ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠰᠣᠷᠪᠣᠯᠵᠢᠯᠠᠭ᠎ᠠ
ᠬᠣᠩᠭᠣᠷ ᠠᠭᠤᠯᠠ ᠵᠢᠨ ᠵᠡᠷᠯᠢᠭ ᠠᠷᠴᠠ ᠠᠷᠪᠠᠨ ᠵᠢᠯ᠎ᠤᠨ ᠬᠠᠮᠠᠭ᠋ᠠᠯᠠᠯᠲᠠ ᠵᠢ ᠤᠴᠢᠷᠯᠠᠨ᠎ᠠ
ᠨᠡᠶ᠋ᠢᠲᠡᠯᠡᠭᠰᠡᠨ ᠴᠠᠭ᠄ 2022-09-22

      ᠬᠥᠪᠡᠭᠡᠲᠦ ᠰᠢᠷ᠎ᠠ ᠬᠣᠰᠢᠭᠤᠨ᠎ᠤ ᠪᠠᠶᠠᠨᠲᠠᠯ᠎ᠠ ᠪᠠᠯᠭ᠋ᠠᠰᠤᠨ᠎ᠤ ᠬᠠᠷᠢᠶᠠᠨ᠎ᠳᠤ ᠪᠠᠶ᠋ᠢᠭ᠎ᠠ ᠬᠣᠩᠭᠣᠷ ᠠᠭᠤᠯᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠨᠢ ᠣᠶ᠋ᠢᠷ᠎ᠠ ᠵᠢᠨ ᠠᠷᠪᠠᠨ ᠵᠢᠯ᠎ᠤᠨ ᠬᠠᠮᠠᠭ᠋ᠠᠯᠠᠯᠲᠠ᠎ᠪᠠᠷ ᠳᠠᠮᠵᠢᠨ ᠬᠠᠮᠠᠭ᠋ᠠᠯᠠᠯᠲᠠ ᠵᠢᠨ ᠣᠷᠣᠨ᠎ᠤ ᠤᠷᠭᠤᠮᠠᠯ᠎ᠤᠨ ᠬᠤᠴᠢᠯᠭ᠎ᠠ ᠪᠠ ᠮᠣᠳᠣᠨ᠎ᠤ ᠲᠥᠷᠥᠯ ᠵᠦᠢ᠍ᠯ ᠢᠯᠡᠳᠲᠡ ᠨᠡᠮᠡᠭᠳᠡᠵᠦ᠂ ᠠᠮᠢ ᠠᠬᠤᠢ ᠵᠢᠨ ᠣᠷᠴᠢᠨ ᠲᠣᠭᠣᠷᠢᠨ ᠮᠡᠳᠡᠭᠳᠡᠬᠦ᠋ᠢ᠍ᠴᠡ ᠰᠠᠶ᠋ᠢᠵᠢᠷᠠᠵᠤ᠂ ᠬᠥᠪᠡᠭᠡᠲᠦ ᠰᠢᠷ᠎ᠠ ᠬᠣᠰᠢᠭᠤᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠭᠣᠣᠯᠳᠠᠯᠭ᠎ᠠ᠎ᠲᠠᠢ ᠬᠠᠮᠠᠭ᠋ᠠᠯᠠᠯᠲᠠ ᠵᠢᠨ ᠣᠷᠣᠨ ᠪᠣᠯᠤᠨ ᠭᠣᠣᠯᠳᠠᠯᠭ᠋ᠠᠲᠤ ᠵᠢᠭᠤᠯᠴᠢᠯᠠᠯ᠎ᠤᠨ ᠣᠷᠣᠨ ᠪᠣᠯᠤᠭᠰᠠᠨ ᠪᠠᠶ᠋ᠢᠨ᠎ᠠ᠃

      ᠨᠠᠮᠤᠷ᠎ᠤᠨ ᠪᠣᠷᠣᠭ᠋ᠠᠨ᠎ᠤ ᠳᠠᠷᠠᠭ᠋ᠠᠬᠢ ᠬᠣᠩᠭᠣᠷ ᠠᠭᠤᠯᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠨᠠᠮ ᠵᠢᠮ᠂ ᠰᠦᠷᠯᠢᠭ ᠰᠠᠶ᠋ᠢᠬᠠᠨ᠃ ᠬᠠᠮᠠᠭ᠋ᠠᠯᠠᠯᠲᠠ ᠵᠢᠨ ᠣᠷᠣᠨ᠎ᠤ ᠵᠡᠷᠯᠢᠭ ᠠᠷᠴᠠ ᠡᠨᠳᠡᠬᠢ ᠵᠢᠨ ᠡᠵᠡᠨ᠎ᠨᠢ ᠶᠤᠮ ᠰᠢᠭ᠋ ᠰᠡᠬᠦ᠋ᠢ᠍ᠨ ᠰᠦᠨᠳᠡᠷᠯᠡᠨ᠎ᠡ᠃ ᠣᠶ᠋ᠢᠯᠠᠭ᠋ᠠᠭᠰᠠᠨ ᠵᠶ᠋ᠠᠷ᠂ ᠵᠡᠷᠯᠢᠭ ᠠᠷᠴᠠ ᠮᠠᠨ᠎ᠤ ᠤᠯᠤᠰ᠎ᠤᠨ ᠬᠠᠷᠠᠮᠥ᠋ᠷᠡᠨ᠂ ᠭᠢᠷᠢᠨ᠂ ᠯᠢᠶᠣᠤᠨᠢᠩ᠂ ᠥᠪᠥᠷ ᠮᠣᠩᠭᠣᠯ᠂ ᠾᠧᠪᠧᠢ ᠵᠢᠨ ᠬᠣᠶ᠋ᠢᠲᠤ ᠬᠡᠰᠡᠭ᠂ ᠱᠠᠨ ᠰᠢ᠂ ᠱᠠᠨᠰᠢ᠂ ᠭᠠᠨᠰᠦ ᠵᠢᠴᠢ ᠨᠢᠩᠰᠢᠶᠠ ᠵᠡᠷᠭᠡ ᠮᠤᠵᠢ ᠣᠷᠣᠨ᠎ᠤ ᠠᠭᠤᠯᠠᠷᠬᠠᠭ ᠭᠠᠵᠠᠷ ᠵᠶ᠋ᠠᠷ ᠲᠠᠷᠬᠠᠵᠤ᠂ ᠰᠣᠯᠣᠩᠭᠣᠰ᠂ ᠶᠠᠫᠣᠨ᠎ᠳᠤ ᠪᠠᠰᠠ ᠲᠠᠷᠬᠠᠯᠲᠠ᠎ᠲᠠᠢ᠃ ᠬᠥᠪᠡᠭᠡᠲᠦ ᠰᠢᠷ᠎ᠠ ᠬᠣᠰᠢᠭᠤᠨ᠎ᠤ ᠬᠣᠩᠭᠣᠷ ᠠᠭᠤᠯᠠᠨ᠎ᠳᠤ ᠤᠷᠭᠤᠳᠠᠭ ᠵᠡᠷᠯᠢᠭ ᠠᠷᠴᠠ ᠪᠣᠯ ᠣᠳᠣᠬᠠᠨ᠎ᠳᠤ ᠮᠠᠨ᠎ᠤ ᠤᠯᠤᠰ᠎ᠤᠨ 42º 17´ ᠵᠢᠨ ᠥᠷᠭᠡᠷᠢᠭ ᠳᠡᠭᠡᠷ᠎ᠡ ᠣᠨᠴᠠ ᠪᠠᠶ᠋ᠢᠳᠠᠭ ᠵᠡᠷᠯᠢᠭ ᠠᠷᠴᠠ ᠪᠣᠯᠤᠨ᠎ᠠ᠃

      ᠬᠥᠪᠡᠭᠡᠲᠦ ᠰᠢᠷ᠎ᠠ ᠬᠣᠰᠢᠭᠤᠨ᠎ᠤ ᠣᠢ ᠰᠢᠭᠤᠢ ᠨᠤᠲᠤᠭ ᠪᠡᠯᠴᠢᠭᠡᠷ᠎ᠤᠨ ᠦᠢ᠍ᠯᠡᠰ᠎ᠤᠨ ᠬᠥᠭᠵᠢᠭᠦᠯᠦᠯᠲᠡ ᠵᠢᠨ ᠲᠥᠪ᠎ᠤᠨ ᠡᠷᠬᠢᠯᠡᠭᠴᠢ ᠬᠠᠰᠴᠡᠴᠡᠭ᠄ 《ᠵᠡᠷᠯᠢᠭ ᠠᠷᠴᠠ ᠪᠣᠯ ᠮᠠᠨ᠎ᠤ ᠬᠣᠰᠢᠭᠤᠨ᠎ᠤ ᠬᠣᠩᠭᠣᠷ ᠠᠭᠤᠯᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠭᠣᠣᠯᠳᠠᠯᠭ᠋ᠠᠲᠤ ᠬᠠᠮᠠᠭ᠋ᠠᠯᠠᠯᠲᠠ ᠵᠢᠨ ᠲᠣᠷᠤᠭ ᠮᠣᠳᠣ ᠪᠣᠯᠤᠨ᠎ᠠ; ᠮᠠᠨ᠎ᠤ ᠬᠣᠰᠢᠭᠤ᠎ᠨᠢ ᠣᠶ᠋ᠢᠷ᠎ᠠ ᠵᠢᠨ ᠠᠷᠪᠠᠨ ᠵᠢᠯ᠎ᠳᠤ ᠶᠡᠬᠡ ᠬᠡᠮᠵᠢᠶᠡᠨ᠎ᠤ ᠬᠥᠮᠦᠨ᠎ᠤ ᠬᠦᠴᠦ᠂ ᠪᠣᠳᠠᠰ᠎ᠤᠨ ᠬᠦᠴᠦ ᠵᠢ ᠲᠥᠪᠯᠡᠷᠡᠭᠦᠯᠦᠭᠡᠳ ᠬᠠᠮᠠᠭ᠋ᠠᠯᠠᠯᠲᠠ ᠵᠢᠨ ᠣᠷᠣᠨ᠎ᠢ ᠬᠠᠮᠠᠭ᠋ᠠᠯᠠᠬᠤ ᠠᠵᠢᠯ᠎ᠢ ᠬᠢᠭᠰᠡᠭᠡᠷ ᠢᠷᠡᠭᠰᠡᠨ; ᠡᠭᠦᠨ᠎ᠤ ᠳᠠᠭ᠋ᠠᠤ ᠮᠠᠨ᠎ᠤ ᠲᠤᠪᠴᠢᠶ᠎ᠠ᠎ᠨᠢ 2019 ᠣᠨ᠎ᠠᠴᠠ ᠨᠠᠭ᠋ᠠᠰᠢ ᠬᠤᠪᠢ ᠵᠢᠨ ᠨᠢᠯᠬ᠎ᠠ ᠮᠣᠳᠣᠨ᠎ᠤ ᠬᠦᠷᠢᠶᠡᠡᠯᠡᠭ᠎ᠲᠠᠢ ᠬᠠᠮᠵᠢᠯᠴᠠᠨ 30 ᠺᠢᠯᠣᠭ᠌ᠷᠠᠮ ᠦᠷ᠎ᠡ᠂ ᠲᠦᠮᠡᠨ ᠰᠠᠭᠤᠷᠢ ᠮᠥᠴᠢᠷ᠎ᠢ ᠪᠣᠶ᠋ᠢᠵᠢᠭᠤᠯᠬᠤ ᠵᠢᠨ ᠳᠠᠭ᠋ᠠᠤ ᠲᠦᠮᠡ ᠢᠯᠡᠭᠦᠦ ᠰᠠᠭᠤᠷᠢ ᠠᠷᠴᠠ ᠵᠢ ᠬᠠᠮᠠᠭ᠋ᠠᠯᠠᠯᠲᠠ ᠵᠢᠨ ᠣᠷᠣᠨ᠎ᠳᠤ ᠬᠥᠮᠦᠨ᠎ᠤ ᠬᠦᠴᠦ᠎ᠪᠠᠷ ᠲᠠᠷᠢᠨ ᠪᠣᠶ᠋ᠢᠵᠢᠭᠤᠯᠤᠭᠰᠠᠨ ᠪᠠᠶ᠋ᠢᠨ᠎ᠠ; ᠨᠢᠭᠡᠳᠦᠭᠡᠷ ᠤᠳᠠᠭ᠋ᠠᠨ᠎ᠤ ᠬᠥᠮᠦᠨ᠎ᠤ ᠬᠦᠴᠦ᠎ᠪᠠᠷ ᠪᠣᠶ᠋ᠢᠵᠢᠭᠤᠯᠤᠭᠰᠠᠨ ᠵᠡᠷᠯᠢᠭ ᠠᠷᠴᠠ 2021 ᠣᠨ᠎ᠳᠤ ᠨᠢᠭᠡᠨᠲᠡ ᠪᠣᠶ᠋ᠢᠵᠢᠨ ᠭᠠᠷᠴᠤ᠂ ᠬᠣᠶᠠᠳᠤᠭ᠋ᠠᠷ ᠤᠳᠠᠭ᠎ᠠ 