ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠰᠣᠷᠪᠣᠯᠵᠢᠯᠠᠭ᠎ᠠ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠤᠤᠯ ᠰᠢᠵᠢᠮ ᠪᠣᠯᠭ᠋ᠠᠵᠤ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠬᠦᠳᠦᠨ ᠪᠠᠶ᠋ᠢᠭᠤᠯᠬᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠶ᠎ᠠ
ᠨᠡᠶ᠋ᠢᠲᠡᠯᠡᠭᠰᠡᠨ ᠴᠠᠭ᠄ 2021-12-28


   

      ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠡᠷᠬᠢᠯᠡᠭᠴᠢ ᠶᠦᠨ ᠭᠦᠸᠧ ᠱᠧᠩ


ᠲᠤᠪᠴᠢ ᠠᠭᠤᠯᠭ᠎ᠠ᠄

      ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠳᠠᠷᠠᠭ᠎ᠠ᠂ ᠮᠠᠨ᠎ᠤ ᠣᠷᠣᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ ᠨᠠᠶ᠋ᠢᠳᠠᠪᠤᠷᠢᠵᠢᠭᠤᠯᠬᠤ ᠬᠠᠯᠠᠭᠤᠨ ᠥᠷᠨᠢᠯᠲᠡ ᠵᠢ ᠦᠳᠲᠡᠷ ᠲᠦᠷᠭᠡᠨ ᠪᠤᠢ ᠪᠣᠯᠭ᠋ᠠᠵᠤ᠂ ᠪᠥᠬᠦ ᠣᠷᠣᠨ᠎ᠤ ᠡᠯ᠎ᠡ ᠱᠠᠲᠤᠨ᠎ᠤ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠤᠤᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠪᠥᠬᠦ ᠲᠠᠯ᠎ᠠ᠎ᠪᠠᠷ ᠬᠦᠨ ᠭᠦᠨᠵᠡᠭᠡᠶ ᠤᠳᠠᠭ᠋ᠠᠨ ᠳᠠᠭ᠋ᠠᠭ᠋ᠠᠮᠠᠭ᠋ᠠᠶ ᠥᠷᠨᠢᠭᠦᠯᠬᠦ ᠵᠢ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠴᠢᠬᠤᠯᠠ ᠭᠠᠷᠳᠠᠴᠠ ᠪᠣᠯᠭ᠋ᠠᠵᠤ᠂ ᠮᠠᠨ᠎ᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠶᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠪᠠ᠃

ᠦᠰᠦᠭ ᠪᠢᠴᠢᠭ᠎ᠤᠨ ᠪᠣᠳᠠᠲᠤ ᠲᠡᠮᠳᠡᠭᠯᠡᠯ

      ᠬᠥᠲᠥᠯᠥᠭᠴᠢ᠄ ᠰᠦᠯᠵᠢᠶᠡᠨ᠎ᠤ ᠠᠨᠳᠠ ᠨᠠᠷ ᠡ᠂ ᠰᠠᠶ᠋ᠢᠨ ᠪᠠᠶ᠋ᠢᠵᠠᠭ᠋ᠠᠨ᠎ᠠ ᠤᠤ! ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶᠡᠨ᠎ᠤ ᠲᠣᠰ ᠬᠤᠭᠤᠴᠠᠭ᠋ᠠᠨ᠎ᠤ ᠰᠦᠯᠵᠢᠶᠡᠨ ᠲᠡᠬᠡᠷᠡᠬᠢ ᠰᠤᠷᠪᠤᠯᠵᠢᠯᠠᠭ᠎ᠠ ᠵᠢᠨ ᠪᠤᠯᠤᠩ᠎ᠢ ᠭᠥᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠶ᠋ᠢᠨ᠎ᠠ᠃ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠡᠷᠬᠢᠯᠡᠭᠴᠢ ᠶᠦᠨ ᠭᠦᠸᠧ ᠱᠧᠩ ᠨᠥᠬᠦᠷ᠎ᠢ ᠤᠷᠢᠵᠤ ᠤᠷᠤᠯᠴᠠᠭᠤᠯᠤᠭᠰᠠᠨ᠎ᠳᠤ᠎ᠪᠠᠨ ᠪᠠᠶᠠᠷᠳᠡᠢ ᠪᠠᠶ᠋ᠢᠨ᠎ᠠ᠂ ᠶᠦᠨ ᠡᠷᠬᠢᠯᠡᠭᠴᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠬᠤ᠎ᠪᠠᠷ ᠭᠤᠤᠯ ᠰᠢᠵᠢᠮ ᠪᠣᠯᠭ᠋ᠠᠵᠤ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢ ᠠᠬᠢᠭᠤᠯᠬᠤ ᠡᠨᠡ ᠬᠦ᠌ ᠭᠤᠤᠯ ᠰᠡᠳᠦᠪ᠎ᠤᠨ ᠲᠤᠬᠠᠶ ᠥᠷᠭᠡᠨ ᠣᠯᠠᠨ ᠰᠦᠯᠵᠢᠶᠡᠨ᠎ᠤ ᠠᠨᠳᠠ ᠨᠠᠷ᠎ᠲᠠᠢ ᠰᠦᠯᠵᠢᠶᠡᠨ ᠳᠡᠭᠡᠷ᠎ᠡ ᠰᠠᠨᠠᠯ ᠵᠶ᠋ᠠᠨ ᠰᠣᠯᠢᠯᠴᠠᠬᠤ ᠪᠤᠯᠤᠨ᠎ᠠ᠃ ᠶᠦᠨ ᠡᠷᠬᠢᠯᠡᠭᠴᠢ ᠡ᠂ ᠲᠠᠨ᠎ᠢ ᠪᠠᠶᠠᠷᠯᠠᠨ ᠤᠭᠳᠤᠵᠤ ᠪᠠᠶ᠋ᠢᠨ᠎ᠠ!

      ᠶᠦᠨ ᠭᠦᠸᠧ ᠱᠧᠩ᠄ ᠬᠥᠲᠥᠯᠥᠭᠴᠢ ᠰᠠᠶ᠋ᠢᠨ ᠪᠠᠶ᠋ᠢᠨ᠎ᠠ ᠤᠤ᠂ ᠰᠦᠯᠵᠢᠶᠡᠨ᠎ᠤ ᠨᠠᠶ᠋ᠢᠵᠠ ᠨᠠᠷ ᠰᠠᠶ᠋ᠢᠨ ᠪᠠᠶ᠋ᠢᠵᠠᠭ᠋ᠠᠨ᠎ᠠ ᠤᠤ? ᠠᠳᠡ ᠲᠠ ᠪᠦᠬᠦᠨ᠎ᠲᠠᠢ ᠰᠠᠨᠠᠯ ᠵᠶ᠋ᠠᠨ ᠰᠣᠯᠢᠯᠴᠠᠬᠤ ᠪᠣᠯᠤᠭᠰᠠᠨ᠎ᠳᠤ᠎ᠪᠠᠨ ᠮᠠᠰᠢ ᠪᠠᠶᠠᠷᠲᠠᠶ ᠪᠠᠶ᠋ᠢᠨ᠎ᠠ᠃ ᠣᠯᠠᠨ ᠵᠶ᠋ᠠᠷ ᠵᠶ᠋ᠠᠨ ᠦᠨᠳᠦᠰᠦᠲᠡᠨ᠎ᠤ ᠬᠡᠷᠡᠭ ᠶᠠᠪᠤᠳᠠᠯ᠎ᠤᠨ ᠠᠵᠢᠯ᠎ᠢ ᠬᠠᠯᠠᠮᠵᠢᠯᠠᠨ ᠲᠡᠮᠵᠢᠵᠤ ᠪᠠᠶ᠋ᠢᠭ᠎ᠠ᠎ᠳᠤ ᠪᠠᠶᠠᠷᠯᠠᠵᠤ ᠪᠠᠶ᠋ᠢᠨ᠎ᠠ᠃

      ᠬᠥᠲᠥᠯᠥᠭᠴᠢ᠄ ᠶᠦᠨ ᠡᠷᠬᠢᠯᠡᠭᠴᠢ ᠡ᠂ ᠮᠠᠨ᠎ᠤ ᠣᠷᠣᠨ᠎ᠤ ᠣᠳᠣᠬᠠᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠥᠷᠨᠢᠭᠦᠯᠦᠭᠰᠡᠨ ᠪᠠᠶ᠋ᠢᠳᠠᠯ᠎ᠤᠨ ᠲᠤᠬᠠᠶ ᠣᠯᠠᠨ ᠪᠦᠬᠦᠳᠡ᠎ᠳᠤ ᠲᠥᠬᠦᠮ ᠲᠠᠨᠢᠯᠴᠠᠭᠤᠯᠵᠤ ᠦᠭᠬᠦ ᠪᠤᠯᠪᠠᠤ᠃

