠤᠤᠰ ᠨᠡᠮᠡᠭᠳᠡᠯ》᠎ᠲᠠᠢ ᠪᠣᠯᠵᠣ᠂ ᠮᠠᠨ᠎ᠤ ᠤᠯᠤᠰ ᠣᠶ ᠰᠢᠭᠤᠶ ᠵᠢᠨ ᠡᠬᠢ ᠪᠠᠶᠠᠯᠢᠭ᠎ᠤᠨ ᠨᠡᠮᠡᠭᠳᠡᠯ ᠵᠶ᠋ᠠᠷ ᠬᠠᠮᠤᠭ᠎ᠤᠨ ᠶᠡᠬᠡ ᠤᠯᠤᠰ ᠪᠣᠯᠪᠠ
《ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠪᠦᠬᠦ ᠤᠯᠤᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠤᠨ ᠰᠢᠰᠲ᠋ᠧᠮ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠨ ᠰᠡᠷᠭᠦᠭᠡᠬᠦ᠂ ᠤᠯᠤᠰ᠎ᠤᠨ ᠴᠡᠴᠡᠷᠯᠢᠭ ᠵᠢᠴᠢ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠤᠨ ᠪᠠᠶ᠋ᠢᠭᠤᠯᠤᠯᠲᠠ᠂ ᠬᠡᠭᠡᠷ᠎ᠡ ᠵᠢᠨ ᠠᠮᠢᠲᠠᠨ ᠤᠷᠭᠤᠮᠠᠯ᠎ᠤᠨ ᠬᠠᠮᠠᠭ᠋ᠠᠯᠠᠯᠲᠠ᠂ ᠤᠢ ᠰᠢᠭᠤᠶ ᠪᠠ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ᠂ ᠠᠮᠢ ᠠᠬᠤᠢ᠎ᠪᠠᠷ ᠠᠷᠠᠳ᠎ᠢ ᠴᠢᠨᠡᠭᠡᠯᠢᠭᠵᠢᠭᠦᠯᠬᠦ ᠠᠵᠤ ᠦᠢ᠍ᠯᠡᠰ᠎ᠢ ᠬᠥᠭᠵᠢᠭᠦᠯᠬᠦ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠪᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠰᠢᠢ᠍ᠳᠪᠦᠷᠢᠲᠦ ᠢᠯᠠᠯᠲᠠ ᠵᠢ ᠣᠯᠬᠣ᠂ ᠭᠣᠣᠯᠳᠠᠯᠭ᠋ᠠᠲᠣ ᠬᠦᠷᠢᠶᠡᠨ᠎ᠤ ᠥᠭᠡᠷᠡᠴᠢᠯᠡᠯᠲᠡ ᠵᠢ ᠲᠦᠯᠬᠢᠨ ᠠᠬᠢᠭᠤᠯᠬᠤ ᠵᠡᠷᠭᠡ ᠲᠠᠯ᠎ᠠ᠎ᠪᠠᠷ ᠲᠠᠰᠤᠷᠠᠯᠲᠠ ᠦᠭᠡᠢ ᠰᠢᠨ᠎ᠡ ᠠᠬᠢᠯᠲᠠ᠎ᠲᠠᠢ ᠪᠣᠯᠪᠠ᠂ ᠠᠷᠠᠳ ᠣᠯᠠᠨ᠎ᠤ ᠦᠵᠡᠰᠬᠦᠯᠡᠩᠲᠤ ᠰᠠᠶ᠋ᠢᠬᠠᠨ ᠠᠮᠢ ᠠᠬᠤᠶ ᠵᠢᠨ ᠣᠷᠴᠢᠨ ᠨᠥᠬᠥᠴᠡᠯ᠎ᠢ ᠬᠠᠩᠭ᠋ᠠᠬᠤ᠂ ᠰᠢᠯᠢᠳᠡᠭ ᠠᠮᠢ ᠠᠬᠤᠶ ᠵᠢᠨ ᠪᠦᠲᠦᠭᠡᠭᠳᠡᠬᠦᠨ᠂ ᠴᠢᠨᠠᠷ ᠰᠠᠶ᠋ᠢᠲᠠᠶ ᠠᠮᠢ ᠠᠬᠤᠶ ᠵᠢᠨ ᠦᠢᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠲᠠᠯ᠎ᠠ᠎ᠪᠠᠷ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠤᠯᠪᠠ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠠᠮᠢ ᠠᠬᠤᠶ ᠵᠢᠨ ᠪᠣᠯᠪᠠᠰᠤᠨ ᠪᠠ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠥᠲᠥᠭᠡᠨ ᠪᠠᠶ᠋ᠢᠭᠤᠯᠤᠯᠲᠠ᠎ᠳᠤ ᠰᠢᠨ᠎ᠡ ᠳᠠᠪᠰᠢᠯᠲᠠ ᠵᠢ ᠪᠡᠶᠡᠯᠡᠭᠦᠯᠵᠦ᠂ 2035 ᠣᠨ᠎ᠳᠤ ᠠᠮᠢ ᠠᠬᠤᠶ ᠵᠢᠨ ᠣᠷᠴᠢᠨ ᠨᠥᠬᠥᠴᠡᠯ᠎ᠢ ᠦᠨᠳᠦᠰᠦᠨ᠎ᠠᠴᠠ᠎ᠨᠢ ᠰᠠᠶ᠋ᠢᠵᠢᠷᠠᠭᠤᠯᠣᠨ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ ᠬᠠᠷᠠᠯᠲᠠ ᠵᠢ ᠦᠨᠳᠦᠰᠦᠨ᠎ᠳᠡᠭᠡᠨ ᠪᠡᠶᠡᠯᠡᠭᠦᠯᠬᠦ᠎ᠳᠤ ᠪᠠᠲᠤ ᠪᠡᠬᠢ ᠰᠠᠭᠤᠷᠢ ᠵᠢ ᠲᠠᠯᠪᠢᠪᠠ》 ᠭᠡᠵᠦ ᠭᠤᠸᠠᠨ ᡁᠢ ᠡᠸᠤ ᠲᠠᠨᠢᠯᠴᠠᠭᠤᠯᠪᠠ᠃
ᠣᠶ᠋ᠢᠯᠠᠭ᠋ᠠᠭᠰᠠᠨ ᠵᠶ᠋ᠠᠷ᠂ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠪᠥᠬᠥ ᠤᠯᠤᠰ᠎ᠲᠤ ᠨᠡᠶ᠋ᠢᠲᠡ 5.45 ᠳ᠋ᠦᠩᠰᠢᠭᠤᠷ ᠮᠥ᠍ ᠮᠣᠳᠣ ᠳᠠᠷᠢᠵᠤ᠂ 6.37 ᠳ᠋ᠦᠩᠰᠢᠭᠤᠷ ᠮᠥ᠍ ᠣᠶ ᠰᠢᠭᠤᠶ ᠵᠢ ᠤᠢ᠌ᠵᠢᠭᠤᠯᠵᠤ᠂ 4805 ᠲᠦᠮᠡᠨ ᠮᠥ᠍ ᠤᠯᠤᠰ᠎ᠤᠨ ᠨᠥᠭᠡᠴᠡ ᠣᠶ ᠣᠢ᠌ᠵᠢᠭᠣᠯᠵᠣ᠂ ᠣᠶ ᠰᠢᠭᠤᠶ ᠵᠢᠨ ᠪᠦᠷᠬᠦᠴᠡ ᠵᠢᠨ ᠨᠣᠷᠮ᠎ᠠ 23.04 % ᠪᠣᠯᠲᠠᠯ᠎ᠠ ᠳᠡᠭᠡᠭᠰᠢᠯᠡᠵᠦ᠂ ᠣᠶ ᠰᠢᠭᠤᠶ ᠵᠢᠨ ᠬᠠᠳᠠᠭ᠋ᠠᠯᠠᠭᠳᠠᠴᠠ ᠵᠢᠨ ᠬᠡᠮᠵᠢᠶ᠎ᠡ 175 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠢ ᠳᠠᠪᠠᠵᠤ᠂ 30 ᠵᠢᠯ ᠳᠠᠷᠠᠭ᠋ᠠᠯᠠᠨ 《ᠬᠤᠤᠰ ᠨᠡᠮᠡᠭᠳᠡᠯ》᠎ᠢ ᠪᠠᠲᠤᠯᠠᠵᠤ᠂ ᠣᠶ ᠰᠢᠭᠤᠶ ᠵᠢᠨ ᠡᠬᠢ ᠪᠠᠶᠠᠯᠢᠭ᠎ᠤᠨ ᠨᠡᠮᠡᠭᠳᠡᠯ ᠵᠶ᠋ᠠᠷ ᠬᠠᠮᠤᠭ᠎ᠤᠨ ᠶᠡᠬᠡ ᠤᠯᠤᠰ ᠪᠣᠯᠤᠭᠰᠠᠨ ᠪᠠᠶ᠋ᠢᠨ᠎ᠠ᠃ ᠤᠯᠠᠭ᠋ᠠᠨ ᠽᠠᠨᠳᠠᠨ ᠮᠣᠳᠣᠨ ᠣᠶ ᠵᠢ ᠬᠠᠮᠠᠭ᠋ᠠᠯᠠᠨ ᠰᠡᠷᠭᠦᠭᠡᠬᠦ ᠲᠤᠰᠬᠠᠶ ᠠᠵᠢᠯᠯᠠᠭ᠎ᠠ ᠵᠢ ᠶᠠᠪᠤᠭᠳᠠᠭᠣᠯᠵᠣ᠂ ᠴᠢᠭᠢᠭᠯᠢᠭ ᠭᠠᠵᠠᠷ᠎ᠤᠨ ᠲᠠᠯᠠᠪᠠᠶ 300 ᠭᠠᠷᠤᠶ ᠲᠦᠮᠡᠨ ᠮᠥ᠍ ᠰᠢᠨ᠎ᠡ᠎ᠪᠠᠷ ᠨᠡᠮᠡᠭᠳᠡᠵᠦ᠂ ᠴᠢᠭᠢᠭᠯᠢᠭ ᠭᠠᠵᠠᠷ᠎ᠤᠨ ᠬᠠᠮᠠᠭ᠋ᠠᠯᠠᠯᠲᠠ ᠵᠢᠨ ᠨᠣᠷᠮ᠎ᠠ 50 % ᠵᠢ ᠳᠠᠪᠠᠪᠠ᠃ ᠨᠡᠶ᠋ᠢᠲᠡ 1.8 ᠳ᠋ᠦᠩᠰᠢᠭᠤᠷ ᠮᠥ᠍ ᠡᠯᠡᠰᠦᠷᠬᠡᠭᠵᠢᠭᠰᠡᠨ ᠪᠠ ᠬᠠᠶ᠋ᠢᠷᠬᠠᠭᠵᠢᠨ ᠴᠦᠯᠵᠢᠭᠰᠡᠨ ᠭᠠᠵᠠᠷ ᠰᠢᠷᠣᠶ ᠵᠢ ᠵᠠᠰᠠᠵᠤ᠂ ᠡᠯᠡᠰᠦᠷᠬᠡᠭᠵᠢᠭᠰᠡᠨ ᠭᠠᠵᠠᠷ ᠰᠢᠷᠣᠶ ᠵᠢ ᠪᠢᠲᠡᠭᠦᠮᠵᠢᠯᠡᠨ ᠴᠠᠭ᠋ᠠᠵᠠᠯᠠᠭᠰᠠᠨ ᠬᠠᠮᠠᠭ᠋ᠠᠯᠠᠯᠲᠠ ᠵᠢᠨ ᠣᠷᠣᠨ᠎ᠤ ᠲᠠᠯᠠᠪᠠᠶ ᠵᠢ 2660 ᠲᠦᠮᠡᠨ ᠮᠥ᠍ ᠬᠦᠷᠲᠡᠯ᠎ᠡ ᠥᠷᠭᠡᠳᠬᠡᠵᠦ᠂ ᠴᠦᠯᠯᠡᠷᠭᠡᠭᠵᠢᠭᠰᠡᠨ ᠲᠠᠯᠠᠪᠠᠶ ᠪᠠ ᠬᠡᠮᠵᠢᠶ᠎ᠡ ᠦᠷᠭᠦᠯᠵᠢᠯᠡᠨ ᠪᠠᠭ᠋ᠠᠰᠴᠣ᠂ ᠡᠯᠡᠰᠦᠨ ᠰᠢᠭᠤᠷᠭ᠎ᠠ ᠵᠢᠨ ᠴᠠᠭ ᠠᠭᠤᠷ᠎ᠤᠨ ᠲᠣᠭ᠎ᠠ ᠢᠯᠡᠳᠲᠡ ᠪᠠᠭ᠋ᠠᠰᠤᠭᠰᠠᠨ ᠪᠠᠶ᠋ᠢᠨ᠎ᠠ᠃
ᠡᠨᠡ ᠵᠢᠯ ᠨᠢᠭᠡ ᠪᠦᠯᠦᠭ ᠤᠯᠤᠰ᠎ᠤᠨ ᠴᠡᠴᠡᠷᠯᠢᠭ᠎ᠢ ᠵᠢᠩᠬᠢᠨᠢ᠎ᠪᠠᠷ ᠪᠠᠶ᠋ᠢᠭᠤᠯᠤᠨ᠎ᠠ
