ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠰᠣᠷᠪᠣᠯᠵᠢᠯᠠᠭ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠨᠠᠢ᠍ᠮᠠᠳᠤᠭ᠋ᠠᠷ ᠲᠠᠪᠤᠨ ᠵᠢᠯ᠎ᠤᠨ ᠬᠠᠤᠯᠢ ᠲᠦᠭᠡᠮᠡᠯᠵᠢᠭᠦᠯᠬᠦ ᠠᠵᠢᠯ᠎ᠤᠨ ᠠᠬᠢᠴᠠ》 ᠰᠢᠷᠢᠰ ᠬᠠᠮ ᠵᠠᠭᠤᠴᠢᠯᠠᠭᠤᠷ᠎ᠤᠨ ᠰᠢᠭᠤᠳ ᠨᠡᠪᠲᠡᠷᠡᠭᠦᠯᠭᠡ ᠵᠢᠨ ᠰᠤᠷᠪᠤᠯᠵᠢᠯᠠᠭ᠎ᠠ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2023-11-06

      ᠪᠦᠬᠦ ᠠᠷᠠᠳ᠎ᠲᠤ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠪᠣᠯ ᠪᠦᠬᠦ ᠲᠠᠯ᠎ᠠ᠎ᠪᠠᠷ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ ᠵᠢᠨ ᠤᠷᠲᠤ ᠬᠤᠭᠤᠴᠠᠭ᠋ᠠᠨ᠎ᠤ ᠰᠠᠭᠤᠷᠢᠯᠠᠬᠤ ᠴᠢᠨᠠᠷᠲᠠᠢ ᠠᠵᠢᠯ ᠮᠥᠨ᠃ ᠨᠠᠢ᠍ᠮᠠᠳᠤᠭ᠋ᠠᠷ ᠲᠠᠪᠤᠨ ᠵᠢᠯ᠎ᠤᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠦᠭᠰᠡᠨ᠎ᠠᠴᠠ ᠨᠠᠰᠢ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠲᠥᠪ᠎ᠤᠨ ᠪᠥᠬᠥ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠠᠵᠢᠯ᠎ᠤᠨ ᠱᠠᠭ᠋ᠠᠷᠳᠠᠯᠭ᠎ᠠ ᠪᠠ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠪᠠ᠃ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠪᠥᠬᠥ ᠲᠠᠯ᠎ᠠ ᠵᠢᠨ ᠠᠵᠢᠯ᠎ᠤᠨ ᠴᠢᠬᠤᠯᠠ ᠪᠠᠶ᠋ᠢᠷᠢᠨ᠎ᠳᠤ ᠲᠠᠯᠪᠢᠬᠤ ᠵᠢ ᠪᠠᠷᠢᠮᠳᠠᠯᠠᠵᠤ᠂ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠠᠷᠢᠨ ᠨᠢᠮᠪᠠᠶ ᠲᠤᠬᠢᠷᠠᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠬᠥᠭᠵᠢᠯᠲᠡ ᠵᠢᠨ ᠶᠡᠬᠡ ᠲᠠᠯ᠎ᠠ ᠵᠢᠨ ᠲᠣᠭᠣᠷᠢᠨ᠎ᠳᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠲᠦᠷᠭᠡᠳᠬᠡᠬᠦ ᠰᠢᠨ᠎ᠡ ᠱᠠᠭ᠋ᠠᠷᠳᠠᠯᠭ᠎ᠠ᠎ᠳᠤ ᠵᠤᠬᠢᠴᠠᠭᠤᠯᠪᠠ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠢ ᠬᠠᠤᠯᠢ᠎ᠪᠠᠷ ᠵᠠᠰᠠᠬᠤ ᠵᠠᠮ᠎ᠳᠤ ᠣᠷᠣᠭᠤᠯᠬᠤ ᠰᠢᠨ᠎ᠡ ᠬᠠᠷᠠᠯᠲᠠ᠎ᠳᠤ ᠵᠤᠬᠢᠴᠠᠭᠤᠯᠵᠤ᠂ ᠤᠳᠤᠷᠢᠳᠬᠤ ᠺᠠᠳ᠋ᠷ ᠲᠦᠷᠦᠭᠦᠯᠡᠨ ᠬᠠᠤᠯᠢ ᠵᠢ ᠰᠤᠷᠴᠤ ᠬᠠᠤᠯᠢ ᠵᠢ  ᠬᠡᠷᠡᠭᠯᠡᠵᠦ᠂ ᠬᠠᠤᠯᠢ᠎ᠪᠠᠷ ᠵᠠᠰᠠᠬᠤ ᠤᠬᠠᠭᠤᠯᠭ᠎ᠠ ᠬᠢᠭᠡᠳ ᠨᠡᠶ᠋ᠢᠭᠡᠮ ᠵᠢᠷᠤᠮ᠎ᠤᠨ ᠬᠠᠤᠯᠢ᠎ᠪᠠᠷ ᠵᠠᠰᠠᠬᠤ ᠣᠶ᠋ᠢᠯᠠᠭ᠋ᠠᠭᠳᠠᠬᠤᠨ᠎ᠢ ᠤᠶᠠᠯᠳᠤᠭᠤᠯᠬᠤ ᠵᠢ ᠪᠠᠷᠢᠮᠲᠠᠯᠠᠪᠠ᠂ ᠣᠶ ᠰᠢᠭᠤᠶ ᠨᠤᠲᠤᠭ ᠪᠡᠯᠴᠢᠭᠡᠷ᠎ᠤᠨ ᠠᠵᠢᠯ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠬᠤ᠂ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ ᠪᠠ ᠬᠠᠤᠯᠢ᠎ᠪᠠᠷ ᠵᠠᠰᠠᠬᠤ ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠢ ᠦᠷᠨᠢᠬᠦᠯᠪᠡ᠂ ᠬᠠᠤᠯᠢ᠎ᠪᠠᠷ ᠵᠠᠰᠠᠬᠤ ᠰᠡᠳᠬᠢᠬᠦᠶ ᠪᠠ ᠠᠷᠭ᠎ᠠ ᠮᠠᠶᠢᠭ᠎ᠢ ᠬᠡᠷᠡᠭᠯᠡᠨ ᠵᠥᠷᠢᠴᠡᠯ ᠵᠢᠭᠤᠷᠠᠯᠳᠤᠭ᠋ᠠᠨ᠎ᠢ ᠠᠷᠢᠯᠭ᠋ᠠᠵᠤ᠂ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠪᠠ᠃ ᠺᠠᠳ᠋ᠷ᠎ᠤᠨ ᠬᠠᠤᠯᠢ᠎ᠪᠠᠷ ᠵᠠᠰᠠᠬᠤ ᠬᠡᠪ ᠪᠣᠯᠪᠠᠰᠤᠷᠠᠯ ᠲᠠᠰᠤᠷᠠᠯᠲᠠ ᠦᠭᠡᠢ ᠲᠡᠭᠡᠭᠰᠢᠯᠡᠵᠦ᠂ ᠨᠠᠮ᠎ᠤᠨ ᠭᠡᠰᠢᠭᠦᠨ ᠣᠯᠠᠨ ᠲᠦᠮᠡᠨ᠎ᠤ ᠬᠠᠤᠯᠢ ᠶᠣᠰᠣᠭ᠋ᠠᠷ ᠠᠵᠢᠯᠯᠠᠬᠤ ᠤᠬᠠᠮᠰᠠᠷ ᠲᠠᠰᠤᠷᠠᠯᠲᠠ ᠦᠭᠡᠢ ᠴᠢᠩᠭ᠋ᠠᠷᠠᠵᠤ᠂ ᠪᠦᠲᠦᠮᠵᠢᠲᠡᠶ ᠰᠤᠷᠤᠯᠴᠠᠬᠤ ᠠᠷᠭ᠎ᠠ ᠵᠢ ᠪᠦᠷᠢᠯᠳᠦᠭᠦᠯᠪᠡ᠃ ᠬᠠᠤᠯᠢ ᠵᠢ ᠮᠡᠳᠡᠬᠦ᠂ ᠬᠠᠤᠯᠢ ᠵᠢ ᠰᠠᠬᠢᠬᠤ᠂ ᠬᠠᠤᠯᠢ ᠵᠢ ᠬᠡᠷᠡᠭᠯᠡᠬᠦ ᠰᠠᠢ᠍ᠢ᠍ᠨ ᠰᠠᠶ᠋ᠢᠬᠠᠨ ᠬᠠᠤᠯᠢ᠎ᠪᠠᠷ ᠵᠠᠰᠠᠬᠤ ᠣᠷᠴᠢᠨ ᠨᠥᠬᠥᠴᠡᠯ᠎ᠢ ᠪᠦᠷᠢᠯᠳᠦᠬᠦᠯᠪᠡ᠃
      10 ᠰᠠᠷ᠎ᠠ ᠵᠢᠨ 26᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠲᠢᠶᠸ ᠨᠢᠤ ᠳᠡᠳ᠋ ᠳᠠᠷᠤᠭ᠎ᠠ ᠤᠷᠢᠯᠭ᠎ᠠ᠎ᠪᠠᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶ᠎ᠠ ᠵᠢᠨ ᠠᠯᠪᠠᠨ ᠭᠡᠷ᠂ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠪᠣᠯᠤᠨ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ ᠵᠢᠨ ᠷᠠᠳᠢᠣ᠋ ᠨᠡᠪᠲᠡᠷᠡᠭᠦᠯᠭᠡ ᠰᠣᠨᠢᠨ ᠮᠡᠳᠡᠭᠡᠨ᠎ᠤ ᠲᠥᠪ᠎ᠤᠨ ᠬᠠᠮᠲᠤᠷᠠᠨ ᠭᠠᠷᠭ᠋ᠠᠭᠰᠠᠨ 《〈  ᠨᠠᠢ᠍ᠮᠠᠳᠤᠭ᠋ᠠᠷ ᠲᠠᠪᠤᠨ ᠵᠢᠯ〉᠎ᠤᠨ ᠬᠠᠤᠯᠢ ᠲᠦᠭᠡᠮᠡᠯᠵᠢᠭᠦᠯᠬᠦ ᠴᠠᠭ》᠎ᠤᠨ ᠰᠢᠷᠢᠰ ᠬᠠᠮ ᠵᠠᠭᠤᠴᠢᠯᠠᠭᠤᠷ᠎ᠤᠨ ᠰᠢᠭᠤᠳ ᠨᠡᠪᠲᠡᠷᠡᠭᠦᠯᠭᠡ ᠵᠢᠨ ᠰᠤᠷᠪᠤᠯᠵᠢᠯᠠᠭ᠎ᠠ᠎ᠳᠤ ᠣᠷᠣᠯᠴᠠᠪᠠ᠃ ᠳᠡᠳ᠋ ᠲᠣᠪᠴᠢᠶᠠᠨ ᠳᠠᠷᠤᠭ᠎ᠠ ᠲᠢᠶᠸ ᠨᠢᠦ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠶᠡᠷᠦᠩᠬᠡᠶ ᠱᠦᠵᠢ ᠰᠢ ᠵᠢᠨ ᠫᠢᠩ᠎ᠤᠨ 《ᠨᠤᠲᠤᠭ ᠪᠡᠯᠴᠢᠭᠡᠷ᠎ᠢ ᠬᠠᠮᠠᠭ᠋ᠠᠯᠠᠬᠤ ᠪᠠ ᠣᠶ ᠰᠢᠭᠤᠶ ᠪᠣᠯ ᠥᠪᠥᠷ ᠮᠣᠩᠭᠣᠯ᠎ᠤᠨ ᠠᠮᠢ ᠠᠬᠤᠶ ᠵᠢᠨ ᠰᠢᠰᠲ᠋ᠧᠮ᠎ᠢ ᠬᠠᠮᠠᠭ᠋ᠠᠯᠠᠬᠤ ᠲᠡᠷᠢᠭᠦᠨ ᠴᠢᠬᠤᠯᠠ ᠡᠭᠦᠷᠭᠡ ᠮᠥᠨ》 ᠭᠡᠬᠦ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠪᠠᠶ᠋ᠢᠯᠳᠤᠬᠤ ᠪᠣᠳᠣᠯᠭ᠎ᠠ ᠵᠢᠨ ᠲᠠᠯ᠎ᠠ᠎ᠪᠠᠷ ᠶᠠᠮᠠᠷ ᠶᠠᠮᠠᠷ ᠠᠵᠢᠯ᠎ᠢ ᠭᠤᠤᠯᠳᠠᠯᠭ᠎ᠠ᠎ᠲᠠᠢ ᠥᠷᠨᠢᠭᠦᠯᠦᠭᠰᠡᠨ᠂ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠬᠤ ᠲᠠᠯ᠎ᠠ᠎ᠪᠠᠷ ᠬᠡᠷᠬᠢᠨ ᠬᠠᠤᠯᠢ ᠶᠣᠰᠣᠭ᠋ᠠᠷ ᠵᠠᠰᠠᠭ  ᠶᠠᠪᠤᠭᠤᠯᠤᠭᠰᠠᠨ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠪᠥᠬᠥ ᠣᠷᠣᠨ᠎ᠤ ᠨᠤᠲᠤᠭ ᠪᠡᠯᠴᠢᠭᠡᠷ ᠣᠶ᠋ᠢᠲᠤ ᠭᠠᠵᠠᠷ᠎ᠢ ᠡᠪᠳᠡᠬᠦ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠵᠢ ᠥᠷᠨᠢᠭᠦᠯᠬᠦ᠎ᠳᠤ ᠠᠪᠤᠭᠰᠠᠨ ᠪᠣᠳᠠᠲᠠᠶ ᠠᠷᠭ᠎ᠠ ᠬᠡᠮᠵᠢᠶ᠎ᠡ ᠂ ᠲᠤᠰᠬᠠᠶ ᠠᠵᠢᠯᠯᠠᠭ᠎ᠠ ᠵᠢᠨ ᠣᠯᠤᠭᠰᠠᠨ ᠠᠵᠢᠯ᠎ᠤᠨ ᠠᠬᠢᠴᠠ ᠬᠢᠭᠡᠳ ᠦᠷ᠎ᠡ ᠪᠦᠲᠦᠮᠵᠢ ᠵᠢᠴᠢ ᠬᠠᠤᠯᠢ ᠲᠦᠭᠡᠮᠡᠯᠵᠢᠭᠦᠯᠬᠦ ᠠᠵᠢᠯ᠎ᠢ ᠬᠡᠷᠬᠢᠨ ᠡᠳᠦᠷ ᠲᠤᠲᠤᠮ᠎ᠤᠨ ᠪᠣᠳᠠᠲᠠᠶ ᠠᠵᠢᠯ᠎ᠳᠤ ᠠᠭᠤᠰᠤᠯᠴᠠᠭᠤᠯᠬᠤ ᠵᠡᠷᠭᠡ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ ᠵᠢᠨ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠲᠦᠭᠡᠮᠡᠯᠵᠢᠭᠦᠯᠬᠦ ᠠᠵᠢᠯ᠎ᠤᠨ ᠦᠷ᠎ᠡ ᠪᠦᠲᠦᠭᠡᠯ᠎ᠢ ᠨᠠᠷᠢᠨ ᠬᠢᠨᠠᠮᠠᠭ᠋ᠠᠶ ᠬᠦᠢ᠍ᠴᠡᠳᠬᠡᠭᠰᠡᠨ ᠲᠤᠬᠠᠶ ᠶᠠᠷᠢᠯᠴᠠᠵᠠᠶ᠃