      ᠶᠦᠨ ᠭᠦᠸᠧ ᠱᠧᠩ᠄ ᠣᠷᠳᠣ ᠬᠤᠭᠤᠴᠠᠭ᠋ᠠᠨ᠎ᠤ ᠲᠤᠷᠰᠢ᠂ ᠢᠯᠠᠩᠭᠤᠶ᠎ᠠ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠤᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠠᠵᠢᠯ᠎ᠤᠨ ᠭᠤᠤᠯ ᠰᠢᠵᠢᠮ ᠵᠶ᠋ᠠᠨ ᠪᠣᠯᠭ᠋ᠠᠵᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠣᠶ᠋ᠢᠯᠠᠭ᠋ᠠᠭᠳᠠᠬᠤᠨ᠎ᠢ ᠭᠦᠨᠵᠡᠭᠡᠶ ᠦᠢ᠍ᠯᠡᠳᠦᠯᠭᠡᠵᠢᠬᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠶᠡᠭᠡ᠎ᠪᠠᠷ ᠥᠷᠨᠢᠭᠦᠯᠵᠦ᠂ ᠦᠨᠳᠦᠰᠦᠲᠡᠨ᠎ᠤ ᠪᠦᠯᠬᠦᠮᠳᠡᠯ ᠪᠠ ᠬᠢᠯᠢ ᠬᠢᠵᠠᠭ᠋ᠠᠷ᠎ᠤᠨ ᠠᠮᠤᠷ ᠲᠣᠭᠲᠠᠭᠤᠨ᠎ᠢ ᠯᠠᠪᠳᠠᠭᠤᠨ ᠪᠠᠲᠤᠲᠠᠶ ᠠᠬᠢᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠤᠨ ᠢᠳᠡᠪᠬᠢᠲᠡᠶ ᠦᠷ᠎ᠡ ᠪᠦᠲᠦᠮᠵᠢ ᠤᠯᠬᠤ ᠵᠢ ᠠᠬᠢᠭᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠡᠷᠬᠢᠮ ᠳᠡᠭᠡᠳᠦ ᠢᠷᠠᠭᠤ ᠠᠯᠳᠠᠷ᠎ᠢ ᠦᠷᠭᠦᠯᠵᠢᠯᠡᠨ ᠬᠠᠮᠠᠭ᠋ᠠᠯᠠᠬᠤ ᠬᠡᠷᠡᠭᠲᠡᠢ᠃ ᠨᠢᠭᠡ᠎ᠳᠤ᠂ ᠨᠠᠮ᠎ᠤᠨ ᠤᠳᠤᠷᠢᠳᠤᠯᠭ᠎ᠠ ᠵᠢ ᠦᠷᠭᠦᠯᠵᠢᠯᠡᠨ ᠴᠢᠩᠭ᠋ᠠᠳᠬᠠᠵᠤ᠂ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠵᠢ ᠪᠠᠬᠢᠵᠢᠭᠦᠯᠬᠦ ᠬᠡᠷᠡᠭᠲᠡᠢ᠃ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠ ᠨᠠᠮ᠎ᠤᠨ ᠲᠥᠪ ᠬᠤᠷᠢᠶᠠᠨ᠎ᠤ ᠦᠨᠳᠦᠰᠦᠲᠡᠨ᠎ᠤ ᠠᠵᠢᠯ᠎ᠤᠨ ᠲᠤᠬᠠᠶ ᠰᠢᠶᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ᠎ᠲᠠᠢ ᠪᠠᠷᠢᠮᠵᠢᠶᠠᠯᠠᠨ ᠬᠠᠷᠭᠤᠭᠤᠯᠵᠤ᠂ ᠲᠥᠪ᠎ᠤᠨ ᠲᠣᠭᠤᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠰᠠᠨᠠᠯ᠎ᠳᠤ᠎ᠬᠢ ᠦᠨᠳᠦᠰᠦᠲᠡᠨ᠎ᠲᠠᠢ ᠬᠤᠯᠪᠣᠭᠳᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠤᠯᠲᠠ ᠵᠢ ᠰᠠᠶ᠋ᠢᠲᠤᠷ ᠠᠳᠬᠤᠬᠤ᠎ᠪᠠᠷ ᠴᠢᠬᠤᠯᠠ ᠭᠠᠷᠳᠠᠴᠠ ᠪᠤᠯᠭ᠋ᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠬᠠᠯᠠᠨ ᠰᠠᠶ᠋ᠢᠵᠢᠷᠠᠭᠤᠯᠵᠤ᠂ ᠬᠡᠯᠪᠡᠶ᠋ᠢᠭᠰᠡᠨ᠎ᠢ᠎ᠨᠢ ᠵᠠᠯᠠᠷᠠᠭᠤᠯᠤᠨ ᠵᠥᠪ ᠴᠢᠭᠯᠡᠯ᠎ᠲᠠᠢ ᠪᠤᠯᠭ᠋ᠠᠬᠤ᠎ᠪᠠᠷ ᠴᠢᠷᠮᠠᠶ᠋ᠢᠵᠤ᠂ ᠡᠯ᠎ᠡ ᠱᠠᠲᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠦᠨᠳᠦᠰᠦᠲᠡᠨ᠎ᠤ ᠠᠵᠢᠯ᠎ᠤᠨ ᠴᠢᠬᠤᠯᠠᠴᠢᠯᠠᠨ ᠦᠵᠡᠬᠦ᠎ᠨᠢ ᠢᠯᠡᠳᠲᠡ ᠲᠡᠬᠡᠭᠰᠢᠯᠡᠵᠦ᠂ ᠨᠡᠶ᠋ᠢᠭᠡᠮ ᠳᠠᠶᠠᠭ᠋ᠠᠷ ᠵᠶ᠋ᠠᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠢ ᠬᠠᠯᠠᠮᠵᠢᠯᠠᠨ ᠲᠡᠮᠵᠢᠬᠦ ᠪᠠᠶ᠋ᠢᠳᠠᠯ ᠪᠦᠬᠦ ᠲᠠᠯ᠎ᠠ᠎ᠪᠠᠷ ᠪᠦᠷᠢᠯᠳᠦᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠨ ᠰᠠᠭᠤᠷᠢ ᠨᠡᠩ ᠪᠠᠬᠢᠵᠢᠵᠦ᠂ 《ᠲᠠᠯ᠎ᠠ ᠨᠤᠲᠤᠭ᠎ᠤᠨ ᠬᠥᠪᠡᠭᠦᠳ ᠥᠬᠢᠳ ᠨᠠᠮ ᠵᠶ᠋ᠠᠨ ᠲᠠᠭ᠋ᠠᠵᠦ᠂ ᠦᠨᠳᠦᠰᠦᠲᠡᠨ ᠪᠦᠯᠬᠦᠮᠳᠡᠨ ᠨᠢᠭᠡ ᠭᠡᠷ᠎ᠤᠨ ᠬᠥᠮᠦᠨ ᠮᠡᠲᠦ》 ᠪᠤᠯᠬᠤ ᠠᠭᠤᠷ ᠠᠮᠢᠰᠬᠤᠯ ᠡᠳᠦᠷ ᠢᠷᠡᠬᠦᠶ᠎ᠡ ᠥᠳᠬᠡᠷᠡᠵᠦ ᠪᠠᠶ᠋ᠢᠨ᠎ᠠ᠃ ᠮᠠᠨ᠎ᠤ ᠣᠷᠣᠨ᠎ᠨᠢ ᠲᠥᠪ᠎ᠤᠨ 《ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠡᠭᠦᠳᠦᠨ ᠪᠠᠶ᠋ᠢᠭᠤᠯᠬᠤ ᠠᠵᠢᠯ᠎ᠢ ᠪᠦᠬᠦ ᠲᠠᠯ᠎ᠠ᠎ᠪᠠᠷ ᠬᠦᠨ ᠭᠦᠨᠵᠡᠭᠡᠢ ᠤᠳᠠᠭ᠋ᠠᠨ ᠳᠠᠭ᠋ᠠᠭ᠋ᠠᠮᠠᠭ᠋ᠠᠢ ᠥᠷᠨᠢᠭᠦᠯᠵᠦ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠤᠬᠠᠢ ᠰᠠᠨᠠᠯ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠰᠠᠨᠠᠯ᠎ᠢ ᠲᠣᠭᠲᠠᠭ᠋ᠠᠨ ᠨᠡᠶ᠋ᠢᠲᠡᠯᠡᠵᠦ᠂ ᠰᠢᠨ᠎ᠡ ᠴᠠᠭ ᠦᠶ᠎ᠡ ᠵᠢᠨ ᠥᠪᠥᠷ ᠮᠣᠩᠭᠤᠯ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠰᠠᠶ᠋ᠢᠲᠤᠷ ᠬᠢᠬᠦ ᠲᠤᠬᠠᠶ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》᠎ᠢ ᠲᠣᠭᠲᠠᠭ᠋ᠠᠨ ᠨᠡᠶ᠋ᠢᠲᠡᠯᠡᠵᠦ᠂ ᠡᠭᠦᠳᠦᠨ ᠪᠠᠶ᠋ᠢᠭᠤᠯᠬᠤ ᠠᠵᠢᠯ᠎ᠢ ᠰᠠᠶ᠋ᠢᠲᠤᠷ ᠬᠢᠬᠦ᠎ᠳᠤ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭ᠋ᠠᠪᠠ᠃ ᠮᠠᠨ᠎ᠤ ᠣᠷᠣᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠪᠠ ᠡᠭᠦᠳᠦᠨ ᠪᠠᠶ᠋ᠢᠭᠤᠯᠬᠤ ᠠᠵᠢᠯ᠎ᠢ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢᠨ ᠬᠥᠲᠥᠯᠪᠦᠷᠢ᠎ᠳᠤ ᠣᠷᠣᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠎ᠬᠢ ᠡᠭᠦᠳᠦᠨ ᠪᠠᠶ᠋ᠢᠭᠤᠯᠬᠤ ᠠᠵᠢᠯ᠎ᠢ ᠰᠠᠶ᠋ᠢᠲᠤᠷ ᠬᠢᠬᠦ᠎ᠳᠤ ᠪᠠᠲᠤ ᠲᠤᠯᠭ᠋ᠠᠭᠤᠷᠢᠯᠠᠯ ᠬᠠᠩᠭ᠋ᠠᠪᠠ᠃ ᠪᠦᠬᠦ ᠣᠷᠣᠨ᠎ᠤ ᠡᠯ᠎ᠡ ᠠᠶ᠋ᠢᠮᠠᠭ ᠬᠤᠲᠠ᠂ ᠬᠤᠰᠢᠭᠤ ᠰᠢᠶᠠᠨ ᠬᠤᠲᠠ ᠲᠣᠭᠤᠷᠢᠭ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠤᠨ ᠤᠳᠤᠷᠢᠳᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠵᠢ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠵᠢᠨ ᠴᠢᠬᠤᠯᠠ ᠠᠷᠭ᠎ᠠ ᠵᠠᠮ ᠪᠣᠯᠭ᠋ᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠠᠶ᠋ᠢᠮᠠᠭ ᠬᠤᠲᠠ᠂ ᠵᠢᠱ᠌ᠢᠶ᠎ᠡ ᠦᠵᠡᠭᠦᠯᠬᠦ ᠭᠠᠵᠠᠷ ᠣᠷᠣᠨ᠂ ᠵᠢᠱ᠌ᠢᠶ᠎ᠡ ᠦᠵᠡᠭᠦᠯᠬᠦ ᠨᠢᠬᠡᠴᠢ ᠵᠢ ᠴᠢᠷᠮᠠᠶ᠋ᠢᠨ ᠡᠬᠦᠳᠬᠦ ᠬᠠᠯᠠᠭᠤᠨ ᠰᠡᠳᠬᠢᠯᠭᠡ ᠤᠷᠬᠢᠯᠤᠮ᠎ᠠ ᠪᠣᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠤᠨ ᠰᠢᠨ᠎ᠡ ᠵᠢ ᠡᠭᠦᠳᠦᠨ ᠬᠥᠭᠵᠢᠬᠦ ᠵᠢ ᠤᠯᠠᠮ ᠨᠢᠭᠡ ᠠᠯᠬᠤᠮ ᠠᠬᠢᠭᠤᠯᠪᠠ᠃ ᠬᠤᠶᠠᠷ᠎ᠲᠤ᠂ ᠤᠬᠠᠭᠤᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠬᠦ ᠵᠢ ᠪᠠᠷᠢᠮᠲᠠᠯᠠᠵᠤ᠂ ᠦᠵᠡᠯ ᠰᠠᠨᠠᠭ᠋ᠠᠨ᠎ᠤ ᠰᠠᠭᠤᠷᠢ ᠵᠢ ᠪᠠᠲᠤᠳᠬᠠᠪᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠨ ᠤᠬᠠᠭᠤᠯᠭ᠎ᠠ ᠬᠥᠮᠦᠵᠢᠯ᠎ᠢ ᠨᠠᠮ᠎ᠤᠨ ᠭᠡᠰᠢᠭᠦᠨ᠎ᠤ ᠬᠥᠮᠦᠵᠢᠯ᠂ ᠺᠠᠳ᠋ᠷ᠎ᠤᠨ ᠬᠥᠮᠦᠵᠢᠯ᠂ ᠤᠯᠤᠰ ᠠᠷᠠᠳ᠎ᠤᠨ ᠰᠤᠷᠭ᠋ᠠᠨ ᠬᠥᠮᠦᠵᠢᠯ᠎ᠳᠤ ᠣᠷᠣᠭᠤᠯᠬᠤ ᠵᠢ ᠠᠬᠢᠭᠤᠯᠵᠤ᠂ ᠨᠡᠶ᠋ᠢᠭᠡᠮ᠎ᠤᠨ ᠰᠤᠷᠭ᠋ᠠᠨ ᠬᠥᠮᠦᠵᠢᠯ᠎ᠢ ᠰᠠᠶ᠋ᠢᠲᠤᠷ ᠠᠳᠬᠤᠪᠠ᠃ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠲᠠᠢ ᠤᠶᠠᠯᠳᠤᠭᠤᠯᠤᠨ ᠪᠦᠬᠦ ᠣᠷᠣᠨ᠎ᠤ ᠨᠠᠮ᠎ᠤᠨ ᠭᠡᠰᠢᠭᠦᠨ ᠺᠠᠳ᠋ᠷᠴᠤᠳ᠎ᠲᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠤᠰᠬᠠᠢ ᠰᠡᠳᠦᠪᠲᠦ ᠬᠥᠮᠦᠵᠢᠯ᠎ᠢ ᠨᠢᠭᠡ ᠵᠢᠯ᠎ᠤᠨ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ)᠂ ᠨᠡᠶ᠋ᠢᠭᠡᠮ ᠵᠢᠷᠤᠮ᠎ᠤᠨ ᠳᠡᠭᠡᠳᠦ ᠰᠤᠷᠭ᠋ᠠᠭᠤᠯᠢ᠂ ᠺᠠᠳ᠋ᠷ᠎ᠤᠨ ᠰᠦᠯᠵᠢᠶᠡᠨ᠎ᠤ ᠳᠡᠭᠡᠳᠦ ᠰᠤᠷᠭ᠋ᠠᠭᠤᠯᠢ ᠵᠡᠷᠭᠡ᠎ᠨᠢ ᠡᠯ᠎ᠡ ᠲᠦᠷᠦᠯ᠎ᠤᠨ ᠭᠤᠣᠯ ᠴᠣᠭᠴᠠ ᠵᠢᠨ ᠠᠩᠭᠢ᠎ᠳᠤ ᠎ᠪᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ᠎ᠤᠨ ᠬᠢᠴᠢᠶᠡᠯ᠎ᠤᠨ ᠴᠠᠭ᠎ᠤᠨ ᠬᠠᠷᠢᠴᠠᠯ᠎ᠢ ᠳᠡᠭᠡᠭᠰᠢᠯᠡᠭᠦᠯᠦᠭᠡᠳ 10 %᠎ᠠᠴᠠ ᠳᠡᠭᠡᠭᠰᠢ ᠪᠣᠯᠭ᠋ᠠᠪᠠ᠃ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠤᠬᠠᠭᠤᠯᠤᠨ ᠲᠠᠶ᠋ᠢᠯᠪᠤᠷᠢᠯᠠᠬᠤ ᠬᠥᠲᠥᠯᠦᠮᠵᠢ》 ᠵᠢ ᠨᠠᠶ᠋ᠢᠷᠠᠭᠤᠯᠤᠨ᠂ ᠬᠤᠳᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠪᠦᠯᠦᠭ᠂ ᠮᠠᠯᠴᠢᠨ ᠲᠠᠷᠢᠶᠠᠴᠢᠨ᠎ᠤ ᠪᠦᠯᠦᠭ ᠵᠡᠷᠭᠡ ᠠᠭᠤᠯᠭ᠎ᠠ ᠲᠣᠬᠢᠷᠠᠭᠤᠯᠤᠨ᠂ ᠭᠤᠣᠯᠳᠠᠯᠭ᠎ᠠ᠎ᠲᠠᠢ ᠬᠥᠮᠦᠰ᠎ᠤᠨ ᠬᠥᠮᠦᠵᠢᠯ᠎ᠢ ᠰᠠᠶ᠋ᠢᠲᠤᠷ ᠠᠳᠬᠤᠵᠤ᠂ ᠠᠳᠠᠯᠢ ᠪᠤᠰᠤ ᠬᠦᠮᠦᠰ᠎ᠲᠤ ᠵᠤᠷᠢᠭᠤᠯᠤᠭᠰᠠᠨ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠪᠦᠬᠦ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ᠎ᠤᠨ ᠲᠤᠷᠰᠢᠯᠲᠠ ᠵᠢᠨ ᠴᠡᠭ ᠪᠠᠶ᠋ᠢᠭᠤᠯᠬᠤ ᠠᠵᠢᠯ᠎ᠢ ᠥᠷᠨᠢᠭᠦᠯᠵᠦ᠂ ᠪᠦᠬᠦ ᠣᠷᠣᠨ᠎ᠤ ᠶᠡᠭᠡ ᠳᠡᠭᠡᠳᠦ ᠰᠤᠷᠭ᠋ᠠᠭᠤᠯᠢ᠎ᠳᠤ 《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶ᠋ᠢᠯᠠᠭ᠋ᠠᠭᠳᠠᠬᠤᠨ᠎ᠢ ᠦᠢ᠍ᠯᠡᠳᠦᠯᠭᠡᠵᠢᠭᠦᠯᠬᠦ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ》 ᠰᠢᠷᠢᠰ ᠬᠥᠮᠦᠵᠢᠯ᠎ᠤᠨ ᠠᠵᠢᠯᠯᠠᠭ᠎ᠠ ᠵᠢ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠪᠠᠭᠰᠢ ᠰᠤᠷᠤᠭᠴᠢᠳ᠎ᠤᠨ ᠤᠯᠤᠰ ᠵᠶ᠋ᠠᠨ ᠬᠠᠶ᠋ᠢᠷᠠᠯᠠᠬᠤ ᠰᠡᠳᠬᠢᠯᠭᠡ ᠵᠢ ᠵᠤᠵᠠᠭ᠋ᠠᠳᠬᠠᠪᠠ᠃ ᠪᠦᠬᠦ ᠨᠡᠶ᠋ᠢᠭᠡᠮ᠎ᠳᠤ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠥᠷᠭᠡᠨ ᠳᠡᠯᠭᠡᠷᠡᠩᠭᠦᠢ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠠᠭᠤᠤ ᠶᠡᠭᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠲᠤᠬᠠᠶ ᠮᠡᠳᠡᠷᠡᠬᠦᠢ ᠵᠢ᠎ᠨᠢ ᠲᠠᠰᠤᠷᠠᠯᠲᠠ ᠤᠢ᠍ᠭᠡᠢ ᠨᠡᠮᠡᠭᠳᠡᠬᠦᠯᠪᠡ᠃ ᠭᠤᠷᠪᠠ᠎ᠳᠤ᠂ ᠠᠵᠢᠯ᠎ᠤᠨ ᠰᠢᠨ᠎ᠡ ᠵᠢ ᠡᠭᠦᠳᠬᠦ ᠵᠢ ᠢᠳᠡᠪᠬᠢᠲᠡᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠪᠠ᠃ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠥᠬᠦᠶ ᠱᠠᠭ᠋ᠠᠷᠳᠠᠯᠭ᠎ᠠ ᠵᠢ ᠦᠨᠳᠦᠰᠦᠯᠡᠵᠦ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠵᠤ ᠬᠥᠭᠵᠢᠭᠦᠯᠬᠦ ᠲᠥᠯᠥᠪᠵᠢᠭᠦᠯᠭᠡ (2021 — 2025 ᠣᠨ)》 ᠵᠢ ᠨᠠᠶ᠋ᠢᠷᠠᠭᠤᠯᠵᠤ ᠳᠠᠷᠤᠮᠠᠯᠯᠠᠨ ᠲᠠᠷᠬᠠᠭ᠋ᠠᠭᠰᠠᠨ ᠪᠥᠭᠡᠳ ᠡᠯ᠎ᠡ ᠠᠶ᠋ᠢᠮᠠᠭ ᠬᠤᠲᠠ᠂ ᠬᠤᠰᠢᠭᠤ ᠰᠢᠶᠠᠨ᠎ᠤ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠎ᠤᠨ ᠭᠠᠵᠠᠷ ᠣᠷᠣᠨ᠎ᠤ ᠡᠭᠦᠳᠦᠨ ᠪᠠᠶ᠋ᠢᠭᠤᠯᠬᠤ ᠠᠵᠢᠯ᠎ᠤᠨ ᠲᠥᠯᠥᠪᠵᠢᠭᠦᠯᠭᠡ ᠵᠢ ᠨᠠᠶ᠋ᠢᠷᠠᠭᠤᠯᠤᠨ ᠪᠢᠴᠢᠬᠦ ᠵᠢ ᠢᠳᠡᠪᠬᠢᠳᠡᠢ᠎ᠪᠠᠷ ᠲᠤᠬᠢᠷᠠᠭᠤᠯᠤᠨ ᠪᠠᠶ᠋ᠢᠷᠢᠯᠠᠭᠤᠯᠵᠤ᠂ ᠡᠭᠦᠳᠦᠨ ᠪᠠᠶ᠋ᠢᠭᠤᠯᠬᠤ ᠠᠵᠢᠯ᠎ᠢ ᠬᠦᠨ ᠭᠦᠨᠵᠡᠭᠡᠶ ᠤᠳᠠᠭ᠋ᠠᠨ ᠳᠠᠭ᠋ᠠᠭ᠋ᠠᠮᠠᠭ᠋ᠠᠶ ᠦᠷᠨᠢᠬᠦᠯᠬᠦ ᠵᠢ ᠦᠨᠡᠨ ᠬᠦ᠌ ᠳᠥᠯᠭᠢᠨ ᠠᠬᠢᠭᠤᠯᠪᠠ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠲᠣᠭᠤᠷᠢᠭ ᠵᠢᠱ᠌ᠢᠶ᠎ᠡ ᠦᠵᠡᠭᠦᠯᠬᠦ ᠨᠢᠬᠡᠴᠢ ᠵᠢ ᠨᠡᠷᠡᠶ᠋ᠢᠳᠬᠦ ᠠᠷᠭ᠎ᠠ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠲᠣᠭᠤᠷᠢᠭ ᠵᠢᠱ᠌ᠢᠶ᠎ᠡ ᠦᠵᠡᠭᠦᠯᠬᠦ ᠨᠢᠬᠡᠴᠢ ᠵᠢ ᠬᠢᠨᠠᠨ ᠦᠨᠡᠯᠡᠬᠦ ᠵᠢᠭ᠋ᠠᠯᠳᠠ》 ᠵᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠤᠨ ᠵᠢᠷᠤᠮᠵᠢᠯᠳᠡ ᠲᠦᠷᠢᠮᠵᠢᠯᠳᠡ ᠵᠢ ᠠᠬᠢᠭᠤᠯᠵᠠᠢ᠃ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠵᠢ ᠨᠡᠶ᠋ᠢᠭᠡᠮ ᠲᠣᠭᠤᠷᠢᠭ᠎ᠲᠤ ᠣᠷᠣᠭᠤᠯᠬᠤ ᠠᠵᠢᠯ᠎ᠢ ᠭᠦᠨᠵᠡᠭᠡᠶ ᠠᠬᠢᠭᠤᠯᠬᠤ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ ᠨᠡᠶ᠋ᠢᠭᠡᠮ ᠲᠣᠭᠤᠷᠢᠭ᠎ᠤᠨ ᠠᠵᠢᠯ ᠵᠶ᠋ᠠᠷ ᠲᠦᠰᠢᠭ ᠲᠤᠯᠭ᠋ᠠᠭᠤᠷᠢ ᠪᠣᠯᠭ᠋ᠠᠵᠤ᠂ ᠰᠢᠭᠢᠳᠬᠡᠯᠳᠦ ᠮᠠᠶᠢᠭ᠎ᠤᠨ ᠨᠡᠶ᠋ᠢᠭᠡᠮ᠎ᠤᠨ ᠪᠦᠲᠦᠴᠡ ᠪᠠ ᠨᠡᠶ᠋ᠢᠭᠡᠮ ᠲᠣᠭᠤᠷᠢᠭ᠎ᠤᠨ ᠣᠷᠴᠢᠨ ᠲᠣᠭᠤᠷᠢᠨ᠎ᠢ ᠬᠦᠴᠦᠯᠡᠨ ᠪᠠᠶ᠋ᠢᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠬᠦᠴᠦᠯᠡᠨ ᠠᠬᠢᠭᠤᠯᠪᠠ᠃ ᠴᠢᠩᠭ᠎ᠠ ᠰᠢᠯᠢᠨ ᠰᠣᠩᠭᠤᠬᠤ᠎ᠪᠠᠷ ᠳᠠᠮᠵᠢᠵᠤ᠂ ᠤᠯᠤᠰ᠎ᠤᠨ ᠦᠨᠳᠦᠰᠦᠲᠡᠨ᠎ᠤ ᠵᠥᠪᠯᠡᠯ᠎ᠳᠤ ᠡᠭᠦᠳᠦᠨ ᠪᠠᠶ᠋ᠢᠭᠤᠯᠬᠤ ᠭᠤᠤᠯ ᠱᠤᠭᠤᠮ᠎ᠨᠢ ᠲᠣᠪᠣᠶ᠋ᠢᠮ᠎ᠠ᠂ ᠠᠵᠢᠯ᠎ᠤᠨ ᠦᠷ᠎ᠡ ᠪᠦᠲᠦᠮᠵᠢ᠎ᠨᠢ ᠢᠯᠡᠷᠬᠡᠶ᠂ ᠣᠨᠴᠠᠯᠢᠭ᠎ᠨᠢ ᠢᠯᠡ ᠲᠣᠳᠣ ᠪᠠᠶ᠋ᠢᠬᠤ 15 ᠭᠠᠵᠠᠷ ᠣᠷᠣᠨ ᠪᠠ ᠨᠢᠭᠡᠴᠢ ᠵᠢ ᠶᠢᠰᠦᠳᠦᠭᠡᠷ ᠪᠦᠯᠦᠭ᠎ᠤᠨ ᠪᠥᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠲᠣᠭᠤᠷᠢᠭ ᠵᠢᠱ᠌ᠢᠶ᠎ᠡ ᠦᠵᠡᠭᠦᠯᠬᠦ ᠨᠢᠭᠡᠴᠢ ᠵᠢᠨ ᠰᠢᠯᠭ᠋ᠠᠷᠠᠭᠤᠯᠤᠯᠳᠠ᠎ᠳᠤ ᠣᠷᠣᠯᠴᠠᠭᠤᠯᠵᠠᠶ᠃ ᠣᠳᠣᠬᠠᠨ᠎ᠳᠤ᠂ ᠳᠣᠯᠣᠳᠤᠭ᠋ᠠᠷ ᠪᠦᠯᠦᠭ᠎ᠤᠨ ᠪᠥᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠲᠤᠭᠤᠷᠢᠭ ᠵᠢᠱ᠌ᠢᠶ᠎ᠡ ᠦᠵᠡᠭᠦᠯᠬᠦ ᠨᠢᠬᠡᠴᠢ ᠵᠢ ᠦᠨᠡᠯᠡᠨ ᠰᠢᠯᠭ᠋ᠠᠷᠠᠭᠤᠯᠵᠤ ᠨᠡᠷᠡᠶ᠋ᠢᠳᠬᠦ ᠬᠠᠮᠢᠶ᠎ᠠ ᠪᠥᠬᠦᠶ ᠠᠵᠢᠯ᠎ᠢ ᠶᠠᠭ ᠥᠷᠨᠢᠭᠦᠯᠵᠦ ᠪᠣᠶ᠃

      ᠬᠥᠲᠥᠯᠥᠭᠴᠢ᠄ ᠰᠠᠶᠢ ᠲᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠲᠤᠭᠤᠷᠢᠭ ᠵᠢᠱ᠌ᠢᠶ᠎ᠡ ᠦᠵᠡᠭᠦᠯᠬᠦ ᠨᠢᠬᠡᠴᠢ ᠵᠢ ᠨᠡᠷᠡᠶ᠋ᠢᠳᠬᠦ ᠠᠷᠭ᠎ᠠ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠲᠤᠭᠤᠷᠢᠭ ᠵᠢᠱ᠌ᠢᠶ᠎ᠡ ᠦᠵᠡᠭᠦᠯᠬᠦ ᠨᠢᠬᠡᠴᠢ ᠵᠢ ᠬᠢᠨᠠᠨ ᠦᠨᠡᠯᠡᠬᠦ ᠵᠢᠭ᠋ᠠᠯᠳᠠ》 ᠵᠢ ᠳᠠᠷᠤᠮᠠᠯᠯᠠᠨ ᠲᠠᠷᠬᠠᠭ᠋ᠠᠪᠠ ᠬᠡᠵᠤ ᠳᠤᠷᠠᠳᠪᠠ᠂ ᠲᠠ ᠣᠳᠣ ᠣᠯᠠᠨ᠎ᠳᠤ᠎ᠪᠠᠨ ᠡᠨᠡ ᠬᠤᠶᠠᠷ ᠪᠢᠴᠢᠭ ᠮᠠᠲ᠋ᠧᠷᠢᠶᠠᠯ᠎ᠤᠨ ᠠᠭᠤᠯᠭ᠎ᠠ ᠵᠢᠴᠢ ᠠᠴᠢ ᠬᠤᠯᠪᠣᠭᠳᠠᠯ᠎ᠢ ᠲᠠᠨᠢᠯᠴᠠᠭᠤᠯᠤᠭ᠋ᠠᠳ ᠥᠭᠭᠦᠨ᠎ᠡ ᠤᠤ᠃

      ᠶᠦᠨ ᠭᠦᠸᠧ ᠱᠧᠩ᠄ ᠡᠨᠡ ᠵᠢᠯ᠎ᠤᠨ 4 ᠳ᠋ᠦ᠍ᠬᠡᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠳᠠᠷᠤᠮᠠᠯᠯᠠᠨ ᠲᠠᠷᠬᠠᠭ᠋ᠠᠭᠰᠠᠨ ᠡᠨᠡ ᠬᠦ᠌ 《ᠠᠷᠭ᠎ᠠ》 ᠪᠠ 《ᠬᠢᠨᠠᠨ ᠦᠨᠡᠯᠡᠬᠦ ᠵᠢᠭ᠋ᠠᠯᠳᠠ》 ᠪᠤᠯ᠂ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ᠂ ᠲᠥᠪ ᠬᠤᠷᠢᠶ᠎ᠠ ᠪᠠ ᠦᠪᠡᠷᠳᠡᠬᠡᠨ ᠵᠠᠰᠠᠬᠤ ᠤᠷᠤᠨ᠎ᠤ ᠦᠨᠳᠦᠰᠦᠲᠡᠨ᠎ᠤ ᠠᠵᠢᠯ᠎ᠤᠨ ᠲᠤᠬᠠᠢ ᠰᠢᠶᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠬᠤ ᠵᠢᠨ ᠪᠣᠳᠠᠲᠠᠶ ᠠᠷᠭ᠎ᠠ ᠬᠡᠮᠵᠢᠶ᠎ᠡ ᠮᠦᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠦᠨᠳᠦᠰᠦᠨ ᠴᠢᠭᠯᠡᠯ ᠪᠤᠯᠭ᠋ᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ᠂ ᠬᠠᠷᠠᠯᠲᠠ᠎ᠪᠠᠷ ᠤᠳᠤᠷᠢᠳᠤᠮᠵᠢ ᠪᠤᠯᠭ᠋ᠠᠬᠤ ᠵᠢ ᠪᠠᠷᠢᠮᠳᠠᠯᠠᠵᠤ᠂ ᠰᠢᠨ᠎ᠡ ᠪᠠᠶ᠋ᠢᠳᠠᠯ ᠳᠣᠤᠷᠠᠬᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠤᠨ ᠠᠴᠢᠶᠠᠯᠠᠪᠤᠷᠢ ᠵᠢᠨ ᠠᠷᠭ᠎ᠠ ᠬᠡᠯᠪᠡᠷᠢ ᠎ᠨᠢ ᠵᠣᠬᠢᠴᠠᠬᠤ ᠥᠬᠡᠶ ᠪᠠᠶ᠋ᠢᠬᠤ ᠵᠡᠷᠭᠡ ᠪᠠᠭᠤᠷᠠᠶ ᠭᠤᠭᠴᠤᠭ᠎ᠠ ᠵᠢ ᠬᠦᠴᠦᠯᠡᠨ ᠰᠢᠢ᠍ᠳᠪᠦᠷᠢᠯᠡᠵᠦ᠂ ᠰᠢᠨ᠎ᠡ ᠴᠠᠭ ᠦᠶ᠎ᠡ ᠵᠢᠨ ᠲᠡᠦᠬᠡ ᠵᠢᠨ ᠣᠷᠣᠨ ᠪᠠᠶ᠋ᠢᠷᠢ᠎ᠲᠠᠢ ᠢᠳᠡᠪᠬᠢᠲᠡᠶ ᠵᠤᠬᠢᠴᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠪᠥᠬᠦ ᠲᠠᠯ᠎ᠠ᠎ᠪᠠᠷ ᠬᠦᠨ ᠭᠦᠨᠵᠡᠭᠡᠶ ᠤᠳᠠᠭ᠋ᠠᠨ ᠳᠠᠭ᠋ᠠᠭ᠋ᠠᠮᠠᠭ᠋ᠠᠶ ᠥᠷᠨᠢᠭᠦᠯᠬᠦ ᠵᠢ ᠠᠬᠢᠭᠤᠯᠪᠠ᠃ 《ᠠᠷᠭ᠎ᠠ》᠎ᠳᠤ ᠪᠥᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠲᠣᠭᠤᠷᠢᠭ᠂ ᠵᠢᠱ᠌ᠢᠶ᠎ᠡ ᠦᠵᠡᠭᠦᠯᠬᠦ ᠨᠢᠬᠡᠴᠢ ᠵᠢ ᠨᠡᠷᠡᠶ᠋ᠢᠳᠬᠦ ᠲᠣᠭᠲᠠᠴᠠ᠂ ᠬᠥᠳᠡᠯᠦᠩᠭᠦᠶ ᠬᠠᠮᠢᠶᠠᠷᠤᠯᠲᠠ ᠵᠢᠨ ᠲᠣᠭᠲᠠᠴᠠ᠂ ᠭᠠᠷᠬᠤ ᠲᠣᠭᠲᠠᠴᠠ ᠪᠠ ᠥᠪᠡᠰᠦᠪᠡᠨ ᠪᠠᠶ᠋ᠢᠴᠠᠭ᠋ᠠᠬᠤ ᠲᠣᠭᠲᠠᠴᠠ ᠵᠢ ᠬᠡᠷᠡᠭᠵᠢᠭᠦᠯᠵᠦ᠂ ᠪᠥᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠲᠣᠭᠤᠷᠢᠭ ᠵᠢᠱ᠌ᠢᠶ᠎ᠡ ᠦᠵᠡᠭᠦᠯᠬᠦ ᠨᠢᠬᠡᠴᠢ ᠵᠢ ᠨᠡᠷᠡᠶ᠋ᠢᠳᠬᠦ ᠠᠵᠢᠯ᠎ᠢ ᠵᠢᠯ ᠪᠦᠷᠢ 1 ᠤᠳᠠᠭ᠎ᠠ ᠥᠷᠨᠢᠭᠦᠯᠵᠦ᠂ ᠵᠢᠱ᠌ᠢᠶ᠎ᠡ ᠦᠵᠡᠭᠦᠯᠬᠦ ᠲᠣᠭᠤᠷᠢᠭ ᠵᠢᠱ᠌ᠢᠶ᠎ᠡ ᠦᠵᠡᠭᠦᠯᠬᠦ ᠨᠢᠬᠡᠴᠢ ᠵᠢᠨ ᠨᠡᠷᠡᠶ᠋ᠢᠳᠦᠯ᠎ᠤᠨ ᠬᠦᠴᠦᠨ᠎ᠲᠠᠢ ᠬᠤᠭᠤᠴᠠᠭ᠎ᠠ ᠵᠢ 5 ᠵᠢᠯ ᠵᠶ᠋ᠠᠷ ᠲᠣᠭᠲᠠᠭ᠋ᠠᠵᠤ᠂ ᠨᠡᠷᠡᠶ᠋ᠢᠳᠦᠯ᠎ᠤᠨ 《ᠨᠠᠰᠤᠨ ᠲᠤᠷᠰᠢᠳᠠ ᠵᠢᠨ ᠲᠦᠷᠢᠮ》᠎ᠢ ᠡᠪᠳᠡᠪᠡ᠃ ᠡᠭᠦᠨ᠎ᠤ ᠬᠠᠮᠲᠤ᠂ 《ᠠᠷᠭ᠎ᠠ》᠎ᠳᠤ ᠪᠥᠬᠦ ᠤᠯᠤᠰ ᠪᠠ ᠪᠥᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠲᠤᠭᠤᠷᠢᠭ ᠵᠢᠱ᠌ᠢᠶ᠎ᠡ ᠦᠵᠡᠭᠦᠯᠬᠦ ᠨᠢᠬᠡᠴᠢ᠎ᠨᠦᠭᠦᠳ ᠵᠢᠯ ᠪᠦᠷᠢ ᠦᠪᠡᠰᠦᠪᠡᠨ ᠥᠪᠡᠷ᠎ᠢ᠎ᠪᠠᠨ ᠪᠠᠶ᠋ᠢᠴᠠᠭ᠋ᠠᠵᠤ᠂ ᠪᠠᠶ᠋ᠢᠴᠠᠭ᠋ᠠᠨ ᠢᠯᠡᠷᠡᠭᠦᠯᠦᠭᠰᠡᠨ ᠠᠰᠠᠭᠤᠳᠠᠯ ᠵᠶ᠋ᠠᠨ ᠴᠠᠭ ᠲᠤᠬᠠᠶ᠎ᠳᠤ᠎ᠨᠢ ᠴᠡᠭᠴᠡᠯᠡᠨ ᠰᠠᠶ᠋ᠢᠵᠢᠷᠠᠭᠤᠯᠵᠤ᠂ ᠵᠢᠱ᠌ᠢᠶ᠎ᠡ ᠦᠵᠡᠭᠦᠯᠬᠦ ᠲᠤᠭᠤᠷᠢᠭ ᠵᠢᠱ᠌ᠢᠶ᠎ᠡ ᠦᠵᠡᠭᠦᠯᠬᠦ ᠨᠢᠬᠡᠴᠢ ᠵᠢᠨ ᠥᠪᠡᠷ᠎ᠢ᠎ᠪᠠᠨ ᠲᠡᠭᠦᠯᠳᠡᠷᠵᠢᠭᠦᠯᠬᠦ ᠪᠠ ᠥᠪᠡᠷ᠎ᠢ᠎ᠪᠠᠨ ᠳᠡᠭᠡᠭᠰᠢᠯᠡᠭᠦᠯᠬᠦ ᠵᠢ ᠪᠦᠲᠦᠮᠵᠢᠲᠡᠶ ᠱᠠᠭ᠋ᠠᠷᠳᠠᠵᠤ᠂ ᠡᠭᠦᠳᠦᠨ ᠪᠠᠶ᠋ᠢᠭᠤᠯᠬᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠢᠳᠡᠪᠬᠢᠲᠡᠶ ᠠᠬᠢᠭᠤᠯᠬᠤ ᠬᠡᠷᠡᠭᠲᠡᠶ ᠭᠡᠵᠦ ᠲᠣᠭᠲᠠᠭ᠋ᠠᠪᠠ᠃ 《ᠬᠢᠨᠡᠨ ᠦᠨᠡᠯᠡᠬᠦ ᠵᠢᠭ᠋ᠠᠯᠳᠠ》᠎ᠳᠤ ᠵᠢᠱ᠌ᠢᠶ᠎ᠡ ᠦᠵᠡᠭᠦᠯᠬᠦ ᠬᠤᠰᠢᠭᠤ ᠰᠢᠶᠠᠨ (ᠬᠤᠲᠠ᠂ ᠲᠣᠭᠤᠷᠢᠭ)᠂ ᠵᠢᠱ᠌ᠢᠶ᠎ᠡ ᠦᠵᠡᠭᠦᠯᠬᠦ ᠠᠯᠪᠠᠨ ᠪᠠᠶ᠋ᠢᠭᠤᠯᠭ᠎ᠠ᠂ ᠵᠢᠱ᠌ᠢᠶ᠎ᠡ ᠦᠵᠡᠭᠦᠯᠬᠦ ᠠᠵᠤ ᠠᠬᠤᠶ᠋ᠢᠯᠠᠯ᠂ ᠵᠢᠱ᠌ᠢᠶ᠎ᠡ ᠦᠵᠡᠭᠦᠯᠬᠦ ᠰᠢᠶᠠᠩ ᠪᠠᠯᠭ᠋ᠠᠰᠤ (ᠰᠤᠮᠤ)᠂ ᠵᠢᠱ᠌ᠢᠶ᠎ᠡ ᠦᠵᠡᠭᠦᠯᠬᠦ ᠨᠡᠶ᠋ᠢᠭᠡᠮ ᠲᠣᠭᠤᠷᠢᠭ᠂ ᠵᠢᠱ᠌ᠢᠶ᠎ᠡ ᠦᠵᠡᠭᠦᠯᠬᠦ ᠰᠤᠷᠭ᠋ᠠᠭᠤᠯᠢ᠂ ᠵᠢᠱ᠌ᠢᠶ᠎ᠡ ᠦᠵᠡᠭᠦᠯᠬᠦ ᠭᠠᠴᠠᠭ᠎ᠠ ᠲᠣᠰᠬᠤᠨ᠂ ᠵᠢᠱ᠌ᠢᠶ᠎ᠡ ᠦᠵᠡᠭᠦᠯᠬᠦ ᠴᠡᠷᠢᠭ ᠠᠩᠭᠢ᠂ ᠵᠢᠱ᠌ᠢᠶ᠎ᠡ ᠦᠵᠡᠭᠦᠯᠬᠦ ᠱᠠᠰᠢᠨ ᠰᠤᠷᠲᠠᠬᠤᠨ᠎ᠤ ᠠᠵᠢᠯᠯᠠᠭ᠋ᠠᠨ᠎ᠤ ᠲᠠᠯᠠᠪᠤᠷ ᠭᠠᠵᠠᠷ ᠵᠡᠷᠭᠡ 9 ᠲᠥᠷᠥᠯ᠎ᠤᠨ ᠭᠦᠢ᠍ᠴᠡᠳᠬᠡᠬᠦ ᠪᠠᠷᠢᠮᠵᠢᠶ᠎ᠠ ᠵᠢ ᠪᠠᠭᠳᠠᠭ᠋ᠠᠵᠤ᠂ ᠨᠡᠶ᠋ᠢᠲᠡᠴᠢ ᠴᠢᠨᠠᠷᠲᠠᠶ ᠲᠣᠭᠲᠠᠭ᠋ᠠᠯ᠎ᠲᠠᠢ ᠮᠥᠷᠲᠡᠭᠡᠨ ᠪᠠᠰᠠ ᠲᠣᠰ ᠪᠡᠶ᠎ᠡ ᠵᠢᠨ ᠪᠣᠳᠠᠲᠤ ᠪᠠᠶ᠋ᠢᠳᠠᠯ᠎ᠳᠤ᠎ᠨᠢ ᠨᠡᠶ᠋ᠢᠴᠡᠭᠰᠡᠨ ᠥᠪᠡᠷᠮᠢᠴᠡ ᠴᠢᠨᠠᠷ ᠎ᠤᠨ ᠱᠠᠭ᠋ᠠᠷᠳᠠᠯᠭ᠎ᠠ᠎ᠲᠠᠢ ᠪᠤᠯᠵᠠᠢ᠃ 《ᠬᠢᠨᠠᠨ ᠦᠨᠡᠯᠡᠬᠦ ᠵᠢᠭ᠋ᠠᠯᠳᠠ》᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠬᠠᠮᠰᠠᠷ᠎ᠢ ᠪᠠᠳᠤᠳᠬᠠᠬᠤ ᠵᠢ ᠡᠯ᠎ᠡ ᠲᠠᠯ᠎ᠠ ᠎ᠳᠤ ᠣᠷᠣᠭᠤᠯᠵᠤ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭ᠋ᠠᠨ ᠬᠥᠮᠦᠵᠢᠯ ᠪᠣᠯᠤᠨ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠳᠡᠯᠭᠡᠷᠡᠭᠦᠯᠦᠨ ᠲᠦᠭᠡᠮᠡᠯᠵᠢᠭᠦᠯᠬᠦ ᠵᠢ ᠴᠢᠬᠤᠯᠠ ᠠᠭᠤᠯᠭ᠎ᠠ ᠪᠣᠯᠭ᠋ᠠᠨ ᠣᠷᠣᠭᠤᠯᠵᠤ᠂ ᠡᠭᠦᠳᠦᠨ ᠪᠠᠶ᠋ᠢᠭᠤᠯᠬᠤ ᠠᠵᠢᠯ᠎ᠤᠨ ᠳᠦᠷᠢᠮᠵᠢᠯᠲᠡ᠂ ᠪᠠᠷᠢᠮᠵᠢᠶᠠᠵᠢᠯᠲᠠ ᠵᠢ ᠤᠯᠠᠮ ᠴᠠᠭ᠋ᠠᠰᠢᠳᠠ ᠠᠬᠢᠭᠤᠯᠪᠠ᠃