2021 ᠣᠨ᠎ᠤ ᠨᠠᠮᠤᠷ ᠪᠣᠶ᠋ᠢᠵᠢᠭᠤᠯᠬᠤ ᠠᠵᠢᠯ ᠵᠶ᠋ᠠᠨ ᠡᠬᠢᠯᠡᠭᠦᠯᠵᠦ 2024 ᠣᠨ᠎ᠳᠤ ᠠᠰᠢᠭᠯᠠᠯᠲᠠ᠎ᠳᠤ ᠣᠷᠣᠨ᠎ᠠ ᠭᠡᠵᠦ ᠲᠥᠯᠥᠪᠯᠡᠵᠦ ᠪᠤᠢ; ᠬᠣᠶᠠᠷ ᠤᠳᠠᠭ᠋ᠠᠨ᠎ᠤ ᠪᠣᠶ᠋ᠢᠵᠢᠭᠤᠯᠤᠯᠲᠠ ᠬᠢᠭᠰᠡᠨ ᠡᠳᠡᠭᠡᠷ ᠵᠡᠷᠯᠢᠭ ᠠᠷᠴᠠ᠎ᠪᠠᠨ ᠬᠣᠩᠭᠣᠷ ᠠᠭᠤᠯᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ᠎ᠪᠠᠨ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ᠎ᠪᠠᠷ ᠪᠤᠢ》 ᠭᠡᠯ᠎ᠡ᠃

      ᠪᠠᠶ᠋ᠢᠭ᠋ᠠᠯᠢ ᠵᠢᠨ ᠡᠬᠢ ᠪᠠᠶᠠᠯᠢᠭ᠎ᠢ ᠨᠡᠩ ᠰᠠᠶ᠋ᠢᠨ ᠬᠠᠮᠠᠭ᠋ᠠᠯᠠᠬᠤ ᠵᠢᠨ ᠲᠥᠯᠥᠭᠡ᠂ ᠬᠥᠪᠡᠭᠡᠲᠦ ᠰᠢᠷ᠎ᠠ ᠬᠣᠰᠢᠭᠤᠨ᠎ᠤ ᠨᠠᠮ᠎ᠤᠨ   ᠬᠤᠷᠢᠶ᠎ᠠ᠂ ᠵᠠᠰᠠᠭ᠎ᠤᠨ ᠣᠷᠳᠣᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠡᠯ᠎ᠡ ᠱᠠᠲᠤᠨ᠎ᠤ ᠬᠠᠮᠠᠭ᠋ᠠᠯᠠᠯᠲᠠ ᠵᠢᠨ ᠣᠷᠣᠨ᠎ᠤ ᠲᠤᠬᠠᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠬᠡᠷᠡᠭᠵᠢᠭᠦᠯᠵᠦ᠂ 《ᠬᠥᠪᠡᠭᠡᠲᠦ ᠰᠢᠷ᠎ᠠ ᠬᠣᠰᠢᠭᠤᠨ᠎ᠤ ᠬᠣᠩᠭᠣᠷ ᠠᠭᠤᠯᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠭᠰᠠᠨ ᠪᠥᠭᠡᠳ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠪᠠᠶ᠋ᠢᠭᠤᠯᠵᠤ᠂ ᠲᠤᠰᠬᠠᠢ ᠬᠠᠮᠢᠶᠠᠷᠤᠯᠲᠠ ᠵᠢᠨ ᠪᠠᠶ᠋ᠢᠭᠤᠯᠤᠮᠵᠢ ᠲᠣᠭᠲᠠᠭ᠋ᠠᠨ᠂ ᠲᠤᠰᠬᠠᠢ ᠣᠢ ᠰᠢᠭᠤᠢ ᠵᠢᠨ ᠬᠠᠮᠠᠭ᠋ᠠᠯᠠᠭᠴᠢ ᠲᠣᠬᠢᠷᠠᠭᠤᠯᠵᠤ ᠬᠥᠪᠡᠭᠡᠲᠦ ᠰᠢᠷ᠎ᠠ ᠬᠣᠰᠢᠭᠤᠨ᠎ᠤ ᠬᠣᠩᠭᠣᠷ ᠠᠭᠤᠯᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠬᠠᠮᠢᠶᠠᠷᠤᠨ ᠬᠠᠮᠠᠭ᠋ᠠᠯᠠᠪᠠ᠃

      ᠬᠥᠪᠡᠭᠡᠲᠦ ᠰᠢᠷ᠎ᠠ ᠬᠣᠰᠢᠭᠤᠨ᠎ᠤ ᠬᠣᠩᠭᠣᠷ ᠠᠭᠤᠯᠠ ᠣᠢ ᠰᠢᠭᠤᠢ ᠵᠢ ᠬᠠᠮᠠᠭ᠋ᠠᠯᠠᠬᠤ ᠥᠷᠲᠡᠭᠡᠨ᠎ᠤ ᠳᠡᠳ᠋ ᠳᠠᠷᠤᠭ᠎ᠠ ᠦᠨᠡᠨᠪᠠᠶᠠᠷ᠄ 《ᠠᠷᠪᠠᠨ ᠵᠢᠯ᠎ᠤᠨ ᠴᠢᠷᠮᠠᠶ᠋ᠢᠯᠭ᠎ᠠ᠎ᠪᠠᠷ ᠨᠠᠮ ᠵᠠᠰᠠᠭ᠎ᠠᠴᠠ ᠬᠦᠨᠳᠦᠳᠬᠡᠨ ᠦᠵᠡᠵᠦ ᠬᠣᠩᠭᠣᠷ ᠠᠭᠤᠯᠠ ᠠᠮᠢ ᠠᠬᠤᠢ ᠵᠢᠨ ᠬᠠᠮᠠᠭ᠋ᠠᠯᠠᠯᠲᠠ ᠵᠢᠨ ᠣᠷᠣᠨ᠎ᠢ ᠪᠦᠲᠦᠭᠡᠨ ᠪᠠᠶ᠋ᠢᠭᠤᠯᠵᠤ ᠬᠠᠷᠠᠵᠤ ᠬᠠᠮᠠᠭ᠋ᠠᠯᠠᠬᠤ ᠠᠵᠢᠯ᠎ᠢ ᠴᠢᠩᠭ᠋ᠠᠳᠬᠠᠭᠰᠠᠨ ᠵᠶ᠋ᠠᠷ ᠣᠳᠣ ᠪᠣᠯᠬᠤ᠎ᠳᠤ ᠠᠮᠢ ᠠᠬᠤᠢ ᠢᠯᠡᠳᠲᠡ ᠰᠠᠶ᠋ᠢᠵᠢᠷᠠᠵᠤ ᠡᠯ᠎ᠡ ᠲᠠᠯ᠎ᠠ᠎ᠪᠠᠷ ᠰᠡᠷᠭᠦᠵᠦ ᠢᠷᠡᠭᠰᠡᠨ ᠪᠠᠶ᠋ᠢᠨ᠎ᠠ; ᠡᠨᠡ᠎ᠨᠢ ᠨᠠᠮ ᠵᠠᠰᠠᠭ᠎ᠤᠨ ᠬᠦᠴᠦᠲᠡᠢ ᠳᠡᠮᠵᠢᠯᠭᠡ᠂ ᠮᠥᠨᠴᠦ ᠮᠠᠨ᠎ᠤ ᠬᠠᠷᠠᠵᠤ ᠬᠠᠮᠠᠭ᠋ᠠᠯᠠᠬᠤ ᠠᠵᠢᠯ᠎ᠤᠨ ᠠᠮᠵᠢᠯᠲᠠ᠎ᠲᠠᠢ ᠲᠠᠯ᠎ᠠ ᠭᠡᠵᠦ ᠦᠵᠡᠵᠦ ᠪᠣᠢ; ᠮᠠᠨ᠎ᠤ ᠬᠠᠷᠠᠵᠤ ᠬᠠᠮᠠᠭ᠋ᠠᠯᠠᠬᠤ ᠠᠵᠢᠯ᠎ᠨᠢ ᠨᠢᠭᠡᠳᠦᠭᠡᠷ᠎ᠲᠤ᠂ ᠬᠠᠷᠠᠵᠤ ᠬᠠᠮᠠᠭ᠋ᠠᠯᠠᠬᠤ ᠠᠵᠢᠯ᠎ᠤᠨ ᠲᠠᠯ᠎ᠠ᠎ᠳᠤ ᠬᠣᠰᠢᠭᠤ ᠨᠠᠮ ᠵᠠᠰᠠᠭ᠎ᠠᠴᠠ ᠬᠦᠨᠳᠦᠳᠬᠡᠨ ᠦᠵᠡᠵᠦ ᠬᠠᠷᠠᠵᠤ ᠬᠠᠮᠠᠭ᠋ᠠᠯᠠᠬᠤ ᠠᠵᠢᠯ᠎ᠤᠨ ᠪᠠᠶ᠋ᠢᠭᠤᠯᠤᠮᠵᠢ ᠵᠢ ᠤᠯᠠᠮ ᠲᠡᠭᠦᠯᠳᠡᠷᠵᠢᠭᠦᠯᠦᠭᠰᠡᠨ; ᠬᠣᠶᠠᠳᠤᠭ᠋ᠠᠷ᠎ᠲᠤ᠂ ᠬᠠᠷᠠᠵᠤ ᠬᠠᠮᠠᠭ᠋ᠠᠯᠠᠬᠤ ᠠᠷᠭ᠎ᠠ ᠪᠠᠷᠢᠯ᠎ᠤᠨ ᠲᠠᠯ᠎ᠠ᠎ᠪᠠᠷ ᠭᠣᠣᠯ᠎ᠨᠢ ᠤᠷᠲᠤ ᠬᠤᠭᠤᠴᠠᠭ᠎ᠠ᠎ᠪᠠᠷ ᠵᠢᠵᠢᠭᠦᠷᠯᠡᠨ ᠰᠠᠭᠤᠬᠤ᠂ ᠮᠣᠲ᠋ᠣᠷ᠂ ᠮᠣᠷᠢ᠎ᠪᠠᠷ ᠠᠭᠤᠯᠠ ᠵᠢ ᠲᠣᠭᠣᠷᠢᠵᠤ ᠴᠠᠭᠳᠠᠬᠤ᠂ ᠬᠠᠤᠯᠢ ᠪᠤᠰᠤ᠎ᠪᠠᠷ ᠮᠠᠯ ᠮᠠᠯᠵᠢᠬᠤ᠂ ᠣᠢ ᠮᠣᠳᠣ ᠵᠢ ᠣᠭᠲᠣᠯᠬᠤ ᠵᠡᠷᠭᠡ ᠠᠵᠢᠯ ᠳᠡᠭᠡᠷ᠎ᠡ ᠬᠠᠤᠯᠢ ᠬᠡᠷᠡᠭᠵᠢᠭᠦᠯᠬᠦ ᠬᠠᠮᠢᠶ᠎ᠠ ᠪᠦᠬᠦᠢ ᠪᠠᠢ᠌ᠭᠤᠯᠭ᠎ᠠ ᠨᠢᠭᠡᠴᠡ᠎ᠲᠠᠢ ᠬᠠᠮᠵᠢᠯᠴᠠᠵᠤ ᠪᠠᠶ᠋ᠢᠭ᠋ᠠᠳ ᠬᠠᠤᠯᠢ ᠬᠡᠷᠡᠭᠵᠢᠭᠦᠯᠬᠦ ᠬᠦᠴᠦᠯᠡᠴᠡ᠎ᠪᠠᠨ ᠴᠢᠩᠭ᠋ᠠᠳᠬᠠᠭᠰᠠᠨ᠎ᠠᠴᠠ ᠣᠢ ᠰᠢᠭᠤᠢ ᠵᠢᠨ ᠵᠠᠰᠠᠭ ᠵᠠᠬᠢᠷᠭ᠋ᠠᠨ᠎ᠤ ᠬᠡᠷᠡᠭ᠎ᠤᠨ ᠵᠢᠱ᠌ᠢᠶ᠎ᠡ ᠵᠢᠯ᠎ᠠᠴᠠ ᠵᠢᠯ ᠴᠥᠭᠡᠷᠡᠵᠡᠢ》 ᠭᠡᠵᠦ ᠪᠠᠶ᠋ᠢᠯ᠎ᠠ᠃ ᠬᠥᠪᠡᠭᠡᠲᠦ ᠰᠢᠷ᠎ᠠ ᠬᠣᠰᠢᠭᠤᠨ᠎ᠤ ᠣᠢ ᠰᠢᠭᠤᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠤᠷᠲᠤ ᠬᠤᠭᠤᠴᠠᠭ᠎ᠠ᠎ᠪᠠᠷ ᠲᠤᠬᠠᠢ ᠵᠢᠨ ᠭᠠᠵᠠᠷ᠎ᠳᠠᠭᠠᠨ ᠵᠢᠵᠢᠭᠦᠷᠯᠡᠨ ᠰᠠᠬᠢᠬᠤ ᠳᠦᠷᠢᠮ᠎ᠢ ᠬᠡᠷᠡᠭᠵᠢᠭᠦᠯᠵᠦ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠠᠮᠢ ᠠᠬᠤᠢ ᠣᠷᠴᠢᠨ ᠲᠣᠭᠣᠷᠢᠨ᠎ᠢ ᠪᠦᠲᠦᠮᠵᠢᠲᠡᠢ ᠬᠠᠮᠠᠭ᠋ᠠᠯᠠᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠬᠠᠤᠯᠢ ᠴᠠᠭ᠋ᠠᠵᠠ ᠳᠦᠷᠢᠮ ᠲᠣᠭᠲᠠᠭ᠋ᠠᠯ᠎ᠢ ᠴᠢᠩᠭ᠎ᠠ ᠵᠢᠷᠤᠮᠯᠠᠪᠠ᠃ 2016 ᠣᠨ᠎ᠳᠤ᠂ ᠬᠠᠮᠠᠭ᠋ᠠᠯᠯᠠᠳᠠ ᠵᠢᠨ ᠭᠣᠣᠯ ᠣᠷᠣᠨ᠎ᠢ ᠲᠤᠰᠬᠠᠢ ᠰᠡᠷᠡᠯᠵᠢᠨ ᠲᠣᠣᠷ ᠵᠶ᠋ᠠᠷ ᠬᠦᠷᠢᠶᠡᠯᠡᠵᠦ᠂ ᠤᠬᠠᠭᠤᠯᠭ᠎ᠠ ᠵᠢᠨ ᠲᠡᠮᠳᠡᠭ ᠫᠠᠶ᠋ᠢᠰᠠ ᠡᠯᠭᠦᠵᠦ᠂ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ᠂ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠠᠵᠢᠯ᠎ᠢ ᠥᠷᠨᠢᠭᠦᠯᠵᠦ ᠢᠯᠡᠳᠲᠡ ᠦᠷ᠎ᠡ ᠪᠦᠲᠦᠮᠵᠢ ᠣᠯᠪᠠ᠃

     10 ᠵᠢᠯ᠎ᠤᠨ ᠴᠢᠷᠮᠠᠶ᠋ᠢᠯᠭ᠎ᠠ᠎ᠪᠠᠷ ᠳᠠᠮᠵᠢᠨ᠂ ᠬᠠᠮᠠᠭ᠋ᠠᠯᠠᠯᠲᠠ ᠵᠢᠨ ᠣᠷᠣᠨ᠎ᠤ ᠪᠠᠶ᠋ᠢᠭ᠋ᠠᠯᠢ ᠵᠢᠨ ᠣᠷᠴᠢᠨ ᠰᠠᠶ᠋ᠢᠵᠢᠷᠠᠵᠤ᠂ ᠭᠣᠣᠯ ᠬᠠᠮᠠᠭ᠋ᠠᠯᠠᠯᠲᠠ ᠵᠢᠨ ᠲᠣᠷᠤᠭ ᠮᠣᠳᠣ ᠪᠣᠯᠬᠤ ᠵᠡᠷᠯᠢᠭ ᠠᠷᠴᠠ ᠵᠢᠨ ᠲᠠᠷᠬᠠᠯᠲᠠ ᠵᠢᠨ ᠲᠠᠯᠠᠪᠠᠢ ᠵᠢ 720 ᠾᠧᠺᠲ᠋ᠠᠷ ᠥᠷᠭᠡᠳᠬᠡᠵᠡᠢ᠃ ᠣᠳᠣᠬᠠᠨ᠎ᠳᠤ᠂ ᠠᠷᠴᠠ ᠮᠣᠳᠣᠨ᠎ᠤ ᠤᠷᠭᠤᠴᠠ ᠰᠠᠶ᠋ᠢᠨ ᠪᠠᠶ᠋ᠢᠵᠤ᠂ ᠬᠡᠭᠡᠷ᠎ᠡ ᠵᠢᠨ ᠠᠮᠢᠲᠠᠨ ᠢᠯᠡᠳᠲᠡ ᠨᠡᠮᠡᠭᠳᠡᠵᠦ᠂ ᠡᠪᠡᠰᠦ ᠤᠷᠭᠤᠮᠠᠯ 54 ᠢᠵᠠᠭᠤᠷ᠎ᠤᠨ 389 ᠲᠥᠷᠥᠯ᠎ᠳᠤ ᠬᠦᠷᠴᠦ᠂ ᠡᠭᠦᠨ᠎ᠳᠤ ᠠᠷᠴᠠ᠂ ᠬᠠᠶ᠋ᠢᠯᠠᠰᠤ᠂ ᠤᠯᠢᠶᠠᠰᠤ ᠵᠡᠷᠭᠡ ᠪᠠᠶ᠋ᠢᠭ᠋ᠠᠯᠢ ᠵᠢᠨ ᠲᠣᠷᠤᠭ ᠮᠣᠳᠣ᠂ ᠵᠢᠵᠢᠭ ᠨᠠᠪᠴᠢᠲᠤ ᠬᠠᠷᠭ᠋ᠠᠨ᠎ᠠ᠂ ᠬᠤᠨᠢᠨ ᠪᠤᠶ᠋ᠢᠯᠠᠰᠦ᠂ ᠠᠭᠤᠯᠠᠨ ᠪᠤᠷᠭ᠋ᠠᠰᠤ᠂ ᠢᠩᠲᠣᠣᠷ ᠵᠡᠷᠭᠡ ᠬᠡᠭᠡᠷ᠎ᠡ ᠵᠢᠨ ᠪᠤᠲᠠ ᠮᠣᠳᠣ᠂ ᠬᠠᠪᠤᠷᠰᠢᠯ ᠴᠡᠴᠡᠭ᠂ ᠰᠠᠷᠠᠨ᠎ᠠ ᠴᠡᠴᠡᠭ ᠵᠡᠷᠭᠡ ᠵᠠᠭᠤ ᠭᠠᠷᠤᠢ ᠲᠥᠷᠥᠯ᠎ᠤᠨ ᠴᠡᠴᠡᠭ ᠡᠪᠡᠰᠦ ᠤᠷᠭᠤᠵᠤ ᠪᠤᠢ᠃

