ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠰᠣᠷᠪᠣᠯᠵᠢᠯᠠᠭ᠎ᠠ
ᠴᠦᠯᠯᠡᠷᠭᠡᠭᠵᠢᠯ᠎ᠢ ᠶᠡᠷᠦᠩᠬᠡᠶ᠋ᠢᠯᠡᠨ ᠵᠠᠰᠠᠬᠤ ᠵᠢ ᠴᠢᠩᠭ᠋ᠠᠳᠬᠠᠵᠤ 《ᠠᠯᠠᠱ᠌ᠠ ᠵᠢᠨ ᠵᠠᠭᠪᠤᠷ》᠎ᠤᠨ ᠨᠡᠶ᠋ᠢᠲᠡᠯᠢᠭ ᠲᠤᠷᠰᠢᠯᠭ᠎ᠠ ᠵᠢ ᠪᠤᠢ ᠪᠣᠯᠭ᠋ᠠᠨ᠎ᠠ
ᠨᠡᠶ᠋ᠢᠲᠡᠯᠡᠭᠰᠡᠨ ᠴᠠᠭ᠄ 2023-08-20


    
       — — ᠠᠶ᠋ᠢᠮᠠᠭ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠨᠠᠮ᠎ᠤᠨ ᠳᠤᠭᠤᠶ᠋ᠢᠯᠠᠩ᠎ᠤᠨ ᠱᠦᠵᠢ᠂ ᠡᠷᠬᠢᠯᠡᠭᠴᠢ ᠯᠢᠦ ᠰᠢᠶᠠᠨ ᠳ᠋ᠧ ᠵᠢ ᠰᠤᠷᠪᠤᠯᠵᠢᠯᠠᠭᠰᠠᠨ᠎ᠨᠢ

      《ᠠᠶ᠋ᠢᠮᠠᠭ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠨᠢ ᠪᠥᠬᠦ ᠠᠶ᠋ᠢᠮᠠᠭ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠶᠡᠷᠦᠩᠬᠡᠶ᠋ᠢᠯᠡᠭᠰᠡᠨ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠣᠶ᠋ᠢᠯᠠᠭ᠋ᠠᠵᠦ᠂ ᠣᠨᠣᠪᠴᠢᠲᠠᠶ ᠡᠵᠡᠮᠰᠢᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠵᠢᠷᠭᠤᠳᠤᠭ᠋ᠠᠷ ᠪᠥᠬᠦᠳᠡ ᠬᠤᠷᠠᠯ᠂ ᠠᠶ᠋ᠢᠮᠠᠭ᠎ᠤᠨ ᠨᠠᠮ᠎ᠤᠨ ᠬᠤᠷᠢᠶᠠᠨ᠎ᠤ (ᠥᠷᠭᠡᠳᠬᠡᠭᠰᠡᠨ) ᠬᠤᠷᠠᠯ᠎ᠤᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠶᠣᠰᠣᠭ᠋ᠠᠷ᠂ ᠲᠥᠷᠥᠯ ᠵᠦᠢ᠍ᠯ᠎ᠤᠨ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠬᠤ ᠵᠢ ᠠᠬᠢᠭᠤᠯᠬᠤ ᠡᠷᠴᠢᠮ ᠵᠶ᠋ᠠᠨ ᠨᠡᠮᠡᠭᠳᠡᠬᠦᠯᠵᠦ᠂ ᠨᠢᠭᠡ ᠪᠦᠯᠦᠭ 〈ᠤᠮᠠᠷᠠᠲᠤ ᠵᠢᠨ ᠭᠤᠷᠪᠠᠨ ᠣᠷᠣᠨ〉 ᠵᠡᠷᠭᠡ ᠭᠤᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠵᠢᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠂ ᠴᠢᠬᠤᠯᠠ ᠶᠡᠭᠡ ᠰᠠᠭᠤᠷᠢ ᠲᠥᠬᠦᠭᠡᠷᠦᠮᠵᠢ᠂ ᠳᠤᠲᠠᠭᠤᠳᠠᠯ᠎ᠢ ᠨᠥᠬᠦᠪᠥᠷᠢᠯᠡᠵᠦ ᠪᠠᠭᠤᠷᠠᠶ ᠲᠠᠯ᠎ᠠ ᠵᠢ ᠬᠦᠴᠦᠷᠬᠡᠭᠵᠢᠭᠦᠯᠬᠦ ᠰᠠᠶ᠋ᠢᠨ ᠲᠥᠷᠥᠯ ᠵᠦᠢ᠍ᠯ᠂ ᠲᠤᠮᠤ ᠵᠦᠢ᠍ᠯᠡᠰ᠎ᠢ ᠰᠢᠰᠲ᠋ᠧᠮ᠎ᠲᠠᠢ ᠳᠦᠯᠦᠪᠵᠢᠬᠦᠯᠦᠨ᠂ ᠲᠡᠷᠢᠭᠦᠨ᠎ᠤ ᠥᠨᠳᠥᠷ ᠳᠠᠭ᠋ᠠᠭ᠋ᠠᠴᠠᠲᠤ ᠡᠨᠧᠷᠭᠢ ᠪᠠᠭ᠎ᠠ ᠭᠠᠳᠠᠭᠰᠢᠯᠠᠭᠤᠯᠬᠤ ᠠᠵᠤ ᠦᠢ᠍ᠯᠡᠳᠪᠦᠷᠢ ᠲᠥᠪᠯᠡᠷᠡᠭᠰᠡᠨ ᠣᠷᠣᠨ᠎ᠢ ᠪᠦᠲᠦᠭᠡᠨ ᠪᠠᠶ᠋ᠢᠭᠤᠯᠬᠤ᠎ᠪᠠᠷ ᠠᠵᠠ ᠲᠣᠬᠢᠶᠠᠯ ᠪᠣᠯᠭ᠋ᠠᠨ᠂ ᠠᠵᠤ ᠦᠢ᠍ᠯᠡᠰ᠎ᠤᠨ ᠬᠡᠯᠬᠢᠶ᠎ᠡ ᠵᠢᠨ ᠠᠷᠠᠯᠵᠢᠶᠠᠴᠢᠨ ᠤᠷᠢᠬᠤ ᠵᠢ ᠨᠠᠷᠢᠯᠢᠭ ᠣᠨᠣᠪᠴᠢᠲᠠᠶ ᠥᠨᠳᠥᠷ ᠪᠦᠲᠦᠮᠵᠢᠲᠡᠶ ᠦᠷᠨᠢᠬᠦᠯᠦᠨ᠂ ᠠᠯᠠᠱ᠌ᠠ ᠵᠢᠨ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠣᠨ᠎ᠠ᠃》

      ᠲᠦᠷᠦᠭᠦᠬᠡᠨ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠬᠡᠷᠬᠢᠨ ᠰᠠᠶ᠋ᠢᠲᠤᠷ ᠳᠣᠣᠱᠯᠠᠭᠤᠯᠣᠨ ᠨᠠᠶ᠋ᠢᠳᠠᠪᠤᠷᠢᠵᠢᠭᠤᠯᠬᠤ ᠲᠤᠬᠠᠶ ᠠᠶ᠋ᠢᠮᠠᠭ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠨᠠᠮ᠎ᠤᠨ ᠳᠤᠭᠤᠶ᠋ᠢᠯᠠᠩ᠎ᠤᠨ ᠱᠦᠵᠢ᠂ ᠡᠷᠬᠢᠯᠡᠭᠴᠢ ᠯᠢᠦ ᠰᠢᠶᠠᠨ ᠳ᠋ᠧ ᠲᠤᠰᠬᠠᠶ ᠰᠤᠷᠪᠤᠯᠵᠢᠯᠠᠭ᠎ᠠ ᠵᠢ ᠬᠦᠯᠢᠶᠡᠪᠡ᠃

      ᠯᠢᠦ ᠰᠢᠶᠠᠨ ᠳ᠋ᠧ᠂ ᠠᠶ᠋ᠢᠮᠠᠭ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠳᠣᠣᠷᠠᠬᠢ ᠲᠦᠷᠪᠡᠨ ᠲᠠᠯ᠎ᠠ ᠵᠢᠨ ᠠᠵᠢᠯ᠎ᠢ ᠰᠠᠶ᠋ᠢᠲᠤᠷ ᠠᠳᠬᠤᠨ᠎ᠠ ᠭᠡᠪᠡ᠃

     

      ᠠᠷᠭ᠎ᠠ ᠰᠦᠪᠡᠭᠴᠢᠯᠡᠨ ᠪᠠᠶ᠋ᠢᠷᠢᠯᠠᠭᠤᠯᠬᠤ ᠵᠢ ᠴᠢᠩᠭ᠋ᠠᠳᠬᠠᠵᠤ ᠲᠥᠷᠥᠯ ᠵᠦᠢ᠍ᠯ᠎ᠤᠨ ᠨᠥᠭᠡᠴᠡ ᠵᠢ ᠯᠠᠪᠳᠠᠭᠤᠨ ᠪᠠᠲᠤᠲᠠᠶ ᠠᠬᠢᠭᠤᠯᠤᠨ᠎ᠠ