      ᠬᠥᠲᠥᠯᠥᠭᠴᠢ᠄ ᠲᠠ ᠪᠠᠰᠠ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠵᠢ ᠨᠡᠶ᠋ᠢᠭᠡᠮ ᠲᠣᠭᠤᠷᠢᠭ᠎ᠲᠤ ᠣᠷᠣᠭᠤᠯᠬᠤ ᠵᠢ ᠭᠦᠨᠵᠡᠭᠡᠶ ᠠᠬᠢᠭᠤᠯᠬᠤ ᠠᠵᠢᠯ᠎ᠤᠨ ᠲᠥᠰᠦᠯ》᠎ᠢ ᠳᠠᠷᠤᠮᠠᠯᠯᠠᠨ ᠲᠠᠷᠬᠠᠭ᠋ᠠᠭᠰᠠᠨ ᠲᠤᠬᠠᠶ ᠳᠤᠷᠠᠳᠴᠠᠢ᠂ ᠲᠠ ᠲᠤᠰ ᠲᠥᠰᠦᠯ᠎ᠤᠨ ᠦᠨᠳᠦᠰᠦᠨ ᠠᠭᠤᠯᠭ᠎ᠠ ᠪᠠ ᠴᠢᠬᠤᠯᠠ ᠠᠴᠢ ᠬᠤᠯᠪᠣᠭᠳᠠᠯ᠎ᠢ ᠣᠯᠠᠨ᠎ᠳᠤ ᠲᠠᠨᠢᠯᠴᠠᠭᠤᠯᠤᠭ᠋ᠠᠳ ᠥᠭᠭᠦᠨ᠎ᠡ ᠤᠤ᠃

