ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠰᠣᠷᠪᠣᠯᠵᠢᠯᠠᠭ᠎ᠠ
ᠲᠠᠷᠢᠶᠠᠯᠠᠬᠤ ᠵᠢ ᠵᠣᠭᠰᠣᠭ᠋ᠠᠵᠤ ᠣᠢ ᠰᠢᠭᠤᠢ ᠡᠪᠡᠰᠦ ᠪᠡᠯᠴᠢᠭᠡᠷ᠎ᠢ ᠰᠡᠷᠭᠦᠭᠡᠬᠦ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠦᠷᠭᠦᠯᠵᠢᠯᠡᠨ ᠠᠬᠢᠭᠤᠯᠤᠨ᠎ᠠ — ᠤᠯᠤᠰ᠎ᠤᠨ ᠣᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠠᠮᠢ ᠠᠬᠤᠢ ᠵᠢᠨ ᠲᠥᠪ᠎ᠤᠨ ᠬᠠᠷᠢᠭᠤᠴᠠᠯᠭ᠋ᠠᠲᠠᠨ᠎ᠢ ᠰᠤᠷᠪᠤᠯᠵᠢᠯᠠᠭᠰᠠᠨ᠎ᠨᠢ
ᠨᠡᠶ᠋ᠢᠲᠡᠯᠡᠭᠰᠡᠨ ᠴᠠᠭ᠄ 2022-11-22

      ᠣᠶ᠋ᠢᠷ᠎ᠠ᠎ᠳᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠥᠪᠰᠢᠶᠡᠷᠡᠯ ᠵᠶ᠋ᠠᠷ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠤᠯᠤᠰ᠎ᠤᠨ ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠬᠣᠷᠢᠶ᠎ᠠ᠂ ᠡᠳ᠋᠎ᠤᠨ ᠵᠠᠰᠠᠭ᠎ᠤᠨ ᠶᠠᠮᠤᠨ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ ᠬᠠᠮᠲᠤᠷᠠᠨ 《ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠲᠠᠷᠢᠶᠠᠯᠠᠬᠤ ᠵᠢ ᠵᠣᠭᠰᠣᠭ᠋ᠠᠵᠤ ᠣᠢ ᠰᠢᠭᠤᠢ ᠡᠪᠡᠰᠦ ᠪᠡᠯᠴᠢᠭᠡᠷ᠎ᠢ ᠰᠡᠷᠭᠦᠭᠡᠭᠰᠡᠨ ᠦᠷ᠎ᠡ ᠪᠦᠲᠦᠭᠡᠯ᠎ᠢ ᠪᠡᠬᠢᠵᠢᠭᠦᠯᠬᠦ ᠲᠤᠬᠠᠢ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ 《ᠮᠡᠳᠡᠭᠳᠡᠯ》᠎ᠳᠤ᠂ ᠬᠣᠶᠠᠳᠤᠭ᠋ᠠᠷ ᠡᠭᠡᠯᠵᠢ ᠵᠢᠨ ᠲᠠᠷᠢᠶᠠᠯᠠᠬᠤ ᠵᠢ ᠵᠣᠭᠰᠣᠭ᠋ᠠᠵᠤ ᠣᠢ ᠰᠢᠭᠤᠢ ᠡᠪᠡᠰᠦ ᠪᠡᠯᠴᠢᠭᠡᠷ᠎ᠢ ᠰᠡᠷᠭᠦᠭᠡᠬᠦ ᠪᠡᠯᠡ ᠮᠦᠩᠬᠦ ᠵᠢᠨ ᠨᠥᠬᠥᠪᠥᠷᠢ ᠵᠢᠨ ᠬᠤᠭᠤᠴᠠᠭ᠎ᠠ ᠳᠦᠭᠦᠷᠦᠭᠰᠡᠨ᠎ᠤ ᠳᠠᠷᠠᠭ᠎ᠠ᠂ ᠨᠥᠬᠥᠪᠥᠷᠢ ᠥᠭᠬᠦ ᠬᠤᠭᠤᠴᠠᠭ᠎ᠠ ᠵᠢ ᠤᠷᠲᠤᠳᠬᠠᠬᠤ ᠵᠢᠨ ᠬᠠᠮᠲᠤ ᠲᠠᠷᠢᠶᠠᠯᠠᠬᠤ ᠵᠢ ᠵᠣᠭᠰᠣᠭ᠋ᠠᠵᠤ ᠣᠢ ᠰᠢᠭᠤᠢ ᠡᠪᠡᠰᠦ ᠪᠡᠯᠴᠢᠭᠡᠷ᠎ᠢ ᠰᠡᠷᠭᠦᠭᠡᠬᠦ ᠠᠵᠢᠯ᠎ᠤᠨ ᠭᠣᠣᠯᠳᠠᠯᠭ᠎ᠠ ᠵᠢ ᠨᠢᠭᠡᠨᠲᠡ ᠪᠠᠶ᠋ᠢᠭ᠎ᠠ ᠪᠦᠲᠦᠭᠡᠨ ᠪᠠᠶ᠋ᠢᠭᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠬᠦ ᠳᠡᠭᠡᠷ᠎ᠡ ᠰᠢᠯᠵᠢᠭᠦᠯᠵᠦ᠂ ᠨᠢᠭᠡᠨᠲᠡ ᠪᠠᠶ᠋ᠢᠭ᠎ᠠ ᠦᠷ᠎ᠡ ᠪᠦᠲᠦᠭᠡᠯ᠎ᠳᠤ ᠨᠠᠷᠢᠯᠢᠭ ᠣᠨᠣᠴᠠᠲᠠᠢ ᠬᠠᠮᠢᠶᠠᠷᠤᠯᠲᠠ ᠶᠠᠪᠤᠭᠤᠯᠵᠤ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠵᠦ᠂ ᠴᠢᠨᠠᠷ ᠰᠠᠶ᠋ᠢᠲᠠᠢ ᠬᠥᠭᠵᠢᠯᠲᠡ᠎ᠪᠠᠷ ᠳᠠᠮᠵᠢᠭᠤᠯᠤᠨ ᠠᠮᠢ ᠠᠬᠤᠢ ᠵᠢᠨ ᠠᠵᠤ ᠠᠬᠤᠢ ᠵᠢᠨ ᠦᠢ᠍ᠯᠡᠳᠬᠦᠨ᠎ᠤ ᠪᠦᠲᠦᠮᠵᠢᠲᠡᠢ ᠬᠠᠩᠭ᠋ᠠᠯᠭ᠎ᠠ ᠵᠢ ᠪᠡᠶᠡᠯᠡᠭᠦᠯᠦᠨ᠎ᠡ ᠭᠡᠵᠦ ᠲᠣᠳᠣᠷᠬᠠᠢ ᠲᠣᠭᠲᠠᠭ᠋ᠠᠵᠠᠢ᠃
      ᠲᠠᠷᠢᠶᠠᠯᠠᠬᠤ ᠵᠢ ᠵᠣᠭᠰᠣᠭ᠋ᠠᠵᠤ ᠣᠢ ᠰᠢᠭᠤᠢ ᠡᠪᠡᠰᠦ ᠪᠡᠯᠴᠢᠭᠡᠷ᠎ᠢ ᠰᠡᠷᠭᠦᠭᠡᠬᠦ ᠢᠨᠵᠧᠨᠧᠷᠢᠩ᠎ᠢ ᠬᠡᠷᠡᠭᠵᠢᠭᠦᠯᠦᠭᠰᠡᠨ 20 ᠭᠠᠷᠤᠢ ᠵᠢᠯ᠎ᠤᠨ ᠲᠤᠷᠰᠢ᠂ ᠦᠷ᠎ᠡ ᠠᠰᠢᠭ ᠢᠯᠡᠳᠲᠡ ᠪᠣᠯᠵᠣ᠂ ᠠᠮᠢ ᠠᠬᠤᠢ ᠵᠢᠨ ᠰᠠᠶ᠋ᠢᠵᠢᠷᠠᠯᠲᠠ ᠪᠠ ᠮᠠᠯᠴᠢᠨ ᠲᠠᠷᠢᠶᠠᠴᠢᠨ᠎ᠤ ᠣᠷᠣᠯᠭ᠎ᠠ ᠵᠢᠨ ᠨᠡᠮᠡᠭᠳᠡᠯ᠎ᠢ ᠬᠦᠴᠦᠲᠡᠢ ᠠᠬᠢᠭᠤᠯᠵᠤ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠲᠦᠯᠬᠢᠨ ᠠᠬᠢᠭᠤᠯᠬᠤ᠂ ᠣᠷᠣᠨ ᠪᠦᠰᠡ ᠵᠢᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ ᠵᠡᠷᠭᠡ᠎ᠳᠤ ᠴᠢᠬᠤᠯᠠ ᠦᠢ᠍ᠯᠡᠳᠦᠯ ᠪᠠᠳᠠᠷᠠᠭᠤᠯᠪᠠ᠃ ᠶᠠᠭᠤᠨ᠎ᠤ ᠤᠴᠢᠷ᠎ᠠᠴᠠ ᠡᠨᠡ ᠦᠶ᠎ᠡ᠎ᠳᠤ ᠡᠨᠡᠬᠦ 《ᠮᠡᠳᠡᠭᠳᠡᠯ》᠎ᠢ ᠨᠡᠶ᠋ᠢᠲᠡᠯᠡᠭᠰᠡᠨ ᠪᠤᠢ? 《ᠮᠡᠳᠡᠭᠳᠡᠯ》᠎ᠳᠤ ᠶᠠᠮᠠᠷ ᠶᠠᠮᠠᠷ ᠰᠢᠨ᠎ᠡ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠪᠠᠶ᠋ᠢᠬᠤ ᠪᠤᠢ? ᠳᠠᠷᠠᠭ᠋ᠠᠴᠢ ᠵᠢᠨ ᠠᠯᠬᠤᠮ᠎ᠳᠤ 《ᠮᠡᠳᠡᠭᠳᠡᠯ》᠎ᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠵᠢ ᠬᠡᠷᠬᠢᠨ ᠠᠬᠢᠭᠤᠯᠬᠤ ᠪᠤᠢ? ᠣᠶ᠋ᠢᠷ᠎ᠠ᠎ᠳᠤ᠂ ᠰᠤᠷᠪᠤᠯᠵᠢᠯᠠᠭᠴᠢ ᠤᠯᠤᠰ᠎ᠤᠨ ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠢ ᠲᠤᠰᠬᠠᠶ᠋ᠢᠯᠠᠨ ᠰᠤᠷᠪᠤᠯᠵᠢᠯᠠᠪᠠ᠃

      ᠰᠤᠷᠪᠤᠯᠵᠢᠯᠠᠭᠴᠢ᠄ ᠲᠠᠷᠢᠶᠠᠯᠠᠬᠤ ᠵᠢ ᠵᠣᠭᠰᠣᠭ᠋ᠠᠵᠤ ᠣᠢ ᠰᠢᠭᠤᠢ ᠡᠪᠡᠰᠦ ᠪᠡᠯᠴᠢᠭᠡᠷ᠎ᠢ ᠰᠡᠷᠭᠦᠭᠡᠬᠦ ᠪᠣᠯ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠠᠴᠠ ᠭᠠᠷᠭ᠋ᠠᠭᠰᠠᠨ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ ᠵᠢᠨ ᠰᠢᠢ᠍ᠳᠪᠦᠷᠢᠲᠦ ᠪᠣᠳᠣᠯᠭ᠎ᠠ ᠮᠥᠨ᠂ ᠲᠠ ᠮᠠᠨ᠎ᠤ ᠤᠯᠤᠰ᠎ᠤᠨ ᠲᠠᠷᠢᠶᠠᠯᠠᠬᠤ ᠵᠢ ᠵᠣᠭᠰᠣᠭ᠋ᠠᠵᠤ ᠣᠢ ᠰᠢᠭᠤᠢ ᠡᠪᠡᠰᠦ ᠪᠡᠯᠴᠢᠭᠡᠷ᠎ᠢ ᠰᠡᠷᠬᠦᠭᠡᠵᠦ ᠪᠠᠶ᠋ᠢᠳᠠᠯ ᠪᠣᠯᠤᠨ ᠣᠯᠤᠭᠰᠠᠨ ᠠᠮᠵᠢᠯᠲᠠ ᠪᠦᠲᠦᠮᠵᠢ ᠵᠢ ᠲᠠᠨᠢᠯᠴᠠᠭᠤᠯᠤᠭ᠋ᠠᠳ ᠦᠭᠬᠦᠨ᠎ᠡ ᠤᠤ?