     2012 ᠣᠨ᠎ᠠᠴᠠ ᠨᠠᠰᠢ᠂ ᠬᠥᠪᠡᠭᠡᠲᠦ ᠰᠢᠷ᠎ᠠ ᠬᠣᠰᠢᠭᠤ ᠭᠣᠣᠯᠳᠠᠭᠤ ᠪᠡᠭᠡᠵᠢᠩ ᠲᠢᠶᠠᠨᠵᠢᠨ᠎ᠤ ᠡᠷᠭᠢᠨ ᠲᠣᠭᠣᠷᠢᠨ᠎ᠤ ᠡᠯᠡᠰᠦᠨ᠎ᠤ ᠡᠬᠢ ᠵᠢ ᠵᠠᠰᠠᠬᠤ ᠬᠣᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠂ ᠣᠶ᠋ᠢᠵᠢᠭᠤᠯᠤᠯᠲᠠ ᠵᠢᠨ ᠨᠥᠬᠥᠪᠥᠷᠢ ᠵᠢᠨ ᠲᠥᠷᠥᠯ ᠵᠦᠢ᠍ᠯ᠂ ᠭᠣᠣᠯᠳᠠᠯᠭ᠎ᠠ᠎ᠲᠠᠢ ᠣᠷᠣᠨ ᠪᠦᠰᠡ ᠵᠢᠨ ᠨᠣᠭᠣᠭ᠋ᠠᠷᠠᠭᠤᠯᠤᠯᠲᠠ ᠵᠢᠨ ᠲᠥᠷᠥᠯ ᠵᠦᠢ᠍ᠯ ᠵᠡᠷᠭᠡ ᠵᠢ ᠭᠣᠣᠯ ᠪᠦᠲᠦᠭᠡᠨ ᠪᠠᠶ᠋ᠢᠭᠤᠯᠤᠯᠲᠠ ᠵᠢᠨ ᠡᠭᠦᠷᠭᠡ᠎ᠪᠠᠨ ᠪᠣᠯᠭ᠋ᠠᠵᠠᠢ᠃ ᠮᠠᠨ᠎ᠤ ᠬᠣᠰᠢᠭᠤᠨ᠎ᠤ ᠪᠡᠭᠡᠵᠢᠩ ᠲᠢᠶᠠᠨᠵᠢᠨ᠎ᠤ ᠡᠯᠡᠰᠦᠨ᠎ᠤ ᠡᠬᠢ ᠵᠢ ᠵᠠᠰᠠᠬᠤ ᠬᠣᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠢ 2012 ᠣᠨ᠎ᠳᠤ ᠡᠬᠢᠯᠡᠭᠦᠯᠵᠦ᠂ ᠡᠭᠦᠨ᠎ᠳᠤ ᠠᠭᠤᠯᠠ ᠵᠢ ᠪᠢᠲᠡᠭᠦᠮᠵᠢᠯᠡᠨ ᠣᠶ᠋ᠢᠵᠢᠭᠤᠯᠬᠤ ᠪᠦᠲᠦᠭᠡᠨ ᠪᠠᠶ᠋ᠢᠭᠤᠯᠤᠯᠲᠠ ᠵᠢ 30 ᠲᠦᠮᠡᠨ ᠮᠦ᠍ ᠪᠡᠶᠡᠯᠡᠭᠦᠯᠵᠦ᠂ ᠬᠥᠮᠦᠨ᠎ᠤ ᠬᠦᠴᠦ᠎ᠪᠠᠷ ᠣᠶ᠋ᠢᠵᠢᠭᠤᠯᠬᠤ ᠪᠦᠲᠦᠭᠡᠨ ᠪᠠᠶ᠋ᠢᠭᠤᠯᠤᠯᠲᠠ ᠵᠢ 3.55 ᠲᠦᠮᠡᠨ ᠮᠦ᠍ ᠪᠡᠶᠡᠯᠡᠭᠦᠯᠵᠦ᠂ ᠡᠯᠡᠰᠦ ᠵᠢ ᠲᠣᠭᠲᠠᠪᠤᠷᠢᠵᠢᠭᠤᠯᠬᠤ ᠪᠦᠲᠦᠭᠡᠨ ᠪᠠᠶ᠋ᠢᠭᠤᠯᠤᠯᠲᠠ ᠵᠢ 2.7 ᠲᠦᠮᠡᠨ ᠮᠦ᠍ ᠪᠡᠶᠡᠯᠡᠭᠦᠯᠪᠡ᠃ 2012 ᠣᠨ᠎ᠠᠴᠠ ᠨᠠᠭ᠋ᠠᠰᠢ᠂ ᠣᠶ᠋ᠢᠵᠢᠭᠤᠯᠤᠯᠲᠠ ᠵᠢᠨ ᠨᠥᠬᠥᠪᠥᠷᠢ ᠵᠢᠨ ᠲᠥᠷᠥᠯ ᠵᠦᠢ᠍ᠯ᠎ᠢ ᠨᠡᠶ᠋ᠢᠲᠡ 1.9 ᠲᠦᠮᠡᠨ ᠮᠦ᠍ ᠪᠡᠶᠡᠯᠡᠭᠦᠯᠵᠦ᠂ ᠭᠣᠣᠯᠳᠠᠯᠭ᠎ᠠ᠎ᠲᠠᠢ ᠣᠷᠣᠨ ᠪᠦᠰᠡ ᠵᠢᠨ ᠨᠣᠭᠣᠭ᠋ᠠᠷᠠᠭᠤᠯᠤᠯᠲᠠ ᠵᠢᠨ ᠲᠥᠷᠥᠯ ᠵᠦᠢ᠍ᠯ᠎ᠢ 0.2575 ᠲᠦᠮᠡᠨ ᠮᠦ᠍ ᠪᠡᠶᠡᠯᠡᠭᠦᠯᠪᠡ᠃