      ᠶᠦᠨ ᠭᠦᠸᠧ ᠱᠧᠩ᠄ ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠬᠠᠮᠲᠤᠷᠠᠨ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠬᠦᠳᠦᠨ ᠪᠠᠶ᠋ᠢᠭᠤᠯᠬᠤ ᠵᠢ ᠨᠡᠶ᠋ᠢᠭᠡᠮ ᠲᠣᠭᠤᠷᠢᠭ᠎ᠲᠤ ᠣᠷᠣᠭᠤᠯᠬᠤ ᠠᠵᠢᠯ᠎ᠢ ᠭᠦᠨᠵᠡᠭᠡᠶ ᠠᠬᠢᠭᠤᠯᠬᠤ ᠲᠥᠰᠦᠯ》᠎ᠢ ᠳᠠᠷᠤᠮᠠᠯᠯᠠᠨ ᠲᠠᠷᠬᠠᠭ᠋ᠠᠪᠠ᠃ ᠲᠥᠰᠦᠯ᠎ᠳᠤ ᠲᠤᠯᠤᠭ᠋ᠠᠨ ᠵᠦᠶᠯ᠎ᠤᠨ ᠭᠤᠤᠯᠳᠠᠯᠭ᠎ᠠ᠎ᠲᠠᠢ ᠠᠵᠢᠯ᠎ᠢ ᠵᠣᠬᠢᠶᠠᠨ ᠪᠠᠶ᠋ᠢᠭᠤᠯᠵᠤ ᠲᠣᠬᠢᠷᠠᠭᠤᠯᠪᠠ᠄ ᠨᠢᠭᠡ᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠮᠦᠵᠢᠯ᠎ᠢ ᠭᠦᠨᠵᠡᠭᠡᠶ ᠥᠷᠨᠢᠭᠦᠯᠦᠨ᠎ᠡ᠃ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠳᠤᠮᠳᠠ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠶ ᠴᠢᠬᠤᠯᠠ ᠥᠭᠦᠯᠡᠯᠲᠡ᠂ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠪᠠ ᠬᠠᠤᠯᠢ ᠲᠣᠭᠲᠠᠭ᠋ᠠᠯ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠮᠦᠵᠢᠯ᠎ᠢ ᠥᠷᠭᠡᠨ ᠵᠶ᠋ᠠᠷ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ 《ᠲᠠᠪᠤᠨ ᠮᠡᠳᠡᠷᠡᠬᠦᠢ》 ᠵᠢ᠎ᠨᠢ ᠲᠠᠰᠤᠷᠠᠯᠲᠠ ᠥᠬᠡᠶ ᠴᠢᠩᠭ᠋ᠠᠷᠠᠭᠤᠯᠤᠨ᠎ᠠ᠃ ᠬᠤᠶᠠᠷ᠎ᠲᠤ᠂ ᠰᠢᠭᠢᠳᠬᠡᠯᠲᠦ ᠮᠠᠶᠢᠭ᠎ᠤᠨ ᠨᠡᠶ᠋ᠢᠭᠡᠮ᠎ᠤᠨ ᠪᠦᠲᠦᠴᠡ ᠪᠠ ᠨᠡᠶ᠋ᠢᠭᠡᠮ ᠲᠣᠭᠤᠷᠢᠭ᠎ᠤᠨ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠪᠠᠶ᠋ᠢᠭᠤᠯᠤᠨ᠎ᠠ᠃ ᠨᠡᠶ᠋ᠢᠭᠡᠮ ᠲᠣᠭᠤᠷᠢᠭ᠂ ᠰᠠᠭᠤᠭ᠋ᠠᠯᠢ ᠠᠷᠠᠳ᠎ᠤᠨ ᠲᠣᠭᠤᠷᠢᠭ᠂ ᠠᠰᠠᠷ᠎ᠤᠨ ᠣᠷᠣᠴᠠ ᠪᠦᠷᠢ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠡᠷᠭᠡ᠎ᠳᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ 《ᠵᠢᠵᠢᠭ ᠰᠠᠵᠢᠭ ᠠᠵᠢᠯᠯᠠᠭ᠎ᠠ》 ᠵᠢ ᠶᠡᠭᠡ᠎ᠪᠠᠷ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠰᠠᠯᠵᠤ ᠪᠣᠯᠤᠰᠢ ᠥᠬᠡᠶ ᠬᠠᠮᠲᠤ ᠵᠢᠨ ᠨᠢᠭᠲᠠ ᠬᠠᠷᠢᠴᠠᠭ᠎ᠠ ᠵᠢ ᠪᠦᠷᠢᠯᠳᠦᠭᠦᠯᠬᠦ ᠵᠢ ᠠᠬᠢᠭᠤᠯᠤᠨ᠎ᠠ᠃ ᠭᠤᠷᠪᠠ᠎ᠳᠤ᠂ ᠬᠤᠳᠠ ᠵᠢᠨ ᠨᠡᠭᠦᠳᠡᠯ ᠬᠥᠮᠦᠨ ᠠᠮᠠ ᠵᠢᠨ ᠦᠢ᠍ᠯᠡᠴᠢᠯᠡᠭᠡ ᠪᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠲᠡᠭᠰᠢ ᠰᠠᠴᠠᠭᠤ᠂ ᠨᠠᠷᠢᠯᠢᠭ ᠣᠨᠣᠪᠴᠢᠲᠠᠶ ᠣᠯᠠᠨ ᠨᠡᠶ᠋ᠢᠲᠡ ᠵᠢᠨ ᠦᠶᠯᠡᠴᠢᠯᠡᠭᠡ ᠵᠢ ᠬᠠᠤᠯᠢ ᠶᠣᠰᠣᠭ᠋ᠠᠷ ᠬᠠᠩᠭ᠋ᠠᠵᠤ᠂ ᠠᠵᠢᠯ ᠣᠯᠭᠤᠯᠲᠠ ᠵᠢᠨ ᠬᠠᠪᠰᠤᠷᠤᠯᠭ᠎ᠠ ᠲᠡᠮᠵᠢᠯᠬᠡ᠂ ᠣᠷᠣᠨ ᠰᠠᠭᠤᠴᠠ ᠨᠠᠰᠤᠵᠢᠯ᠎ᠤᠨ ᠠᠰᠠᠷᠠᠮᠵᠢ᠂ ᠦᠷ᠎ᠡ ᠬᠡᠦᠬᠡᠳ᠎ᠤᠨ ᠰᠤᠷᠭ᠋ᠠᠭᠤᠯᠢ᠎ᠳᠤ ᠣᠷᠣᠬᠤ᠂ ᠬᠠᠤᠯᠢ ᠴᠠᠭ᠋ᠠᠵᠠ᠎ᠪᠠᠷ ᠡᠷᠬᠡ ᠠᠰᠢᠭ ᠵᠶ᠋ᠠᠨ ᠬᠠᠮᠠᠭ᠋ᠠᠯᠠᠬᠤ ᠵᠡᠷᠭᠡ ᠠᠵᠢᠯ᠎ᠢ ᠢᠳᠡᠪᠬᠢᠲᠡᠶ᠎ᠪᠠᠷ ᠬᠠᠪᠰᠤᠷᠤᠨ ᠰᠠᠶ᠋ᠢᠲᠤᠷ ᠬᠢᠨ᠎ᠠ᠃ ᠳᠥᠷᠪᠡ᠎ᠳᠤ᠂ ᠦᠨᠳᠦᠰᠦᠲᠡᠨ᠎ᠨᠦᠭᠦᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠵᠤ᠂ ᠦᠨᠳᠦᠰᠦᠲᠡᠨ᠎ᠤ ᠪᠦᠯᠬᠦᠮᠳᠡᠯ᠎ᠢ ᠪᠠᠳᠤᠯᠠᠨ᠎ᠠ᠃ ᠦᠨᠳᠦᠰᠦᠨ ᠬᠠᠤᠯᠢ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ ᠵᠢᠴᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠭᠦᠨᠵᠡᠭᠡᠶ ᠤᠬᠠᠭᠤᠯᠤᠨ ᠲᠤᠭᠤᠰᠢᠯᠠᠭᠤᠯᠵᠤ᠂ ᠦᠨᠳᠦᠰᠦᠲᠡᠨ᠎ᠨᠦᠭᠦᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠪᠠᠲᠤᠯᠠᠨ᠎ᠠ᠃ ᠲᠠᠪᠤ᠎ᠳᠤ᠂ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠵᠢ ᠨᠡᠶ᠋ᠢᠭᠡᠮ ᠲᠣᠭᠤᠷᠢᠭ᠎ᠲᠤ ᠤᠷᠤᠭᠤᠯᠬᠤ + ᠨᠠᠮ ᠎ᠤᠨ ᠪᠠᠶ᠋ᠢᠭᠤᠯᠤᠯᠲᠠ》 ᠵᠢᠨ ᠠᠵᠢᠯᠯᠠᠭ᠎ᠠ ᠵᠢ ᠥᠷᠨᠢᠭᠦᠯᠦᠨ᠎ᠡ᠃ 《ᠳᠤᠮᠳᠠᠳᠤ ᠵᠢᠨ ᠦᠨᠳᠦᠰᠦᠲᠡᠨ ᠨᠢᠭᠡ ᠬᠡᠷ ᠪᠦᠯᠢ ᠵᠢᠨ᠎ᠬᠢᠨ ᠮᠡᠲᠦ ᠳᠣᠲᠣᠨᠣ ᠪᠠᠶ᠋ᠢᠬᠤ》᠂ 《ᠨᠠᠮ᠎ᠤᠨ ᠰᠦᠯᠳᠡ ᠵᠢᠨ ᠲᠤᠶᠠᠭ᠋ᠠᠨ᠎ᠳᠤ ᠠᠨᠠᠷ ᠤᠯᠠᠶ᠋ᠢᠨ᠎ᠠ》 ᠵᠡᠷᠭᠡ ᠨᠠᠮ᠎ᠤᠨ ᠪᠠᠶ᠋ᠢᠭᠤᠯᠤᠯᠲᠠ ᠵᠢᠨ ᠬᠤᠯᠪᠣᠭ᠋ᠠᠲᠤ ᠴᠣᠭᠴᠠ ᠵᠢᠨ ᠲᠥᠷᠥᠯ ᠲᠡᠮᠳᠡᠭ᠎ᠢ ᠡᠭᠦᠳᠴᠦ᠂ ᠨᠠᠮ᠎ᠤᠨ ᠪᠠᠶ᠋ᠢᠭᠤᠯᠤᠯᠲᠠ ᠬᠢᠭᠡᠳ ᠡᠭᠦᠳᠦᠨ ᠪᠠᠶ᠋ᠢᠭᠤᠯᠬᠤ ᠠᠵᠢᠯ᠎ᠤᠨ ᠭᠦᠨᠵᠡᠭᠡᠶ ᠠᠭᠤᠰᠤᠯᠴᠠᠨ ᠬᠥᠭᠵᠢᠬᠦ ᠵᠢ ᠠᠬᠢᠭᠤᠯᠤᠨ᠎ᠠ᠃ ᠵᠢᠷᠭᠤᠭ᠎ᠠ᠎ᠳᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠨᠡᠶ᠋ᠢᠭᠡᠮ ᠲᠣᠭᠤᠷᠢᠭ᠎ᠢ ᠢᠳᠡᠪᠬᠢᠲᠡᠶ ᠴᠢᠷᠮᠠᠶ᠋ᠢᠨ ᠡᠭᠦᠳᠦᠨ ᠪᠠᠶ᠋ᠢᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ᠎ᠤᠨ ᠲᠠᠯ᠎ᠠ᠎ᠪᠠᠷ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠶᠯᠡᠳᠦᠯ᠎ᠲᠠᠢ ᠨᠢᠭᠡ ᠪᠦᠯᠦᠭ ᠨᠡᠶ᠋ᠢᠲᠡᠯᠢᠭ ᠨᠡᠶ᠋ᠢᠭᠡᠮ ᠲᠣᠭᠤᠷᠢᠭ᠎ᠢ ᠨᠠᠷᠢᠨ ᠨᠢᠮᠪᠠᠶ ᠰᠣᠩᠭᠤᠨ ᠬᠦᠮᠦᠵᠢᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠵᠢ ᠨᠡᠶ᠋ᠢᠭᠡᠮ ᠲᠣᠭᠤᠷᠢᠭ᠎ᠲᠤ ᠤᠷᠤᠭᠤᠯᠬᠤ ᠠᠵᠢᠯ᠎ᠤᠨ ᠰᠢᠨ᠎ᠡ ᠵᠢ ᠡᠭᠦᠳᠦᠨ ᠥᠷᠨᠢᠭᠦᠯᠬᠦ ᠵᠢ ᠠᠬᠢᠭᠤᠯᠤᠨ᠎ᠠ᠃ ᠳᠣᠯᠤᠭ᠎ᠠ᠎ᠳᠤ᠂ ᠨᠡᠶ᠋ᠢᠭᠡᠮ ᠲᠣᠭᠤᠷᠢᠭ᠎ᠤᠨ ᠺᠠᠳ᠋ᠷ᠂ ᠨᠡᠶ᠋ᠢᠭᠡᠮ ᠲᠣᠭᠤᠷᠢᠭ᠎ᠤᠨ ᠰᠠᠶ᠋ᠢᠨ ᠳᠤᠷᠠᠴᠤᠳ ᠪᠣᠯᠤᠨ ᠨᠡᠶ᠋ᠢᠭᠡᠮ᠎ᠤᠨ ᠪᠦᠯᠬᠦᠮ᠎ᠤᠨ ᠵᠣᠬᠢᠶᠠᠨ ᠪᠠᠶ᠋ᠢᠭᠤᠯᠤᠯᠲᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ ᠎ᠢ ᠨᠡᠶ᠋ᠢᠭᠡᠮ ᠲᠣᠭᠤᠷᠢᠭ᠎ᠤᠨ ᠡᠯ᠎ᠡ ᠵᠦᠢ᠍ᠯ᠎ᠤᠨ ᠠᠵᠢᠯ᠎ᠲᠠᠢ ᠨᠢᠭᠲᠠ ᠤᠶᠠᠯᠳᠤᠭᠤᠯᠵᠤ᠂ ᠨᠡᠶ᠋ᠢᠭᠡᠮ ᠲᠣᠭᠤᠷᠢᠭ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠰᠠᠶ᠋ᠢᠲᠤᠷ ᠬᠢᠬᠦ ᠬᠠᠮᠲᠤᠷᠠᠯ᠎ᠤᠨ ᠬᠦᠴᠦᠨ᠎ᠢ ᠪᠣᠶ ᠪᠤᠯᠭ᠋ᠠᠨ᠎ᠠ᠃

