ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠰᠣᠷᠪᠣᠯᠵᠢᠯᠠᠭ᠎ᠠ
ᠡᠷᠴᠢ ᠵᠣᠷᠢᠭ ᠵᠶ᠋ᠠᠨ ᠬᠥᠪᠴᠢᠯᠡᠵᠦ ᠬᠥᠭᠵᠢᠯᠲᠡ ᠵᠢᠨ ᠬᠤᠷᠳᠤᠴᠠ᠎ᠪᠠᠨ ᠲᠦᠷᠭᠡᠳᠬᠡᠶ᠎ᠡ
ᠨᠡᠶ᠋ᠢᠲᠡᠯᠡᠭᠰᠡᠨ ᠴᠠᠭ᠄ 2023-04-11

      — ᠥᠪᠡᠷᠲᠡᠭᠡᠨ ᠵᠠᠰᠠᠬᠤ ᠣᠷᠣᠨ᠎ᠤ ᠬᠤᠶᠠᠷ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠭᠤᠷᠪᠠᠨᠲᠠ ᠥᠭᠦᠯᠡᠬᠦ᠎ᠨᠢ

 

      ᠰᠠᠶᠢᠬᠠᠨ ᠲᠡᠭᠦᠰᠦᠭᠰᠡᠨ ᠥᠪᠡᠷᠲᠡᠭᠡᠨ ᠵᠠᠰᠠᠬᠤ ᠣᠷᠣᠨ᠎ᠤ ᠬᠤᠶᠠᠷ ᠬᠤᠷᠠᠯ᠎ᠠᠴᠠ ᠬᠤᠶ᠋ᠢᠰᠢᠳᠠ ᠵᠢᠨ ᠲᠠᠪᠤᠨ ᠵᠢᠯ ᠪᠠ ᠡᠨᠡ ᠵᠢᠯ᠎ᠤᠨ ᠠᠵᠢᠯ᠎ᠢ ᠰᠠᠶ᠋ᠢᠲᠤᠷ ᠬᠢᠬᠦ ᠲᠤᠬᠠᠢ ᠪᠠᠶ᠋ᠢᠷᠢᠯᠠᠭᠤᠯᠤᠯᠲᠠ ᠬᠢᠵᠦ᠂ ᠬᠠᠮᠲᠤ ᠵᠢᠨ ᠲᠠᠨᠢᠯᠲᠠ ᠵᠢ ᠨᠢᠭᠲᠠᠷᠠᠭᠤᠯᠤᠨ᠂ ᠢᠲᠡᠭᠡᠯ᠎ᠢ ᠨᠡᠮᠡᠭᠳᠡᠭᠦᠯᠵᠦ᠂ ᠵᠣᠷᠢᠭ᠎ᠢ ᠬᠥᠪᠴᠢᠯᠡᠪᠡ᠃ ᠵᠢᠷᠤᠭ ᠲᠦᠰᠦᠪ ᠨᠢᠭᠡᠨᠳᠡ ᠲᠤᠳᠤᠷᠬᠠᠢ ᠪᠤᠯᠵᠤ᠂ ᠠᠰᠢᠬᠳᠠᠢ ᠨᠦᠬᠦᠴᠡᠯ᠎ᠢ ᠠᠰᠢᠬᠯᠠᠨ ᠬᠦᠴᠢᠷ᠎ᠢ ᠰᠦᠷᠦᠨ ᠤᠷᠤᠭᠰᠢᠯᠠᠬᠤ ᠴᠠᠭ ᠪᠤᠯᠵᠠᠢ; ᠬᠦᠨᠳᠦ ᠬᠠᠷᠢᠭᠤᠴᠠᠯᠭ᠎ᠠ ᠮᠥᠷᠥᠨ ᠲᠡᠭᠡᠷ᠎ᠠ ᠲᠠᠯᠪᠢᠭᠳᠠᠵᠤ ᠪᠤᠢ᠂ ᠬᠤᠷᠳᠤᠨ ᠮᠤᠷᠢ᠎ᠪᠠᠨ ᠲᠠᠰᠢᠭᠤᠷᠳᠠᠬᠤ ᠴᠢᠬᠤᠯᠠᠲᠠᠢ ᠪᠠᠶ᠋ᠢᠨ᠎ᠠ᠃ ᠥᠪᠡᠷᠲᠡᠭᠡᠨ ᠵᠠᠰᠠᠬᠤ ᠣᠷᠣᠨ᠎ᠤ ᠬᠤᠶᠠᠷ ᠬᠤᠷᠠᠯ᠎ᠠᠴᠠ ᠲᠣᠭᠲᠠᠭ᠋ᠠᠭᠰᠠᠨ ᠡᠯ᠎ᠡ ᠵᠦᠢ᠍ᠯ᠎ᠤᠨ ᠬᠠᠷᠠᠯᠲᠠ ᠡᠭᠦᠷᠭᠡ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ᠎ᠳᠤ᠂ ᠱᠠᠯᠠᠮᠠᠭ᠋ᠠᠶ᠋ᠢᠯᠠᠨ ᠤᠷᠤᠭᠰᠢᠯᠠᠵᠤ ᠭᠠᠪᠰᠢᠭ᠋ᠠᠶ᠋ᠢᠯᠠᠨ ᠨᠡᠬᠡᠵᠤ᠂ ᠬᠦᠬᠡᠬᠡᠵᠤ ᠭᠦᠢ᠍ᠴᠡᠬᠦ ᠢᠳᠡᠭᠡᠯ᠎ᠲᠠᠢ ᠡᠷᠴᠢ ᠵᠣᠷᠢᠭ ᠵᠶ᠋ᠠᠨ ᠬᠥᠪᠴᠢᠯᠡᠨ᠂ ᠴᠠᠭ ᠮᠥᠴᠡ᠎ᠲᠠᠢ ᠤᠷᠤᠯᠳᠤᠨ᠂ ᠥᠷᠯᠥᠭᠡ ᠦᠳᠡᠰᠢ ᠵᠢ ᠲᠡᠮᠡᠴᠡᠨ᠂ ᠬᠠᠷᠠᠯᠲᠠ ᠵᠦᠭ ᠵᠶ᠋ᠠᠨ ᠡᠷᠡᠯᠭᠡᠭᠯᠡᠨ ᠤᠷᠤᠭᠰᠢᠯᠠᠵᠤ᠂ ᠬᠥᠭᠵᠢᠯᠲᠡ ᠵᠢᠨ ᠬᠤᠷᠳᠤᠴᠠ᠎ᠪᠠᠨ ᠲᠦᠷᠭᠡᠳᠭᠡᠵᠦ᠂ ᠲᠥᠯᠥᠪᠵᠢᠭᠦᠯᠭᠡ ᠵᠢᠨ ᠵᠢᠷᠤᠭ᠎ᠢ ᠪᠠᠷᠢᠯᠭ᠎ᠠ ᠵᠢᠨ ᠵᠢᠷᠤᠭ ᠪᠣᠯᠭ᠋ᠠᠨ ᠬᠤᠪᠢᠷᠠᠭᠤᠯᠵᠤ᠂ ᠴᠠᠭ᠎ᠤᠨ ᠬᠦᠰᠦᠨᠦᠭᠲᠦ ᠵᠢ ᠵᠠᠮ᠎ᠤᠨ ᠬᠦᠰᠦᠨᠦᠭᠲᠦ ᠪᠣᠯᠭ᠋ᠠᠨ ᠬᠤᠪᠢᠷᠠᠭᠤᠯᠵᠤ᠂ ᠥᠪᠥᠷ ᠮᠣᠩᠭᠤᠯ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠰᠢᠨ᠎ᠡ ᠳᠠᠪᠠᠯᠲᠠ ᠵᠢ ᠪᠡᠶᠡᠯᠡᠭᠦᠯᠬᠦ ᠵᠢ ᠠᠬᠢᠭᠤᠯᠬᠤ ᠬᠡᠷᠡᠭᠲᠡᠢ᠃

      ᠡᠷᠴᠢ ᠵᠣᠷᠢᠭ ᠵᠶ᠋ᠠᠨ ᠬᠥᠪᠴᠢᠯᠡᠵᠦ᠂ ᠥᠪᠥᠷ ᠮᠣᠩᠭᠤᠯ᠎ᠤᠨ ᠬᠥᠭᠵᠢᠯᠲᠡ ᠵᠢᠨ ᠬᠤᠷᠳᠤᠴᠠ ᠵᠢ ᠲᠦᠷᠭᠡᠳᠭᠡᠬᠦ᠎ᠳᠤ᠂ ᠡᠷᠬᠡᠪᠰᠢ 《ᠬᠦᠯᠢᠶᠡᠵᠦ ᠦᠯᠦ ᠪᠤᠯᠬᠤ》 ᠲᠤᠯᠭ᠋ᠠᠮ ᠪᠤᠳᠤᠯ ᠪᠣᠯᠤᠨ 《ᠤᠳᠠᠭ᠋ᠠᠰᠢᠷᠠᠵᠤ ᠦᠯᠦ ᠪᠤᠯᠬᠤ》 ᠲᠦᠭᠰᠢᠭᠦᠷᠢᠲᠦ ᠪᠤᠳᠤᠯ ᠵᠶ᠋ᠠᠨ ᠴᠢᠩᠭ᠋ᠠᠳᠬᠠᠬᠤ ᠬᠡᠷᠡᠭᠲᠡᠢ᠃ ᠤᠳᠤ ᠰᠢᠨ᠎ᠡ ᠠᠵᠤ ᠦᠢ᠍ᠯᠡᠰ᠂ ᠰᠢᠨ᠎ᠡ ᠮᠡᠷᠭᠡᠵᠢᠯ᠂ ᠰᠢᠨ᠎ᠡ ᠵᠠᠭᠪᠤᠷ᠂ ᠰᠢᠨ᠎ᠡ ᠡᠵᠡᠩᠨᠡᠯᠲᠡ ᠵᠢᠨ ᠬᠡᠯᠪᠡᠷᠢ ᠵᠠᠯᠭ᠋ᠠᠭ᠎ᠠ ᠵᠠᠯᠭ᠋ᠠᠭ᠎ᠠ᠎ᠪᠠᠷ ᠢᠯᠡᠷᠡᠵᠦ᠂ ᠪᠦᠲᠦᠴᠡ ᠵᠢ ᠲᠤᠬᠢᠷᠠᠭᠤᠯᠬᠤ᠂ ᠴᠢᠳᠠᠮᠵᠢ ᠵᠢ ᠬᠤᠪᠢᠷᠠᠭᠤᠯᠬᠤ᠂ ᠶᠠᠰᠤ ᠴᠢᠨᠠᠷ᠎ᠢ ᠳᠡᠭᠡᠭᠰᠢᠯᠡᠭᠦᠯᠬᠦ᠎ᠨᠢ ᠬᠠᠷᠢᠯᠴᠠᠨ ᠬᠡᠯᠬᠢᠶᠡᠷᠡᠯᠳᠤᠵᠦ᠂ ᠲᠦᠷᠦ ᠵᠢᠨ ᠪᠤᠳᠤᠯᠭ᠎ᠠ ᠵᠢ ᠭᠤᠶᠤᠴᠢᠯᠠᠬᠤ᠂ ᠲᠦᠷᠦᠯ ᠵᠦᠢ᠍ᠯ᠎ᠢ ᠡᠷᠢᠯᠬᠢᠯᠡᠬᠦ᠂ ᠠᠷᠠᠯᠵᠢᠶᠠᠴᠢᠨ ᠤᠷᠢᠬᠤ᠎ᠳᠤ ᠴᠤ᠌ ᠲᠡᠷᠡ᠂ ᠡᠰᠡᠬᠦᠯ᠎ᠡ ᠠᠰᠠᠭᠤᠳᠠᠯ᠎ᠢ ᠠᠳᠬᠤᠬᠤ᠂ ᠪᠤᠭᠤᠮᠳᠠ ᠰᠢᠪᠳᠤᠯᠬᠤ᠂ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠎ᠳᠤ ᠴᠦ᠍ ᠲᠡᠷᠡ᠂ ᠭᠠᠭᠴᠠ ᠬᠦ᠌ ᠠᠵᠢᠯ ᠵᠶ᠋ᠠᠨ ᠡᠬᠢᠯᠡᠭᠦᠯᠵᠦ᠂ ᠲᠦᠷᠭᠡᠳᠭᠡᠨ ᠠᠬᠢᠭᠤᠯᠪᠠᠯ ᠰᠠᠶᠢ ᠬᠦᠴᠢᠷ ᠪᠡᠷᠭᠡ ᠵᠢ ᠲᠤᠭᠤᠯᠤᠨ ᠵᠣᠷᠢᠭᠲᠠᠢ ᠳᠠᠪᠠᠵᠤ᠂ ᠬᠦᠬᠡᠬᠡᠨ ᠭᠦᠢ᠍ᠴᠡᠵᠦ ᠴᠢᠳᠠᠨ᠎ᠠ᠃ ᠥᠨᠥᠳᠦᠷ ᠣᠷᠦ᠋ᠢ᠍ᠳᠠᠯ᠎ᠠ ᠬᠡᠰᠡᠨ ᠴᠦ᠍ ᠡᠷᠲᠡ᠎ᠳᠡᠭᠡᠨ ᠲᠤᠭ᠋ᠠᠴᠠᠭᠳᠠᠵᠤ ᠮᠠᠷᠭ᠋ᠠᠰᠢ ᠡᠷᠲᠡᠯᠡᠭᠰᠡᠨ ᠴᠦ᠍ ᠤᠷᠦ᠋ᠢ᠍ᠳᠠᠭᠰᠠᠨ᠎ᠳᠠᠭᠠᠨ ᠲᠤᠭ᠋ᠠᠴᠠᠭᠳᠠᠨ᠎ᠠ᠃ 《ᠲᠦᠷᠭᠡᠨ》 ᠪᠠ 《ᠭᠦᠶᠦᠬᠦ》 ᠵᠢ ᠥᠪᠥᠷ ᠮᠣᠩᠭᠤᠯ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠪᠦᠬᠦ ᠶᠠᠪᠤᠴᠠ᠎ᠳᠤ ᠲᠤᠭᠤᠰᠢᠯᠠᠭᠤᠯᠪᠠᠯ ᠪᠢᠳᠡ ᠳᠠᠷᠪᠠᠭᠤᠯ ᠬᠡᠶ᠋ᠢᠰᠭᠡᠨ ᠦᠷᠢᠰᠦᠯᠳᠦᠨ ᠤᠷᠤᠭᠰᠢᠯᠠᠬᠤ᠂ ᠰᠠᠯᠬᠢ ᠳᠠᠪᠠᠯᠭ᠋ᠠᠨ᠎ᠢ ᠰᠦᠷᠦᠨ ᠤᠷᠤᠭᠰᠢᠯᠠᠬᠤ ᠰᠢᠨ᠎ᠡ ᠤᠷᠤᠯᠳᠤᠭ᠋ᠠᠨ᠎ᠤ ᠵᠠᠮ ᠳᠡᠭᠡᠷ᠎ᠡ ᠬᠤᠷᠳᠤᠴᠠ᠎ᠪᠠᠨ ᠲᠦᠷᠭᠡᠳᠭᠡᠵᠦ᠂ ᠳᠠᠪᠠᠭᠤᠯᠢᠭ ᠵᠶ᠋ᠠᠨ ᠪᠠᠳᠠᠷᠠᠭᠤᠯᠵᠤ ᠴᠢᠳᠠᠨ᠎ᠠ᠃

      ᠡᠷᠴᠢ ᠵᠣᠷᠢᠭ ᠵᠶ᠋ᠠᠨ ᠬᠥᠪᠴᠢᠯᠡᠵᠦ᠂ ᠥᠪᠥᠷ ᠮᠣᠩᠭᠤᠯ᠎ᠤᠨ ᠬᠥᠭᠵᠢᠯᠲᠡ ᠵᠢᠨ ᠬᠤᠷᠳᠤᠴᠠ ᠵᠢ ᠲᠦᠷᠭᠡᠳᠭᠡᠬᠦ᠎ᠳᠤ᠂ ᠡᠷᠬᠡᠪᠰᠢ ᠨᠢᠭᠡ ᠯᠡ ᠠᠮᠢᠰᠬᠤᠭ᠎ᠠ᠎ᠪᠠᠷ ᠬᠢᠵᠦ᠂ ᠪᠦᠬᠦ ᠬᠦᠴᠦᠨ ᠵᠶ᠋ᠠᠷ ᠵᠶ᠋ᠠᠨ ᠴᠢᠷᠮᠠᠶ᠋ᠢᠵᠤ᠂ ᠬᠠᠷᠢᠭᠤᠴᠠᠯᠭ᠎ᠠ ᠡᠭᠦᠷᠭᠡᠯᠡᠬᠦ ᠳᠤᠷ᠎ᠠ ᠦᠭᠡᠢ᠂ ᠵᠢᠳᠭᠦᠯ ᠴᠢᠷᠮᠠᠶ᠋ᠢᠯᠭ᠎ᠠ ᠭᠠᠷᠭ᠋ᠠᠬᠤ ᠲᠤᠷ᠎ᠠ ᠦᠭᠡᠢ ᠬᠤᠶ᠋ᠢᠷᠭᠤ ᠴᠢᠨᠠᠷ᠎ᠢ ᠡᠷᠡᠰ ᠲᠡᠪᠴᠢᠵᠦ᠂ ᠠᠰᠠᠭᠤᠳᠠᠯ ᠪᠠ ᠬᠦᠴᠢᠷᠳᠡᠯ᠎ᠳᠤ ᠲᠤᠯᠭ᠋ᠠᠷᠠᠪᠠᠯ ᠬᠤᠶ᠋ᠢᠰᠢ ᠰᠠᠭᠤᠬᠤ ᠬᠤᠶ᠋ᠢᠷᠭᠤ ᠵᠠᠩ᠎ᠢ ᠡᠷᠡᠰ ᠲᠡᠪᠴᠢᠵᠦ᠂ 《ᠬᠠᠷᠭᠤᠬᠰᠠᠨ ᠲᠠᠶ᠋ᠢᠰᠤᠨ ᠵᠶ᠋ᠠᠨ ᠵᠠᠪᠠᠯ ᠢᠯᠠᠬᠤ》 ᠣᠪᠣᠷ ᠵᠶ᠋ᠠᠷ ᠰᠢᠷᠦᠭᠦᠨ ᠥᠷᠢᠰᠥᠯᠳᠦᠭᠡᠨ᠎ᠳᠤ ᠣᠷᠣᠯᠴᠠᠵᠤ᠂ ᠲᠡᠮᠡᠴᠡᠯ᠎ᠤᠨ ᠡᠷᠴᠢ ᠵᠣᠷᠢᠭ᠂ ᠱᠠᠯᠠᠪᠳᠠᠨ ᠵᠠᠪᠳᠤᠬᠤ ᠠᠶ᠋ᠢᠵᠠᠮ ᠵᠶ᠋ᠠᠷ ᠤᠷᠤᠭᠰᠢᠯᠠᠬᠤ ᠬᠡᠷᠡᠭᠲᠡᠢ᠃ ᠡᠷᠬᠡᠪᠰᠢ ᠪᠣᠳᠠᠲᠠᠢ ᠠᠵᠢᠯᠯᠠᠬᠤ ᠤᠳᠤᠷᠢᠳᠤᠮᠵᠢ ᠵᠢ ᠪᠤᠢ ᠪᠣᠯᠭ᠋ᠠᠵᠤ᠂ ᠬᠤᠷᠳᠤᠴᠠ᠎ᠪᠠᠨ ᠲᠦᠷᠭᠡᠳᠭᠡᠨ ᠦᠷ᠎ᠡ ᠪᠦᠲᠦᠮᠵᠢ᠎ᠪᠠᠨ ᠳᠡᠭᠡᠭᠰᠢᠯᠡᠭᠦᠯᠵᠦ ᠨᠠᠶ᠋ᠢᠳᠠᠪᠤᠷᠢᠵᠢᠭᠤᠯᠤᠯᠲᠠ ᠵᠢ ᠠᠳᠬᠤᠵᠤ᠂ ᠬᠥᠭᠵᠢᠯᠲᠡ᠎ᠪᠠᠷ ᠪᠠᠭ᠋ᠠᠲᠤᠷ᠎ᠢ ᠦᠨᠡᠯᠡᠵᠦ᠂ ᠪᠣᠳᠠᠲᠤ ᠠᠮᠵᠢᠯᠲᠠ᠎ᠪᠠᠷ ᠭᠠᠪᠢᠶ᠎ᠠ ᠤᠰᠤᠯ᠎ᠢ ᠲᠡᠮᠳᠡᠭᠯᠠᠵᠤ᠂ ᠠᠵᠢᠯ ᠬᠢᠬᠦ᠎ᠳᠤ ᠶᠠᠪᠤᠴᠠ ᠵᠢ ᠦᠵᠡᠬᠦ᠎ᠪᠠᠷ ᠪᠠᠷᠠᠬᠤ ᠦᠬᠡᠢ ᠨᠡᠩ ᠴᠤ᠌ ᠦᠷ᠎ᠡ ᠳ᠋ᠦᠩ᠎ᠢ᠎ᠨᠢ ᠦᠵᠡᠬᠦ ᠬᠡᠷᠡᠭᠲᠡᠢ᠂ 《ᠦᠩᠭᠡ ᠵᠢᠨ ᠴᠡᠴᠡᠭ ᠮᠢᠷᠠᠯᠵᠠᠨ ᠲᠡᠯᠭᠡᠷᠡᠭᠡᠳ ᠦᠷ᠎ᠡ ᠵᠢᠮᠢᠰ ᠰᠠᠭᠤᠬᠤ ᠦᠬᠡᠢ》 ᠪᠠᠶ᠋ᠢᠵᠤ ᠪᠣᠯᠬᠤ ᠦᠭᠡᠢ᠃ ᠡᠷᠬᠡᠪᠰᠢ 《ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭ᠋ᠠᠨ》 ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠵᠦ᠂ 《ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠭᠡᠬᠦ》 ᠱᠠᠭ᠋ᠠᠷᠳᠠᠯᠭ᠎ᠠ ᠶᠣᠰᠣᠭ᠋ᠠᠷ᠂ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ᠂ ᠬᠢᠲᠤᠭ᠋ᠠᠨ᠎ᠤ ᠢᠷ᠎ᠢ ᠳᠣᠲᠣᠭᠰᠢ ᠬᠠᠨᠳᠤᠭᠤᠯᠬᠤ ᠰᠥᠰᠥ ᠵᠣᠷᠢᠭ ᠵᠶ᠋ᠠᠷ ᠰᠤᠷᠲᠠᠯ᠎ᠤᠨ ᠬᠡᠮ ᠰᠣᠭᠤᠭ᠎ᠢ ᠳᠠᠷᠤᠶ ᠲᠦᠷᠭᠡᠨ ᠠᠷᠢᠯᠭ᠋ᠠᠵᠤ᠂ ᠪᠥᠬᠦ ᠣᠷᠣᠨ᠎ᠤ ᠳᠡᠭᠡᠷ᠎ᠠ ᠳᠤᠤᠷ᠎ᠠ ᠱᠠᠲᠤᠨ᠎ᠤ ᠠᠵᠢᠯ ᠬᠢᠵᠦ ᠦᠢ᠍ᠯᠡᠰ ᠪᠤᠰᠬᠠᠬᠤ ᠴᠤᠭ ᠰᠦᠯᠳᠡ ᠵᠢ ᠭᠦᠢ᠍ᠴᠡᠳ ᠬᠥᠭᠵᠢᠭᠡᠬᠦ ᠬᠡᠷᠡᠭᠲᠡᠶ᠃

      ᠡᠷᠴᠢ ᠵᠣᠷᠢᠭ ᠵᠶ᠋ᠠᠨ ᠬᠥᠪᠴᠢᠯᠡᠵᠦ᠂ ᠥᠪᠥᠷ ᠮᠣᠩᠭᠤᠯ᠎ᠤᠨ ᠬᠥᠭᠵᠢᠯᠲᠡ ᠵᠢᠨ ᠬᠤᠷᠳᠤᠴᠠ ᠵᠢ ᠲᠦᠷᠭᠡᠳᠭᠡᠬᠦ᠎ᠳᠤ ᠵᠠᠩᠭᠢᠯᠠᠭ᠎ᠠ᠎ᠨᠢ ᠺᠠᠳ᠋ᠷ᠎ᠢ ᠦᠵᠡᠵᠦ᠂ ᠺᠠᠳ᠋ᠷ᠎ᠤᠨ ᠪᠠᠶ᠋ᠢᠳᠠᠯ᠂ ᠡᠷᠴᠢ ᠵᠣᠷᠢᠭ ᠪᠣᠯᠤᠨ ᠰᠤᠷᠲᠠᠯ᠎ᠢ ᠦᠵᠡᠨ᠎ᠡ᠃ ᠵᠣᠷᠢᠭᠲᠠᠢ᠎ᠪᠠᠷ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠪᠡᠯ ᠰᠠᠶᠢ ᠦᠨᠡᠨ ᠬᠠᠷᠢᠭᠤᠴᠠᠯᠭ᠎ᠠ ᠡᠭᠦᠷᠭᠡᠯᠡᠵᠦ ᠴᠢᠳᠠᠨ᠎ᠠ᠂ ᠬᠦᠴᠢᠷ ᠪᠡᠷᠬᠡᠰᠢᠶᠡᠯ᠎ᠤᠨ ᠳᠤᠮᠳᠠ ᠴᠢᠳᠠᠮᠠᠭ᠋ᠠᠢ᠎ᠪᠠᠷ ᠰᠢᠨ᠎ᠡ ᠪᠠᠶ᠋ᠢᠳᠠᠯ᠎ᠢ ᠨᠡᠭᠡᠭᠡᠪᠡᠯ ᠰᠠᠶᠢ ᠠᠮᠵᠢᠯᠲᠠ ᠪᠦᠲᠦᠮᠵᠢ ᠭᠠᠷᠭ᠋ᠠᠵᠤ ᠴᠢᠳᠠᠨ᠎ᠠ᠃ ᠣᠳᠣᠬᠠᠨ᠎ᠳᠤ᠂ ᠮᠠᠨ᠎ᠤ ᠣᠷᠣᠨ᠎ᠤ ᠬᠥᠭᠵᠢᠯᠲᠡ᠎ᠳᠤ ᠪᠠᠰᠠ ᠴᠥᠭᠡᠨ ᠪᠤᠰᠤ ᠪᠡᠷᠬᠡ ᠪᠣᠭᠤᠮᠲᠠ ᠵᠢ ᠲᠤᠭᠤᠯᠬᠤ ᠬᠡᠷᠡᠭᠲᠡᠢ᠂ ᠮᠠᠰᠢ ᠤᠯᠠᠨ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠢ ᠪᠠᠶ᠋ᠢᠨ᠎ᠠ᠃ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠢ ᠶᠡᠬᠡᠰᠭᠡᠵᠦ᠂ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠵᠦ᠂ ᠴᠢᠬᠤᠯᠠ ᠡᠯᠧᠮᠧᠨ᠋ᠲ᠎ᠤᠨ ᠲᠤᠯᠭ᠋ᠠᠭᠤᠷᠢᠯᠠᠯ᠎ᠢ ᠴᠢᠩᠭ᠋ᠠᠳᠬᠠᠵᠤ᠂ ᠬᠥᠭᠵᠢᠯᠲᠡ ᠵᠢᠨ ᠠᠷᠭ᠎ᠠ ᠬᠡᠯᠪᠡᠷᠢ᠎ᠪᠠᠨ ᠬᠤᠪᠢᠷᠠᠭᠤᠯᠵᠤ᠂ ᠠᠶᠤᠯ ᠲᠦᠭᠰᠢᠭᠦᠷᠢ ᠭᠡᠮ ᠰᠣᠭᠤᠭ᠎ᠢ ᠠᠷᠢᠯᠭ᠋ᠠᠬᠤ᠎ᠳᠤ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠪᠣᠳᠠᠲᠠᠢ ᠠᠵᠢᠯᠯᠠᠭ᠎ᠠ ᠠᠪᠬᠤ ᠭᠡᠷᠡᠭᠳᠠᠢ᠃ ᠪᠣᠭᠤᠮᠲᠠ ᠰᠢᠪᠲᠤᠯᠬᠤ ᠵᠠᠩᠭᠢᠯᠠᠭ᠎ᠠ ᠵᠢᠨ ᠱᠠᠲᠤᠨ᠎ᠳᠤ ᠣᠷᠣᠬᠤ ᠲᠤᠳᠤᠮ ᠤᠯᠠᠮ ᠢᠯᠡᠭᠦᠦ ᠦᠷᠭᠦᠯᠵᠢᠯᠡᠨ ᠬᠦᠴᠦᠯᠡᠵᠦ᠂ ᠠᠯᠬᠤᠮ ᠠᠯᠬᠤᠮ ᠵᠶ᠋ᠠᠷ ᠦᠷ᠎ᠠ ᠪᠦᠳᠤᠮᠵᠢ ᠭᠠᠷᠭ᠋ᠠᠬᠤ ᠭᠡᠷᠡᠭᠳᠠᠢ᠃ ᠬᠡᠯᠪᠡᠷᠢ᠎ᠪᠠᠨ ᠬᠤᠪᠢᠷᠠᠭᠤᠯᠤᠨ ᠬᠥᠭᠵᠢᠭᠦᠯᠬᠦ ᠵᠠᠩᠭᠢᠯᠠᠭ᠎ᠠ ᠵᠢᠨ ᠴᠠᠭ ᠦᠶ᠎ᠡ ᠪᠣᠯᠬᠤ ᠲᠤᠳᠤᠮ ᠤᠯᠠᠮ ᠨᠠᠷᠢᠨ ᠬᠢᠨᠠᠮᠠᠭ᠋ᠠᠢ ᠤᠷᠤᠵᠤ ᠬᠠᠲᠠᠭᠤ᠎ᠲᠠᠢ᠎ᠨᠢ ᠬᠠᠯᠳᠠᠵᠤ᠂ ᠬᠦᠴᠢᠷ᠎ᠢ ᠲᠤᠭᠤᠯᠤᠨ ᠪᠡᠷᠬᠡ ᠵᠢ ᠳᠠᠪᠠᠭ᠍ᠤ ᠬᠡᠷᠡᠭᠲᠡᠢ᠃ ᠪᠢᠳᠡ ᠲᠡᠮᠡᠴᠡᠯ᠎ᠤᠨ ᠵᠣᠷᠢᠭ ᠰᠠᠨᠠᠭ᠎ᠠ᠎ᠪᠠᠨ ᠴᠢᠩᠭ᠋ᠠᠳᠬᠠᠵᠤ᠂ 《ᠰᠶ᠋ᠢᠳᠪᠦᠷᠢᠯᠡᠬᠦ ᠰᠡᠳᠭᠢᠬᠦᠢ》᠎ᠪᠠᠨ ᠴᠢᠩᠭ᠋ᠠᠳᠬᠠᠵᠤ᠂ ᠬᠦᠴᠢᠷ ᠪᠡᠷᠬᠡᠰᠢᠶᠡᠯ ᠬᠠᠷᠰᠢ ᠰᠠᠭ᠋ᠠᠳ᠎ᠢ ᠲᠠᠪᠠᠭ᠍ᠤ ᠵᠠᠮ᠎ᠢ ᠵᠣᠷᠢᠭᠲᠠᠢ ᠡᠷᠢᠵᠦ᠂ ᠶᠠᠪᠤᠳᠠᠯ ᠤᠴᠢᠷ᠎ᠢ ᠵᠥᠪᠬᠡᠨ ᠰᠠᠶ᠋ᠢᠲᠤᠷ ᠬᠢᠬᠦ᠎ᠪᠠᠷ ᠠᠷᠭ᠎ᠠ ᠰᠦᠪᠡᠭᠴᠢᠯᠡᠬᠦ᠎ᠠᠴᠠ ᠪᠢᠰᠢ᠂ ᠬᠢᠬᠦ ᠦᠭᠡᠢ ᠪᠠᠶ᠋ᠢᠬᠤ ᠰᠢᠯᠲᠠᠭ ᠡᠷᠢᠵᠤ ᠪᠤᠯᠬᠤ ᠦᠬᠡᠢ᠂ ᠪᠣᠯᠤᠯᠴᠠᠭ᠎ᠠ ᠦᠭᠡᠢ ᠵᠦᠢ᠍ᠯ᠎ᠢ ᠪᠤᠯᠤᠯᠴᠠᠭ᠎ᠠ᠎ᠲᠠᠢ ᠪᠤᠯᠭ᠋ᠠᠬᠤ ᠭᠡᠷᠡᠭᠳᠠᠢ᠃ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠲᠦᠷᠦᠭᠦᠯᠡᠨ ᠬᠢᠵᠦ᠂ ᠲᠦᠷᠦᠭᠦᠯᠡᠨ ᠭᠠᠪᠰᠢᠭ᠋ᠠᠶ᠋ᠢᠯᠠᠵᠤ᠂ ᠤᠳᠤᠷᠢᠳᠬᠤ ᠺᠠᠳ᠋ᠷᠴᠤᠳ ᠮᠠᠩᠯᠠᠶ᠋ᠢᠯᠠᠬᠤ᠎ᠪᠠᠷ ᠪᠦᠬᠦ ᠨᠡᠶ᠋ᠢᠭᠡᠮ᠎ᠤᠨ 《ᠲᠦᠮᠡᠨ ᠠᠬᠳᠠ ᠵᠢᠨ ᠲᠦᠪᠡᠷᠬᠡᠨ》᠎ᠢ ᠳᠠᠶ᠋ᠢᠴᠢᠯᠠᠬᠤ ᠬᠡᠷᠡᠭᠲᠡᠢ᠃

      ᠰᠢᠨ᠎ᠡ ᠠᠶᠠᠨ᠎ᠤ ᠬᠡᠬᠡᠨ ᠰᠠᠷᠠᠭᠤᠯ ᠠᠯᠤᠰ ᠢᠷᠡᠭᠡᠳᠦᠢ ᠬᠥᠮᠦᠰ᠎ᠢ ᠡᠷᠡᠯᠬᠡᠭᠯᠡᠨ ᠤᠷᠤᠭᠰᠢᠯᠠᠭᠤᠯᠵᠤ᠂ ᠣᠳᠣᠬᠢᠴᠢᠯᠠᠯᠲᠠ ᠵᠢᠨ ᠰᠦᠷᠯᠢᠭ ᠰᠠᠶ᠋ᠢᠬᠠᠨ ᠵᠢᠷᠤᠭ ᠲᠥᠰᠦᠪ ᠬᠥᠮᠦᠰ᠎ᠢ ᠤᠷᠮᠠᠰᠢᠭᠤᠯᠤᠨ ᠵᠤᠷᠢᠭᠵᠢᠭᠤᠯᠵᠤ ᠪᠠᠶ᠋ᠢᠨ᠎ᠠ᠃ ᠥᠪᠥᠷ ᠮᠣᠩᠭᠤᠯ᠎ᠢ ᠨᠡᠩ ᠲᠦᠷᠭᠡᠨ ᠨᠡᠩ ᠰᠠᠶ᠋ᠢᠨ ᠬᠥᠭᠵᠢᠭᠦᠯᠦᠶ᠎ᠡ ᠭᠡᠪᠡᠯ ᠳᠥᠭᠦᠮ ᠠᠷᠭ᠎ᠠ ᠭᠡᠵᠦ ᠪᠠᠶ᠋ᠢᠬᠤ ᠦᠭᠡᠢ᠂ ᠭᠠᠭᠴᠠ ᠬᠦ᠌ ᠲᠦᠷᠭᠡᠨ ᠬᠢᠵᠦ ᠶᠡᠭᠡ᠎ᠪᠠᠷ ᠬᠢᠵᠦ᠂ ᠰᠢᠷᠭ᠋ᠠᠭᠤ ᠠᠵᠢᠯᠯᠠᠵᠤ ᠪᠣᠳᠠᠲᠠᠢ ᠬᠢᠬᠦ ᠯᠠ ᠬᠡᠷᠡᠭᠲᠡᠢ᠃ ᠪᠢᠳᠡ ᠮᠣᠩᠭᠤᠯ ᠮᠤᠷᠢᠨ᠎ᠤ ᠵᠣᠷᠢᠭ ᠰᠠᠨᠠᠭ᠎ᠠ ᠵᠢ ᠶᠡᠭᠡ᠎ᠪᠠᠷ ᠪᠠᠳᠠᠷᠠᠭᠤᠯᠵᠤ᠂ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠬᠦᠨᠳᠦ ᠡᠭᠦᠷᠭᠡ ᠵᠢ ᠡᠭᠦᠷᠭᠡᠯᠡᠵᠦ᠂ ᠤᠮᠤᠭ ᠪᠠᠳᠠᠷᠠᠩᠭᠤᠢ ᠡᠷᠡᠯᠬᠡᠭᠯᠡᠨ ᠴᠢᠷᠮᠠᠶ᠋ᠢᠵᠤ᠂ ᠵᠤᠷᠢᠭᠲᠠᠢ ᠤᠷᠤᠭᠰᠢᠯᠠᠵᠤ᠂ ᠨᠡᠩ ᠪᠣᠳᠠᠲᠠᠢ ᠰᠤᠷᠲᠠᠯ ᠵᠶ᠋ᠠᠷ ᠠᠵᠢᠯ ᠬᠢᠵᠦ ᠦᠢ᠍ᠯᠡᠰ ᠪᠦᠳᠦᠭᠡᠵᠦ᠂ ᠥᠪᠥᠷ ᠮᠣᠩᠭᠤᠯ᠎ᠤᠨ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠶᠡᠭᠡ ᠬᠥᠭᠵᠢᠯᠲᠡ᠂ ᠲᠦᠷᠭᠡᠨ ᠬᠥᠭᠵᠢᠯᠲᠡ ᠵᠢ ᠪᠦᠬᠦ ᠬᠦᠴᠦᠨ ᠵᠶ᠋ᠠᠷ ᠠᠬᠢᠭᠤᠯᠵᠤ᠂ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠢ ᠪᠦᠬᠦ ᠤᠯᠤᠰ᠎ᠤᠨ ᠳᠤᠮᠳᠠ ᠲᠦᠪᠰᠢᠨ᠎ᠳᠤ ᠬᠦᠷᠭᠡᠬᠦ ᠬᠠᠷᠠᠯᠲᠠ ᠵᠢ ᠡᠷᠲᠡᠬᠡᠨ ᠪᠡᠶᠡᠯᠡᠭᠦᠯᠬᠦ ᠬᠡᠷᠡᠭᠲᠡᠢ᠃
  

ᠢᠷᠡᠯᠲᠡ᠄ ᠳᠣᠮᠳᠠᠳᠣ ᠣᠯᠣᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠥᠯᠥᠭᠡᠯᠡᠭᠴᠢ ᠶᠧᠰᠢᠭ᠋ᠠᠧᠠ᠄ ᠲᠠᠷᠢᠶᠠᠯᠠᠬᠤ ᠵᠢ ᠵᠣᠭᠰᠣᠭ᠋ᠠᠵᠤ ᠡᠪᠡᠰᠦ ᠪᠡᠯᠴᠢᠭᠡᠷ᠎ᠢ ᠰᠡᠷᠭᠦᠭᠡᠬᠦ᠎ᠨᠢ ᠮᠠᠯᠴᠢᠳ᠎ᠤᠨ ᠦᠢ᠍ᠯᠡᠳᠪᠦᠷᠢᠯᠡᠯ ᠠᠮᠢᠳᠤᠷᠠᠯ᠎ᠳᠤ ᠠᠰᠢᠭᠲᠠᠢ
ᠨᠣᠮᠢᠨ ᠨᠣᠭᠤᠭ᠋ᠠᠨ ᠤᠮᠠᠷᠠᠲᠤ ᠬᠢᠯᠢ ᠵᠢᠨ ᠯᠤᠲᠤ ᠰᠢᠨ᠎ᠡ ᠬᠤᠪᠢᠷᠠᠯᠲᠠ ᠵᠢ ᠪᠤᠶ ᠪᠣᠯᠭ᠋ᠠᠨ᠎ᠠ — ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠥᠪᠥᠷ ᠮᠣᠩᠭᠤᠯ᠎ᠤᠨ ᠬᠠᠷᠢᠭᠤᠯᠲᠠ ᠵᠢᠨ ᠬᠠᠭᠤᠳᠠᠰᠤ ᠵᠢᠨ ᠲᠤᠬᠠᠢ ᠰᠢᠷᠢᠰ ᠮᠡᠳᠡᠭᠡᠯᠡᠯ
ᠴᠦᠯᠯᠡᠷᠭᠡᠭᠵᠢᠯ᠎ᠢ ᠶᠡᠷᠦᠩᠬᠡᠶ᠋ᠢᠯᠡᠨ ᠵᠠᠰᠠᠬᠤ ᠵᠢ ᠴᠢᠩᠭ᠋ᠠᠳᠬᠠᠵᠤ 《ᠠᠯᠠᠱ᠌ᠠ ᠵᠢᠨ ᠵᠠᠭᠪᠤᠷ》᠎ᠤᠨ ᠨᠡᠶ᠋ᠢᠲᠡᠯᠢᠭ ᠲᠤᠷᠰᠢᠯᠭ᠎ᠠ ᠵᠢ ᠪᠤᠢ ᠪᠣᠯᠭ᠋ᠠᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠨᠠᠢ᠍ᠮᠠᠳᠤᠭ᠋ᠠᠷ ᠲᠠᠪᠤᠨ ᠵᠢᠯ᠎ᠤᠨ ᠬᠠᠤᠯᠢ ᠲᠦᠭᠡᠮᠡᠯᠵᠢᠭᠦᠯᠬᠦ ᠠᠵᠢᠯ᠎ᠤᠨ ᠠᠬᠢᠴᠠ》 ᠰᠢᠷᠢᠰ ᠬᠠᠮ ᠵᠠᠭᠤᠴᠢᠯᠠᠭᠤᠷ᠎ᠤᠨ ᠰᠢᠭᠤᠳ ᠨᠡᠪᠲᠡᠷᠡᠭᠦᠯᠭᠡ ᠵᠢᠨ ᠰᠤᠷᠪᠤᠯᠵᠢᠯᠠᠭ᠎ᠠ᠎ᠳᠤ ᠣᠷᠣᠯᠴᠠᠪᠠ
《ᠰᠠᠨᠠᠯ》᠎ᠢ ᠪᠣᠳᠠᠲᠠᠶ᠎ᠳᠤ ᠨᠠᠶ᠋ᠢᠳᠠᠪᠤᠷᠢᠵᠢᠭᠤᠯᠵᠤ᠂ 24 ᠵᠤᠷᠪᠤᠰ ᠪᠣᠳᠠᠲᠠᠶ ᠠᠷᠭ᠎ᠠ ᠬᠡᠮᠵᠢᠶ᠎ᠡ᠎ᠪᠠᠷ ᠣᠶ ᠰᠢᠭᠤᠶ ᠨᠤᠲᠤᠭ ᠪᠡᠯᠴᠢᠭᠡᠷ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ
 
             蒙ICP备05000248号