2015 ᠣᠨ᠎ᠳᠤ᠂ ᠮᠠᠨ᠎ᠤ ᠤᠯᠤᠰ ᠤᠯᠤᠰ᠎ᠤᠨ ᠴᠡᠴᠡᠷᠯᠢᠭ᠎ᠤᠨ ᠪᠠᠶ᠋ᠢᠭᠤᠯᠤᠯ᠎ᠤᠨ ᠲᠤᠷᠰᠢᠯᠲᠠ ᠵᠢᠨ ᠴᠡᠭ᠎ᠤᠨ ᠪᠠᠶ᠋ᠢᠭᠤᠯᠤᠯᠲᠠ ᠵᠢ ᠡᠬᠢᠯᠡᠭᠦᠯᠪᠡ᠃ ᠲᠠᠪᠤᠨ ᠵᠢᠯ᠎ᠤᠨ ᠲᠤᠷᠰᠢ᠂ ᠤᠯᠤᠰ᠎ᠤᠨ ᠴᠡᠴᠡᠷᠯᠢᠭ᠎ᠤᠨ ᠪᠠᠶ᠋ᠢᠭᠤᠯᠤᠯ᠎ᠤᠨ ᠲᠤᠷᠰᠢᠯᠲᠠ᠎ᠨᠢ ᠥᠵᠦ ᠲᠥᠯᠥᠪᠯᠡᠭᠡ᠂ ᠬᠠᠮᠢᠶᠠᠷᠤᠯᠲᠠ ᠵᠢᠨ ᠪᠠᠶ᠋ᠢᠭᠤᠯᠤᠯ᠂ ᠲᠣᠭᠲᠠᠴᠠ ᠵᠢᠨ ᠰᠢᠨ᠎ᠡ ᠡᠭᠦᠳᠦᠯᠲᠡ᠂ ᠡᠬᠢ ᠪᠠᠶᠠᠯᠢᠭ᠎ᠤᠨ ᠬᠠᠮᠠᠭ᠋ᠠᠯᠠᠯᠲᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠡᠷᠭᠡ ᠲᠠᠯ᠎ᠠ᠎ᠪᠠᠷ ᠠᠰᠢᠭᠲᠠᠶ ᠰᠥᠪᠡᠭᠴᠢᠯᠡᠯᠲᠡ ᠬᠢᠵᠦ᠂ ᠱᠠᠲᠤ ᠦᠶ᠎ᠡ ᠵᠢᠨ ᠴᠢᠨᠠᠷᠲᠠᠶ ᠦᠷ᠎ᠡ ᠪᠦᠲᠦᠮᠵᠢ ᠣᠯᠤᠭᠰᠠᠨ ᠪᠠᠶ᠋ᠢᠨ᠎ᠠ᠃ 2021 ᠣᠨ᠎ᠳᠤ ᠪᠠᠰᠠ ᠶᠠᠮᠠᠷ ᠰᠢᠨ᠎ᠡ ᠬᠤᠪᠢᠷᠠᠯᠲᠠ ᠭᠠᠷᠬᠤ ᠪᠣᠶ?
ᠭᠤᠸᠠᠨ ᡁᠢ ᠡᠸᠦ᠂ ᠤᠯᠤᠰ᠎ᠤᠨ ᠴᠡᠴᠡᠷᠯᠢᠭ᠎ᠤᠨ ᠪᠠᠶ᠋ᠢᠭᠤᠯᠤᠮᠵᠢ ᠵᠢ ᠪᠠᠶ᠋ᠢᠭᠤᠯᠬᠤ ᠪᠣᠯ ᠠᠮᠢ ᠠᠬᠤᠢ ᠵᠢᠨ ᠪᠣᠯᠪᠠᠰᠤᠨ᠎ᠤ ᠬᠦᠷᠢᠶᠡᠨ᠎ᠳᠠᠬᠢ ᠴᠢᠬᠤᠯᠠ ᠶᠡᠬᠡ ᠲᠦᠷᠢᠮ᠎ᠤᠨ ᠰᠢᠨ᠎ᠡ ᠡᠭᠦᠳᠦᠯᠲᠡ ᠪᠣᠯᠤᠨ᠎ᠠ ᠭᠡᠵᠦ ᠢᠯᠡᠷᠬᠡᠢ᠌ᠯᠡᠪᠡ᠃
ᠣᠳᠣᠬᠠᠨ᠎ᠳᠤ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠤᠨ ᠪᠠᠶ᠋ᠢᠭᠤᠯᠤᠯᠲᠠ ᠲᠦᠷᠭᠡᠰᠴᠦ᠂ ᠤᠯᠤᠰ᠎ᠤᠨ ᠴᠡᠴᠡᠷᠯᠢᠭ᠎ᠤᠨ ᠲᠤᠷᠰᠢᠯᠲᠠ ᠵᠢᠨ ᠴᠡᠭ᠎ᠤᠨ ᠡᠭᠦᠷᠭᠡ ᠵᠢ ᠦᠨᠳᠦᠰᠦᠨ᠎ᠳᠡᠭᠡᠨ ᠪᠡᠶᠡᠯᠡᠭᠦᠯᠵᠦ᠂ ᠡᠨᠡ ᠵᠢᠯ ᠨᠢᠭᠡ ᠪᠦᠯᠦᠭ ᠤᠯᠤᠰ᠎ᠤᠨ ᠴᠡᠴᠡᠷᠯᠢᠭ᠎ᠢ ᠵᠢᠩᠬᠢᠨᠢ᠎ᠪᠠᠷ ᠪᠠᠶ᠋ᠢᠭᠤᠯᠤᠨ᠎ᠠ᠃