      ᠠᠮᠢ ᠠᠬᠤᠢ ᠵᠢᠨ ᠲᠥᠪ᠎ᠤᠨ ᠬᠠᠷᠢᠭᠤᠴᠠᠯᠭ᠋ᠠᠲᠠᠨ᠄ ᠲᠠᠷᠢᠶᠠᠯᠠᠬᠤ ᠵᠢ ᠵᠣᠭᠰᠣᠭ᠋ᠠᠵᠤ ᠣᠢ ᠰᠢᠭᠤᠢ ᠡᠪᠡᠰᠦ ᠪᠡᠯᠴᠢᠭᠡᠷ᠎ᠢ ᠰᠡᠷᠭᠦᠭᠡᠬᠦ ᠪᠣᠯ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠂ ᠳᠤᠮᠳᠠᠳᠤ ᠵᠢᠨ ᠦᠨᠳᠦᠰᠦᠲᠡᠨ᠎ᠤ ᠠᠯᠤᠰ ᠬᠡᠳᠦ ᠵᠢᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠳᠡᠭᠡᠳᠦ ᠬᠡᠮᠵᠢᠶᠡᠨ᠎ᠠᠴᠠ ᠠᠵᠤ ᠠᠬᠤᠢ ᠨᠡᠶ᠋ᠢᠭᠡᠮ᠎ᠤᠨ ᠦᠷᠭᠦᠯᠵᠢᠯᠡᠬᠦ ᠬᠥᠭᠵᠢᠯᠲᠡ ᠵᠢᠨ ᠪᠦᠬᠦ ᠲᠠᠯ᠎ᠠ ᠵᠢ ᠪᠣᠳᠣᠯᠬᠢᠯᠠᠨ᠂ ᠠᠮᠢ ᠠᠬᠤᠢ ᠵᠢᠨ ᠣᠷᠴᠢᠨ ᠨᠥᠬᠥᠴᠡᠯ᠎ᠢ ᠰᠠᠶ᠋ᠢᠵᠢᠷᠠᠭᠤᠯᠬᠤ᠂ ᠠᠮᠢ ᠠᠬᠤᠢ ᠵᠢᠨ ᠪᠣᠯᠪᠠᠰᠤᠨ᠎ᠢ ᠪᠠᠶ᠋ᠢᠭᠤᠯᠬᠤ ᠵᠢᠨ ᠲᠥᠯᠥᠭᠡ ᠭᠠᠷᠭ᠋ᠠᠭᠰᠠᠨ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ ᠵᠢᠨ ᠰᠢᠢ᠍ᠳᠪᠦᠷᠢᠲᠦ ᠪᠣᠳᠣᠯᠭ᠎ᠠ ᠮᠥᠨ᠃ ᠢᠯᠠᠩᠭᠤᠶ᠎ᠠ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠰᠢ ᠵᠢᠨ ᠫᠢᠩ ᠶᠡᠷᠦᠩᠬᠡᠢ ᠱᠦᠵᠢ 《ᠲᠠᠷᠢᠶᠠᠯᠠᠬᠤ ᠵᠢ ᠵᠣᠭᠰᠣᠭ᠋ᠠᠵᠤ ᠣᠢ ᠰᠢᠭᠤᠢ ᠡᠪᠡᠰᠦ ᠪᠡᠯᠴᠢᠭᠡᠷ᠎ᠢ ᠰᠡᠷᠭᠦᠭᠡᠬᠦ ᠠᠵᠢᠯ᠎ᠢ ᠴᠥᠬᠥᠷᠡᠰᠢ ᠦᠭᠡᠢ ᠥᠷᠨᠢᠭᠦᠯᠬᠦ》 ᠴᠢᠬᠤᠯᠠ ᠵᠢᠭ᠋ᠠᠪᠤᠷᠢ ᠭᠠᠷᠭ᠋ᠠᠵᠤ᠂ ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠠᠴᠠ 《ᠲᠠᠷᠢᠶᠠᠯᠠᠬᠤ ᠵᠢ ᠵᠣᠭᠰᠣᠭ᠋ᠠᠵᠤ ᠣᠢ ᠰᠢᠭᠤᠢ ᠵᠢ ᠰᠡᠷᠭᠦᠭᠡᠬᠦ ᠬᠦᠷᠢᠶ᠎ᠡ ᠬᠡᠪᠴᠢᠶ᠎ᠡ ᠵᠢ ᠲᠣᠭᠲᠠᠪᠤᠷᠢᠵᠢᠭᠤᠯᠤᠨ ᠥᠷᠭᠡᠳᠬᠡᠬᠦ》 ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠡᠭᠦᠷᠭᠡ ᠵᠢᠨ ᠨᠢᠭᠡ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠢᠯᠡᠳᠬᠡᠯ᠎ᠳᠤ ᠲᠠᠷᠢᠶᠠᠯᠠᠬᠤ ᠵᠢ ᠵᠣᠭᠰᠣᠭ᠋ᠠᠵᠤ ᠣᠢ ᠰᠢᠭᠤᠢ ᠡᠪᠡᠰᠦ ᠪᠡᠯᠴᠢᠭᠡᠷ᠎ᠢ ᠰᠡᠷᠭᠦᠭᠡᠬᠦ ᠠᠵᠢᠯ᠎ᠢ ᠥᠷᠭᠡᠳᠬᠡᠬᠦ ᠬᠡᠷᠡᠭᠲᠡᠢ ᠭᠡᠵᠦ ᠱᠠᠭ᠋ᠠᠷᠳᠠᠵᠠᠢ᠂ 2021 ᠣᠨ᠎ᠤ ᠲᠥᠪ᠎ᠤᠨ 1 ᠳ᠋ᠦ᠍ᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ 《ᠲᠠᠷᠢᠶᠠᠯᠠᠬᠤ ᠵᠢ ᠵᠣᠭᠰᠣᠭ᠋ᠠᠵᠤ ᠣᠢ ᠰᠢᠭᠤᠢ ᠡᠪᠡᠰᠦ ᠪᠡᠯᠴᠢᠭᠡᠷ᠎ᠢ ᠰᠡᠷᠭᠦᠭᠡᠭᠰᠡᠨ ᠦᠷ᠎ᠡ ᠪᠦᠲᠦᠭᠡᠯ᠎ᠢ ᠪᠡᠬᠢᠵᠢᠭᠦᠯᠵᠦ᠂ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠡᠮᠬᠢ ᠵᠢᠷᠤᠮ᠎ᠲᠠᠢ ᠠᠬᠢᠭᠤᠯᠬᠤ》 ᠱᠠᠭ᠋ᠠᠷᠳᠠᠯᠭ᠎ᠠ ᠳᠤᠷᠠᠳᠴᠤ᠂ ᠲᠠᠷᠢᠶᠠᠯᠠᠬᠤ ᠵᠢ ᠵᠣᠭᠰᠣᠭ᠋ᠠᠵᠤ ᠣᠢ ᠰᠢᠭᠤᠢ ᠡᠪᠡᠰᠦ ᠪᠡᠯᠴᠢᠭᠡᠷ᠎ᠢ ᠰᠡᠷᠭᠦᠭᠡᠬᠦ ᠠᠵᠢᠯ᠎ᠤᠨ ᠤᠷᠤᠭᠰᠢᠲᠠᠢ ᠶᠠᠪᠤᠭᠳᠠᠬᠤ᠎ᠳᠤ ᠦᠨᠳᠦᠰᠦᠨ ᠪᠠᠲᠤᠯᠠᠭ᠎ᠠ ᠬᠠᠩᠭ᠋ᠠᠵᠠᠢ᠃ 1999 ᠣᠨ᠎ᠠᠴᠠ ᠨᠠᠰᠢ᠂ ᠮᠠᠨ᠎ᠤ ᠤᠯᠤᠰ ᠬᠣᠶᠠᠷ ᠡᠭᠡᠯᠵᠢ ᠵᠢᠨ ᠲᠠᠷᠢᠶᠠᠯᠠᠬᠤ ᠵᠢ ᠵᠣᠭᠰᠣᠭ᠋ᠠᠵᠤ ᠣᠢ ᠰᠢᠭᠤᠢ ᠡᠪᠡᠰᠦ ᠪᠡᠯᠴᠢᠭᠡᠷ᠎ᠢ ᠰᠡᠷᠭᠦᠭᠡᠬᠦ ᠡᠭᠦᠷᠭᠡ ᠵᠢ ᠬᠡᠷᠡᠭᠵᠢᠭᠦᠯᠵᠦ᠂ ᠨᠡᠶ᠋ᠢᠲᠡ 25 ᠮᠤᠵᠢ (ᠣᠷᠣᠨ᠂ ᠬᠣᠲᠠ) ᠪᠣᠯᠤᠨ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠲᠠᠷᠢᠶᠠᠯᠠᠬᠤ ᠵᠢ ᠵᠣᠭᠰᠣᠭ᠋ᠠᠵᠤ ᠣᠢ ᠰᠢᠭᠤᠢ ᠡᠪᠡᠰᠦ ᠪᠡᠯᠴᠢᠭᠡᠷ᠎ᠢ ᠰᠡᠷᠭᠦᠭᠡᠬᠦ ᠡᠭᠦᠷᠭᠡ ᠵᠢ 2.13 ᠳ᠋ᠦᠩᠰᠢᠭᠤᠷ ᠮᠦ᠍ ᠲᠣᠬᠢᠷᠠᠭᠤᠯᠤᠭᠰᠠᠨ᠎ᠤ ᠬᠠᠮᠲᠤ ᠠᠭᠯᠠᠭ ᠠᠭᠤᠯᠠ ᠠᠲᠠᠷ ᠭᠠᠵᠠᠷ᠎ᠢ ᠣᠶ᠋ᠢᠵᠢᠭᠤᠯᠬᠤ ᠪᠠ ᠠᠭᠤᠯᠠ ᠵᠢ ᠪᠢᠲᠡᠭᠦᠮᠵᠢᠯᠡᠨ ᠤᠢ᠌ᠵᠢᠭᠤᠯᠵᠤ᠂ 3.1 ᠳ᠋ᠦᠩᠰᠢᠭᠤᠷ ᠮᠦ᠍ ᠭᠠᠵᠠᠷ᠎ᠢ ᠣᠶ᠋ᠢᠵᠢᠭᠤᠯᠤᠭᠰᠠᠨ ᠪᠠᠶ᠋ᠢᠨ᠎ᠠ᠃ 2021 ᠣᠨ᠎ᠤ ᠡᠴᠦᠰ ᠪᠣᠯᠲᠠᠯ᠎ᠠ᠂ ᠲᠥᠪ᠎ᠠᠴᠠ ᠨᠡᠶ᠋ᠢᠲᠡ 5515 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠵᠤ᠂ 4100 ᠲᠦᠮᠡᠨ ᠲᠠᠷᠢᠶᠠᠴᠢᠨ ᠡᠷᠦᠬᠡ᠂ 1.58 ᠳ᠋ᠦᠩᠰᠢᠭᠤᠷ ᠮᠠᠯᠴᠢᠨ ᠲᠠᠷᠢᠶᠠᠴᠢᠨ᠎ᠳᠤ ᠬᠤᠯᠪᠤᠭᠳᠠᠭᠰᠠᠨ ᠪᠠᠢ᠌ᠨ᠎ᠠ᠃
      ᠲᠠᠷᠢᠶᠠᠯᠠᠬᠤ ᠵᠢ ᠵᠣᠭᠰᠣᠭ᠋ᠠᠵᠤ ᠣᠢ ᠰᠢᠭᠤᠢ ᠡᠪᠡᠰᠦ ᠪᠡᠯᠴᠢᠭᠡᠷ᠎ᠢ ᠰᠡᠷᠭᠦᠭᠡᠬᠦ ᠪᠣᠯ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠪᠣᠳᠠᠲᠠᠢ ᠢᠯᠡᠷᠡᠯ ᠮᠥᠨ᠃ ᠢᠨᠵᠧᠨᠧᠷᠢᠩ᠎ᠢ ᠬᠡᠷᠡᠭᠵᠢᠭᠦᠯᠦᠭᠰᠡᠨ᠎ᠠᠴᠠ ᠨᠠᠰᠢ ᠯᠤᠲᠤ ᠶᠡᠬᠡ ᠠᠮᠵᠢᠯᠲᠠ ᠣᠯᠵᠠᠢ᠄ ᠢᠨᠵᠧᠨᠧᠷᠢᠩ᠎ᠤᠨ ᠣᠷᠣᠨ᠎ᠤ ᠣᠢ ᠰᠢᠭᠤᠢ ᠵᠢᠨ ᠪᠦᠷᠬᠦᠴᠡ ᠵᠢᠨ ᠨᠣᠷᠮ᠎ᠠ ᠶᠡᠷᠦᠩᠬᠡᠢ᠎ᠳᠡᠭᠡᠨ 4 ᠵᠠᠭᠤᠨ᠎ᠤ ᠴᠡᠭ᠎ᠠᠴᠠ ᠳᠡᠭᠡᠭᠰᠢ ᠳᠡᠭᠡᠭᠰᠢᠯᠡᠵᠦ᠂ ᠣᠢ ᠰᠢᠭᠤᠢ ᠡᠪᠡᠰᠦ ᠤᠷᠭᠤᠮᠠᠯ᠎ᠤᠨ ᠬᠤᠴᠢᠯᠭ᠎ᠠ ᠵᠢᠨ ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠬᠤ᠂ ᠬᠥᠷᠥᠰᠥ ᠰᠢᠷᠣᠢ ᠵᠢ ᠲᠣᠭᠲᠠᠪᠤᠷᠢᠵᠢᠭᠤᠯᠤᠨ ᠨᠡᠭᠦᠷᠡᠰᠦᠲᠥ᠋ᠷᠥᠭᠴᠢ ᠵᠢ ᠲᠣᠭᠲᠠᠪᠤᠷᠢᠵᠢᠭᠤᠯᠬᠤ᠂ ᠡᠯᠡᠰᠦ ᠵᠢ ᠰᠡᠷᠭᠡᠶ᠋ᠢᠯᠡᠨ ᠡᠯᠡᠰᠦ ᠵᠢ ᠲᠣᠭᠲᠠᠪᠤᠷᠢᠵᠢᠭᠤᠯᠬᠤ᠂ ᠬᠣᠭ ᠲᠣᠭᠣᠰᠣ ᠪᠣᠬᠢᠷ ᠮᠠᠨᠠᠨ᠎ᠢ ᠪᠠᠭ᠋ᠠᠰᠬᠠᠬᠤ ᠵᠡᠷᠭᠡ ᠠᠮᠢ ᠠᠬᠤᠢ ᠵᠢᠨ ᠴᠢᠳᠠᠮᠵᠢ ᠲᠠᠰᠤᠷᠠᠯᠲᠠ ᠥᠬᠡᠶ ᠴᠢᠩᠭ᠋ᠠᠷᠠᠵᠤ᠂ ᠠᠮᠢ ᠠᠬᠤᠢ ᠵᠢᠨ ᠪᠠᠶ᠋ᠢᠳᠠᠯ ᠢᠯᠡᠳᠲᠡ ᠰᠠᠶ᠋ᠢᠵᠢᠷᠠᠨ᠂ ᠵᠢᠯ᠎ᠤᠨ ᠠᠮᠢ ᠠᠬᠤᠢ ᠵᠢᠨ ᠦᠷ᠎ᠡ ᠠᠰᠢᠭ᠎ᠤᠨ ᠶᠡᠷᠦᠩᠬᠡᠢ ᠥᠷᠲᠡᠭ᠎ᠤᠨ ᠬᠡᠮᠵᠢᠶ᠎ᠡ 1.42 ᠲᠦᠮᠡᠨ ᠳ᠋ᠦᠩᠰᠢᠭᠤᠷ ᠲᠥᠭᠥᠷᠢᠭ᠎ᠲᠤ ᠬᠦᠷᠪᠡ᠃ ᠪᠦᠬᠦ ᠤᠯᠤᠰ᠎ᠤᠨ 812 ᠶᠠᠳᠠᠭᠤ᠎ᠠᠴᠠ ᠠᠩᠭᠢᠵᠢᠷᠠᠭᠰᠠᠨ ᠰᠢᠶᠠᠨ᠎ᠳᠤ ᠲᠠᠷᠢᠶᠠᠯᠠᠬᠤ ᠵᠢ ᠵᠣᠭᠰᠣᠭ᠋ᠠᠵᠤ ᠣᠢ ᠰᠢᠭᠤᠢ ᠡᠪᠡᠰᠦ ᠪᠡᠯᠴᠢᠭᠡᠷ᠎ᠢ ᠰᠡᠷᠭᠦᠭᠡᠬᠦ ᠠᠵᠢᠯ᠎ᠢ ᠦᠷᠨᠢᠬᠦᠯᠪᠡ᠃ ᠡᠨᠡ᠎ᠨᠢ   ᠶᠠᠳᠠᠭᠤ᠎ᠠᠴᠠ ᠠᠩᠭᠢᠵᠢᠷᠠᠭᠰᠠᠨ ᠰᠢᠶᠠᠨ᠎ᠤ ᠪᠦᠬᠦ ᠲᠣᠭ᠋ᠠᠨ᠎ᠤ 97.6% ᠵᠢ ᠡᠵᠡᠯᠡᠪᠡ᠃ ᠢᠯᠠᠩᠭᠤᠶ᠎ᠠ ᠬᠣᠶᠠᠳᠤᠭ᠋ᠠᠷ ᠡᠭᠡᠯᠵᠢ ᠵᠢᠨ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠶ ᠡᠪᠡᠰᠦ ᠪᠡᠯᠴᠢᠭᠡᠷ᠎ᠢ ᠰᠡᠷᠭᠦᠭᠡᠬᠦ ᠠᠵᠢᠯ᠎ᠤᠨ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ᠎ᠲᠠᠢ ᠡᠷᠦᠬᠡ 31.2%᠎ᠲᠤ ᠬᠦᠷᠴᠦ᠂ 200 ᠭᠠᠷᠤᠶ ᠲᠦᠮᠡᠨ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ᠎ᠲᠠᠢ ᠡᠷᠦᠬᠡ᠂ ᠮᠢᠩᠭ᠎ᠠ ᠰᠢᠬᠠᠮ ᠲᠦᠮᠡᠨ ᠶᠠᠳᠠᠭᠤ ᠬᠦᠴᠢᠷᠳᠡᠯ᠎ᠲᠠᠢ ᠬᠥᠮᠦᠨ ᠠᠮᠠ ᠵᠢ ᠶᠠᠳᠠᠭᠤ᠎ᠠᠴᠠ ᠠᠩᠭᠢᠵᠢᠷᠠᠭᠤᠯᠤᠨ ᠣᠷᠣᠯᠭ᠎ᠠ ᠵᠢ᠎ᠨᠢ ᠨᠡᠮᠡᠭᠳᠡᠭᠦᠯᠪᠡ᠃ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠶ ᠡᠪᠡᠰᠦ ᠪᠡᠯᠴᠢᠭᠡᠷ᠎ᠢ ᠰᠡᠷᠭᠦᠭᠡᠬᠦ ᠵᠢᠴᠢ ᠬᠣᠯᠪᠣᠭᠳᠠᠯ ᠪᠦᠬᠦᠢ ᠠᠵᠤ ᠦᠢ᠍ᠯᠡᠰ᠎ᠢ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠦᠨ ᠪᠠᠶᠠᠵᠢᠭᠤᠯᠬᠤ ᠵᠢᠨ ᠴᠢᠬᠤᠯᠠ ᠠᠷᠭ᠎ᠠ ᠵᠠᠮ ᠪᠣᠯᠭ᠋ᠠᠵᠤ᠂ 《ᠬᠥᠬᠡᠮᠳᠦᠭ ᠨᠣᠭᠣᠭ᠋ᠠᠨ ᠠᠭᠤᠯᠠ ᠤᠰᠤ》᠎ᠨᠢ ᠶᠠᠭ ᠠᠯᠬᠤᠮ ᠠᠯᠬᠤᠮ ᠵᠶ᠋ᠠᠷ ᠠᠷᠠᠳ ᠤᠯᠠᠨ᠎ᠤ 《ᠠᠯᠳᠠ ᠮᠥᠩᠭᠥᠨ ᠠᠭᠤᠯᠠ》 ᠪᠤᠯᠵᠤ ᠪᠠᠶ᠋ᠢᠨ᠎ᠠ᠃
      10 ᠰᠠᠷ᠎ᠠ ᠵᠢᠨ 26᠎ᠤ ᠦᠳᠡ ᠵᠢᠨ ᠬᠣᠶ᠋ᠢᠨ᠎ᠠ᠂ ᠶᠡᠷᠦᠩᠬᠡᠢ ᠱᠦᠵᠢ ᠰᠢ ᠵᠢᠨ ᠫᠢᠩ ᠶᠠᠨ ᠠᠨ ᠬᠤᠳᠠ ᠵᠢᠨ ᠠᠨᠰᠠᠢ ᠲᠣᠭᠣᠷᠢᠭ᠎ᠤᠨ ᠭᠤᠤ ᠴᠢᠶᠣᠤ ᠪᠠᠯᠭ᠋ᠠᠰᠤᠨ᠎ᠤ ᠨᠠᠨ ᠭ᠋ᠸᠤ ᠲᠣᠰᠬᠣᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ᠄ ᠪᠢ ᠱᠠᠨᠪᠸᠢ᠎ᠳᠤ 7 ᠵᠢᠯ ᠠᠮᠢᠳᠤᠷᠠᠪᠠ᠂ ᠲᠤᠬᠠᠢ ᠵᠢᠨ ᠵᠢᠯ᠎ᠳᠤ ᠠᠷᠠᠳ᠎ᠤᠨ ᠠᠮᠢᠳᠤᠷᠠᠯ ᠮᠠᠰᠢ ᠬᠦᠴᠢᠷᠳᠡᠯᠳᠡᠢ ᠪᠠᠶ᠋ᠢᠬᠤ ᠵᠢ ᠦᠵᠡᠭᠡᠳ ᠶᠠᠭ᠋ᠠᠬᠢᠵᠤ ᠤᠯᠠᠨ᠎ᠤ ᠠᠮᠢᠳᠤᠷᠠᠯ᠎ᠢ ᠰᠠᠶ᠋ᠢᠵᠢᠷᠠᠭᠤᠯᠬᠤ ᠵᠢ ᠪᠤᠳᠤᠵᠠᠢ᠃ ᠡᠨᠡ ᠤᠳᠠᠭ᠎ᠠ ᠶᠠᠨ ᠠᠨ᠎ᠳᠤ ᠢᠷᠡᠭᠡᠳ ᠠᠷᠠᠳ ᠤᠯᠠᠨ ᠡᠯᠪᠡᠭ ᠬᠤᠷᠢᠶᠠᠯᠲᠠ ᠤᠯᠵᠤ᠂ ᠵᠠᠮ ᠬᠠᠷᠢᠯᠴᠠᠭ᠋ᠠᠨ᠎ᠤ ᠨᠥᠬᠥᠴᠡᠯ ᠶᠡᠬᠡ᠎ᠪᠠᠷ ᠰᠠᠶ᠋ᠢᠵᠢᠷᠠᠵᠤ᠂ ᠲᠩᠷᠢ ᠭᠠᠵᠠᠷ᠎ᠢ ᠳᠣᠩᠰᠣᠯᠭ᠋ᠠᠮ᠎ᠠ ᠬᠤᠪᠢᠷᠠᠯᠲᠠ ᠭᠠᠷᠴᠠᠶ᠃ ᠥᠩᠭᠡᠷᠡᠭᠰᠡᠨ᠎ᠳᠤ ᠱᠠᠨᠪᠸᠢ ᠵᠢᠨ ᠠᠷᠠᠳ᠎ᠤᠳ ᠱᠠᠲᠤᠨ ᠲᠠᠷᠢᠶ᠎ᠠ ᠲᠠᠷᠢᠵᠦ᠂ ᠲᠡᠭᠷᠢ ᠵᠢ ᠲᠦᠰᠢᠵᠦ ᠲᠠᠷᠢᠶᠠᠯᠠᠨ ᠠᠮᠢᠳᠤᠷᠠᠵᠤ᠂ ᠲᠤᠶ᠋ᠢᠯ᠎ᠤᠨ ᠵᠦᠳᠡᠷᠡᠯᠲᠡᠢ ᠪᠠᠶ᠋ᠢᠪᠠ᠂ ᠤᠳᠤ ᠠᠭᠤᠯᠠᠨ ᠬᠥᠲᠥᠯ ᠳᠡᠭᠡᠷ᠎ᠡ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠢ ᠵᠢ ᠰᠡᠷᠭᠦᠭᠡᠬᠦ᠎ᠳᠤ ᠠᠯᠮᠤᠷᠠᠳ ᠲᠠᠷᠢᠵᠦ᠂ ᠠᠷᠠᠳ᠎ᠤᠳ ᠠᠵᠢᠯ᠎ᠲᠠᠢ᠂ ᠲᠣᠭᠲᠠᠭᠤᠨ ᠣᠷᠣᠯᠭ᠎ᠠ᠎ᠲᠠᠢ᠂ ᠬᠡᠦᠬᠡᠳ ᠪᠠᠭ᠋ᠠᠴᠤᠳ ᠰᠢᠯᠢᠳᠡᠭ ᠰᠠᠢ᠍ᠢ᠍ᠨ ᠰᠤᠷᠭ᠋ᠠᠨ ᠬᠥᠮᠦᠵᠢᠯ ᠬᠦᠷᠳᠡᠵᠤ᠂ ᠨᠠᠰᠤᠲᠠᠳ ᠴᠥᠮ ᠡᠮ ᠡᠮᠨᠡᠯᠭᠡ ᠵᠢᠨ ᠳᠠᠭ᠋ᠠᠳᠬᠠᠯ᠎ᠲᠠᠢ ᠪᠤᠯᠵᠤ᠂ ᠠᠮᠢᠳᠤᠷᠠᠯ᠎ᠨᠢ ᠶᠠᠪᠤᠬᠤ ᠳᠤᠳᠤᠮ ᠰᠠᠶ᠋ᠢᠵᠢᠷᠠᠵᠤ ᠪᠠᠶ᠋ᠢᠨ᠎ᠠ᠃ ᠱᠠᠨᠰᠢ ᠵᠢᠨ ᠬᠣᠶ᠋ᠢᠲᠤ ᠬᠡᠰᠡᠭ᠎ᠤᠨ ᠬᠤᠪᠢᠷᠠᠯᠲᠠ᠎ᠠᠴᠠ ᠳᠤᠮᠳᠠᠳᠤ ᠤᠯᠤᠰ᠎ᠤᠨ ᠬᠤᠪᠢᠷᠠᠯᠲᠠ ᠵᠢ ᠤᠢ᠌ᠯᠠᠭ᠋ᠠᠵᠤ ᠪᠣᠯᠤᠨ᠎ᠠ᠃
      ᠰᠢ ᠵᠢᠨ ᠫᠢᠩ ᠶᠡᠷᠦᠩᠬᠡᠶ ᠱᠦᠵᠢ ᠥᠪᠡᠷ᠎ᠤᠨ ᠥᠩᠭᠡᠷᠡᠯᠲᠡ ᠪᠠ ᠲᠥᠷᠥᠭᠳᠡᠯ᠎ᠲᠠᠢ᠎ᠪᠠᠨ ᠤᠶᠠᠯᠳᠤᠭᠤᠯᠤᠨ᠂ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠶ ᠵᠢ ᠰᠡᠷᠭᠦᠭᠡᠬᠦ ᠠᠵᠢᠯ᠎ᠤᠨ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠦᠨ ᠪᠠᠶᠠᠵᠢᠭᠤᠯᠬᠤ᠎ᠳᠤ ᠦᠵᠡᠭᠦᠯᠬᠦ ᠴᠢᠬᠤᠯᠠ ᠦᠢ᠍ᠯᠡᠳᠦᠯ᠎ᠢ ᠭᠦᠢ᠍ᠴᠡᠳ ᠨᠤᠲᠠᠯᠠᠵᠤ᠂ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠶ ᠵᠢ ᠰᠡᠷᠭᠦᠭᠡᠬᠦ᠎ᠨᠢ ᠨᠢᠭᠡᠨᠲᠡ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠ ᠲᠠᠷᠢᠶᠠᠯᠠᠩ ᠬᠥᠳᠡᠭᠡ ᠲᠣᠰᠬᠣᠨ᠎ᠤ ᠣᠳᠣᠬᠢᠴᠢᠯᠠᠯᠲᠠ ᠵᠢ ᠳᠥᠯᠭᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠭᠰᠠᠨ ᠪᠠᠶ᠋ᠢᠨ᠎ᠠ᠃
      ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠶ ᠡᠪᠡᠰᠦ ᠪᠡᠯᠴᠢᠭᠡᠷ᠎ᠢ ᠰᠡᠷᠭᠦᠭᠡᠬᠦ ᠢᠨᠵᠧᠨᠧᠷᠢᠩ᠎ᠨᠢ ᠳᠡᠯᠡᠬᠡᠶ ᠵᠢᠨ ᠠᠮᠢ ᠠᠬᠤᠶ ᠵᠢᠨ ᠪᠦᠳᠦᠭᠡᠨ ᠪᠠᠶ᠋ᠢᠭᠤᠯᠤᠯᠲᠠ ᠵᠢᠨ ᠲᠡᠦᠬᠡᠨ ᠳᠡᠭᠡᠷᠡᠬᠢ ᠭᠠᠶ᠋ᠢᠬᠠᠮᠰᠢᠭ᠎ᠢ ᠡᠭᠦᠳᠴᠦ᠂ ᠲᠡᠭᠦᠨ᠎ᠤ ᠪᠡᠯᠡ ᠣᠷᠣᠭᠤᠯᠤᠯᠲᠠ᠂ ᠢᠨᠵᠧᠨᠧᠷᠢᠩ᠎ᠤᠨ ᠬᠦᠷᠢᠶ᠎ᠡ ᠬᠡᠪᠴᠢᠶ᠎ᠡ᠂ ᠤᠯᠠᠨ ᠲᠦᠮᠡᠨ᠎ᠤ ᠣᠷᠣᠯᠴᠠᠭᠰᠠᠨ ᠬᠡᠮᠵᠢᠶ᠎ᠡ᠎ᠨᠢ ᠴᠥᠮ ᠪᠦᠬᠦ ᠪᠥᠮᠪᠥᠷᠴᠡᠭ᠎ᠤᠨ ᠪᠤᠰᠤᠳ ᠴᠢᠬᠤᠯᠠ ᠶᠡᠬᠡ ᠠᠮᠢ ᠠᠬᠤᠶ ᠵᠢᠨ ᠪᠦᠳᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠠᠴᠠ ᠳᠠᠪᠠᠭᠰᠠᠨ ᠪᠠᠶ᠋ᠢᠨ᠎ᠠ᠃ NASA (ᠠᠮᠧᠷᠢᠺᠠ ᠵᠢᠨ ᠠᠭ᠋ᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠲᠣᠪᠴᠢᠶ᠎ᠠ) ᠵᠢᠨ 2019 ᠣᠨ᠎ᠤ ᠰᠤᠳᠤᠯᠭ᠋ᠠᠨ᠎ᠤ ᠦᠷ᠎ᠡ ᠳ᠋ᠦᠩ᠎ᠢ ᠦᠨᠳᠦᠰᠦᠯᠡᠨ ᠲᠥᠰᠦᠭᠡᠯᠡᠨ ᠪᠤᠳᠤᠭᠰᠠᠨ ᠵᠶ᠋ᠠᠷ᠂ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠶ ᠡᠪᠡᠰᠦ ᠪᠡᠯᠴᠢᠭᠡᠷ᠎ᠢ ᠰᠡᠷᠭᠦᠭᠡᠭᠰᠡᠨ᠎ᠨᠢ ᠪᠥᠬᠥ ᠳᠡᠯᠡᠬᠡᠶ ᠵᠢᠨ ᠪᠣᠬᠢᠷᠲᠤᠯ ᠥᠬᠡᠶ ᠴᠡᠪᠡᠷ ᠨᠡᠮᠡᠭᠳᠡᠯ᠎ᠤᠨ ᠲᠠᠯᠠᠪᠠᠶ ᠵᠢᠨ 4%᠎ᠠᠴᠠ ᠳᠡᠭᠡᠭᠰᠢᠬᠢ ᠵᠢ ᠳᠠᠪᠠᠭᠰᠠᠨ ᠪᠠᠶ᠋ᠢᠨ᠎ᠠ᠃ ᠠᠮᠧᠷᠢᠺᠠ᠂ ᠧᠦ᠋ᠷᠣᠫᠠ ᠵᠢᠨ ᠬᠣᠯᠪᠣᠭ᠎ᠠ᠂ ᠶᠠᠫᠣᠨ᠂ ᠠᠦ᠋ᠰᠲᠷᠠᠯᠢᠶ᠎ᠠ ᠵᠡᠷᠭᠡ 30 ᠭᠠᠷᠤᠶ ᠤᠯᠤᠰ ᠪᠠ ᠤᠯᠠᠨ ᠤᠯᠤᠰ᠎ᠤᠨ ᠵᠣᠬᠢᠶᠠᠨ ᠪᠠᠶ᠋ᠢᠭᠤᠯᠤᠯᠲᠠ ᠴᠥᠮ ᠮᠠᠨ᠎ᠤ ᠤᠯᠤᠰ᠎ᠤᠨ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠶ ᠡᠪᠡᠰᠦ ᠪᠡᠯᠴᠢᠭᠡᠷ᠎ᠢ ᠰᠡᠷᠭᠦᠭᠡᠬᠦ ᠢᠨᠵᠧᠨᠧᠷᠢᠩ᠎ᠢ ᠳᠡᠭᠡᠳᠦ ᠬᠡᠮᠵᠢᠶ᠎ᠡ᠎ᠪᠠᠷ ᠦᠨᠡᠯᠡᠭᠰᠡᠨ ᠪᠠᠶ᠋ᠢᠨ᠎ᠠ᠃
   