      ᠬᠥᠪᠡᠭᠡᠲᠦ ᠰᠢᠷ᠎ᠠ ᠬᠣᠰᠢᠭᠤᠨ᠎ᠤ ᠣᠢ ᠰᠢᠭᠤᠢ ᠨᠤᠲᠤᠭ ᠪᠡᠯᠴᠢᠭᠡᠷ᠎ᠤᠨ ᠲᠣᠪᠴᠢᠶᠠᠨ᠎ᠤ ᠳᠡᠳ᠋ ᠲᠣᠪᠴᠢᠶᠠᠨ ᠳᠠᠷᠤᠭ᠎ᠠ ᠮᠦᠩᠭᠡᠪᠤᠯᠠᠭ᠄ 《ᠣᠶ᠋ᠢᠷ᠎ᠠ ᠵᠢᠨ ᠠᠷᠪᠠᠨ ᠵᠢᠯ᠎ᠳᠤ ᠮᠠᠨ᠎ᠤ ᠲᠤᠪᠴᠢᠶ᠎ᠠ᠎ᠨᠢ ᠪᠡᠭᠡᠵᠢᠩ ᠲᠢᠶᠠᠨᠵᠢᠨ᠎ᠤ ᠡᠯᠡᠰᠦᠨ᠎ᠤ ᠡᠬᠢ ᠵᠢ ᠵᠠᠰᠠᠬᠤ ᠲᠥᠷᠥᠯ ᠵᠦᠢ᠍ᠯ᠎ᠢ ᠪᠦᠬᠦ ᠬᠣᠰᠢᠭᠤᠨ᠎ᠤ ᠬᠡᠪᠴᠢᠶᠡᠨ᠎ᠳᠤ ᠪᠠᠶ᠋ᠢᠭ᠎ᠠ ᠬᠤᠯᠠᠨ ᠰᠢᠷᠭ᠎ᠠ ᠡᠯᠡᠰᠦᠨ᠎ᠤ ᠣᠷᠣᠨ᠎ᠳᠤ ᠬᠡᠷᠡᠭᠵᠢᠭᠦᠯᠦᠭᠰᠡᠨ ᠪᠠᠶ᠋ᠢᠨ᠎ᠠ; ᠣᠶ᠋ᠢᠷ᠎ᠠ ᠵᠢᠨ ᠠᠷᠪᠠᠭ᠋ᠠᠳ ᠵᠢᠯ᠎ᠤᠨ ᠪᠦᠲᠦᠭᠡᠨ ᠪᠠᠶ᠋ᠢᠭᠤᠯᠤᠯᠲᠠ᠎ᠪᠠᠷ ᠳᠠᠮᠵᠢᠭ᠋ᠠᠳ ᠮᠠᠨ᠎ᠤ ᠬᠣᠰᠢᠭᠤᠨ᠎ᠤ ᠶᠡᠬᠡ ᠬᠡᠮᠵᠢᠶ᠎ᠡ᠎ᠪᠠᠷ ᠡᠯᠡᠰᠦᠷᠬᠡᠭᠵᠢᠵᠦ ᠪᠠᠶ᠋ᠢᠭ᠎ᠠ ᠪᠠᠶ᠋ᠢᠳᠠᠯ ᠨᠡᠯᠢᠶᠡᠳ ᠬᠡᠮᠵᠢᠶᠡᠨ᠎ᠳᠤ ᠨᠠᠮᠳᠠᠵᠠᠢ᠃ 2013 ᠣᠨ᠎ᠠᠴᠠ ᠡᠬᠢᠯᠡᠵᠦ ᠬᠡᠷᠡᠭᠵᠢᠭᠦᠯᠦᠭᠰᠡᠨ ᠭᠣᠣᠯᠳᠠᠯᠭ᠋ᠠᠲᠠᠢ ᠣᠷᠣᠨ ᠲᠣᠭᠣᠷᠢᠭ᠎ᠤᠨ ᠪᠦᠲᠦᠭᠡᠨ ᠪᠠᠶ᠋ᠢᠭᠤᠯᠤᠯᠲᠠ᠎ᠳᠤ᠂ ᠮᠠᠨ᠎ᠤ ᠬᠣᠰᠢᠭᠤᠨ᠎ᠤ ᠰᠢᠨᠡᠪᠤᠯᠠᠭ ᠪᠠᠯᠭ᠋ᠠᠰᠤᠨ᠎ᠤ ᠡᠷᠭᠢᠨ ᠲᠣᠭᠣᠷᠢᠨ ᠪᠣᠯᠤᠨ ᠭᠣᠣᠯ ᠪᠣᠯᠬᠤ ᠣᠷᠣᠵᠤ ᠭᠠᠷᠬᠤ ᠵᠠᠮ᠎ᠤᠨ ᠬᠠᠵᠠᠭᠤ᠂ ᠬᠠᠶᠢᠩᠬᠢᠷᠸ᠎ᠠ ᠰᠦᠮ᠎ᠡ ᠵᠢᠨ ᠡᠷᠭᠢᠨ ᠲᠣᠭᠣᠷᠢᠨ᠎ᠳᠤ ᠮᠣᠳᠣ ᠲᠠᠷᠢᠵᠦ ᠣᠶ᠋ᠢᠵᠢᠭᠤᠯᠵᠤ ᠨᠡᠯᠢᠶᠡᠳ ᠶᠡᠬᠡ ᠦᠷ᠎ᠡ ᠪᠦᠲᠦᠮᠵᠢ ᠣᠯᠵᠠᠢ; ᠳᠠᠷᠠᠭ᠋ᠠᠴᠢ᠎ᠪᠠᠷ᠂ ᠬᠣᠩᠭᠣᠷ ᠠᠭᠤᠯᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠠᠭ᠋ᠠᠯᠠᠯᠲᠠ ᠵᠢ ᠴᠢᠩᠭ᠋ᠠᠳᠬᠠᠵᠤ᠂ ᠮᠠᠨ᠎ᠤ ᠬᠣᠰᠢᠭᠤᠨ᠎ᠤ᠎ᠪᠠᠨ ᠣᠷᠣᠨ ᠨᠤᠲᠤᠭ᠎ᠤᠨ ᠬᠡᠪᠴᠢᠶᠡᠨ᠎ᠳᠤ ᠪᠠᠶ᠋ᠢᠭ᠎ᠠ ᠰᠢᠯᠢᠳᠡᠭ ᠡᠭᠦᠯᠳᠡᠷ᠎ᠤᠨ ᠡᠪᠡᠰᠦ ᠮᠣᠳᠣ ᠵᠢ ᠪᠣᠶ᠋ᠢᠵᠢᠭᠤᠯᠵᠤ ᠬᠥᠮᠦᠵᠢᠭᠦᠯᠬᠦ ᠠᠵᠢᠯ ᠳᠡᠭᠡᠷ᠎ᠡ ᠶᠡᠬᠡᠬᠡᠨ ᠬᠦᠴᠦ ᠲᠠᠯᠪᠢᠵᠤ᠂ ᠢᠯᠡᠭᠦᠬᠡᠨ ᠠᠵᠢᠯ ᠬᠢᠬᠦ᠎ᠪᠠᠷ ᠲᠥᠯᠥᠪᠯᠡᠵᠦ᠂ ᠬᠣᠶ᠋ᠢᠰᠢᠳᠠ ᠮᠠᠨ᠎ᠤ ᠣᠢ ᠰᠢᠭᠤᠢ ᠨᠤᠲᠤᠭ ᠪᠡᠯᠴᠢᠭᠡᠷ᠎ᠤᠨ ᠲᠤᠪᠴᠢᠶ᠎ᠠ᠎ᠨᠢ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠴᠢᠩᠭ᠎ᠠ ᠠᠳᠬᠤᠵᠤ᠂ ᠮᠠᠨ᠎ᠤ ᠬᠣᠰᠢᠭᠤᠨ᠎ᠤ᠎ᠪᠠᠨ ᠠᠮᠢ ᠠᠬᠤᠢ ᠵᠢᠨ ᠪᠣᠯᠪᠠᠰᠤᠨ᠎ᠤ ᠬᠥᠭᠵᠢᠯᠲᠡ ᠵᠢ ᠠᠬᠢᠭᠤᠯᠤᠨ᠎ᠠ》 ᠭᠡᠯ᠎ᠡ᠃

ᠢᠷᠡᠯᠲᠡ᠄ ᠬᠦᠪᠡᠭᠡᠲᠦ ᠰᠢᠷ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ
          
ᠬᠠᠮᠢᠶ᠎ᠡ ᠪᠦᠬᠦᠢ ᠰᠣᠨᠢᠨ
ᠲᠠᠷᠢᠶᠠᠯᠠᠬᠤ ᠵᠢ ᠵᠣᠭᠰᠣᠭ᠋ᠠᠵᠤ ᠣᠢ ᠰᠢᠭᠤᠢ ᠡᠪᠡᠰᠦ ᠪᠡᠯᠴᠢᠭᠡᠷ᠎ᠢ ᠰᠡᠷᠭᠦᠭᠡᠬᠦ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠦᠷᠭᠦᠯᠵᠢᠯᠡᠨ ᠠᠬᠢᠭᠤᠯᠤᠨ᠎ᠠ — ᠤᠯᠤᠰ᠎ᠤᠨ ᠣᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠠᠮᠢ ᠠᠬᠤᠢ ᠵᠢᠨ ᠲᠥᠪ᠎ᠤᠨ ᠬᠠᠷᠢᠭᠤᠴᠠᠯᠭ᠋ᠠᠲᠠᠨ᠎ᠢ ᠰᠤᠷᠪᠤᠯᠵᠢᠯᠠᠭᠰᠠᠨ᠎ᠨᠢ
ᠮᠤᠳᠤ ᠳᠠᠷᠢᠵᠤ ᠨᠤᠳᠤᠭ ᠵᠶ᠋ᠠᠨ ᠨᠤᠭᠤᠭ᠋ᠠᠷᠠᠭᠤᠯᠤᠭᠰᠠᠨ ᠮᠠᠯᠴᠢᠨ ᠵᠢᠪᠬᠤᠯᠠᠩ
ᠡᠷᠴᠢ ᠵᠣᠷᠢᠭ ᠵᠶ᠋ᠠᠨ ᠬᠥᠪᠴᠢᠯᠡᠵᠦ ᠬᠥᠭᠵᠢᠯᠲᠡ ᠵᠢᠨ ᠬᠤᠷᠳᠤᠴᠠ᠎ᠪᠠᠨ ᠲᠦᠷᠭᠡᠳᠬᠡᠶ᠎ᠡ
ᠲᠥᠯᠥᠭᠡᠯᠡᠭᠴᠢ ᠶᠧᠰᠢᠭ᠋ᠠᠧᠠ᠄ ᠲᠠᠷᠢᠶᠠᠯᠠᠬᠤ ᠵᠢ ᠵᠣᠭᠰᠣᠭ᠋ᠠᠵᠤ ᠡᠪᠡᠰᠦ ᠪᠡᠯᠴᠢᠭᠡᠷ᠎ᠢ ᠰᠡᠷᠭᠦᠭᠡᠬᠦ᠎ᠨᠢ ᠮᠠᠯᠴᠢᠳ᠎ᠤᠨ ᠦᠢ᠍ᠯᠡᠳᠪᠦᠷᠢᠯᠡᠯ ᠠᠮᠢᠳᠤᠷᠠᠯ᠎ᠳᠤ ᠠᠰᠢᠭᠲᠠᠢ
ᠨᠣᠮᠢᠨ ᠨᠣᠭᠤᠭ᠋ᠠᠨ ᠤᠮᠠᠷᠠᠲᠤ ᠬᠢᠯᠢ ᠵᠢᠨ ᠯᠤᠲᠤ ᠰᠢᠨ᠎ᠡ ᠬᠤᠪᠢᠷᠠᠯᠲᠠ ᠵᠢ ᠪᠤᠶ ᠪᠣᠯᠭ᠋ᠠᠨ᠎ᠠ — ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠥᠪᠥᠷ ᠮᠣᠩᠭᠤᠯ᠎ᠤᠨ ᠬᠠᠷᠢᠭᠤᠯᠲᠠ ᠵᠢᠨ ᠬᠠᠭᠤᠳᠠᠰᠤ ᠵᠢᠨ ᠲᠤᠬᠠᠢ ᠰᠢᠷᠢᠰ ᠮᠡᠳᠡᠭᠡᠯᠡᠯ
 
             蒙ICP备05000248号