ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠰᠣᠷᠪᠣᠯᠵᠢᠯᠠᠭ᠎ᠠ
ᠠᠯᠠᠱ᠌ᠠ ᠠᠶ᠋ᠢᠮᠠᠭ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠨᠠᠮ᠎ᠤᠨ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠲᠥᠪᠰᠢᠨ᠎ᠢ ᠰᠣᠷᠪᠣᠯᠵᠢᠯᠠᠭᠰᠠᠨ᠎ᠨᠢ
ᠨᠡᠶ᠋ᠢᠲᠡᠯᠡᠭᠰᠡᠨ ᠴᠠᠭ᠄ 2022-02-24

      ᠠᠯᠠᠱ᠌ᠠ ᠠᠶ᠋ᠢᠮᠠᠭ᠎ᠤᠨ ᠨᠠᠮ᠎ᠤᠨ ᠬᠤᠷᠢᠶ᠎ᠠ ᠵᠢᠨ (ᠥᠷᠭᠡᠳᠬᠡᠭᠰᠡᠨ) ᠬᠤᠷᠠᠯ᠎ᠠᠴᠠ ᠠᠮᠢ ᠠᠬᠤᠶ ᠵᠢᠨ ᠪᠣᠯᠪᠠᠰᠤᠨ᠎ᠤ 〈ᠰᠢᠨ᠎ᠡ ᠳᠠᠪᠠᠭᠤᠯᠢᠭ〉᠎ᠢ ᠪᠣᠢ ᠪᠣᠯᠭ᠋ᠠᠬᠤ᠎ᠳᠤ ᠰᠢᠨ᠎ᠡ ᠱᠠᠭ᠋ᠠᠷᠳᠠᠯᠭ᠎ᠠ ᠲᠤᠷᠠᠳᠴᠤ᠂ᠣᠶ ᠰᠢᠭᠤᠶ ᠪᠠ ᠨᠣᠳᠤᠭ ᠪᠡᠯᠴᠢᠭᠡᠷ᠎ᠤᠨ ᠦᠢ᠍ᠯᠡᠰ᠎ᠤᠨ ᠬᠥᠭᠵᠢᠯᠲᠡ ᠵᠢᠨ ᠬᠠᠨᠳᠤᠰᠢ ᠵᠢ ᠪᠥᠬᠦ ᠲᠠᠯ᠎ᠠ᠎ᠪᠠᠷ ᠵᠠᠳᠠᠯᠤᠨ ᠰᠤᠳᠤᠯᠵᠤ ᠮᠠᠭ᠋ᠠᠳᠯᠠᠨ᠂ ᠡᠨᠡ ᠵᠢᠯ᠎ᠤᠨ ᠠᠵᠢᠯ᠎ᠤᠨ ᠡᠭᠦᠷᠭᠡ ᠪᠠ ᠬᠠᠷᠠᠯᠲᠠ ᠵᠢ ᠰᠠᠶ᠋ᠢᠲᠤᠷ ᠲᠥᠯᠥᠪᠵᠢᠭᠦᠯᠵᠦ᠂ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠬᠤ ᠵᠣᠷᠢᠭ ᠰᠠᠨᠠᠭ᠎ᠠ ᠵᠢ ᠬᠦᠢ᠍ᠴᠡᠳ ᠪᠠᠳᠠᠷᠠᠭᠤᠯᠵᠤ᠂ ᠠᠶ᠋ᠢᠮᠠᠭ᠎ᠤᠨ ᠨᠠᠮ᠎ᠤᠨ ᠬᠤᠷᠢᠶ᠎ᠠ᠂ ᠵᠠᠬᠢᠷᠭ᠎ᠠ ᠵᠢᠨ ᠰᠢᠢ᠍ᠳᠪᠦᠷᠢᠳᠦ ᠪᠣᠳᠣᠯᠭ᠎ᠠ ᠪᠠᠶ᠋ᠢᠷᠢᠯᠠᠭᠤᠯᠤᠯᠲᠠ ᠵᠢ ᠡᠷᠡᠰ ᠨᠠᠶ᠋ᠢᠳᠠᠪᠤᠷᠢᠵᠢᠭᠤᠯᠵᠤ᠂ ᠣᠶ ᠰᠢᠭᠤᠶ ᠨᠣᠳᠤᠭ ᠪᠡᠯᠴᠢᠭᠡᠷ᠎ᠤᠨ ᠦᠢ᠍ᠯᠡᠰ᠎ᠤᠨ ᠬᠥᠭᠵᠢᠯᠲᠡ ᠵᠢᠨ ᠰᠢᠨ᠎ᠡ ᠠᠯᠬᠤᠮ᠎ᠢ ᠠᠯᠬᠤᠬᠤ ᠵᠢ ᠯᠠᠪᠳᠠᠭᠤᠨ ᠪᠠᠲᠤᠲᠠᠶ ᠪᠦᠲᠦᠮᠵᠢᠲᠡᠶ ᠠᠬᠢᠭᠤᠯᠤᠨ᠎ᠠ ᠭᠡᠪᠡ᠃
      ᠲᠦᠷᠦᠭᠦᠬᠡᠨ᠂ ᠠᠯᠠᠱ᠌ᠠ ᠠᠶ᠋ᠢᠮᠠᠭ᠎ᠤᠨ ᠨᠠᠮ᠎ᠤᠨ ᠬᠤᠷᠢᠶ᠎ᠠ ᠵᠢᠨ (ᠥᠷᠭᠡᠳᠬᠡᠭᠰᠡᠨ) ᠬᠤᠷᠠᠯ᠎ᠤᠨ ᠵᠣᠷᠢᠭ ᠰᠠᠨᠠᠭ᠎ᠠ ᠵᠢ ᠬᠡᠷᠬᠢᠨ ᠳᠣᠣᠱᠯᠠᠭᠤᠯᠣᠨ ᠨᠠᠶ᠋ᠢᠳᠠᠪᠤᠷᠢᠵᠢᠭᠤᠯᠬᠤ ᠲᠤᠬᠠᠶ᠂ ᠠᠯᠠᠱ᠌ᠠ ᠠᠶ᠋ᠢᠮᠠᠭ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠲᠥᠪᠰᠢᠨ ᠰᠤᠷᠪᠤᠯᠵᠢᠯᠠᠭ᠎ᠠ ᠬᠦᠯᠢᠶᠡᠬᠦ᠎ᠳᠡᠭᠡᠨ᠂ 2022 ᠣᠨ᠎ᠳᠤ᠂ ᠲᠣᠰ ᠲᠣᠪᠴᠢᠶ᠎ᠠ ᠣᠶ ᠰᠢᠭᠤᠶ ᠨᠤᠲᠤᠭ ᠪᠡᠯᠴᠢᠭᠡᠷ᠎ᠤᠨ ᠠᠮᠢ ᠠᠬᠤᠶ ᠵᠢᠨ ᠰᠢᠰᠲ᠋ᠧᠮ᠎ᠢ ᠬᠠᠮᠠᠭ᠋ᠠᠯᠠᠨ ᠰᠡᠷᠭᠦᠭᠡᠬᠦ ᠵᠢ ᠦᠷᠭᠦᠯᠵᠢᠯᠡᠨ ᠠᠬᠢᠭᠤᠯᠵᠤ᠂ ᠣᠶ ᠵᠢᠨ ᠳᠠᠷᠤᠭ᠎ᠠ ᠵᠢᠨ ᠲᠦᠷᠢᠮ᠎ᠤᠨ ᠠᠵᠢᠯ᠎ᠤᠨ ᠰᠢᠰᠲ᠋ᠧᠮ᠎ᠢ ᠪᠥᠬᠦ ᠲᠠᠯ᠎ᠠ᠎ᠪᠠᠷ ᠪᠠᠶ᠋ᠢᠭᠤᠯᠵᠤ᠂ ᠬᠠᠲᠤᠨ ᠭᠤᠤᠯ᠎ᠤᠨ ᠰᠠᠪᠠ ᠭᠠᠵᠠᠷ᠂ ᠡᠵᠡᠨ᠎ᠡ ᠵᠢᠨ ᠨᠣᠭᠤᠭ᠋ᠠᠨ ᠪᠦᠷᠢᠳᠦ ᠪᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠵᠢ ᠴᠢᠩᠭ᠋ᠠᠳᠬᠠᠵᠤ᠂ ᠠᠯᠠᠱ᠌ᠠ ᠠᠭᠤᠯᠠ ᠵᠢᠨ ᠠᠮᠢ ᠠᠬᠤᠶ ᠵᠢᠨ ᠬᠤᠩᠭᠢᠯ ᠪᠠ ᠤᠯᠤᠰ᠎ᠤᠨ ᠴᠡᠴᠡᠷᠯᠢᠭ᠎ᠤᠨ ᠪᠥᠲᠥᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠵᠤ᠂ ᠡᠬᠡ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ᠎ᠳᠤ ᠪᠥᠬᠦ ᠬᠦᠴᠦᠨ ᠵᠶ᠋ᠠᠷ ᠵᠶ᠋ᠠᠨ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠪᠡ᠃



     2022 ᠣᠨ᠎ᠳᠤ᠂ ᠪᠥᠬᠦ ᠠᠶ᠋ᠢᠮᠠᠭ 1100 ᠲᠦᠮᠡᠨ ᠮᠥ᠍ ᠣᠶ ᠰᠢᠭᠤᠶ ᠨᠣᠳᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠥᠲᠥᠭᠡᠨ ᠪᠠᠶ᠋ᠢᠭᠤᠯᠤᠯᠲᠠ ᠵᠢᠨ ᠶᠡᠷᠦᠩᠬᠡᠶ ᠡᠭᠦᠷᠭᠡ ᠵᠢ ᠲᠥᠯᠥᠪᠵᠢᠭᠦᠯᠪᠡ᠃ ᠡᠭᠦᠨ᠎ᠳᠤ᠄ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠪᠥᠲᠥᠭᠡᠨ ᠪᠠᠶ᠋ᠢᠭᠤᠯᠤᠯᠲᠠ ᠵᠢᠨ ᠡᠭᠦᠷᠭᠡ 1000 ᠲᠦᠮᠡᠨ ᠮᠥ᠍᠂ ᠣᠶ᠋ᠢᠵᠢᠭᠤᠯᠤᠯᠲᠠ ᠦᠢ᠍ᠯᠡᠳᠪᠦᠷᠢᠯᠡᠯ᠎ᠤᠨ ᠡᠭᠦᠷᠭᠡ 100 ᠲᠦᠮᠡᠨ ᠮᠥ᠍ ᠪᠣᠶ᠃ ᠤᠯᠤᠰ᠎ᠠᠴᠠ ᠪᠠᠭᠤᠯᠭ᠋ᠠᠭᠰᠠᠨ 2022 ᠣᠨ᠎ᠤ ᠣᠶ ᠰᠢᠭᠤᠶ ᠨᠣᠳᠤᠭ ᠪᠡᠯᠴᠢᠭᠡᠷ᠎ᠤᠨ ᠭᠤᠤᠯᠳᠠᠯᠭ᠎ᠠ᠎ᠲᠠᠢ ᠡᠭᠦᠷᠭᠡ ᠵᠢ ᠤᠷᠢᠳᠴᠢᠯᠠᠨ ᠲᠣᠬᠢᠷᠠᠭᠤᠯᠬᠤ ᠲᠥᠯᠥᠪᠯᠡᠭᠡ ᠵᠢ ᠦᠨᠳᠦᠰᠦᠯᠡᠨ᠂ ᠪᠥᠬᠦ ᠠᠶ᠋ᠢᠮᠠᠭ᠎ᠤᠨ ᠡᠯ᠎ᠡ ᠱᠠᠲᠤᠨ᠎ᠤ ᠣᠶ ᠰᠢᠭᠤᠶ ᠨᠣᠳᠤᠭ ᠪᠡᠯᠴᠢᠭᠡᠷ᠎ᠤᠨ ᠰᠠᠯᠠᠭ᠎ᠠ ᠮᠥᠴᠢᠷ᠎ᠤᠳ ᠠᠵᠢᠯᠯᠠᠭ᠋ᠠᠨ᠎ᠤ ᠵᠢᠷᠤᠭ ᠲᠥᠯᠥᠪᠯᠡᠭᠡ ᠵᠢ ᠰᠢᠨᠵᠢᠯᠡᠬᠦ ᠤᠬᠠᠭ᠋ᠠᠨᠴᠢ᠎ᠪᠠᠷ ᠨᠠᠶ᠋ᠢᠷᠠᠭᠤᠯᠤᠨ ᠵᠣᠬᠢᠶᠠᠵᠤ᠂ ᠲᠠᠷᠢᠶᠠᠨ ᠭᠠᠵᠠᠷ᠎ᠢ ᠨᠠᠶ᠋ᠢᠳᠠᠪᠤᠷᠢᠵᠢᠭᠤᠯᠬᠤ᠂ ᠴᠢᠬᠢ ᠮᠣᠳᠣᠨ᠎ᠤ ᠦᠷ᠎ᠡ ᠵᠢ ᠨᠥᠭᠡᠴᠡᠯᠡᠬᠦ ᠵᠡᠷᠭᠡ ᠡᠮᠦᠨᠡᠬᠢ ᠬᠤᠭᠤᠴᠠᠭ᠋ᠠᠨ᠎ᠤ ᠠᠵᠢᠯ᠎ᠢ ᠰᠠᠶ᠋ᠢᠲᠤᠷ ᠬᠢᠵᠦ᠂ ᠬᠠᠪᠤᠷ᠎ᠤᠨ ᠤᠯᠠᠷᠢᠯ᠎ᠤᠨ ᠣᠶ᠋ᠢᠵᠢᠭᠤᠯᠤᠯᠲᠠ᠎ᠳᠤ ᠠᠰᠢᠭᠲᠠᠶ ᠴᠠᠭ ᠲᠣᠬᠢᠶᠠᠯ᠎ᠢ ᠵᠠᠪᠳᠤᠨ ᠱᠠᠯᠠᠪᠳᠠᠨ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠬᠡᠷᠡᠭᠲᠡᠶ᠃ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠱᠠᠭ᠋ᠠᠷᠳᠠᠯᠭ᠎ᠠ ᠶᠣᠰᠣᠭ᠋ᠠᠷ᠂ ᠣᠨ᠎ᠤ ᠡᠭᠦᠷᠭᠡ᠎ᠳᠤ 《ᠰᠢᠶᠠᠨ᠎ᠳᠤ ᠰᠢᠭᠤᠳ ᠬᠥᠷᠬᠦ᠂ ᠵᠢᠷᠤᠭ᠎ᠲᠤ ᠣᠷᠣᠭᠤᠯᠵᠤ ᠬᠥᠮᠥᠷᠭᠡ᠎ᠳᠤ ᠣᠷᠣᠭᠤᠯᠬᠤ》 ᠨᠠᠷᠢᠯᠢᠬ᠍ᠵᠢᠭᠤᠯᠤᠭᠰᠠᠨ ᠬᠠᠮᠢᠶᠠᠷᠤᠯᠲᠠ ᠵᠢ ᠬᠡᠷᠡᠭᠵᠢᠭᠦᠯᠵᠦ᠂ ᠲᠤᠬᠠᠶ ᠵᠢᠨ ᠵᠢᠯ᠎ᠳᠤ ᠪᠡᠶᠡᠯᠡᠭᠦᠯᠦᠭᠰᠡᠨ ᠣᠶ᠋ᠢᠵᠢᠭᠤᠯᠤᠯᠲᠠ ᠵᠢᠨ ᠡᠭᠦᠷᠭᠡ ᠵᠢ ᠤᠯᠤᠰ᠎ᠤᠨ ᠭᠠᠵᠠᠷ ᠰᠢᠷᠣᠶ ᠵᠢᠨ ᠭᠤᠷᠪᠠᠨ ᠲᠣᠬᠢᠷᠠᠭᠤᠯᠤᠯᠲᠠ ᠵᠢᠨ ᠳ᠋ᠠᠶ᠋ᠢᠲ᠋ᠠ ᠬᠥᠮᠥᠷᠭᠡ᠎ᠪᠠᠷ ᠰᠠᠭᠤᠷᠢ ᠪᠣᠯᠭ᠋ᠠᠨ ᠪᠦᠬᠦᠨ᠎ᠢ ᠨᠠᠶ᠋ᠢᠳᠠᠪᠤᠷᠢᠵᠢᠭᠤᠯᠬᠤ ᠬᠡᠷᠡᠭᠲᠡᠶ᠃ ᠡᠭᠦᠨ᠎ᠤ ᠬᠠᠮᠲᠤ᠂ ᠣᠶ ᠵᠢᠨ ᠳᠠᠷᠤᠭ᠎ᠠ ᠵᠢᠨ ᠲᠦᠷᠢᠮ᠎ᠤᠨ ᠠᠵᠢᠯ᠎ᠢ ᠦᠷᠭᠦᠯᠵᠢᠯᠡᠨ ᠠᠬᠢᠭᠤᠯᠵᠤ᠂ 2022 ᠣᠨ᠎ᠤ 6 ᠰᠠᠷ᠎ᠠ ᠪᠣᠯᠬᠤ᠎ᠳᠤ ᠠᠶ᠋ᠢᠮᠠᠭ᠂ ᠬᠤᠰᠢᠭᠤ ᠨᠡᠭᠡᠭᠡᠯᠳᠡ ᠵᠢᠨ ᠣᠷᠣᠨ᠂ ᠰᠤᠮᠤ ᠪᠠᠯᠭ᠋ᠠᠰᠤ᠂ ᠭᠠᠴᠠᠭ᠎ᠠ ᠳᠥᠷᠪᠡᠨ ᠱᠠᠲᠤᠨ᠎ᠤ ᠣᠶ ᠵᠢᠨ ᠳᠠᠷᠤᠭ᠎ᠠ ᠵᠢᠨ ᠲᠦᠷᠢᠮ᠎ᠤᠨ ᠠᠵᠢᠯ᠎ᠤᠨ ᠰᠢᠰᠲ᠋ᠧᠮ᠎ᠢ ᠪᠥᠬᠦ ᠲᠠᠯ᠎ᠠ᠎ᠪᠠᠷ ᠪᠠᠶ᠋ᠢᠭᠤᠯᠵᠤ᠂ ᠬᠠᠷᠢᠭᠤᠴᠠᠯᠭ᠎ᠠ ᠲᠣᠳᠣᠷᠬᠠᠶ᠂ ᠵᠣᠬᠢᠴᠠᠭᠤᠯᠭ᠎ᠠ ᠡᠮᠬᠢ ᠵᠢᠷᠤᠮ᠎ᠲᠠᠢ᠂ ᠬᠢᠨᠠᠯᠲᠠ ᠬᠠᠮᠢᠶᠠᠷᠤᠯᠲᠠ ᠴᠢᠩᠭ᠎ᠠ᠂ ᠬᠠᠮᠠᠭ᠋ᠠᠯᠠᠯᠲᠠ ᠬᠦᠴᠦᠲᠡᠶ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ᠎ᠤᠨ ᠡᠬᠢ ᠪᠠᠶᠠᠯᠢᠭ᠎ᠢ ᠬᠠᠮᠠᠭ᠋ᠠᠯᠠᠨ ᠬᠥᠭᠵᠢᠭᠦᠯᠬᠦ ᠲᠣᠭᠲᠠᠴᠠ ᠵᠢ ᠪᠦᠷᠢᠯᠳᠦᠭᠦᠯᠦᠨ᠎ᠡ᠃



      ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠲᠠᠯ᠎ᠠ᠎ᠪᠠᠷ᠂ ᠲᠥᠪᠰᠢᠨ ᠢᠯᠡᠷᠬᠡᠶ᠋ᠢᠯᠡᠬᠦ᠎ᠳᠡᠭᠡᠨ᠂ ᠬᠠᠮᠢᠶᠠᠷᠤᠯᠲᠠ ᠵᠢᠨ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠶ᠋ᠢᠮᠠᠭ ᠬᠤᠰᠢᠭᠤᠨ᠎ᠤ ᠣᠶ ᠰᠢᠭᠤᠶ ᠨᠤᠲᠤᠭ ᠪᠡᠯᠴᠢᠭᠡᠷ᠎ᠤᠨ ᠰᠢᠰᠲ᠋ᠧᠮ᠎ᠤᠨ ᠭᠠᠯ ᠰᠡᠷᠭᠡᠶ᠋ᠢᠯᠡᠬᠦ ᠲᠤᠰᠬᠠᠶ ᠪᠠᠶ᠋ᠢᠭᠤᠯᠤᠮᠵᠢ ᠪᠠ ᠠᠵᠢᠯᠲᠠᠨ᠎ᠢ ᠨᠠᠶ᠋ᠢᠳᠠᠪᠤᠷᠢᠵᠢᠭᠤᠯᠬᠤ ᠠᠵᠢᠯ᠎ᠢ ᠵᠣᠬᠢᠴᠠᠭᠤᠯᠤᠨ ᠠᠬᠢᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠤᠨ ᠬᠠᠮᠢᠶᠠᠷᠤᠯᠲᠠ ᠵᠢᠨ ᠲᠣᠭᠲᠠᠴᠠ ᠵᠢ ᠰᠢᠯᠤᠭᠤᠳᠬᠠᠵᠤ᠂ ᠭᠠᠯ ᠰᠡᠷᠭᠡᠶ᠋ᠢᠯᠡᠬᠦ ᠬᠠᠮᠢᠶᠠᠷᠤᠯᠲᠠ ᠵᠢᠨ ᠡᠭᠦᠷᠭᠡ ᠴᠢᠳᠠᠪᠤᠷᠢ ᠵᠢᠨ ᠬᠡᠪ᠎ᠤᠨ ᠠᠵᠢᠯᠯᠠᠭ᠋ᠠᠨ᠎ᠢ ᠦᠨᠡᠨ ᠬᠦ᠌ ᠪᠠᠲᠤᠯᠠᠨ᠎ᠠ; ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠤᠨ ᠠᠶᠤᠯ᠎ᠢ ᠨᠡᠶ᠋ᠢᠳᠡᠮ ᠪᠠᠶ᠋ᠢᠴᠠᠭ᠋ᠠᠬᠤ ᠠᠵᠢᠯ᠎ᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠪᠣᠯᠤᠨ ᠪᠦᠬᠦ ᠠᠶ᠋ᠢᠮᠠᠭ᠎ᠤᠨ ᠭᠠᠮᠰᠢᠭ᠎ᠤᠨ ᠲᠦᠭᠰᠢᠭᠦᠷᠢ ᠵᠢ ᠨᠡᠶ᠋ᠢᠳᠡᠮ ᠪᠠᠶ᠋ᠢᠴᠠᠭ᠋ᠠᠬᠤ ᠠᠵᠢᠯ᠎ᠤᠨ ᠶᠡᠷᠦᠩᠬᠡᠶ ᠪᠠᠶ᠋ᠢᠷᠢᠯᠠᠭᠤᠯᠤᠯᠲᠠ ᠪᠣᠯᠤᠨ ᠱᠠᠭ᠋ᠠᠷᠳᠠᠯᠭ᠎ᠠ ᠶᠣᠰᠣᠭ᠋ᠠᠷ᠂ ᠨᠡᠶ᠋ᠢᠳᠡᠮ ᠪᠠᠶ᠋ᠢᠴᠠᠭ᠋ᠠᠯᠲᠠ ᠵᠢᠨ ᠲᠤᠭ᠎ᠠ ᠪᠠᠷᠢᠮᠲᠠ ᠵᠢ ᠬᠤᠷᠢᠶᠠᠩᠭᠤᠶ᠋ᠢᠯᠠᠨ ᠲᠤᠰᠢᠶᠠᠬᠤ᠂ ᠵᠠᠳᠠᠯᠤᠨ ᠰᠢᠢ᠍ᠳᠪᠦᠷᠢᠯᠡᠬᠦ᠂ ᠦᠨᠡᠯᠡᠨ ᠵᠢᠱ᠌ᠢᠬᠦ ᠣᠷᠣᠨ᠎ᠤ ᠬᠤᠪᠢᠶᠠᠷᠢᠯᠠᠯ᠎ᠢ ᠠᠯᠬᠤᠮ ᠠᠯᠬᠤᠮ ᠵᠶ᠋ᠠᠷ ᠪᠡᠶᠡᠯᠡᠭᠦᠯᠵᠦ᠂ ᠪᠦᠬᠦ ᠠᠶ᠋ᠢᠮᠠᠭ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠤᠨ ᠠᠶᠤᠯ᠎ᠢ ᠨᠡᠶ᠋ᠢᠳᠡᠮ ᠪᠠᠶ᠋ᠢᠴᠠᠭ᠋ᠠᠬᠤ ᠠᠵᠢᠯ᠎ᠢ ᠯᠠᠪᠳᠠᠭᠤᠨ ᠵᠶ᠋ᠠᠷ ᠠᠬᠢᠭᠤᠯᠬᠤ ᠬᠡᠷᠡᠭᠲᠡᠶ; ᠭᠠᠯ ᠰᠡᠷᠭᠡᠶ᠋ᠢᠯᠡᠬᠦ ᠲᠥᠷᠥᠯ ᠵᠦᠢ᠍ᠯ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠨᠢᠭᠡᠨᠲᠡ ᠴᠣᠬᠤᠯᠠᠪᠤᠷᠢᠯᠠᠭᠰᠠᠨ ᠠᠯᠠᠱ᠌ᠠ ᠠᠶ᠋ᠢᠮᠠᠭ᠎ᠤᠨ ᠨᠤᠲᠤᠭ ᠪᠡᠯᠴᠢᠭᠡᠷ᠎ᠤᠨ ᠭᠠᠯ᠎ᠤᠨ ᠠᠶᠤᠯ᠎ᠤᠨ ᠲᠦᠭᠰᠢᠭᠦᠷᠢ ᠶᠡᠬᠡᠲᠡᠶ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠲᠣᠭᠲᠠᠭ᠋ᠠᠯ ᠶᠣᠰᠣᠭ᠋ᠠᠷ ᠴᠢᠩᠭ᠎ᠠ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠤᠨ ᠪᠣᠭᠤᠮᠲᠠ ᠵᠢ ᠴᠢᠩᠭ᠎ᠠ ᠠᠳᠬᠤᠬᠤ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠯᠤᠭ᠎ᠠ ᠬᠠᠮᠵᠢᠯᠴᠠᠨ ᠠᠯᠠᠱ᠌ᠠ ᠠᠶ᠋ᠢᠮᠠᠭ᠎ᠤᠨ ᠣᠶ ᠰᠢᠭᠤᠶ ᠵᠢᠨ ᠭᠠᠯ᠎ᠤᠨ ᠠᠶᠤᠯ᠎ᠤᠨ ᠲᠦᠭᠰᠢᠭᠦᠷᠢ ᠶᠡᠬᠡᠲᠡᠶ ᠣᠷᠣᠨ᠎ᠤ ᠶᠡᠷᠦᠩᠬᠡᠶ᠋ᠢᠯᠡᠨ ᠵᠠᠰᠠᠬᠤ ᠲᠥᠷᠥᠯ ᠵᠦᠢ᠍ᠯ᠎ᠤᠨ ᠰᠢᠯᠭ᠋ᠠᠨ ᠠᠪᠬᠤ ᠵᠢ ᠰᠠᠶ᠋ᠢᠲᠤᠷ ᠬᠢᠨ᠎ᠡ; ᠤᠬᠠᠭᠤᠯᠭ᠎ᠠ ᠬᠥᠮᠦᠵᠢᠯ᠎ᠢ ᠦᠷᠭᠦᠯᠵᠢᠯᠡᠨ ᠴᠢᠩᠭ᠋ᠠᠷᠠᠭᠤᠯᠵᠤ᠂ ᠨᠠᠮᠤᠷ ᠡᠪᠦᠯ᠎ᠤᠨ ᠤᠯᠠᠷᠢᠯ᠎ᠤᠨ ᠭᠠᠯ ᠰᠡᠷᠭᠡᠶ᠋ᠢᠯᠡᠬᠦ ᠬᠤᠭᠤᠴᠠᠭ᠎ᠠ ᠪᠣᠯᠤᠨ ᠴᠢᠬᠤᠯᠠ ᠴᠠᠭ ᠬᠤᠭᠤᠴᠠᠭ᠎ᠠ ᠵᠢ ᠳᠣᠬᠢᠶᠠᠯᠳᠣᠭᠤᠯᠨ ᠣᠯᠠᠨ ᠬᠡᠯᠪᠡᠷᠢ ᠮᠠᠶᠢᠭ ᠪᠦᠬᠦᠢ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠥᠷᠨᠢᠭᠦᠯᠵᠦ᠂ ᠭᠠᠯ ᠰᠡᠷᠭᠡᠶ᠋ᠢᠯᠡᠬᠦ ᠠᠮᠤᠷ ᠲᠦᠪᠰᠢᠨ᠎ᠤ ᠮᠡᠳᠡᠯᠭᠡ ᠪᠣᠯᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠦᠭᠡᠮᠡᠯᠵᠢᠭᠦᠯᠦᠨ᠂ ᠠᠷᠠᠳ ᠣᠯᠠᠨ᠎ᠤ ᠭᠠᠯ ᠰᠡᠷᠭᠡᠶ᠋ᠢᠯᠡᠬᠦ ᠦᠵᠡᠯ ᠤᠬᠠᠮᠰᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠪᠡ᠃



     《ᠬᠡᠭᠡᠷ᠎ᠡ ᠵᠢᠨ ᠠᠮᠢᠲᠠᠨ ᠤᠷᠭᠤᠮᠠᠯ ᠪᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠠᠯ᠎ᠠ᠎ᠪᠠᠷ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠤᠯᠠᠮ ᠨᠢᠭᠡ ᠠᠯᠬᠤᠮ ᠴᠢᠩᠭ᠋ᠠᠳᠬᠠᠵᠦ᠂ ᠨᠤᠭᠤ ᠭᠠᠵᠠᠷ᠎ᠤᠨ ᠬᠢᠨᠠᠯᠲᠠ ᠬᠠᠮᠢᠶᠠᠷᠤᠯᠲᠠ᠂ ᠤᠯᠤᠰ ᠣᠷᠣᠨ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠲᠥᠷᠥ ᠵᠢᠨ ᠪᠣᠳᠣᠯᠭ᠎ᠠ᠂ ᠬᠠᠤᠯᠢ ᠲᠣᠭᠲᠠᠭ᠋ᠠᠯ᠎ᠢ ᠬᠡᠷᠡᠭᠵᠢᠭᠦᠯᠦᠭᠰᠡᠨ ᠪᠠᠶ᠋ᠢᠳᠠᠯ᠎ᠢ ᠦᠷᠭᠦᠯᠵᠢᠯᠡᠨ ᠰᠢᠮᠳᠠᠭᠤᠯᠣᠨ ᠪᠠᠶ᠋ᠢᠴᠠᠭ᠋ᠠᠵᠦ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢᠨ ᠡᠷᠴᠢᠮ᠎ᠢ ᠴᠢᠩᠭ᠋ᠠᠷᠠᠭᠤᠯᠣᠨ᠂ 〈ᠨᠣᠭᠤᠭ᠋ᠠᠨ ᠬᠠᠯᠬᠠᠪᠴᠢ〉 ᠠᠵᠢᠯᠯᠠᠭ᠎ᠠ ᠪᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠠᠯᠤᠰ ᠰᠡᠷᠡᠯ᠎ᠤᠨ ᠬᠢᠨᠠᠨ ᠬᠡᠮᠵᠢᠯᠲᠡ᠎ᠲᠠᠢ ᠣᠶᠠᠯᠳᠣᠭᠤᠯᠣᠨ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠠᠭᠤᠷᠬᠠᠶ ᠬᠠᠶ᠋ᠢᠬᠤ ᠪᠠ ᠠᠭᠤᠷᠬᠠᠶ ᠮᠠᠯᠲᠠᠬᠤ᠎ᠳᠤ ᠴᠢᠩᠭ᠎ᠠ ᠴᠣᠬᠢᠯᠲᠠ ᠦᠭᠴᠦ᠂ ᠴᠢᠯᠠᠭᠤ ᠡᠯᠡᠰᠦ ᠮᠠᠯᠲᠠᠬᠤ ᠵᠡᠷᠭᠡ ᠠᠵᠢᠯᠯᠠᠭ᠎ᠠ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠳᠤᠷ᠎ᠠ᠎ᠪᠠᠷ ᠵᠶ᠋ᠠᠨ ᠪᠠᠷᠢᠯᠭ᠎ᠠ ᠪᠠᠷᠢᠬᠤ ᠵᠢ ᠴᠢᠩᠭ᠎ᠠ ᠴᠠᠭ᠋ᠠᠵᠠᠯᠠᠨ᠂ ᠨᠣᠭᠤᠭ᠋ᠠᠨ ᠬᠠᠯᠬᠠᠪᠴᠢ ᠵᠢᠨ ᠠᠵᠢᠯᠯᠠᠭ᠎ᠠ ᠪᠠ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠪᠠᠭᠤᠯᠭ᠋ᠠᠭᠰᠠᠨ ᠠᠰᠠᠭᠤᠳᠠᠯ᠎ᠢ ᠰᠢᠢ᠍ᠳᠪᠦᠷᠢᠯᠡᠬᠦ ᠠᠵᠢᠯ᠎ᠢ ᠲᠦᠷᠭᠡᠳᠬᠡᠨ ᠠᠬᠢᠭᠤᠯᠵᠦ᠂ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠪᠣᠳᠠᠲᠠᠶ ᠠᠳᠬᠤᠵᠤ ᠨᠠᠷᠢᠯᠢᠭ ᠠᠳᠬᠤᠵᠦ᠂ ᠬᠠᠷᠢᠭᠤ ᠲᠤᠰᠬᠠᠭᠰᠠᠨ ᠠᠰᠠᠭᠤᠳᠠᠯ᠎ᠢ ᠪᠥᠬᠦ ᠲᠠᠯ᠎ᠠ᠎ᠪᠠᠷ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠶ᠃ ᠡᠭᠦᠨ᠎ᠠᠴᠠ ᠭᠠᠳᠠᠨ᠎ᠠ᠂ ᠠᠯᠠᠱ᠌ᠠ ᠠᠭᠤᠯᠠ ᠵᠢᠨ ᠤᠯᠤᠰ᠎ᠤᠨ ᠴᠡᠴᠡᠷᠯᠢᠭ᠎ᠤᠨ ᠪᠥᠲᠥᠭᠡᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠰᠢᠯᠢᠳᠡᠭᠵᠢᠭᠦᠯᠦᠨ ᠡᠮᠬᠢᠯᠡᠨ ᠨᠡᠶ᠋ᠢᠯᠡᠭᠦᠯᠬᠦ ᠠᠵᠢᠯ᠎ᠢ ᠲᠦᠷᠭᠡᠳᠬᠡᠨ᠂ ᠨᠤᠭᠤ ᠭᠠᠵᠠᠷ᠎ᠢ ᠬᠠᠮᠠᠭ᠋ᠠᠯᠠᠬᠤ ᠬᠠᠤᠯᠢ ᠲᠣᠭᠲᠠᠭ᠋ᠠᠯ᠎ᠢ ᠬᠡᠷᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠰᠤᠪᠨᠠᠭᠤᠷ ᠵᠡᠷᠭᠡ ᠴᠢᠬᠤᠯᠠ ᠨᠤᠭᠤ ᠭᠠᠵᠠᠷ᠎ᠢ ᠬᠢᠨᠠᠨ ᠰᠢᠨᠵᠢᠬᠦ᠂ ᠲᠣᠭᠤᠷᠢᠨ ᠬᠠᠮᠠᠭ᠋ᠠᠯᠠᠬᠤ ᠵᠡᠷᠭᠡ ᠠᠵᠢᠯ᠎ᠢ ᠰᠠᠶ᠋ᠢᠲᠤᠷ ᠬᠢᠵᠦ᠂ ᠴᠢᠬᠤᠯᠠ ᠨᠤᠭᠤ ᠭᠠᠵᠠᠷ᠎ᠢ ᠪᠥᠲᠥᠭᠡᠨ ᠪᠠᠶ᠋ᠢᠭᠤᠯᠬᠤ ᠪᠠ ᠨᠡᠭᠡᠭᠡᠨ ᠬᠥᠭᠵᠢᠭᠦᠯᠬᠦ ᠵᠢ ᠴᠢᠩᠭ᠎ᠠ ᠬᠢᠵᠠᠭ᠋ᠠᠷᠯᠠᠨ᠂ ᠨᠤᠭᠤ ᠭᠠᠵᠠᠷ᠎ᠢ ᠬᠠᠮᠠᠭ᠋ᠠᠯᠠᠬᠤ ᠬᠠᠮᠢᠶ᠎ᠠ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠰᠤᠷᠤᠯᠴᠠᠨ ᠤᠬᠠᠭᠤᠯᠬᠤ ᠵᠢ ᠰᠠᠶ᠋ᠢᠲᠤᠷ ᠠᠳᠬᠤᠵᠤ᠂ ᠨᠤᠭᠤ ᠭᠠᠵᠠᠷ᠎ᠢ ᠬᠠᠮᠠᠭ᠋ᠠᠯᠠᠬᠤ ᠰᠠᠶ᠋ᠢᠨ ᠰᠠᠶ᠋ᠢᠬᠠᠨ ᠨᠡᠶ᠋ᠢᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠨ᠎ᠠ》 ᠭᠡᠵᠦ ᠲᠥᠪᠰᠢᠨ ᠬᠡᠯᠡᠪᠡ᠃