      ᠡᠨᠡ ᠵᠢᠯ᠂ ᠠᠶ᠋ᠢᠮᠠᠭ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠤᠯᠤᠰ᠎ᠤᠨ ᠥᠪᠡᠷᠲᠡᠭᠡᠨ ᠵᠠᠰᠠᠬᠤ ᠣᠷᠣᠨ᠎ᠤ ᠪᠥᠲᠥᠭᠡᠨ ᠪᠠᠶ᠋ᠢᠭᠤᠯᠤᠯᠲᠠ ᠵᠢ ᠪᠥᠬᠦ ᠲᠠᠯ᠎ᠠ᠎ᠪᠠᠷ ᠳᠡᠮᠵᠢᠬᠦ ᠲᠥᠷᠥ ᠵᠢᠨ ᠪᠣᠳᠣᠯᠭ᠎ᠠ ᠵᠢᠨ ᠴᠤᠩᠬᠤᠪᠴᠢ ᠵᠢᠨ ᠬᠤᠭᠤᠴᠠᠭ᠎ᠠ ᠵᠢ ᠠᠳᠬᠤᠵᠤ᠂ ᠡᠯ᠎ᠡ ᠬᠤᠰᠢᠭᠤ ᠣᠷᠣᠨ᠂ ᠡᠯ᠎ᠡ ᠰᠠᠯᠠᠭ᠎ᠠ ᠮᠥᠴᠢᠷ᠎ᠲᠠᠢ ᠬᠠᠮᠲᠤᠷᠠᠨ 《ᠠᠯᠠᠱ᠌ᠠ ᠠᠶ᠋ᠢᠮᠠᠭ᠎ᠤᠨ ᠴᠢᠬᠤᠯᠠ ᠶᠡᠭᠡ ᠲᠥᠷᠥᠯ ᠵᠦᠢ᠍ᠯ᠎ᠤᠨ ᠨᠢᠭᠡᠳᠦᠭᠡᠷ ᠪᠦᠯᠦᠭ᠎ᠢ ᠨᠥᠭᠡᠴᠡᠯᠡᠬᠦ ᠨᠠᠷᠢᠨ ᠲᠠᠩᠰᠠ》 ᠵᠢ ᠡᠮᠬᠢᠯᠡᠨ ᠬᠤᠷᠢᠶᠠᠩᠭᠤᠶ᠋ᠢᠯᠠᠵᠤ᠂ ᠲᠦᠷᠦᠭᠦᠦ ᠪᠦᠯᠦᠭ ᠨᠥᠭᠡᠴᠡᠯᠡᠬᠦ ᠲᠥᠷᠥᠯ ᠵᠦᠢ᠍ᠯ᠎ᠤᠨ ᠨᠠᠷᠢᠨ ᠲᠠᠩᠰᠠ 161᠂ ᠶᠡᠷᠦᠩᠬᠡᠶ ᠪᠠᠯᠠ ᠣᠷᠣᠭᠤᠯᠤᠯᠲᠠ 2877 ᠳ᠋ᠦᠩᠰᠢᠭᠤᠷ ᠲᠥᠭᠦᠷᠢᠭ᠎ᠲᠤ ᠬᠦᠷᠴᠡᠶ᠃ ᠡᠭᠦᠨ᠎ᠤ ᠬᠠᠮᠲᠤ᠂ ᠠᠶ᠋ᠢᠮᠠᠭ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠠᠴᠠ ᠣᠯᠠᠨᠪᠤᠯᠠᠭ ᠪᠣᠬᠢᠷᠲᠤᠯ ᠥᠬᠡᠶ ᠴᠠᠬᠢᠯᠭ᠋ᠠᠨ᠎ᠢ ᠣᠷᠣᠨ᠎ᠤ ᠳᠣᠲᠣᠨ᠎ᠠ ᠭᠠᠳᠠᠨ᠎ᠠ ᠬᠦᠷᠭᠡᠬᠦ ᠰᠠᠭᠤᠷᠢᠨ ᠭᠠᠵᠠᠷ᠂ 400 ᠲᠦᠮᠡᠨ ᠮᠥ᠍ ᠲᠠᠷᠢᠶᠠᠨ ᠭᠠᠵᠠᠷ᠎ᠤᠨ ᠪᠡᠯᠡᠳᠬᠡᠯ ᠡᠬᠢ ᠪᠠᠶᠠᠯᠢᠭ᠎ᠢ ᠬᠡᠪᠴᠢᠶᠡᠵᠢᠭᠦᠯᠦᠨ ᠨᠡᠭᠡᠭᠡᠨ ᠠᠰᠢᠭᠯᠠᠬᠤ᠂ ᠪᠠᠶᠠᠨᠬᠤᠲᠠ᠎ᠠᠴᠠ ᠳᠡᠷᠡᠰᠦᠨ ᠬᠥᠷᠬᠦ ᠲᠡᠮᠦᠷ ᠵᠠᠮ ᠵᠡᠷᠭᠡ ᠲᠥᠷᠥᠯ ᠵᠦᠢ᠍ᠯ᠎ᠢ ᠤᠯᠤᠰ᠎ᠤᠨ 《ᠢᠵᠢ ᠲᠥᠷᠥ ᠵᠢᠨ ᠪᠣᠳᠣᠯᠭ᠎ᠠ》᠂ 《ᠲᠥᠷᠥᠯ ᠵᠦᠢ᠍ᠯ᠎ᠤᠨ ᠬᠥᠮᠥᠷᠭᠡ》᠎ᠳᠤ ᠣᠷᠣᠭᠤᠯᠬᠤ᠎ᠪᠠᠷ ᠴᠢᠷᠮᠠᠶ᠋ᠢᠨ᠎ᠠ᠃ ᠪᠦᠬᠦ ᠠᠶ᠋ᠢᠮᠠᠭ᠎ᠤᠨ ᠭᠤᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶᠡᠵᠢᠯ᠎ᠤᠨ ᠠᠷᠠᠯᠵᠢᠶᠠᠴᠢᠨ ᠤᠷᠢᠬᠤ 《ᠠᠯᠤᠰ᠎ᠤᠨ ᠲᠥᠯᠥᠪ ᠵᠢᠷᠤᠭ》᠎ᠢ ᠦᠨᠳᠦᠰᠦᠯᠡᠨ᠂ ᠲᠡᠷᠢᠭᠦᠨ᠎ᠤ ᠥᠨᠳᠥᠷ ᠳᠠᠭ᠋ᠠᠭ᠋ᠠᠴᠠ᠎ᠲᠠᠢ ᠡᠨᠧᠷᠭᠢ ᠪᠠ ᠳᠣᠣᠷ᠎ᠠ ᠭᠠᠳᠠᠭᠰᠢᠯᠠᠭᠤᠯᠤᠯᠲᠠ᠎ᠲᠠᠢ ᠠᠵᠤ ᠦᠢ᠍ᠯᠡᠳᠪᠦᠷᠢ ᠲᠥᠪᠯᠡᠷᠡᠭᠰᠡᠨ ᠣᠷᠣᠨ᠎ᠢ ᠪᠦᠲᠦᠭᠡᠨ ᠪᠠᠶ᠋ᠢᠭᠤᠯᠬᠤ᠎ᠪᠠᠷ ᠲᠣᠬᠢᠶᠠᠯ ᠪᠣᠯᠭ᠋ᠠᠨ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠲᠥᠷᠦ ᠵᠢᠨ ᠪᠣᠳᠣᠯᠭ᠎ᠠ᠎ᠳᠤ ᠨᠡᠶ᠋ᠢᠴᠡᠭᠰᠡᠨ᠂ ᠮᠠᠨ᠎ᠤ ᠠᠶ᠋ᠢᠮᠠᠭ᠎ᠤᠨ ᠠᠵᠤ ᠦᠢ᠍ᠯᠡᠰ᠎ᠤᠨ ᠬᠡᠯᠬᠢᠶᠡᠵᠢᠯ᠎ᠤᠨ ᠬᠥᠭᠵᠢᠯᠲᠡ᠂ ᠪᠣᠬᠢᠷᠲᠤᠯ ᠦᠭᠡᠢ ᠴᠠᠬᠢᠯᠭ᠋ᠠᠨ᠎ᠢ ᠣᠷᠣᠭᠤᠯᠤᠨ ᠠᠪᠴᠢᠷᠠᠬᠤ ᠱᠠᠭ᠋ᠠᠷᠳᠠᠯᠭ᠎ᠠ᠎ᠳᠤ ᠨᠡᠶ᠋ᠢᠴᠡᠭᠰᠡᠨ ᠨᠢᠭᠡ ᠪᠦᠯᠦᠭ ᠰᠢᠯᠢᠳᠡᠭ ᠠᠵᠤ ᠠᠬᠤᠶ᠋ᠢᠯᠠᠯ᠎ᠢ ᠪᠤᠶ᠋ᠢᠵᠢᠭᠤᠯᠬᠤ ᠪᠠ ᠣᠷᠣᠭᠤᠯᠤᠨ ᠠᠪᠴᠢᠷᠠᠵᠤ᠂ ᠮᠠᠨ᠎ᠤ ᠠᠶ᠋ᠢᠮᠠᠭ᠎ᠤᠨ ᠪᠦᠬᠦ ᠠᠵᠤ ᠦᠢ᠍ᠯᠡᠰ᠎ᠤᠨ ᠬᠡᠯᠬᠢᠶᠡᠵᠢᠯ᠎ᠤᠨ ᠬᠥᠭᠵᠢᠯᠲᠡ ᠵᠢᠨ ᠳᠤᠲᠠᠭᠤᠳᠠᠯ᠎ᠢ ᠲᠠᠰᠤᠷᠠᠯᠲᠠ ᠦᠭᠡᠢ ᠨᠥᠬᠦᠪᠥᠷᠢᠯᠡᠨ᠎ᠡ᠃

      

      ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ᠎ᠳᠤ ᠲᠦᠰᠢᠭᠯᠡᠨ ᠴᠦᠯᠯᠡᠷᠭᠡᠭᠵᠢᠯ᠎ᠢ ᠶᠡᠷᠦᠩᠬᠡᠶ᠋ᠢᠯᠡᠨ ᠵᠠᠰᠠᠬᠤ ᠵᠢ ᠴᠢᠩᠭ᠋ᠠᠳᠬᠠᠨ᠎ᠠ

      ᠣᠷᠴᠢᠮ᠎ᠤᠨ ᠵᠢᠯ᠂ ᠮᠠᠨ᠎ᠤ ᠠᠶ᠋ᠢᠮᠠᠭ 《ᠪᠥᠬᠦ ᠤᠯᠤᠰ᠎ᠤᠨ ᠴᠢᠬᠤᠯᠠ ᠠᠮᠢ ᠠᠬᠤᠶ ᠵᠢᠨ ᠰᠢᠰᠲ᠋ᠧᠮ᠎ᠢ ᠬᠠᠮᠠᠭ᠋ᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ᠎ᠤᠨ ᠶᠡᠷᠦᠩᠬᠡᠶ ᠲᠥᠯᠥᠪᠵᠢᠭᠦᠯᠭᠡ (2021 — 2035 ᠣᠨ)》 ᠪᠣᠯᠤᠨ 《ᠤᠮᠠᠷᠠᠲᠤ ᠵᠢᠨ ᠡᠯᠡᠰᠦ ᠵᠢ ᠰᠡᠷᠭᠡᠶ᠋ᠢᠯᠡᠬᠦ ᠪᠦᠰᠡ ᠵᠢᠨ ᠠᠮᠢ ᠠᠬᠤᠶ ᠵᠢ ᠬᠠᠮᠠᠭ᠋ᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ (2021 — 2035 ᠣᠨ)》 ᠵᠢ ᠵᠠᠪᠳᠤᠵᠤ᠂ 《ᠥᠪᠥᠷ ᠮᠣᠩᠭᠤᠯ᠎ᠤᠨ ᠪᠠᠷᠠᠭᠤᠨ ᠬᠡᠰᠡᠭ᠎ᠤᠨ ᠡᠯᠡᠰᠦᠨ ᠴᠥᠯ᠎ᠢ ᠶᠡᠷᠦᠩᠬᠡᠶ᠋ᠢᠯᠡᠨ ᠵᠠᠰᠠᠬᠤ ᠲᠥᠷᠥᠯ ᠵᠦᠢ᠍ᠯ᠎ᠢ ᠬᠡᠷᠡᠭᠵᠢᠭᠦᠯᠬᠦ》 ᠴᠢᠬᠤᠯᠠ ᠶᠡᠭᠡ ᠠᠵᠠ ᠲᠣᠬᠢᠶᠠᠯ᠎ᠢ ᠳᠣᠷᠠᠳᠴᠦ᠂ ᠮᠠᠨ᠎ᠤ ᠠᠶ᠋ᠢᠮᠠᠭ᠎ᠤᠨ ᠭᠤᠷᠪᠠᠨ ᠬᠤᠰᠢᠭᠤᠨ᠎ᠤ ᠪᠦᠬᠦ ᠣᠷᠣᠨ ᠪᠦᠰᠡ᠎ᠪᠠᠷ ᠵᠠᠰᠠᠯᠲᠠ ᠵᠢᠨ ᠨᠢᠭᠡᠴᠡ ᠪᠣᠯᠭ᠋ᠠᠵᠦ᠂ ᠪᠠᠳᠠᠶ ᠵᠢᠨ ᠵᠢᠷᠠᠨ᠂ ᠲᠩᠷᠢ᠂ ᠣᠯᠠᠭ᠋ᠠᠠᠪᠣᠬ᠎ᠠ ᠵᠢᠨ ᠭᠤᠷᠪᠠᠨ ᠶᠡᠭᠡ ᠡᠯᠡᠰᠦᠨ ᠴᠥᠯ ᠵᠢᠴᠢ ᠬᠠᠳᠤᠨ ᠭᠤᠤᠯ᠂ ᠬᠠᠷ᠎ᠠ ᠭᠤᠤᠯ᠎ᠤᠨ ᠬᠤᠶᠠᠷ ᠭᠤᠤᠯ᠎ᠤᠨ ᠰᠠᠪᠠ ᠭᠠᠵᠠᠷ᠎ᠢ ᠵᠠᠰᠠᠬᠤ᠎ᠪᠠᠷ ᠭᠤᠤᠯᠳᠠᠯᠭ᠎ᠠ ᠪᠣᠯᠭ᠋ᠠᠵᠦ᠂ ᠠᠯᠠᠱ᠌ᠠ ᠠᠶ᠋ᠢᠮᠠᠭ᠎ᠤᠨ ᠥᠪᠥᠷ ᠮᠣᠩᠭᠤᠯ᠎ᠤᠨ ᠪᠠᠷᠠᠭᠤᠨ ᠬᠡᠰᠡᠭ᠎ᠤᠨ ᠡᠯᠡᠰᠦᠨ ᠴᠥᠯ᠎ᠢ ᠶᠡᠷᠦᠩᠬᠡᠶ᠋ᠢᠯᠡᠨ ᠵᠠᠰᠠᠬᠤ ᠲᠥᠷᠥᠯ ᠵᠦᠢ᠍ᠯ (ᠨᠢᠭᠡᠳᠦᠭᠡᠷ ᠬᠤᠭᠤᠴᠠᠭ᠎ᠠ)᠎ᠤᠨ ᠢᠨᠵᠧᠨᠧᠷᠢᠩ᠎ᠢ ᠭᠤᠶᠤᠴᠢᠯᠠᠨ ᠮᠡᠳᠡᠭᠦᠯᠵᠦ ᠭᠡᠷᠡᠭᠵᠢᠬᠦᠯᠦᠨ᠂ ᠶᠡᠷᠦᠩᠬᠡᠢ ᠪᠡᠯᠡ ᠣᠷᠣᠭᠤᠯᠤᠯᠲᠠ 4 . 97 ᠳ᠋ᠦᠩᠰᠢᠭᠤᠷ ᠲᠥᠭᠦᠷᠢᠭ᠂ ᠪᠥᠲᠥᠭᠡᠨ ᠪᠠᠶ᠋ᠢᠭᠤᠯᠬᠤ ᠬᠤᠭᠤᠴᠠᠭ᠎ᠠ᠎ᠨᠢ 2022 — 2023 ᠣᠨ ᠪᠣᠯᠤᠨ᠎ᠠ᠂ ᠣᠳᠣᠬᠠᠨ ᠪᠣᠯᠲᠠᠯ᠎ᠠ ᠠᠮᠢ ᠠᠬᠤᠶ ᠵᠢᠨ ᠬᠠᠮᠠᠭ᠋ᠠᠯᠠᠯᠲᠠ ᠪᠣᠯᠤᠨ ᠪᠦᠲᠦᠭᠡᠨ ᠪᠠᠶ᠋ᠢᠭᠤᠯᠤᠯᠲᠠ ᠨᠡᠯᠢᠶᠡᠳ ᠰᠠᠶ᠋ᠢᠨ ᠦᠷ᠎ᠡ ᠪᠦᠲᠦᠮᠵᠢ ᠣᠯᠵᠠᠶ᠃ ᠡᠨᠡ ᠵᠢᠯ᠂ ᠮᠠᠨ᠎ᠤ ᠠᠶ᠋ᠢᠮᠠᠭ ᠦᠷᠭᠦᠯᠵᠢᠯᠡᠨ ᠠᠯᠠᠱ᠌ᠠ ᠠᠶ᠋ᠢᠮᠠᠭ᠎ᠤᠨ ᠥᠪᠥᠷ ᠮᠣᠩᠭᠤᠯ᠎ᠤᠨ ᠪᠠᠷᠠᠭᠤᠨ ᠬᠡᠰᠡᠭ᠎ᠤᠨ ᠡᠯᠡᠰᠦᠷᠭᠡᠭ ᠭᠠᠵᠠᠷ᠎ᠢ ᠶᠡᠷᠦᠩᠬᠡᠶ᠋ᠢᠯᠡᠨ ᠵᠠᠰᠠᠬᠤ ᠲᠥᠷᠥᠯ ᠵᠦᠢ᠍ᠯ (ᠬᠤᠶᠠᠳᠤᠭ᠋ᠠᠷ ᠬᠤᠭᠤᠴᠠᠭ᠎ᠠ)᠎ᠤᠨ ᠢᠨᠵᠧᠨᠧᠷᠢᠩ᠎ᠢ ᠭᠤᠶᠤᠴᠢᠯᠠᠨ ᠮᠡᠳᠡᠭᠦᠯᠵᠦ᠂ ᠶᠡᠷᠦᠩᠬᠡᠶ ᠪᠠᠯᠠ ᠣᠷᠣᠭᠤᠯᠤᠯᠲᠠ᠎ᠨᠢ 28 . 34 ᠳ᠋ᠦᠩᠰᠢᠭᠤᠷ ᠲᠥᠭᠦᠷᠢᠭ᠎ᠲᠤ ᠬᠦᠷᠴᠦ᠂ ᠪᠥᠲᠥᠭᠡᠨ ᠪᠠᠶ᠋ᠢᠭᠤᠯᠬᠤ ᠬᠤᠭᠤᠴᠠᠭ᠎ᠠ᠎ᠨᠢ 2023 — 2025 ᠣᠨ ᠪᠣᠯᠤᠨ᠎ᠠ᠂ ᠡᠭᠦᠨ᠎ᠳᠤ 26 . 44 ᠳ᠋ᠦᠩᠰᠢᠭᠤᠷ ᠲᠥᠭᠦᠷᠢᠭ᠎ᠨᠢ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠭᠤᠤᠯᠳᠠᠯᠭ᠎ᠠ᠎ᠲᠠᠢ ᠣᠷᠣᠨ ᠪᠦᠰᠡ ᠵᠢᠨ ᠠᠮᠢ ᠠᠬᠤᠶ ᠵᠢᠨ ᠬᠠᠮᠠᠭ᠋ᠠᠯᠠᠯᠲᠠ ᠪᠠ ᠲᠥᠪ᠎ᠤᠨ ᠲᠥᠰᠦᠪ᠎ᠤᠨ ᠳᠣᠲᠣᠷᠠᠬᠢ ᠪᠠᠯᠠ ᠣᠷᠣᠭᠤᠯᠤᠯᠲᠠ ᠵᠢᠨ ᠲᠤᠰᠬᠠᠶ ᠪᠠᠯᠠ ᠮᠥᠩᠭᠦ ᠪᠣᠯᠤᠨ᠎ᠠ᠃