      ᠰᠤᠷᠪᠤᠯᠵᠢᠯᠠᠭᠴᠢ᠄ ᠲᠠ 《ᠮᠡᠳᠡᠭᠳᠡᠯ》᠎ᠢ ᠨᠡᠶ᠋ᠢᠲᠡᠯᠡᠭᠰᠡᠨ ᠠᠬᠤᠶ ᠪᠠᠶ᠋ᠢᠳᠠᠯ᠎ᠢ ᠲᠠᠨᠢᠯᠴᠠᠭᠤᠯᠤᠭ᠋ᠠᠳ ᠥᠭᠭᠦᠨ᠎ᠡ ᠤᠤ?
      ᠠᠮᠢ ᠠᠬᠤᠶ ᠵᠢᠨ ᠲᠥᠪ᠎ᠤᠨ ᠬᠠᠷᠢᠭᠤᠴᠠᠯᠭ᠋ᠠᠲᠠᠨ᠄ ᠬᠣᠶᠠᠳᠤᠭ᠋ᠠᠷ ᠡᠭᠡᠯᠵᠢ ᠵᠢᠨ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠶ ᠡᠪᠡᠰᠦ ᠪᠡᠯᠴᠢᠭᠡᠷ᠎ᠢ ᠰᠡᠷᠭᠦᠭᠡᠬᠦ᠎ᠳᠤ ᠨᠥᠬᠥᠪᠥᠷᠢ ᠥᠭᠬᠦ ᠲᠥᠷᠥ ᠵᠢᠨ ᠪᠣᠳᠣᠯᠭ᠎ᠠ ᠵᠢᠨ ᠬᠤᠭᠤᠴᠠᠭ᠎ᠠ᠎ᠨᠢ 2019 ᠣᠨ᠎ᠠᠴᠠ ᠡᠬᠢᠯᠡᠨ ᠠᠯᠭᠤᠷ ᠵᠶ᠋ᠠᠷ ᠲᠦᠭᠦᠷᠴᠤ᠂ ᠣᠳᠣᠬᠠᠨ᠎ᠳᠤ ᠲᠠᠷᠢᠶᠠᠯᠠᠬᠤ ᠵᠢ ᠵᠣᠭᠰᠣᠭ᠋ᠠᠭᠰᠠᠨ ᠲᠠᠷᠢᠶᠠᠨ ᠭᠠᠵᠠᠷ᠎ᠤᠨ ᠣᠶ ᠮᠣᠳᠣ ᠪᠠᠰᠠ ᠲᠣᠭᠲᠠᠭᠤᠨ ᠪᠤᠰᠤ᠂ ᠠᠵᠤ ᠠᠬᠤᠶ ᠵᠢᠨ ᠦᠷ᠎ᠡ ᠠᠰᠢᠭ᠎ᠨᠢ ᠴᠦ᠍ ᠢᠯᠡᠷᠬᠡᠶ ᠪᠢᠰᠢ ᠪᠠᠶ᠋ᠢᠵᠤ᠂ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠶ ᠡᠪᠡᠰᠦ ᠪᠡᠯᠴᠢᠭᠡᠷ᠎ᠢ ᠰᠡᠷᠭᠦᠭᠡᠭᠰᠡᠨ ᠦᠷ᠎ᠡ ᠪᠦᠲᠦᠭᠡᠯ᠎ᠢ ᠲᠦᠷᠭᠡᠨ ᠪᠡᠬᠢᠵᠢᠭᠦᠯᠬᠦ ᠴᠢᠬᠤᠯᠠᠲᠠᠶ ᠪᠠᠶ᠋ᠢᠨ᠎ᠠ᠃ ᠨᠢᠭᠡᠳᠦᠭᠡᠷ ᠡᠭᠡᠯᠵᠢ ᠵᠢᠨ᠎ᠬᠢ᠎ᠲᠠᠢ ᠬᠠᠷᠢᠴᠠᠭᠤᠯᠪᠠᠯ᠂ ᠬᠣᠶᠠᠳᠤᠭ᠋ᠠᠷ ᠡᠭᠡᠯᠵᠢ ᠵᠢᠨ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠶ ᠡᠪᠡᠰᠦ ᠪᠡᠯᠴᠢᠭᠡᠷ᠎ᠢ ᠰᠡᠷᠭᠦᠭᠡᠬᠦ᠎ᠳᠤ ᠦᠷ᠎ᠡ ᠪᠦᠲᠦᠭᠡᠯ᠎ᠢ ᠪᠠᠲᠤᠳᠬᠠᠬᠤ ᠬᠤᠭᠤᠴᠠᠭ᠎ᠠ᠎ᠨᠢ ᠪᠠᠭ᠎ᠠ ᠪᠠᠶ᠋ᠢᠨ᠎ᠠ᠃ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠶ ᠡᠪᠡᠰᠦ ᠪᠡᠯᠴᠢᠭᠡᠷ᠎ᠢ ᠰᠡᠷᠭᠦᠭᠡᠬᠦ᠎ᠨᠢ 4100 ᠲᠦᠮᠡᠨ ᠲᠠᠷᠢᠶᠠᠴᠢᠨ ᠡᠷᠦᠬᠡ ᠵᠢᠨ 1.58 ᠳ᠋ᠦᠩᠰᠢᠭᠤᠷ ᠮᠠᠯᠴᠢᠨ ᠲᠠᠷᠢᠶᠠᠴᠢᠨ᠎ᠳᠤ ᠬᠣᠯᠪᠣᠭᠳᠠᠵᠤ᠂ ᠲᠥᠷᠥ ᠵᠢᠨ ᠪᠣᠳᠣᠯᠭ᠎ᠠ ᠵᠢᠨ ᠬᠠᠨᠳᠤᠰᠢ᠎ᠨᠢ ᠨᠡᠶ᠋ᠢᠭᠡᠮ ᠨᠡᠶ᠋ᠢᠲᠡ ᠵᠢᠨ ᠠᠩᠬᠠᠷᠤᠯ᠎ᠤᠨ ᠲᠥᠪ ᠪᠣᠯᠤᠭᠰᠠᠭ᠋ᠠᠷ ᠢᠷᠡᠵᠡᠶ᠂ ᠥᠩᠭᠡᠷᠡᠭᠰᠡᠨ ᠵᠢᠯ᠎ᠤᠳ᠎ᠲᠤ ᠪᠥᠬᠥ ᠤᠯᠤᠰ᠎ᠤᠨ 《ᠬᠣᠶᠠᠷ ᠬᠤᠷᠠᠯ》᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ ᠴᠦ᠍ ᠳᠡᠭᠡᠳᠦ ᠬᠡᠮᠵᠢᠶ᠎ᠡ᠎ᠪᠠᠷ ᠠᠩᠬᠠᠷᠴᠤ᠂ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠶ ᠡᠪᠡᠰᠦ ᠪᠡᠯᠴᠢᠭᠡᠷ᠎ᠢ ᠰᠡᠷᠭᠦᠭᠡᠬᠦ ᠬᠡᠪᠴᠢᠶ᠎ᠡ ᠵᠢ ᠤᠯᠠᠮ ᠨᠢᠭᠡ ᠠᠯᠬᠤᠮ ᠥᠷᠭᠡᠳᠬᠡᠵᠦ᠂ ᠨᠥᠬᠥᠪᠥᠷᠢ ᠥᠭᠬᠦ ᠬᠤᠭᠤᠴᠠᠭ᠎ᠠ ᠵᠢ ᠤᠷᠲᠤᠳᠬᠠᠨ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠬᠤ ᠬᠡᠷᠡᠭᠲᠡᠶ ᠭᠡᠵᠦ ᠣᠯᠠᠨᠲᠠ ᠤᠷᠢᠶᠠᠯᠠᠭᠰᠠᠨ ᠪᠠᠶ᠋ᠢᠨ᠎ᠠ᠃ 2021 ᠣᠨ᠎ᠤ ᠲᠥᠪ᠎ᠤᠨ 1 ᠳ᠋ᠦ᠍ᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠪᠠᠰᠠ 《ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠶ ᠡᠪᠡᠰᠦ ᠪᠡᠯᠴᠢᠭᠡᠷ᠎ᠢ ᠰᠡᠷᠭᠦᠭᠡᠭᠰᠡᠨ ᠦᠷ᠎ᠡ ᠪᠦᠲᠦᠭᠡᠯ᠎ᠢ ᠪᠡᠬᠢᠵᠢᠭᠦᠯᠵᠦ᠂ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠂ ᠡᠮᠬᠢ ᠵᠢᠷᠤᠮ᠎ᠲᠠᠢ᠎ᠪᠠᠷ ᠳᠥᠯᠭᠢᠨ ᠠᠬᠢᠭᠤᠯᠬᠤ》 ᠱᠠᠭ᠋ᠠᠷᠳᠠᠯᠭ᠎ᠠ ᠵᠢ ᠳᠤᠷᠠᠳᠤᠨ ᠭᠠᠷᠭ᠋ᠠᠵᠠᠶ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠤᠳᠤᠷᠢᠳᠬᠤ ᠨᠥᠬᠥᠳ᠎ᠤᠨ ᠴᠣᠬᠣᠯᠠᠪᠤᠷᠢ ᠵᠢᠨ ᠵᠣᠷᠢᠭ ᠰᠠᠨᠠᠭ᠎ᠠ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠬᠣᠷᠢᠶ᠎ᠠ᠂ ᠡᠳ᠋᠎ᠤᠨ ᠵᠠᠰᠠᠭ᠎ᠤᠨ ᠶᠠᠮᠤᠨ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠲᠠᠢ ᠬᠠᠮᠲᠤᠷᠠᠨ ᠬᠣᠶᠠᠳᠤᠭ᠋ᠠᠷ ᠡᠭᠡᠯᠵᠢ ᠵᠢᠨ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠶ ᠡᠪᠡᠰᠦ ᠪᠡᠯᠴᠢᠭᠡᠷ᠎ᠢ ᠰᠡᠷᠭᠦᠭᠡᠭᠰᠡᠨ ᠪᠠᠶ᠋ᠢᠳᠠᠯ᠎ᠳᠤ ᠪᠦᠬᠦ ᠲᠠᠯ᠎ᠠ ᠵᠢᠨ ᠦᠨᠡᠯᠡᠯᠲᠡ ᠬᠢᠵᠡᠶ᠃ ᠣᠳᠣᠬᠠᠨ᠎ᠤ ᠲᠠᠷᠢᠶᠠᠨ ᠭᠠᠵᠠᠷ᠎ᠤᠨ ᠬᠠᠮᠠᠭ᠋ᠠᠯᠠᠯᠲᠠ ᠪᠠ ᠠᠮᠢ ᠠᠬᠤᠶ ᠵᠢᠨ ᠠᠮᠤᠷ ᠲᠦᠪᠰᠢᠨ᠎ᠤ ᠪᠠᠶ᠋ᠢᠳᠠᠯ᠎ᠢ ᠨᠠᠷᠢᠨ ᠬᠢᠨᠠᠮᠠᠭ᠋ᠠᠶ ᠵᠠᠳᠠᠯᠵᠤ᠂ 25 ᠮᠤᠵᠢ (ᠣᠷᠣᠨ᠂ ᠬᠣᠲᠠ) ᠪᠣᠯᠤᠨ ᠰᠢᠨᠵᠢᠶᠠᠩ᠎ᠤᠨ ᠦᠶᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠪᠢᠩᠲ᠋ᠤᠸᠠᠨ ᠵᠢᠴᠢ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠰᠠᠨᠠᠯ᠎ᠢ ᠥᠷᠭᠡᠨ ᠵᠶ᠋ᠠᠷ ᠬᠤᠷᠢᠶᠠᠭᠰᠠᠨ ᠰᠠᠭᠤᠷᠢᠨ ᠳᠡᠭᠡᠷ᠎ᠡ᠂ ᠲᠠᠷᠠᠭ᠋ᠠᠴᠢ ᠵᠢᠨ ᠠᠯᠬᠤᠮ᠎ᠤᠨ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠶ ᠡᠪᠡᠰᠦ ᠪᠡᠯᠴᠢᠭᠡᠷ᠎ᠢ ᠰᠡᠷᠭᠦᠭᠡᠬᠦ ᠠᠵᠢᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢᠨ ᠰᠠᠨᠠᠭᠤᠯᠭ᠎ᠠ ᠵᠢ ᠪᠣᠶ ᠪᠣᠯᠭ᠋ᠠᠵᠤ᠂ ᠲᠥᠷᠥ ᠵᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠭᠡᠳ ᠲᠣᠰ 《ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃
   

      ᠰᠤᠷᠪᠤᠯᠵᠢᠯᠠᠭᠴᠢ᠄ 《ᠮᠡᠳᠡᠭᠳᠡᠯ》᠎ᠳᠤ ᠶᠠᠮᠠᠷ ᠶᠠᠮᠠᠷ ᠰᠢᠨ᠎ᠡ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠪᠠᠶ᠋ᠢᠬᠤ ᠪᠣᠶ?
      ᠠᠮᠢ ᠠᠬᠤᠶ ᠵᠢᠨ ᠲᠥᠪ᠎ᠤᠨ ᠬᠠᠷᠢᠭᠤᠴᠠᠯᠭ᠋ᠠᠲᠠᠨ᠄ 《ᠮᠡᠳᠡᠭᠳᠡᠯ》᠎ᠳᠤ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠶ ᠡᠪᠡᠰᠦ ᠪᠡᠯᠴᠢᠭᠡᠷ᠎ᠢ ᠰᠡᠷᠭᠦᠭᠡᠬᠦ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠠᠪᠤᠨ ᠲᠠᠯ᠎ᠠ᠎ᠪᠠᠷ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃
      ᠨᠢᠭᠡ᠎ᠳᠤ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠪᠠ ᠠᠮᠢ ᠠᠬᠤᠶ ᠵᠢᠨ ᠠᠮᠤᠷ ᠲᠦᠪᠰᠢᠨ᠎ᠢ ᠨᠢᠭᠡᠳᠦᠯᠲᠡᠶ ᠲᠥᠯᠥᠪᠯᠡᠵᠦ᠂ ᠣᠳᠣᠬᠠᠨ᠎ᠤ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠶ ᠡᠪᠡᠰᠦ ᠪᠡᠯᠴᠢᠭᠡᠷ᠎ᠢ ᠰᠡᠷᠭᠦᠭᠡᠬᠦ ᠠᠵᠢᠯ᠎ᠤᠨ ᠭᠣᠣᠯᠳᠠᠯᠭ᠎ᠠ ᠵᠢ ᠨᠢᠭᠡᠨᠲᠡ ᠪᠠᠶ᠋ᠢᠭ᠎ᠠ ᠪᠦᠳᠦᠭᠡᠨ ᠪᠠᠶ᠋ᠢᠭᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠬᠦ ᠳᠡᠭᠡᠷ᠎ᠡ ᠰᠢᠯᠵᠢᠭᠦᠯᠦᠨ᠎ᠡ᠃ ᠡᠯ᠎ᠡ ᠭᠠᠵᠠᠷ᠎ᠤᠨ᠎ᠬᠢᠨ ᠮᠤᠵᠢ ᠵᠢᠨ ᠱᠠᠲᠤᠨ᠎ᠤ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠶ ᠡᠪᠡᠰᠦ ᠪᠡᠯᠴᠢᠭᠡᠷ᠎ᠢ ᠰᠡᠷᠭᠦᠭᠡᠭᠰᠡᠨ ᠦᠷ᠎ᠡ ᠪᠦᠲᠦᠭᠡᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠬᠡᠷᠡᠭᠵᠢᠭᠦᠯᠬᠦ ᠲᠥᠰᠦᠯ᠎ᠢ ᠰᠢᠨᠵᠢᠯᠡᠬᠦ ᠤᠬᠠᠭ᠋ᠠᠨᠴᠢ᠎ᠪᠠᠷ ᠨᠠᠶ᠋ᠢᠷᠠᠭᠤᠯᠤᠨ   ᠵᠤᠬᠢᠶᠠᠨ᠎ᠠ᠃ ᠲᠠᠷᠢᠶᠠᠯᠠᠬᠤ ᠵᠢ ᠵᠣᠭᠰᠣᠭ᠋ᠠᠭᠰᠠᠨ ᠲᠠᠷᠢᠶᠠᠨ ᠭᠠᠵᠠᠷ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠦᠨᠳᠦᠰᠦᠯᠡᠨ ᠰᠢᠨᠵᠢᠯᠡᠬᠦ ᠤᠬᠠᠭ᠋ᠠᠨᠴᠢ ᠡᠵᠡᠩᠨᠡᠯᠲᠡ ᠵᠢ ᠴᠢᠩᠭ᠋ᠠᠳᠬᠠᠵᠤ᠂ ᠪᠣᠬᠢᠷᠲᠤᠯ ᠦᠭᠡᠢ᠎ᠪᠠᠷ ᠠᠷᠠᠳ᠎ᠢ ᠪᠠᠶᠠᠵᠢᠭᠤᠯᠬᠤ ᠠᠵᠤ ᠦᠢ᠍ᠯᠡᠰ᠎ᠢ ᠢᠳᠡᠪᠬᠢᠲᠡᠶ᠎ᠪᠠᠷ ᠬᠥᠭᠵᠢᠭᠦᠯᠦᠨ᠎ᠡ᠃