      ᠲᠥᠪᠰᠢᠨ᠎ᠠᠴᠠ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠦᠪᠰᠢᠨ ᠲᠠᠰᠤᠷᠠᠯᠲᠠ ᠦᠭᠡᠢ ᠳᠡᠭᠡᠭᠰᠢᠯᠡᠬᠦ ᠵᠢ ᠪᠠᠳᠣᠯᠠᠵᠦ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠢᠨᠠᠨ ᠬᠡᠮᠵᠢᠬᠦ ᠡᠷᠴᠢᠮ᠎ᠢ ᠨᠡᠮᠡᠭᠳᠡᠬᠦᠯᠦᠨ᠂ ᠬᠠᠮᠠᠭ᠋ᠠᠯᠠᠯᠲᠠ ᠵᠢᠨ ᠣᠷᠣᠨ᠎ᠤ ᠳᠣᠲᠣᠷᠠᠬᠢ ᠬᠡᠭᠡᠷ᠎ᠡ ᠵᠢᠨ ᠠᠮᠢᠲᠠᠨ ᠤᠷᠭᠤᠮᠠᠯ᠂ ᠡᠪᠡᠳᠴᠢᠨ ᠬᠤᠷᠣᠬᠠᠶ ᠵᠢᠨ ᠬᠥᠨᠥᠭᠡᠯ᠂ ᠣᠷᠴᠢᠨ ᠲᠣᠭᠤᠷᠢᠨ᠂ ᠴᠠᠭ ᠠᠭᠤᠷ ᠵᠡᠷᠭᠡ ᠹᠠᠺᠲ᠋ᠤᠷ᠎ᠤᠨ ᠬᠢᠨᠠᠨ ᠬᠡᠮᠵᠢᠯᠲᠡ ᠵᠢ ᠦᠷᠭᠦᠯᠵᠢᠯᠡᠨ ᠵᠣᠬᠢᠶᠠᠨ ᠪᠠᠶ᠋ᠢᠭᠤᠯᠵᠤ ᠦᠷᠨᠢᠬᠦᠯᠦᠨ᠂ ᠬᠦᠨᠳᠦ ᠨᠣᠴᠢᠲᠠᠶ ᠬᠤᠤᠷ ᠬᠥᠨᠥᠭᠡᠯ᠎ᠤᠨ ᠬᠠᠮᠠᠭ᠋ᠠᠯᠠᠯᠲᠠ ᠵᠢᠨ ᠣᠷᠣᠨ᠎ᠤ ᠡᠷᠲᠡᠨ᠎ᠤ ᠬᠤᠤᠷᠳᠦ ᠡᠷᠪᠡᠬᠡᠶ᠂ ᠲᠣᠣᠷᠠᠢ ᠵᠢᠨ ᠠᠪᠠᠭ᠋ᠠᠯᠳᠠᠶ ᠵᠢ ᠬᠢᠨᠠᠨ ᠬᠡᠮᠵᠢᠬᠦ ᠠᠵᠢᠯ᠎ᠢ ᠦᠷᠨᠢᠬᠦᠯᠦᠨ᠂ ᠤᠯᠤᠰ᠎ᠤᠨ ᠴᠢᠬᠤᠯᠠ ᠨᠤᠭᠤ ᠭᠠᠵᠠᠷ ᠰᠤᠪᠨᠠᠭᠤᠷ ᠵᠡᠷᠭᠡ ᠨᠤᠭᠤ ᠭᠠᠵᠠᠷ᠎ᠤᠨ ᠤᠰᠤᠨ᠎ᠤ ᠴᠢᠨᠠᠷ᠂ ᠤᠰᠦᠠ᠎ᠤ ᠬᠡᠮᠵᠢᠶ᠎ᠡ᠂ ᠤᠰᠤᠨ᠎ᠤ ᠮᠢᠺᠷᠣᠪ᠂ ᠨᠤᠭᠤ ᠭᠠᠵᠠᠷ᠎ᠤᠨ ᠬᠡᠪᠴᠢᠶᠡᠨ᠎ᠳᠠᠬᠢ ᠬᠡᠭᠡᠷ᠎ᠡ ᠵᠢᠨ ᠠᠮᠢᠲᠠᠨ ᠤᠷᠭᠤᠮᠠᠯ᠂ ᠤᠢ ᠰᠢᠭᠤᠶ ᠵᠢᠨ ᠬᠤᠣᠷᠲᠤ ᠠᠮᠢᠳᠤ ᠪᠣᠳᠠᠰ᠂ ᠤᠰᠤᠨ ᠵᠦᠢ᠂ ᠬᠥᠷᠥᠰᠥ᠂ ᠴᠠᠭ ᠠᠭᠤᠷ᠂ ᠣᠷᠴᠢᠨ ᠲᠣᠭᠤᠷᠢᠨ᠎ᠤ ᠹᠠᠺᠲ᠋ᠤᠷ᠂ ᠬᠢᠯᠢ ᠥᠩᠭᠡᠷᠡᠬᠦ ᠨᠡᠭᠦᠳᠡᠯ᠎ᠤᠨ ᠰᠢᠪᠠᠭᠤ᠂ ᠬᠢᠵᠢᠭ ᠡᠪᠡᠳᠴᠢᠨ ᠵᠡᠷᠭᠡ ᠵᠢᠨ ᠬᠥᠳᠡᠯᠦᠩᠭᠦᠶ ᠬᠢᠨᠠᠨ ᠬᠡᠮᠵᠢᠬᠦ ᠠᠵᠢᠯ᠎ᠢ ᠦᠷᠨᠢᠬᠦᠯᠦᠨ᠂ ᠨᠤᠭᠤ ᠭᠠᠵᠠᠷ᠎ᠢ ᠬᠠᠮᠠᠭ᠋ᠠᠯᠠᠬᠤ ᠴᠢᠳᠠᠪᠤᠷᠢ ᠪᠠ ᠠᠮᠢ ᠠᠬᠤᠶ ᠵᠢ ᠬᠢᠨᠠᠨ ᠰᠢᠨᠵᠢᠬᠦ ᠬᠢᠷᠢ ᠬᠡᠮᠵᠢᠶ᠎ᠡ ᠵᠢ ᠴᠢᠷᠮᠠᠶ᠋ᠢᠨ ᠳᠡᠭᠡᠭᠰᠢᠯᠡᠬᠦᠯᠵᠦ᠂ ᠨᠤᠭᠤ ᠭᠠᠵᠠᠷ᠎ᠤᠨ ᠪᠦᠲᠦᠭᠡᠨ ᠪᠠᠶ᠋ᠢᠭᠤᠯᠤᠯᠲᠠ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠳᠤ ᠨᠠᠷᠢᠨ ᠪᠣᠳᠠᠲᠠᠶ ᠲᠤᠭ᠎ᠠ ᠪᠠᠷᠢᠮᠲᠠ ᠵᠢᠨ ᠮᠠᠲ᠋ᠧᠷᠢᠶᠠᠯ ᠬᠠᠩᠭ᠋ᠠᠨ᠎ᠠ᠃ ᠡᠭᠦᠨ᠎ᠤ ᠬᠠᠮᠲᠤ᠂ ᠬᠠᠪᠤᠷ᠎ᠤᠨ ᠤᠯᠠᠷᠢᠯ᠂ ᠨᠠᠮᠤᠷ ᠡᠪᠦᠯ᠎ᠤᠨ ᠤᠯᠠᠷᠢᠯ᠎ᠤᠨ ᠰᠢᠪᠠᠭᠤᠨ᠎ᠤ ᠲᠥᠷᠥᠯ ᠵᠡᠷᠭᠡ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠵᠢᠴᠢ ᠬᠢᠵᠢᠭ᠎ᠤᠨ ᠰᠤᠷᠪᠤᠯᠵᠢᠲᠤ ᠬᠢᠵᠢᠭ ᠡᠪᠡᠳᠴᠢᠨ᠎ᠢ ᠰᠡᠷᠭᠡᠶ᠋ᠢᠯᠡᠨ ᠬᠢᠵᠠᠭ᠋ᠠᠷᠯᠠᠬᠤ ᠠᠵᠢᠯ᠎ᠢ ᠦᠨᠡᠨᠬᠦ ᠴᠢᠩᠭ᠋ᠠᠳᠬᠠᠵᠤ᠂ ᠪᠠᠴᠢᠮ ᠪᠠᠶ᠋ᠢᠳᠠᠯ᠎ᠢ ᠠᠷᠭ᠋ᠠᠴᠠᠨ ᠵᠢᠵᠢᠭᠦᠷᠯᠡᠨ ᠰᠠᠬᠢᠬᠤ᠂ ᠬᠡᠭᠡᠷ᠎ᠡ ᠭᠠᠳᠠᠨ᠎ᠠ ᠬᠢᠨᠠᠨ ᠬᠡᠮᠵᠢᠬᠦ᠂ ᠬᠥᠮᠦᠨ ᠬᠢᠭᠡᠳ ᠬᠡᠭᠡᠷ᠎ᠡ ᠵᠢᠨ ᠠᠮᠢᠲᠠᠨ᠎ᠢ ᠨᠢᠭᠲᠠ ᠣᠶ᠋ᠢᠷᠠᠲᠤᠭᠤᠯᠬᠤ ᠣᠷᠣᠨ ᠪᠦᠰᠡ ᠵᠢᠨ ᠲᠣᠭᠤᠷᠢᠨ ᠪᠠᠶ᠋ᠢᠴᠠᠭ᠋ᠠᠬᠤ ᠬᠦᠴᠦᠨ᠎ᠢ ᠴᠢᠩᠭ᠋ᠠᠳᠬᠠᠵᠤ᠂ ᠬᠡᠭᠡᠷ᠎ᠡ ᠵᠢᠨ ᠠᠮᠢᠲᠠᠨ ᠵᠢᠴᠢ ᠲᠡᠭᠦᠨ᠎ᠤ ᠪᠦᠲᠦᠭᠡᠭᠳᠡᠬᠦᠨ᠎ᠢ ᠬᠠᠤᠯᠢ ᠪᠤᠰᠤ᠎ᠪᠠᠷ ᠠᠩᠨᠠᠬᠤ᠂ ᠠᠯᠠᠬᠤ᠂ ᠢᠳᠡᠬᠦ᠂ ᠬᠤᠳᠠᠯᠳᠤᠬᠤ᠂ ᠫᠠᠨᠽᠠᠯᠠᠬᠤ᠂ ᠬᠤᠳᠠᠯᠳᠤᠨ ᠠᠪᠬᠤ ᠪᠠ ᠬᠡᠭᠡᠷ᠎ᠡ ᠵᠢᠨ ᠤᠷᠭᠤᠮᠠᠯ᠎ᠢ ᠡᠪᠳᠡᠭᠰᠡᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠲᠤᠰᠬᠠᠶ ᠵᠦᠢ᠍ᠯ ᠵᠶ᠋ᠠᠷ ᠴᠡᠭᠴᠡᠯᠡᠨ ᠵᠠᠰᠠᠬᠤ ᠠᠵᠢᠯᠯᠠᠭ᠎ᠠ ᠵᠢ ᠥᠷᠨᠢᠭᠦᠯᠵᠦ᠂ ᠣᠯᠠᠨ ᠲᠦᠮᠡᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠵᠤ᠂ ᠠᠮᠢ ᠠᠬᠤᠶ ᠵᠢᠨ ᠪᠣᠯᠪᠠᠰᠤᠨ᠎ᠢ ᠬᠠᠮᠲᠤᠪᠠᠷ ᠪᠠᠶ᠋ᠢᠭᠤᠯᠵᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ᠎ᠳᠤ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠪᠡ᠃


ᠢᠷᠡᠯᠲᠡ᠄ ᠠᠯᠠᠱ᠌ᠠ ᠠᠶ᠋ᠢᠮᠠᠭ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠬᠤᠨ᠎ᠤ ᠨᠤᠲᠤᠭ᠎ᠤᠨ ᠬᠤᠰᠢᠭᠤᠴᠢ ᠬᠤᠨ — — ᠮᠠᠯᠴᠢᠨ ᠵᠢᠷᠠᠡᠨᠢᠭᠡ
ᠤᠷᠭᠤᠮᠠᠯ᠎ᠤᠨ ᠰᠢᠨᠵᠢᠯᠡᠬᠦ ᠤᠬᠠᠭ᠋ᠠᠨ᠎ᠤ ᠵᠢᠷᠤᠭ᠎ᠨᠢ ᠠᠮᠢ ᠠᠬᠤᠶ ᠵᠢᠨ ᠤᠬᠠᠮᠰᠠᠷ᠎ᠢ ᠬᠥᠮᠦᠵᠢᠭᠦᠯᠬᠦ ᠵᠢᠨ ᠬᠡᠷᠡᠭᠴᠡᠭᠡ ᠪᠣᠯᠤᠨ᠎ᠠ
ᠬᠣᠩᠭᠣᠷ ᠠᠭᠤᠯᠠ ᠵᠢᠨ ᠵᠡᠷᠯᠢᠭ ᠠᠷᠴᠠ ᠠᠷᠪᠠᠨ ᠵᠢᠯ᠎ᠤᠨ ᠬᠠᠮᠠᠭ᠋ᠠᠯᠠᠯᠲᠠ ᠵᠢ ᠤᠴᠢᠷᠯᠠᠨ᠎ᠠ
ᠲᠠᠷᠢᠶᠠᠯᠠᠬᠤ ᠵᠢ ᠵᠣᠭᠰᠣᠭ᠋ᠠᠵᠤ ᠣᠢ ᠰᠢᠭᠤᠢ ᠡᠪᠡᠰᠦ ᠪᠡᠯᠴᠢᠭᠡᠷ᠎ᠢ ᠰᠡᠷᠭᠦᠭᠡᠬᠦ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠦᠷᠭᠦᠯᠵᠢᠯᠡᠨ ᠠᠬᠢᠭᠤᠯᠤᠨ᠎ᠠ — ᠤᠯᠤᠰ᠎ᠤᠨ ᠣᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠠᠮᠢ ᠠᠬᠤᠢ ᠵᠢᠨ ᠲᠥᠪ᠎ᠤᠨ ᠬᠠᠷᠢᠭᠤᠴᠠᠯᠭ᠋ᠠᠲᠠᠨ᠎ᠢ ᠰᠤᠷᠪᠤᠯᠵᠢᠯᠠᠭᠰᠠᠨ᠎ᠨᠢ
ᠮᠤᠳᠤ ᠳᠠᠷᠢᠵᠤ ᠨᠤᠳᠤᠭ ᠵᠶ᠋ᠠᠨ ᠨᠤᠭᠤᠭ᠋ᠠᠷᠠᠭᠤᠯᠤᠭᠰᠠᠨ ᠮᠠᠯᠴᠢᠨ ᠵᠢᠪᠬᠤᠯᠠᠩ
 
             蒙ICP备05000248号