      ᠣᠳᠣᠬᠠᠨ᠎ᠳᠤ᠂ ᠲᠥᠷᠥᠯ ᠵᠦᠢ᠍ᠯ᠎ᠤᠨ ᠪᠣᠯᠤᠮᠵᠢᠲᠤ ᠰᠤᠳᠤᠯᠤᠯ᠎ᠤᠨ ᠮᠡᠳᠡᠭᠦᠯᠦᠯᠲᠡ ᠵᠢ ᠨᠢᠭᠡᠨᠲᠡ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠵᠶ᠋ᠠᠷ ᠵᠥᠪᠰᠢᠶᠡᠷᠡᠭᠦᠯᠦᠭᠡᠳ᠂ ᠡᠳᠦᠭᠡ ᠨᠢᠭᠡᠨᠲᠡ ᠪᠦᠬᠦ ᠣᠷᠣᠨ᠎ᠤ ᠭᠤᠣᠯᠳᠠᠯᠭ᠎ᠠ᠎ᠲᠠᠢ ᠣᠷᠣᠨ ᠪᠦᠰᠡ ᠵᠢᠨ ᠠᠮᠢ ᠠᠬᠤᠶ ᠵᠢ ᠬᠠᠮᠠᠭ᠋ᠠᠯᠠᠬᠤ ᠪᠠ ᠰᠡᠷᠭᠦᠭᠡᠬᠦ ᠲᠥᠪ᠎ᠤᠨ ᠲᠥᠰᠦᠪ᠎ᠤᠨ ᠳᠣᠲᠣᠷᠠᠬᠢ ᠨᠥᠭᠡᠴᠡᠯᠡᠬᠦ ᠲᠥᠷᠥᠯ ᠵᠦᠢ᠍ᠯ᠎ᠳᠤ ᠵᠢᠭᠰᠠᠭ᠋ᠠᠨ ᠣᠷᠣᠭᠤᠯᠪᠠ᠃ ᠪᠠᠷᠠᠭᠤᠨ ᠣᠷᠣᠨ᠎ᠤ ᠴᠦᠯᠯᠡᠷᠭᠡᠭᠵᠢᠯ᠎ᠢ ᠵᠠᠰᠠᠬᠤ ᠲᠦᠷᠦᠯ ᠵᠦᠢ᠍ᠯ᠎ᠤᠨ ᠬᠡᠷᠡᠭᠵᠢᠭᠦᠯᠦᠯᠲᠡ᠎ᠨᠢ ᠠᠯᠠᠱ᠌ᠠ ᠵᠢᠨ 《ᠤᠮᠠᠷᠠᠲᠤ ᠵᠢᠨ ᠡᠯᠡᠰᠦ ᠵᠢ ᠰᠡᠷᠭᠡᠶ᠋ᠢᠯᠡᠬᠦ ᠪᠦᠰᠡ》 ᠪᠣᠯᠬᠤ ᠬᠠᠳᠤᠨ ᠭᠤᠣᠯ᠎ᠤᠨ ᠭᠤᠣᠯᠳᠠᠯᠭ᠎ᠠ᠎ᠲᠠᠢ ᠠᠮᠢ ᠠᠬᠤᠢ ᠵᠢᠨ ᠣᠷᠣᠨ᠎ᠤ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠵᠤ᠂ ᠪᠠᠷᠠᠭᠤᠨ ᠬᠤᠶ᠋ᠢᠲᠤ ᠵᠢᠨ ᠠᠮᠢ ᠠᠬᠤᠢ ᠪᠣᠯᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠵᠤ᠂ ᠡᠯᠡᠰᠦ ᠰᠢᠪᠠᠷ ᠬᠠᠳᠤᠨ ᠭᠤᠣᠯ᠎ᠳᠤ ᠤᠷᠤᠰᠤᠨ ᠣᠷᠣᠵᠤ ᠭᠤᠣᠯ᠎ᠤᠨ ᠭᠤᠯᠳᠤᠷᠢᠯ ᠪᠦᠷᠢᠯᠳᠦᠬᠦ ᠵᠢ ᠬᠤᠷᠢᠭᠯᠠᠵᠤ᠂ ᠲᠤᠤᠷᠠᠳᠦ ᠤᠷᠤᠰᠬᠠᠯ᠎ᠤᠨ ᠴᠢᠬᠤᠯᠠ ᠤᠰᠤᠨ ᠠᠰᠢᠭᠯᠠᠯᠲᠠ ᠵᠢᠨ ᠬᠦᠢ᠍ᠰᠦ ᠵᠢᠨ ᠬᠡᠷᠡᠭᠯᠡᠯᠲᠡ ᠵᠢᠨ ᠠᠮᠢ ᠨᠠᠰᠤ ᠵᠢ ᠤᠷᠲᠤᠳᠬᠠᠵᠤ᠂ ᠬᠠᠳᠤᠨ ᠭᠤᠣᠯ ᠳᠠᠭ᠋ᠠᠤ ᠵᠢᠨ ᠠᠮᠢ ᠨᠠᠰᠤ ᠡᠳ᠋ ᠬᠦᠷᠦᠩᠭᠡ ᠵᠢᠨ ᠠᠮᠤᠷ ᠲᠦᠪᠰᠢᠨ᠎ᠢ ᠪᠠᠲᠤᠯᠠᠬᠤ᠎ᠳᠤ ᠪᠠᠲᠤ ᠪᠠᠬᠢ ᠠᠮᠢ ᠠᠬᠤᠢ ᠵᠢᠨ ᠰᠠᠭᠤᠷᠢ ᠵᠢ ᠲᠠᠯᠪᠢᠵᠤ ᠥᠭᠬᠦ ᠪᠣᠯᠤᠨ᠎ᠠ᠃

 

      ᠪᠥᠬᠦ ᠤᠯᠤᠰ᠎ᠤᠨ ᠴᠢᠨᠠᠷᠲᠠᠶ ᠬᠤᠷᠠᠯ᠎ᠢ ᠢᠳᠡᠪᠬᠢᠲᠡᠶ ᠳᠠᠭ᠋ᠠᠭ᠋ᠠᠨ ᠡᠷᠭᠢᠯᠡᠵᠦ ᠨᠡᠶ᠋ᠢᠲᠡᠯᠢᠭ ᠲᠤᠷᠰᠢᠯᠭ᠎ᠠ ᠵᠢ ᠳ᠋ᠦᠩᠨᠡᠨ ᠳᠡᠯᠭᠡᠷᠡᠭᠦᠯᠦᠨ᠎ᠠ

      7 ᠳ᠋ᠤᠭ᠋ᠠᠷ ᠰᠠᠷ᠎ᠠ ᠵᠢᠨ 27᠎ᠤ ᠡᠳᠦᠷ᠎ᠠᠴᠠ 28᠎ᠤ ᠡᠳᠦᠷ ᠪᠣᠯᠲᠠᠯ᠎ᠠ᠂ ᠪᠥᠬᠦ ᠤᠯᠤᠰ᠎ᠤᠨ ᠴᠢᠬᠤᠯᠠ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠴᠢ ᠴᠦᠯᠯᠡᠷᠭᠡᠭᠵᠢᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠲᠤᠬᠠᠶ ᠵᠢᠨ ᠭᠠᠵᠠᠷ᠎ᠤᠨ ᠬᠤᠷᠠᠯ᠎ᠢ ᠮᠠᠨ᠎ᠤ ᠠᠶ᠋ᠢᠮᠠᠭ᠎ᠲᠤ ᠬᠤᠷᠠᠯᠳᠤᠭᠤᠯᠵᠤ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠬᠦᠳᠡᠭᠡ ᠠᠵᠤ ᠠᠬᠤᠢ ᠵᠢᠨ ᠵᠤᠷᠭ᠋ᠠᠨ᠂ ᠤᠯᠤᠰ᠎ᠤᠨ ᠣᠢ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠲᠥᠯᠥᠪᠵᠢᠭᠦᠯᠪᠡ ᠡᠳ᠋᠎ᠤᠨ ᠶᠠᠪᠤᠳᠠᠯ᠎ᠤᠨ ᠵᠤᠷᠭ᠋ᠠᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠨᠢᠬᠡᠳᠭᠡᠯ ᠠᠷᠮᠢ ᠵᠢᠴᠢ ᠲᠤᠰᠠᠭ᠋ᠠᠷ ᠲᠥᠯᠥᠪᠯᠡᠭᠡᠲᠦ ᠬᠤᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠴᠢᠬᠤᠯᠠ ᠶᠡᠭᠡ ᠲᠥᠷᠥᠯ ᠵᠦᠢ᠍ᠯ᠎ᠤᠨ ᠨᠢᠭᠡᠴᠡ᠎ᠨᠦᠭᠦᠳ ᠬᠤᠷᠠᠯ᠎ᠳᠤ ᠣᠷᠣᠯᠴᠠᠵᠤ᠂ ᠡᠯ᠎ᠡ ᠭᠠᠵᠠᠷ᠎ᠤᠨ ᠴᠦᠯᠯᠡᠷᠭᠡᠭᠵᠢᠯ᠎ᠢ ᠰᠡᠷᠭᠡᠶ᠋ᠢᠯᠡᠨ ᠵᠠᠰᠠᠬᠤ ᠠᠵᠢᠯ᠎ᠤᠨ ᠳᠤᠮᠳᠠ ᠣᠯᠤᠭᠰᠠᠨ ᠰᠢᠨ᠎ᠡ ᠦᠷ᠎ᠡ ᠪᠦᠲᠦᠮᠵᠢ᠂ ᠰᠢᠨ᠎ᠡ ᠲᠤᠷᠰᠢᠯᠭ᠎ᠠ ᠵᠢ ᠰᠣᠯᠢᠯᠴᠠᠨ ᠳᠡᠯᠭᠡᠷᠡᠭᠦᠯᠪᠡ᠃ ᠮᠠᠨ᠎ᠤ ᠠᠶ᠋ᠢᠮᠠᠭ᠎ᠤᠨ᠎ᠬᠢᠨ ᠡᠨᠡ ᠤᠳᠠᠭ᠎ᠠ ᠵᠢᠨ ᠬᠤᠷᠠᠯ ᠳᠡᠭᠡᠷ᠎ᠡ ᠠᠮᠢ ᠠᠬᠤᠶ ᠵᠢᠨ ᠬᠠᠮᠠᠭ᠋ᠠᠯᠠᠯᠲᠠ ᠪᠥᠲᠥᠭᠡᠨ ᠪᠠᠶ᠋ᠢᠭᠤᠯᠤᠯᠲᠠ ᠵᠢᠨ ᠢᠳᠡᠪᠬᠢᠲᠡᠶ ᠦᠷ᠎ᠡ ᠪᠦᠲᠦᠮᠵᠢ ᠪᠣᠯᠤᠨ ᠲᠤᠷᠰᠢᠯᠭ᠎ᠠ ᠬᠢᠳᠡᠯ᠎ᠢ ᠶᠡᠭᠡ᠎ᠪᠠᠷ ᠤᠬᠠᠭᠤᠯᠵᠤ᠂ ᠴᠦᠯᠯᠡᠷᠭᠡᠭᠵᠢᠯ᠎ᠢ ᠵᠠᠰᠠᠬᠤ 《ᠠᠯᠠᠱ᠌ᠠ ᠵᠢᠨ ᠵᠠᠭᠪᠤᠷ》᠎ᠢ ᠳᠡᠯᠭᠡᠷᠡᠭᠦᠯᠵᠦ᠂ ᠨᠠᠩ ᠣᠯᠠᠨ ᠡᠬᠢ ᠪᠠᠶᠠᠯᠢᠭ ᠪᠣᠯᠤᠨ ᠬᠦᠴᠦᠨ ᠴᠢᠳᠠᠯ᠎ᠢ ᠨᠢᠭᠲᠠᠷᠠᠭᠤᠯᠤᠨ ᠮᠠᠨ᠎ᠤ ᠠᠶ᠋ᠢᠮᠠᠭ᠎ᠤᠨ ᠴᠦᠯᠯᠡᠷᠭᠡᠭᠵᠢᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠠᠵᠢᠯ᠎ᠢ ᠦᠷᠭᠦᠯᠵᠢᠯᠡᠨ ᠭᠦᠨᠵᠡᠭᠡᠶ᠋ᠢᠷᠡᠭᠦᠯᠦᠨ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠪᠣᠬᠢᠷᠲᠤᠯ ᠥᠬᠡᠶ ᠨᠣᠮᠢᠨ ᠨᠣᠭᠤᠭ᠋ᠠᠨ ᠪᠦᠰᠡ ᠵᠢ ᠪᠠᠲᠤ ᠴᠣᠭᠴᠠᠯᠠᠬᠤ᠂ ᠤᠯᠤᠰ᠎ᠤᠨ ᠠᠮᠢ ᠠᠬᠤᠶ ᠵᠢᠨ ᠠᠮᠤᠷ ᠲᠦᠪᠰᠢᠨ᠎ᠢ ᠪᠠᠲᠤᠯᠠᠬᠤ᠎ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ᠎ᠪᠠᠷ ᠵᠣᠷᠢᠯᠲᠠ᠎ᠪᠠᠨ ᠪᠣᠯᠭ᠋ᠠᠪᠠ᠃

     

      ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭ᠋ᠠᠳᠬᠠᠵᠤ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠥᠲᠥᠭᠡᠨ ᠪᠠᠶ᠋ᠢᠭᠤᠯᠤᠨ᠎ᠠ