      ᠬᠣᠶᠠᠷ᠎ᠲᠤ᠂ ᠬᠣᠶᠠᠳᠤᠭ᠋ᠠᠷ ᠡᠭᠡᠯᠵᠢ ᠵᠢᠨ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠶ ᠡᠪᠡᠰᠦ ᠪᠡᠯᠴᠢᠭᠡᠷ᠎ᠢ ᠰᠡᠷᠭᠦᠭᠡᠬᠦ ᠪᠡᠯᠡ ᠮᠦᠩᠬᠦ ᠵᠢᠨ ᠨᠥᠬᠥᠪᠥᠷᠢ ᠵᠢᠨ ᠬᠤᠭᠤᠴᠠᠭ᠎ᠠ ᠳᠦᠭᠦᠷᠦᠭᠰᠡᠨ᠎ᠤ ᠲᠠᠷᠠᠭ᠎ᠠ᠂ ᠲᠥᠪ᠎ᠤᠨ ᠡᠳ᠋᠎ᠤᠨ ᠵᠠᠰᠠᠭ᠎ᠠᠴᠠ ᠪᠡᠯᠡ ᠮᠥᠩᠭᠥ ᠲᠣᠬᠢᠷᠠᠭᠤᠯᠵᠤ᠂ ᠨᠥᠬᠥᠪᠥᠷᠢ ᠥᠭᠬᠦ ᠬᠤᠭᠤᠴᠠᠭ᠎ᠠ ᠵᠢ ᠤᠷᠲᠤᠳᠬᠠᠨ᠎ᠠ  ᠃ ᠡᠭᠦᠨ᠎ᠳᠤ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠶ ᠵᠢ ᠰᠡᠷᠭᠦᠭᠡᠬᠦ ᠪᠡᠯᠡ ᠮᠦᠩᠬᠦ ᠵᠢᠨ ᠨᠥᠬᠥᠪᠥᠷᠢ ᠵᠢᠨ ᠬᠤᠭᠤᠴᠠᠭ᠎ᠠ ᠵᠢ 5 ᠵᠢᠯ ᠤᠷᠲᠤᠳᠬᠠᠵᠤ᠂ ᠮᠦ᠍ ᠪᠦᠷᠢ᠎ᠳᠤ 500 ᠲᠥᠭᠥᠷᠢᠭ ᠨᠥᠬᠥᠪᠥᠷᠢᠯᠡᠵᠦ᠂ ᠵᠢᠯ ᠪᠦᠷᠢ ᠮᠦ᠍ ᠪᠦᠷᠢ᠎ᠳᠤ 100 ᠲᠥᠭᠥᠷᠢᠭ ᠨᠥᠬᠥᠪᠥᠷᠢᠯᠡᠨ᠎ᠡ; ᠲᠠᠷᠢᠶᠠᠯᠠᠬᠤ ᠵᠢ ᠵᠣᠭᠰᠣᠭ᠋ᠠᠵᠤ ᠡᠪᠡᠰᠦ ᠪᠡᠯᠴᠢᠭᠡᠷ᠎ᠢ ᠰᠡᠷᠭᠦᠭᠡᠬᠦ ᠪᠡᠯᠡ ᠮᠦᠩᠬᠦ ᠵᠢᠨ ᠨᠥᠬᠥᠪᠥᠷᠢ ᠵᠢᠨ ᠬᠤᠭᠤᠴᠠᠭ᠎ᠠ ᠵᠢ 3 ᠵᠢᠯ ᠤᠷᠲᠤᠳᠬᠠᠵᠤ᠂ ᠮᠥ᠍ ᠪᠦᠷᠢ᠎ᠳᠤ 300 ᠲᠥᠭᠥᠷᠢᠭ ᠨᠥᠬᠥᠪᠥᠷᠢᠯᠡᠵᠦ᠂ ᠵᠢᠯ ᠪᠦᠷᠢ ᠮᠥ᠍ ᠪᠦᠷᠢ᠎ᠳᠤ 100 ᠲᠥᠭᠥᠷᠢᠭ ᠨᠥᠬᠥᠪᠥᠷᠢᠯᠡᠨ᠎ᠡ᠃
      ᠭᠤᠷᠪᠠ᠎ᠳᠤ᠂ ᠬᠣᠶᠠᠳᠤᠭ᠋ᠠᠷ ᠡᠭᠡᠯᠵᠢ ᠵᠢᠨ ᠲᠠᠷᠢᠶᠠᠯᠠᠬᠤ᠎ᠪᠠᠨ ᠵᠣᠭᠰᠣᠭᠰᠠᠨ ᠭᠠᠵᠠᠷ᠎ᠢ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠶ ᠵᠢᠨ ᠲᠥᠯᠥᠪᠵᠢᠭᠦᠯᠭᠡ ᠵᠢᠨ ᠵᠢᠷᠤᠭ ᠲᠦᠯᠦᠪᠯᠡᠭᠡ᠎ᠳᠤ ᠣᠷᠣᠭᠤᠯᠵᠤ᠂ ᠬᠥᠳᠡᠯᠦᠩᠭᠦᠶ᠎ᠪᠠᠷ ᠬᠢᠨᠠᠨ ᠬᠠᠮᠢᠶᠠᠷᠬᠤ ᠪᠠ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠬᠡᠷᠡᠭᠵᠢᠭᠦᠯᠦᠨ᠂ ᠡᠷᠬᠡ ᠵᠢ ᠨᠤᠲᠠᠯᠠᠨ ᠦᠨᠡᠮᠯᠡᠯ ᠣᠯᠭᠣᠬᠤ ᠵᠢ ᠲᠦᠷᠭᠡᠳᠬᠡᠨ ᠠᠬᠢᠭᠤᠯᠤᠨ᠎ᠠ᠃
      ᠳᠥᠷᠪᠡ᠎ᠳᠤ᠂ ᠨᠥᠬᠥᠴᠡᠯ᠎ᠳᠤ ᠨᠡᠶ᠋ᠢᠴᠡᠬᠦ ᠲᠠᠷᠢᠶᠠᠯᠠᠬᠤ ᠵᠢ ᠵᠣᠭᠰᠣᠭ᠋ᠠᠭᠰᠠᠨ ᠲᠠᠷᠢᠶᠠᠨ ᠭᠠᠵᠠᠷ᠎ᠢ ᠲᠣᠭᠲᠠᠭ᠋ᠠᠯ ᠶᠣᠰᠣᠭ᠋ᠠᠷ ᠲᠣᠰ ᠲᠣᠰ ᠣᠶ ᠰᠢᠭᠤᠶ ᠵᠢᠨ ᠠᠮᠢ ᠠᠬᠤᠶ ᠵᠢᠨ ᠦᠷ᠎ᠡ ᠠᠰᠢᠭ᠎ᠤᠨ ᠨᠥᠬᠥᠪᠥᠷᠢ ᠪᠠ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠥᠪᠥᠷᠢ ᠪᠠ ᠱᠠᠩᠨᠠᠯ᠎ᠤᠨ ᠬᠡᠪᠴᠢᠶᠡᠨ᠎ᠳᠤ ᠣᠷᠣᠭᠤᠯᠤᠨ᠎ᠠ᠃
      ᠲᠠᠪᠤ᠎ᠳᠤ᠂ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠤᠰ ᠭᠠᠵᠠᠷ ᠣᠷᠣᠨ᠎ᠤ᠎ᠪᠠᠨ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠶ ᠡᠪᠡᠰᠦ ᠪᠡᠯᠴᠢᠭᠡᠷ᠎ᠢ ᠰᠡᠷᠭᠦᠭᠡᠬᠦ ᠶᠡᠷᠦᠩᠬᠡᠶ ᠬᠠᠷᠢᠭᠤᠴᠠᠯᠭ᠎ᠠ ᠵᠢ ᠡᠭᠦᠷᠭᠡᠯᠡᠬᠦ ᠵᠢ ᠦᠷᠭᠦᠯᠵᠢᠯᠡᠨ ᠬᠡᠷᠡᠭᠵᠢᠭᠦᠯᠵᠦ᠂ ᠤᠯᠤᠰ᠎ᠤᠨ ᠤᠢ ᠰᠢᠭᠤᠶ ᠡᠪᠡᠰᠦ ᠪᠡᠯᠴᠢᠭᠡᠷ᠎ᠤᠨ ᠲᠣᠪᠴᠢᠶ᠎ᠠ᠎ᠠᠴᠠ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠶ ᠡᠪᠡᠰᠦ ᠪᠡᠯᠴᠢᠭᠡᠷ᠎ᠢ ᠰᠡᠷᠭᠦᠭᠡᠬᠦ ᠠᠵᠢᠯ᠎ᠢ ᠤᠢ ᠰᠢᠭᠤᠶ ᠵᠢᠨ ᠳᠠᠷᠤᠭ᠎ᠠ ᠵᠢᠨ ᠳᠦᠷᠢᠮ᠎ᠤᠨ ᠬᠢᠨᠠᠨ ᠵᠢᠯᠣᠭᠣᠳᠴᠤ ᠬᠢᠨᠠᠨ ᠰᠢᠯᠭ᠋ᠠᠬᠤ ᠬᠡᠪᠴᠢᠶᠡᠨ᠎ᠳᠤ ᠣᠷᠣᠭᠤᠯᠤᠨ᠎ᠠ᠃
   

      ᠰᠤᠷᠪᠤᠯᠵᠢᠯᠠᠭᠴᠢ᠄ ᠲᠠᠷᠠᠭ᠋ᠠᠴᠢ ᠵᠢᠨ ᠠᠯᠬᠤᠮ᠎ᠳᠤ᠂ ᠤᠯᠤᠰ᠎ᠤᠨ ᠣᠶ ᠰᠢᠭᠤᠶ   ᠪᠠ   ᠨᠤᠲᠤᠭ ᠪᠡᠯᠴᠢᠭᠡᠷ᠎ᠤᠨ ᠲᠣᠪᠴᠢᠶ᠎ᠠ 《ᠮᠡᠳᠡᠭᠳᠡᠯ》᠎ᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠵᠢ ᠬᠡᠷᠬᠢᠨ ᠠᠬᠢᠭᠤᠯᠬᠤ ᠪᠣᠶ?