      ᠬᠥᠲᠥᠯᠥᠭᠴᠢ᠄ ᠶᠦᠨ ᠡᠷᠬᠢᠯᠡᠭᠴᠢ ᠡ᠂ ᠢᠷᠡᠬᠦ ᠵᠢᠯ᠎ᠤᠨ ᠮᠠᠨ᠎ᠤ ᠣᠷᠣᠨ᠎ᠤ ᠡᠭᠦᠳᠦᠨ ᠪᠠᠶ᠋ᠢᠭᠤᠯᠬᠤ ᠠᠵᠢᠯ᠎ᠳᠤ ᠶᠠᠮᠠᠷ ᠶᠠᠮᠠᠷ ᠭᠤᠤᠯᠳᠠᠯᠭ᠎ᠠ᠎ᠲᠠᠢ ᠠᠷᠭ᠎ᠠ ᠬᠡᠮᠵᠢᠶ᠎ᠡ ᠠᠪᠬᠤ ᠲᠤᠬᠠᠢ ᠣᠯᠠᠨ᠎ᠳᠤ ᠲᠠᠨᠢᠯᠴᠠᠭᠤᠯᠤᠭ᠋ᠠᠳ ᠥᠭᠭᠦᠨ᠎ᠡ ᠤᠤ?

      ᠶᠦᠨ ᠭᠦᠸᠧ ᠱᠧᠩ᠄ ᠲᠠᠷᠠᠭ᠋ᠠᠴᠢ ᠵᠢᠨ ᠠᠯᠬᠤᠮ᠎ᠳᠤ᠂ ᠪᠢᠳᠡ ᠤᠯᠤᠰ ᠲᠥᠷᠥ ᠵᠢᠨ ᠵᠣᠭᠰᠣᠴᠠ᠎ᠪᠠᠨ ᠤᠯᠠᠮ ᠴᠠᠭ᠋ᠠᠰᠢᠳᠠ ᠳᠡᠭᠡᠭᠰᠢᠯᠡᠭᠦᠯᠵᠦ᠂ 《ᠤᠯᠤᠰ᠎ᠤᠨ ᠲᠤᠮᠤ ᠶᠠᠪᠤᠳᠠᠯ》᠎ᠢ ᠪᠠᠲᠤ ᠴᠡᠭᠡᠵᠢᠯᠡᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠪᠠᠶ᠋ᠢᠯᠳᠤᠬᠤ ᠪᠣᠳᠣᠯᠭ᠎ᠠ ᠵᠢᠨ ᠪᠥᠬᠦ ᠲᠠᠯ᠎ᠠ᠎ᠳᠤ ᠰᠠᠭᠤᠷᠢᠯᠠᠵᠤ᠂ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠤᠤᠯ ᠰᠢᠵᠢᠮ ᠪᠠ 《ᠬᠥᠲᠥᠯᠪᠦᠷᠢ》 ᠪᠣᠯᠭ᠋ᠠᠵᠤ᠂ ᠠᠭᠤᠯᠤᠭᠳᠠᠬᠤᠨ᠎ᠢ ᠬᠦᠴᠦᠯᠡᠨ ᠭᠦᠨᠵᠡᠭᠡᠶ᠋ᠢᠷᠡᠭᠦᠯᠵᠦ᠂ ᠬᠡᠯᠪᠡᠷᠢ ᠵᠢ ᠪᠠᠶᠠᠯᠢᠭᠵᠢᠭᠤᠯᠵᠤ᠂ ᠠᠷᠭ᠎ᠠ ᠵᠢᠨ ᠰᠢᠨ᠎ᠡ ᠵᠢ ᠡᠭᠦᠳᠴᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠬᠡᠷ ᠣᠷᠣᠨ᠎ᠢ ᠬᠦᠴᠦᠯᠡᠨ ᠪᠠᠶ᠋ᠢᠭᠤᠯᠤᠨ᠎ᠠ᠃ ᠨᠢᠭᠡ᠎ᠳᠤ᠂ ᠪᠥᠬᠦ ᠣᠷᠣᠨ᠎ᠤ ᠡᠯ᠎ᠡ ᠠᠶ᠋ᠢᠮᠠᠭ ᠬᠤᠲᠠ ᠵᠢᠨ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠱᠠᠯᠠᠪᠳᠠᠭᠤᠯᠤᠨ ᠪᠠᠶ᠋ᠢᠴᠠᠭ᠋ᠠᠬᠤ ᠵᠢ ᠴᠢᠩᠭ᠋ᠠᠳᠬᠠᠵᠤ᠂ ᠠᠵᠢᠯ᠎ᠤᠨ ᠳᠤᠮᠳᠠ ᠣᠷᠣᠰᠢᠵᠤ ᠪᠠᠶ᠋ᠢᠭ᠎ᠠ ᠠᠰᠠᠭᠤᠳᠠᠯ᠎ᠢ ᠭᠦᠨᠵᠡᠭᠡᠶ ᠪᠠᠶ᠋ᠢᠴᠠᠭ᠋ᠠᠨ ᠡᠷᠢᠵᠦ᠂ ᠴᠡᠭᠴᠡᠯᠡᠨ ᠰᠠᠶ᠋ᠢᠵᠢᠷᠠᠭᠤᠯᠬᠤ ᠵᠢ ᠱᠠᠯᠠᠪᠳᠠᠭᠤᠯᠤᠨ ᠠᠬᠢᠭᠤᠯᠵᠤ᠂ ᠡᠭᠦᠳᠦᠨ ᠪᠠᠶ᠋ᠢᠭᠤᠯᠬᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ᠃ ᠬᠤᠶᠠᠷ᠎ᠲᠤ᠂ ᠨᠡᠶ᠋ᠢᠲᠡᠯᠢᠭ ᠵᠢᠱ᠌ᠢᠶ᠎ᠡ ᠵᠢ ᠬᠦᠮᠦᠵᠢᠭᠦᠯᠬᠦ ᠠᠵᠢᠯ᠎ᠢ ᠴᠢᠩᠭ᠋ᠠᠳᠬᠠᠨ᠎ᠠ᠃ ᠨᠠᠶᠮᠠᠳᠤᠭ᠋ᠠᠷ ᠪᠦᠯᠦᠭ᠎ᠤᠨ ᠪᠥᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠲᠣᠭᠤᠷᠢᠭ᠂ ᠵᠢᠱ᠌ᠢᠶ᠎ᠡ ᠦᠵᠡᠭᠦᠯᠬᠦ ᠨᠢᠬᠡᠴᠢ ᠵᠢ ᠰᠢᠯᠭ᠋ᠠᠷᠠᠭᠤᠯᠤᠨ ᠨᠡᠷᠡᠶ᠋ᠢᠳᠬᠦ ᠠᠵᠢᠯ᠎ᠢ ᠥᠷᠨᠢᠭᠦᠯᠦᠨ᠎ᠡ; ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠲᠤᠭᠤᠷᠢᠭ᠂ ᠵᠢᠱ᠌ᠢᠶ᠎ᠡ ᠦᠵᠡᠭᠦᠯᠬᠦ ᠨᠢᠭᠡᠴᠢ ᠵᠢ ᠰᠤᠩᠭᠤᠨ ᠳᠡᠪᠰᠢᠭᠦᠯᠬᠦ ᠠᠵᠢᠯ᠎ᠢ ᠬᠢᠨᠠᠮᠠᠭ᠋ᠠᠶ ᠰᠠᠶ᠋ᠢᠲᠤᠷ ᠬᠢᠨ᠎ᠠ᠃ ᠭᠤᠷᠪᠠ᠎ᠳᠤ᠂ ᠰᠤᠷᠤᠯᠴᠠᠬᠤ ᠲᠠᠪᠴᠠᠩ᠎ᠢ ᠢᠳᠡᠪᠬᠢᠲᠡᠶ ᠪᠠᠶ᠋ᠢᠭᠤᠯᠤᠨ᠎ᠠ᠃ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠵᠢ ᠬᠠᠷᠢᠯᠴᠠᠨ ᠦᠵᠡᠵᠦ ᠬᠠᠷᠢᠯᠴᠠᠨ ᠰᠤᠷᠤᠯᠴᠠᠬᠤ ᠠᠵᠢᠯᠯᠠᠭ᠎ᠠ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠤᠨ ᠪᠣᠯᠪᠠᠰᠤᠷᠠᠯ᠎ᠤᠨ ᠠᠩᠭᠢ ᠵᠢ ᠵᠣᠬᠢᠶᠠᠨ ᠪᠠᠶ᠋ᠢᠭᠤᠯᠤᠨ ᠰᠠᠶ᠋ᠢᠲᠤᠷ ᠡᠷᠬᠢᠯᠡᠵᠦ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠢᠮᠠᠭᠲᠠ ᠲᠤᠭᠤᠰᠢᠯᠠᠭᠤᠯᠤᠨ᠎ᠠ᠃ ᠳᠥᠷᠪᠡ᠎ᠳᠤ᠂ ᠤᠬᠠᠭᠤᠯᠭ᠎ᠠ ᠬᠥᠮᠦᠵᠢᠯ᠎ᠤᠨ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ 《ᠲᠠᠪᠤᠨ ᠮᠡᠳᠡᠷᠡᠬᠦᠢ》 ᠵᠢᠨ ᠦᠵᠡᠯ ᠰᠠᠨᠠᠭ᠎ᠠ ᠵᠢ ᠲᠠᠰᠤᠷᠠᠯᠲᠠ ᠤᠢ᠍ᠭᠡᠢ ᠨᠡᠮᠡᠭᠳᠡᠭᠦᠯᠦᠨ᠎ᠡ᠃