      ᠠᠶ᠋ᠢᠮᠠᠭ᠎ᠤᠨ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠤᠤᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠤᠳᠤᠷᠢᠳᠬᠤ ᠳᠤᠭᠤᠶ᠋ᠢᠯᠠᠩ᠎ᠤᠨ ᠠᠵᠢᠯ᠎ᠤᠨ ᠲᠦᠷᠢᠮ᠎ᠢ ᠦᠨᠳᠦᠰᠦᠯᠡᠵᠦ᠂ 《ᠤᠮᠠᠷᠠᠲᠤ ᠵᠢᠨ ᠭᠤᠷᠪᠠᠨ ᠣᠷᠣᠨ》᠎ᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠢᠨᠵᠧᠨᠧᠷᠢᠩ᠎ᠢ ᠰᠢᠰᠲ᠋ᠧᠮ᠎ᠲᠠᠢ ᠲᠥᠯᠥᠪᠵᠢᠭᠦᠯᠵᠦ᠂ ᠲᠥᠷᠥᠯ ᠵᠦᠢ᠍ᠯ᠎ᠤᠨ ᠪᠠᠯᠠ ᠮᠥᠩᠭᠦᠨ᠎ᠤ ᠳᠣᠬᠠᠢ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠢᠳᠡᠪᠬᠢᠲᠡᠶ ᠲᠡᠮᠡᠴᠡᠨ ᠣᠯᠵᠤ᠂ ᠣᠳᠣᠬᠠᠨ᠎ᠳᠤ ᠮᠠᠨ᠎ᠤ ᠠᠶ᠋ᠢᠮᠠᠭ᠎ᠤᠨ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠤᠤᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠨᠥᠭᠡᠴᠡ ᠵᠢᠨ ᠨᠠᠷᠢᠨ ᠬᠠᠭᠤᠳᠠᠰᠤ᠎ᠳᠤ ᠵᠢᠭᠰᠠᠭ᠋ᠠᠭᠳᠠᠭᠰᠠᠨ 32 ᠲᠥᠷᠥᠯ ᠵᠦᠢ᠍ᠯ᠎ᠢ ᠢᠳᠡᠪᠬᠢᠲᠡᠶ ᠵᠣᠯᠭ᠋ᠠᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠨᠢᠭᠡᠳᠦᠯᠲᠡᠶ ᠨᠠᠷᠢᠨ ᠨᠢᠮᠪᠠᠶ ᠲᠥᠯᠥᠪᠵᠢᠭᠦᠯᠵᠦ᠂ ᠰᠠᠷ᠎ᠠ᠎ᠪᠠᠷ ᠠᠬᠢᠴᠠ ᠵᠢᠨ ᠪᠠᠶ᠋ᠢᠳᠠᠯ᠎ᠢ ᠲᠣᠬᠢᠷᠠᠭᠤᠯᠵᠤ᠂ ᠨᠠᠩ ᠣᠯᠠᠨ ᠡᠬᠢ ᠪᠠᠶᠠᠯᠢᠭ᠎ᠤᠨ ᠬᠦᠴᠦᠨ᠎ᠢ ᠲᠥᠪᠯᠡᠷᠡᠭᠦᠯᠵᠦ ᠪᠠᠶ᠋ᠢᠭ᠋ᠠᠳ ᠴᠦᠯᠯᠡᠷᠭᠡᠭᠵᠢᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠵᠢ ᠭᠦᠨᠵᠡᠭᠡᠶ᠋ᠢᠷᠡᠭᠦᠯᠦᠨ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ᠎ᠳᠤ ᠠᠯᠠᠱ᠌ᠠ ᠵᠢᠨ ᠬᠤᠪᠢ ᠨᠡᠮᠡᠷᠢ ᠵᠢ ᠦᠵᠡᠭᠦᠯᠦᠨ᠎ᠡ᠃
    
   

ᠢᠷᠡᠯᠲᠡ᠄ ᠠᠯᠠᠱ᠌ᠠ ᠠᠶ᠋ᠢᠮᠠᠭ᠎ᠤᠨ ᠵᠠᠬᠢᠷᠭ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠨᠠᠢ᠍ᠮᠠᠳᠤᠭ᠋ᠠᠷ ᠲᠠᠪᠤᠨ ᠵᠢᠯ᠎ᠤᠨ ᠬᠠᠤᠯᠢ ᠲᠦᠭᠡᠮᠡᠯᠵᠢᠭᠦᠯᠬᠦ ᠠᠵᠢᠯ᠎ᠤᠨ ᠠᠬᠢᠴᠠ》 ᠰᠢᠷᠢᠰ ᠬᠠᠮ ᠵᠠᠭᠤᠴᠢᠯᠠᠭᠤᠷ᠎ᠤᠨ ᠰᠢᠭᠤᠳ ᠨᠡᠪᠲᠡᠷᠡᠭᠦᠯᠭᠡ ᠵᠢᠨ ᠰᠤᠷᠪᠤᠯᠵᠢᠯᠠᠭ᠎ᠠ᠎ᠳᠤ ᠣᠷᠣᠯᠴᠠᠪᠠ
《ᠰᠠᠨᠠᠯ》᠎ᠢ ᠪᠣᠳᠠᠲᠠᠶ᠎ᠳᠤ ᠨᠠᠶ᠋ᠢᠳᠠᠪᠤᠷᠢᠵᠢᠭᠤᠯᠵᠤ᠂ 24 ᠵᠤᠷᠪᠤᠰ ᠪᠣᠳᠠᠲᠠᠶ ᠠᠷᠭ᠎ᠠ ᠬᠡᠮᠵᠢᠶ᠎ᠡ᠎ᠪᠠᠷ ᠣᠶ ᠰᠢᠭᠤᠶ ᠨᠤᠲᠤᠭ ᠪᠡᠯᠴᠢᠭᠡᠷ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ
2023 ᠤᠨ᠎ᠳᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠭᠰᠠᠨ ᠲᠠᠯᠠᠪᠠᠢ ᠵᠠᠭᠤᠨ ᠲᠦᠮᠡᠨ ᠮᠦ᠍ ᠵᠢ ᠳᠠᠪᠠᠪᠠ
《ᠲᠠᠪᠤᠨ ᠶᠡᠬᠡ ᠡᠭᠦᠷᠭᠡ》 ᠵᠢ ᠲᠦᠷᠭᠡᠳᠬᠡᠨ ᠨᠠᠶ᠋ᠢᠳᠠᠪᠤᠷᠢᠵᠢᠭᠤᠯᠵᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠶ᠎ᠠ
ᠲᠦᠯᠦᠭᠡᠯᠡᠭᠴᠢ ᠰᠠᠨ᠎ᠠ᠄ ᠬᠤᠢ ᠭᠤᠣᠯ᠎ᠤᠨ ᠤᠯᠤᠰ᠎ᠤᠨ ᠳᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠠᠬᠢ ᠮᠠᠯᠴᠢᠳ᠎ᠤᠨ ᠠᠰᠢᠭ ᠲᠤᠰᠠ ᠵᠢ ᠪᠠᠲᠤᠯᠠᠪᠠᠯ ᠵᠣᠬᠢᠨ᠎ᠠ
 
             蒙ICP备05000248号