      ᠠᠮᠢ ᠠᠬᠤᠶ ᠵᠢᠨ ᠲᠥᠪ᠎ᠤᠨ ᠬᠠᠷᠢᠭᠤᠴᠠᠯᠭ᠋ᠠᠲᠠᠨ᠄ 《ᠮᠡᠳᠡᠭᠳᠡᠯ》 ᠪᠣᠯ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠶ ᠡᠪᠡᠰᠦ ᠪᠡᠯᠴᠢᠭᠡᠷ᠎ᠢ ᠰᠡᠷᠭᠦᠭᠡᠬᠦ ᠠᠵᠢᠯ᠎ᠢ ᠵᠢᠯᠣᠭᠣᠳᠬᠤ ᠴᠢᠬᠤᠯᠠ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ ᠪᠣᠯᠤᠨ᠎ᠠ᠃ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠶᠣᠰᠣᠭ᠋ᠠᠷ᠂ 《ᠮᠡᠳᠡᠭᠳᠡᠯ》᠎ᠢ ᠨᠠᠶ᠋ᠢᠳᠠᠪᠤᠷᠢᠵᠢᠭᠤᠯᠬᠤ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠠᠳᠬᠤᠵᠤ᠂ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠨᠢᠭᠲᠠ ᠬᠠᠮᠵᠢᠯᠴᠠᠨ᠂ ᠵᠣᠬᠢᠶᠠᠨ ᠪᠠᠶ᠋ᠢᠭᠤᠯᠬᠤ᠂ ᠵᠢᠯᠣᠭᠣᠳᠬᠤ᠂ ᠵᠣᠬᠢᠴᠠᠭᠤᠯᠬᠤ ᠦᠢ᠍ᠯᠡᠳᠦᠯ   ᠵᠶ᠋ᠠᠨ ᠰᠠᠶ᠋ᠢᠲᠤᠷ ᠪᠠᠳᠠᠷᠠᠭᠤᠯᠵᠤ᠂ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠰᠠᠶ᠋ᠢᠲᠤᠷ ᠬᠢᠨ᠎ᠠ; ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠶ ᠡᠪᠡᠰᠦ ᠪᠡᠯᠴᠢᠭᠡᠷ᠎ᠢ ᠰᠡᠷᠭᠦᠭᠡᠭᠰᠡᠨ ᠦᠷ᠎ᠡ ᠪᠦᠲᠦᠭᠡᠯ᠎ᠢ ᠪᠡᠬᠢᠵᠢᠭᠦᠯᠬᠦ ᠡᠨᠡ ᠬᠦ᠌ ᠭᠣᠣᠯᠳᠠᠯᠭ᠎ᠠ ᠵᠢᠨ ᠲᠣᠭᠣᠷᠢᠨ᠎ᠳᠤ᠂ ᠣᠷᠣᠨ ᠨᠤᠲᠤᠭ᠎ᠢ ᠵᠢᠯᠣᠭᠣᠳᠤᠨ ᠮᠤᠵᠢ ᠵᠢᠨ ᠱᠠᠲᠤᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠬᠡᠷᠡᠭᠵᠢᠭᠦᠯᠬᠦ ᠲᠥᠰᠦᠯ᠎ᠢ ᠰᠢᠨᠵᠢᠯᠡᠬᠦ ᠤᠬᠠᠭ᠋ᠠᠨᠴᠢ᠎ᠪᠠᠷ ᠨᠠᠶ᠋ᠢᠷᠠᠭᠤᠯᠤᠨ ᠵᠣᠬᠢᠶᠠᠵᠤ᠂ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠶ ᠡᠪᠡᠰᠦ ᠪᠡᠯᠴᠢᠭᠡᠷ᠎ᠢ ᠰᠡᠷᠭᠦᠭᠡᠭᠰᠡᠨ ᠦᠷ᠎ᠡ ᠪᠦᠲᠦᠭᠡᠯ᠎ᠢ ᠲᠦᠷᠦᠯ ᠬᠤᠪᠢᠶᠠᠨ ᠪᠡᠬᠢᠵᠢᠭᠦᠯᠦᠨ ᠳᠡᠭᠡᠭᠰᠢᠯᠡᠭᠦᠯᠵᠦ᠂ ᠦᠷ᠎ᠡ ᠪᠦᠲᠦᠭᠡᠯ᠎ᠢ ᠪᠡᠬᠢᠵᠢᠭᠦᠯᠬᠦ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠵᠣᠬᠢᠴᠠᠭᠤᠯᠤᠨ ᠨᠠᠶ᠋ᠢᠳᠠᠪᠤᠷᠢᠵᠢᠭᠤᠯᠵᠤ᠂ ᠡᠯ᠎ᠡ ᠭᠠᠵᠠᠷ᠎ᠤᠨ᠎ᠬᠢᠨ᠎ᠤ ᠠᠵᠤ ᠦᠢ᠍ᠯᠡᠰ᠎ᠢ ᠬᠥᠭᠵᠢᠭᠦᠯᠬᠦ ᠵᠢ ᠬᠥᠲᠥᠯᠥᠨ ᠵᠢᠯᠣᠭᠣᠳᠤᠨ᠎ᠠ; ᠡᠯ᠎ᠡ ᠭᠠᠵᠠᠷ᠎ᠤᠨ᠎ᠬᠢᠨ᠎ᠤ 《ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ ᠨᠢᠭᠡᠨᠲᠡ ᠪᠠᠭᠤᠯᠭ᠋ᠠᠭᠰᠠᠨ ᠡᠭᠦᠷᠭᠡ ᠵᠢ ᠣᠨᠣᠪᠴᠢᠲᠠᠶ ᠬᠡᠷᠡᠭᠵᠢᠭᠦᠯᠬᠦ ᠵᠢ ᠵᠢᠯᠣᠭᠣᠳᠴᠤ᠂ ᠨᠢᠭᠡᠨᠲᠡ ᠣᠯᠤᠭᠰᠠᠨ ᠦᠷ᠎ᠡ ᠪᠦᠲᠦᠭᠡᠯ᠎ᠢ ᠬᠥᠮᠥᠷᠭᠡ᠎ᠳᠤ ᠣᠷᠣᠭᠤᠯᠬᠤ ᠪᠠ ᠰᠢᠨᠵᠢᠯᠡᠬᠦ ᠤᠬᠠᠭ᠋ᠠᠨᠴᠢ᠎ᠪᠠᠷ ᠬᠠᠮᠢᠶᠠᠷᠬᠤ ᠵᠢ ᠲᠦᠷᠭᠡᠳᠬᠡᠨ᠎ᠡ; ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠶ ᠡᠪᠡᠰᠦ ᠪᠡᠯᠴᠢᠭᠡᠷ᠎ᠢ ᠰᠡᠷᠭᠦᠭᠡᠬᠦ ᠠᠵᠢᠯ᠎ᠢ ᠤᠢ ᠰᠢᠭᠤᠶ ᠵᠢᠨ ᠳᠠᠷᠤᠭ᠎ᠠ ᠵᠢᠨ ᠳᠦᠷᠢᠮ᠎ᠤᠨ ᠬᠢᠨᠠᠨ ᠵᠢᠯᠣᠭᠣᠳᠴᠤ ᠬᠢᠨᠠᠨ ᠰᠢᠯᠭ᠋ᠠᠬᠤ ᠬᠡᠪᠴᠢᠶᠡᠨ᠎ᠳᠤ ᠣᠷᠣᠭᠤᠯᠵᠤ᠂ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠶ ᠡᠪᠡᠰᠦ ᠪᠡᠯᠴᠢᠭᠡᠷ᠎ᠢ ᠰᠡᠷᠭᠦᠭᠡᠭᠰᠡᠨ ᠦᠷ᠎ᠡ ᠪᠦᠲᠦᠭᠡᠯ᠎ᠢ ᠦᠨᠡᠨ ᠬᠦ᠌ ᠪᠡᠬᠢᠵᠢᠭᠦᠯᠦᠨ ᠬᠥᠭᠵᠢᠭᠦᠯᠵᠦ᠂ ᠠᠮᠢ ᠠᠬᠤᠶ ᠵᠢᠨ ᠪᠣᠯᠪᠠᠰᠤᠨ᠎ᠢ ᠪᠠᠶ᠋ᠢᠭᠤᠯᠬᠤ᠂ 《ᠬᠣᠣᠰ ᠨᠡᠭᠦᠷᠡᠰᠦᠲᠥ᠋ᠷᠥᠭᠴᠢ》 ᠵᠢᠨ ᠬᠠᠷᠠᠯᠲᠠ ᠵᠢ ᠪᠡᠶᠡᠯᠡᠭᠦᠯᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠂ ᠤᠢ ᠰᠢᠭᠤᠶ ᠡᠪᠡᠰᠦ ᠪᠡᠯᠴᠢᠭᠡᠷ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠨᠡᠩ ᠶᠡᠬᠡ ᠰᠢᠨ᠎ᠡ ᠬᠤᠪᠢ ᠨᠡᠮᠡᠷᠢ   ᠦᠵᠡᠭᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠮᠤᠳᠤ ᠳᠠᠷᠢᠵᠤ ᠨᠤᠳᠤᠭ ᠵᠶ᠋ᠠᠨ ᠨᠤᠭᠤᠭ᠋ᠠᠷᠠᠭᠤᠯᠤᠭᠰᠠᠨ ᠮᠠᠯᠴᠢᠨ ᠵᠢᠪᠬᠤᠯᠠᠩ
ᠡᠷᠴᠢ ᠵᠣᠷᠢᠭ ᠵᠶ᠋ᠠᠨ ᠬᠥᠪᠴᠢᠯᠡᠵᠦ ᠬᠥᠭᠵᠢᠯᠲᠡ ᠵᠢᠨ ᠬᠤᠷᠳᠤᠴᠠ᠎ᠪᠠᠨ ᠲᠦᠷᠭᠡᠳᠬᠡᠶ᠎ᠡ
ᠲᠥᠯᠥᠭᠡᠯᠡᠭᠴᠢ ᠶᠧᠰᠢᠭ᠋ᠠᠧᠠ᠄ ᠲᠠᠷᠢᠶᠠᠯᠠᠬᠤ ᠵᠢ ᠵᠣᠭᠰᠣᠭ᠋ᠠᠵᠤ ᠡᠪᠡᠰᠦ ᠪᠡᠯᠴᠢᠭᠡᠷ᠎ᠢ ᠰᠡᠷᠭᠦᠭᠡᠬᠦ᠎ᠨᠢ ᠮᠠᠯᠴᠢᠳ᠎ᠤᠨ ᠦᠢ᠍ᠯᠡᠳᠪᠦᠷᠢᠯᠡᠯ ᠠᠮᠢᠳᠤᠷᠠᠯ᠎ᠳᠤ ᠠᠰᠢᠭᠲᠠᠢ
ᠨᠣᠮᠢᠨ ᠨᠣᠭᠤᠭ᠋ᠠᠨ ᠤᠮᠠᠷᠠᠲᠤ ᠬᠢᠯᠢ ᠵᠢᠨ ᠯᠤᠲᠤ ᠰᠢᠨ᠎ᠡ ᠬᠤᠪᠢᠷᠠᠯᠲᠠ ᠵᠢ ᠪᠤᠶ ᠪᠣᠯᠭ᠋ᠠᠨ᠎ᠠ — ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠥᠪᠥᠷ ᠮᠣᠩᠭᠤᠯ᠎ᠤᠨ ᠬᠠᠷᠢᠭᠤᠯᠲᠠ ᠵᠢᠨ ᠬᠠᠭᠤᠳᠠᠰᠤ ᠵᠢᠨ ᠲᠤᠬᠠᠢ ᠰᠢᠷᠢᠰ ᠮᠡᠳᠡᠭᠡᠯᠡᠯ
ᠴᠦᠯᠯᠡᠷᠭᠡᠭᠵᠢᠯ᠎ᠢ ᠶᠡᠷᠦᠩᠬᠡᠶ᠋ᠢᠯᠡᠨ ᠵᠠᠰᠠᠬᠤ ᠵᠢ ᠴᠢᠩᠭ᠋ᠠᠳᠬᠠᠵᠤ 《ᠠᠯᠠᠱ᠌ᠠ ᠵᠢᠨ ᠵᠠᠭᠪᠤᠷ》᠎ᠤᠨ ᠨᠡᠶ᠋ᠢᠲᠡᠯᠢᠭ ᠲᠤᠷᠰᠢᠯᠭ᠎ᠠ ᠵᠢ ᠪᠤᠢ ᠪᠣᠯᠭ᠋ᠠᠨ᠎ᠠ
 
             蒙ICP备05000248号