      ᠬᠠᠤᠯᠢ ᠲᠦᠭᠡᠮᠡᠯᠵᠢᠭᠦᠯᠬᠦ ᠠᠵᠢᠯ ᠪᠣᠯ ᠨᠢᠭᠡᠨ ᠣᠷᠳᠣ ᠬᠤᠭᠤᠴᠠᠭ᠋ᠠᠨ᠎ᠤ ᠪᠥᠭᠡᠳ ᠬᠠᠲᠠᠭᠤ ᠪᠡᠷᠬᠡ ᠡᠭᠦᠷᠭᠡ ᠪᠣᠯᠤᠨ᠎ᠠ᠂ ᠰᠢᠨ᠎ᠡ ᠪᠠᠶ᠋ᠢᠳᠠᠯ ᠳᠤᠤᠷᠠᠬᠢ ᠬᠠᠦᠯᠢᠵᠢᠭ᠍ᠰᠠᠨ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠲᠤᠬᠠᠶ ᠰᠢᠨ᠎ᠡ ᠱᠠᠭ᠋ᠠᠷᠳᠠᠯᠭ᠎ᠠ ᠵᠢᠨ ᠡᠮᠦᠨ᠎ᠡ᠂ ᠬᠠᠦᠯᠢᠵᠢᠭ᠍ᠰᠠᠨ ᠪᠠᠶ᠋ᠢᠭᠤᠯᠤᠯᠲᠠ ᠵᠢᠨ ᠠᠵᠢᠯ᠎ᠤᠨ ᠠᠬᠢᠭᠤᠯᠤᠭᠴᠢ᠂ ᠬᠡᠷᠡᠭᠵᠢᠭᠦᠯᠦᠭᠴᠢ ᠪᠣᠯᠤᠭᠰᠠᠨ᠎ᠤ ᠬᠤᠪᠢ᠎ᠳᠤ᠂ ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠶ ᠰᠢᠭᠤᠶ ᠨᠤᠲᠤᠭ ᠪᠡᠯᠴᠢᠭᠡᠷ᠎ᠤᠨ ᠭᠤᠤᠯ ᠠᠵᠢᠯ᠎ᠤᠨ ᠲᠣᠭᠣᠷᠢᠨ᠎ᠳᠤ᠂ ᠬᠠᠤᠯᠢ ᠲᠦᠭᠡᠮᠡᠯᠵᠢᠭᠦᠯᠬᠦ ᠠᠵᠢᠯ᠎ᠢ ᠣᠶ ᠰᠢᠭᠤᠶ ᠨᠤᠲᠤᠭ ᠪᠡᠯᠴᠢᠭᠡᠷ᠎ᠤᠨ ᠠᠵᠢᠯ ᠲᠥᠷᠥᠯ᠎ᠤᠨ ᠬᠥᠭᠵᠢᠯᠲᠡ᠂ ᠰᠢᠨ᠎ᠡ ᠵᠢ ᠡᠭᠦᠳᠬᠦ ᠬᠠᠮᠢᠶᠠᠷᠤᠯᠲᠠ᠂ ᠨᠠᠮ᠎ᠤᠨ ᠣᠯᠠᠨ ᠲᠦᠮᠡᠨᠴᠢ ᠱᠤᠭᠤᠮ᠎ᠢ  ᠦᠢ᠍ᠯᠡᠳᠦᠯᠭᠡᠵᠢᠬᠦᠯᠬᠦ᠂ ᠬᠠᠦᠯᠢᠵᠢᠭ᠍ᠰᠠᠨ ᠰᠣᠶᠣᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ᠎ᠯᠤᠭ᠎ᠠ ᠤᠶᠠᠯᠳᠤᠭᠤᠯᠵᠤ᠂ ᠲᠤᠬᠠᠶ᠋ᠢᠯᠠᠭᠰᠠᠨ ᠠᠵᠢᠯ᠎ᠢ ᠵᠢᠷᠤᠮᠵᠢᠭᠤᠯᠬᠤ᠎ᠠᠴᠠ ᠭᠠᠷᠳᠠᠵᠤ  ᠬᠠᠦᠯᠢᠵᠢᠭ᠍ᠰᠠᠨ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠢᠳᠡᠪᠬᠢᠲᠡᠶ ᠠᠬᠢᠭᠤᠯᠵᠤ᠂ ᠬᠠᠤᠯᠢ ᠵᠢ ᠴᠢᠩᠭ᠎ᠠ ᠵᠢᠷᠤᠮᠯᠠᠨ ᠵᠠᠰᠠᠭ ᠶᠠᠪᠤᠭᠤᠯᠵᠤ᠂ ᠠᠵᠢᠯ ᠵᠶ᠋ᠠᠨ ᠥᠷᠨᠢᠭᠦᠯᠬᠦ᠎ᠳᠤ ᠬᠠᠤᠯᠢ᠎ᠲᠠᠢ ᠦᠨᠳᠦᠰᠦᠯᠡᠯ᠎ᠲᠠᠢ᠂ ᠠᠰᠠᠭᠤᠳᠠᠯ᠎ᠢ  ᠰᠢᠢ᠍ᠳᠪᠦᠷᠢᠯᠡᠬᠦ᠎ᠳᠤ ᠬᠠᠤᠯᠢ ᠲᠣᠭᠲᠠᠭ᠋ᠠᠯ᠎ᠢ ᠵᠢᠷᠤᠮᠯᠠᠬᠤ ᠵᠢ ᠪᠡᠶᠡᠯᠡᠭᠦᠯᠦᠨ᠎ᠡ᠃ ᠬᠠᠤᠯᠢ᠎ᠪᠠᠷ ᠵᠠᠰᠠᠬᠤ ᠵᠢ ᠢᠮᠠᠭᠲᠠ ᠴᠢᠩᠭ᠎ᠠ ᠬᠡᠷᠡᠭᠵᠢᠭᠦᠯᠵᠦ᠂ ᠬᠠᠤᠯᠢ ᠶᠣᠰᠣᠭ᠋ᠠᠷ ᠠᠵᠢᠯᠯᠠᠬᠤ ᠬᠠᠤᠯᠢ᠎ᠪᠠᠷ ᠵᠠᠰᠠᠬᠤ ᠦᠵᠡᠯᠲᠡ ᠵᠢ  ᠪᠤᠢ ᠪᠤᠯᠭ᠋ᠠᠨ᠂ ᠣᠶ ᠰᠢᠭᠤᠶ ᠨᠤᠲᠤᠭ ᠪᠡᠯᠴᠢᠭᠡᠷ᠎ᠤᠨ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠬᠦ᠎ᠳᠤ ᠬᠠᠤᠯᠢ᠎ᠪᠠᠷ ᠵᠠᠰᠠᠬᠤ ᠬᠡᠪ ᠰᠤᠷᠲᠠᠯ ᠪᠠ ᠬᠠᠤᠯᠢ᠎ᠪᠠᠷ ᠵᠠᠰᠠᠬᠤ ᠣᠷᠴᠢᠨ ᠲᠣᠭᠣᠷᠢᠨ᠎ᠢ ᠪᠣᠶ ᠪᠣᠯᠭ᠋ᠠᠵᠤ᠂ ᠨᠡᠶ᠋ᠢᠭᠡᠮ᠎ᠤᠨ ᠡᠶ᠎ᠡ ᠵᠣᠬᠢᠴᠠᠯ᠎ᠲᠠᠢ ᠪᠥᠭᠡᠳ ᠲᠣᠭᠲᠠᠭᠤᠨ ᠪᠠᠶ᠋ᠢᠬᠤ ᠵᠢᠨ ᠬᠠᠤᠯᠢ᠎ᠪᠠᠷ ᠵᠠᠰᠠᠬᠤ ᠰᠠᠭᠤᠷᠢ ᠵᠢ ᠲᠠᠰᠤᠷᠠᠯᠲᠠ ᠥᠬᠡᠶ ᠪᠡᠬᠢᠵᠢᠬᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
《ᠰᠠᠨᠠᠯ》᠎ᠢ ᠪᠣᠳᠠᠲᠠᠶ᠎ᠳᠤ ᠨᠠᠶ᠋ᠢᠳᠠᠪᠤᠷᠢᠵᠢᠭᠤᠯᠵᠤ᠂ 24 ᠵᠤᠷᠪᠤᠰ ᠪᠣᠳᠠᠲᠠᠶ ᠠᠷᠭ᠎ᠠ ᠬᠡᠮᠵᠢᠶ᠎ᠡ᠎ᠪᠠᠷ ᠣᠶ ᠰᠢᠭᠤᠶ ᠨᠤᠲᠤᠭ ᠪᠡᠯᠴᠢᠭᠡᠷ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ
2023 ᠤᠨ᠎ᠳᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠭᠰᠠᠨ ᠲᠠᠯᠠᠪᠠᠢ ᠵᠠᠭᠤᠨ ᠲᠦᠮᠡᠨ ᠮᠦ᠍ ᠵᠢ ᠳᠠᠪᠠᠪᠠ
《ᠲᠠᠪᠤᠨ ᠶᠡᠬᠡ ᠡᠭᠦᠷᠭᠡ》 ᠵᠢ ᠲᠦᠷᠭᠡᠳᠬᠡᠨ ᠨᠠᠶ᠋ᠢᠳᠠᠪᠤᠷᠢᠵᠢᠭᠤᠯᠵᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠶ᠎ᠠ
ᠲᠦᠯᠦᠭᠡᠯᠡᠭᠴᠢ ᠰᠠᠨ᠎ᠠ᠄ ᠬᠤᠢ ᠭᠤᠣᠯ᠎ᠤᠨ ᠤᠯᠤᠰ᠎ᠤᠨ ᠳᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠠᠬᠢ ᠮᠠᠯᠴᠢᠳ᠎ᠤᠨ ᠠᠰᠢᠭ ᠲᠤᠰᠠ ᠵᠢ ᠪᠠᠲᠤᠯᠠᠪᠠᠯ ᠵᠣᠬᠢᠨ᠎ᠠ
ᠤᠮᠠᠷᠠᠲᠤ ᠵᠢᠨ ᠭᠤᠷᠪᠠᠨ ᠣᠷᠣᠨ᠎ᠤ ᠬᠠᠯᠬᠠᠪᠴᠢ ᠤᠢ ᠵᠢᠨ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ 1800 ᠲᠦᠮᠡᠨ ᠮᠦ᠍ ᠵᠢ ᠳᠠᠪᠠᠪᠠ
 
             蒙ICP备05000248号