      ᠬᠥᠲᠥᠯᠥᠭᠴᠢ᠄ ᠶᠦᠨ ᠡᠷᠬᠢᠯᠡᠭᠴᠢ ᠵᠢᠨ ᠬᠦᠯᠢᠴᠡᠩᠭᠦᠶ᠎ᠪᠠᠷ ᠲᠠᠶ᠋ᠢᠯᠤᠮᠵᠢ ᠬᠢᠭᠰᠡᠨ᠎ᠳᠤ ᠲᠠᠯᠠᠷᠬᠠᠵᠤ ᠪᠠᠶ᠋ᠢᠨ᠎ᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠤᠤᠯ ᠰᠢᠵᠢᠮ ᠪᠣᠯᠭ᠋ᠠᠵᠤ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠶᠠᠷᠢᠶᠠᠨ᠎ᠤ ᠰᠡᠳᠦᠪ ᠪᠠᠰᠠ ᠮᠠᠰᠢ ᠣᠯᠠᠨ ᠪᠠᠶ᠋ᠢᠨ᠎ᠠ᠂ ᠭᠡᠪᠡᠴᠦ ᠴᠠᠭ᠎ᠤᠨ ᠬᠠᠷᠠᠭ᠎ᠠ᠎ᠠᠴᠠ ᠪᠣᠯᠵᠣ᠂ ᠥᠨᠥᠳᠦᠷ᠎ᠤᠨ ᠰᠤᠷᠪᠤᠯᠵᠢᠯᠠᠭ᠎ᠠ᠎ᠪᠠᠨ ᠠᠳᠡ ᠬᠦᠷᠬᠡᠶ᠎ᠡ᠃ ᠳᠠᠷᠠᠭ᠎ᠠ ᠤᠳᠠᠭ᠎ᠠ ᠵᠠᠪᠰᠢᠶᠠᠨ᠎ᠲᠠᠢ ᠪᠣᠯ ᠰᠦᠯᠵᠢᠶᠡᠨ᠎ᠤ ᠨᠠᠶ᠋ᠢᠵᠠ ᠨᠠᠷ᠎ᠲᠠᠢ᠎ᠪᠠᠨ ᠬᠠᠮᠲᠤ ᠶᠠᠷᠢᠯᠴᠠᠬᠤ ᠵᠢ ᠬᠦᠰᠡᠵᠦ ᠪᠠᠶ᠋ᠢᠨ᠎ᠠ᠂ ᠥᠷᠭᠡᠨ ᠣᠯᠠᠨ ᠰᠦᠯᠵᠢᠶᠡᠨ᠎ᠤ ᠠᠨᠳᠠ ᠨᠠᠷ᠎ᠤᠨ ᠲᠣᠰ ᠤᠳᠠᠭ᠋ᠠᠨ᠎ᠤ ᠫᠷᠤᠭ᠌ᠷᠠᠮ᠎ᠢ ᠭᠥᠯᠢᠶᠡᠨ ᠠᠪᠴᠤ ᠦᠵᠡᠭᠰᠡᠨ᠎ᠳᠤ ᠲᠠᠯᠠᠷᠬᠠᠵᠤ ᠪᠠᠶ᠋ᠢᠨ᠎ᠠ! ᠪᠠᠶᠠᠷᠲᠠᠶ!

      ᠶᠦᠨ ᠭᠦᠸᠧ ᠱᠧᠩ᠄ ᠬᠥᠲᠥᠯᠥᠭᠴᠢ᠎ᠳᠤ ᠪᠠᠶᠠᠷᠯᠠᠯ᠎ᠠ᠂ ᠲᠠ ᠣᠯᠠᠨ᠎ᠳᠤ ᠪᠠᠶᠠᠷᠯᠠᠯ᠎ᠠ᠂ ᠪᠠᠶᠠᠷᠲᠠᠶ᠃
 
   
   

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ
          
ᠬᠠᠮᠢᠶ᠎ᠡ ᠪᠦᠬᠦᠢ ᠰᠣᠨᠢᠨ
ᠠᠯᠠᠱ᠌ᠠ ᠠᠶ᠋ᠢᠮᠠᠭ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠨᠠᠮ᠎ᠤᠨ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠲᠥᠪᠰᠢᠨ᠎ᠢ ᠰᠣᠷᠪᠣᠯᠵᠢᠯᠠᠭᠰᠠᠨ᠎ᠨᠢ
ᠬᠤᠨ᠎ᠤ ᠨᠤᠲᠤᠭ᠎ᠤᠨ ᠬᠤᠰᠢᠭᠤᠴᠢ ᠬᠤᠨ — — ᠮᠠᠯᠴᠢᠨ ᠵᠢᠷᠠᠡᠨᠢᠭᠡ
ᠤᠷᠭᠤᠮᠠᠯ᠎ᠤᠨ ᠰᠢᠨᠵᠢᠯᠡᠬᠦ ᠤᠬᠠᠭ᠋ᠠᠨ᠎ᠤ ᠵᠢᠷᠤᠭ᠎ᠨᠢ ᠠᠮᠢ ᠠᠬᠤᠶ ᠵᠢᠨ ᠤᠬᠠᠮᠰᠠᠷ᠎ᠢ ᠬᠥᠮᠦᠵᠢᠭᠦᠯᠬᠦ ᠵᠢᠨ ᠬᠡᠷᠡᠭᠴᠡᠭᠡ ᠪᠣᠯᠤᠨ᠎ᠠ
ᠬᠣᠩᠭᠣᠷ ᠠᠭᠤᠯᠠ ᠵᠢᠨ ᠵᠡᠷᠯᠢᠭ ᠠᠷᠴᠠ ᠠᠷᠪᠠᠨ ᠵᠢᠯ᠎ᠤᠨ ᠬᠠᠮᠠᠭ᠋ᠠᠯᠠᠯᠲᠠ ᠵᠢ ᠤᠴᠢᠷᠯᠠᠨ᠎ᠠ
ᠲᠠᠷᠢᠶᠠᠯᠠᠬᠤ ᠵᠢ ᠵᠣᠭᠰᠣᠭ᠋ᠠᠵᠤ ᠣᠢ ᠰᠢᠭᠤᠢ ᠡᠪᠡᠰᠦ ᠪᠡᠯᠴᠢᠭᠡᠷ᠎ᠢ ᠰᠡᠷᠭᠦᠭᠡᠬᠦ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠦᠷᠭᠦᠯᠵᠢᠯᠡᠨ ᠠᠬᠢᠭᠤᠯᠤᠨ᠎ᠠ — ᠤᠯᠤᠰ᠎ᠤᠨ ᠣᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠠᠮᠢ ᠠᠬᠤᠢ ᠵᠢᠨ ᠲᠥᠪ᠎ᠤᠨ ᠬᠠᠷᠢᠭᠤᠴᠠᠯᠭ᠋ᠠᠲᠠᠨ᠎ᠢ ᠰᠤᠷᠪᠤᠯᠵᠢᠯᠠᠭᠰᠠᠨ᠎ᠨᠢ
 
             蒙ICP备05000248号