ᠡᠸᠡᠩᠬᠢ ᠬᠤᠰᠢᠭᠤᠨ᠎ᠤ ᠰᠢᠨᠡᠬᠡᠨ ᠵᠡᠭᠦᠨ ᠰᠤᠮᠤᠨ᠎ᠤ ᠮᠥᠩᠭᠦᠨᠲᠤᠶᠠᠭ᠎ᠠ ᠭᠠᠴᠠᠭ᠎ᠠ᠎ᠠᠴᠠ ᠢᠷᠡᠭᠰᠡᠨ ᠮᠠᠯᠴᠢᠨ ᠲᠥᠯᠥᠭᠡᠯᠡᠭᠴᠢ ᠶᠧᠰᠢᠭ᠋ᠠᠧᠠ ᠬᠤᠲᠠ ᠵᠢᠨ 《ᠬᠤᠶᠠᠷ ᠬᠤᠷᠠᠯ》᠎ᠳᠤ ᠭᠠᠴᠠᠭ᠋ᠠᠨ᠎ᠤ᠎ᠪᠠᠨ ᠮᠠᠯᠴᠢᠳ᠎ᠤᠨ ᠬᠠᠯᠠᠮᠵᠢᠯᠠᠵᠤ ᠪᠠᠶ᠋ᠢᠭ᠎ᠠ ᠪᠣᠳᠠᠲᠠᠢ ᠠᠰᠠᠭᠤᠳᠠᠯ᠎ᠢ ᠲᠤᠰᠬᠠᠵᠤ᠂ ᠮᠠᠯᠴᠢᠳ᠎ᠤᠨ ᠵᠶ᠋ᠠᠨ ᠡᠮᠦᠨ᠎ᠡ᠎ᠠᠴᠠ ᠨᠠᠮ ᠵᠠᠰᠠᠭ᠎ᠲᠠᠭᠠᠨ ᠦᠨᠡᠨ ᠦᠭᠡ ᠶᠠᠷᠢᠵᠤ᠂ ᠤᠯᠠᠨ ᠲᠦᠮᠡᠨ᠎ᠳᠡᠭᠡᠨ ᠦᠨᠡᠨᠴᠢ᠎ᠪᠠᠷ ᠦᠢ᠍ᠯᠡᠴᠢᠯᠡᠬᠦ ᠵᠢ ᠬᠢᠴᠢᠶᠡᠵᠦ ᠶᠠᠪᠤᠨ᠎ᠠ᠃

ᠲᠥᠯᠥᠭᠡᠯᠡᠭᠴᠢ ᠶᠧᠰᠢᠭ᠋ᠠᠧᠠ᠂ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠠᠬᠢ 《ᠲᠥᠷᠥᠯ ᠵᠦᠢ᠍ᠯ᠎ᠤᠨ ᠪᠡᠯᠡ ᠣᠷᠣᠭᠤᠯᠤᠯᠲᠠ ᠵᠢ ᠥᠷᠭᠡᠳᠬᠡᠬᠦ ᠵᠢ ᠴᠢᠩᠭ᠎ᠠ ᠠᠳᠬᠤᠵᠤ᠂ ᠲᠥᠷᠥᠯ ᠵᠦᠢ᠍ᠯ᠎ᠢ ᠲᠥᠯᠥᠪᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ᠂ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠵᠡᠷᠭᠡ ᠠᠵᠤ ᠦᠢ᠍ᠯᠡᠰ᠎ᠤᠨ ᠲᠥᠷᠥᠯ᠎ᠤᠨ ᠲᠥᠷᠥᠯ ᠵᠦᠢ᠍ᠯ᠎ᠢ ᠭᠤᠣᠯᠳᠠᠯᠭ᠎ᠠ᠎ᠲᠠᠢ ᠰᠦᠪᠡᠭᠴᠢᠯᠡᠵᠦ᠂ ᠨᠠᠩ ᠣᠯᠠᠨ ᠲᠣᠮᠣ ᠲᠥᠷᠥᠯ ᠵᠦᠢ᠍ᠯ ᠰᠢᠯᠢᠳᠡᠭ ᠲᠥᠷᠥᠯ ᠵᠦᠢ᠍ᠯ᠎ᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠤ ᠣᠷᠣᠭᠤᠯᠬᠤ》᠂ 《ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠶᠠᠰᠤ ᠴᠢᠨᠠᠷ᠎ᠢ ᠨᠡᠮᠡᠭᠳᠡᠭᠦᠯᠵᠦ ᠬᠠᠩᠭ᠋ᠠᠯᠭ᠎ᠠ ᠵᠢ ᠨᠠᠩ ᠲᠡᠭᠦᠯᠳᠡᠷᠵᠢᠭᠦᠯᠬᠦ ᠵᠢ ᠠᠬᠢᠭᠤᠯᠬᠤ》᠂ 《ᠡᠪᠡᠰᠦᠨ᠎ᠤ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠲᠦᠷᠭᠡᠨ ᠠᠬᠢᠭᠤᠯᠵᠤ᠂ ᠲᠡᠵᠢᠭᠡᠯ ᠡᠪᠡᠰᠦ ᠲᠠᠷᠢᠬᠤ᠂ ᠡᠪᠡᠰᠦ ᠪᠡᠯᠴᠢᠭᠡᠷ᠎ᠢ ᠰᠡᠷᠭᠦᠭᠡᠨ ᠵᠠᠰᠠᠵᠤ᠂ ᠣᠳᠣᠬᠢᠴᠢᠯᠠᠭᠰᠠᠨ ᠡᠪᠡᠰᠦᠨ᠎ᠤ ᠠᠵᠤ ᠦᠢ᠍ᠯᠡᠰ᠎ᠤᠨ ᠠᠵᠤ ᠠᠬᠤᠶ᠋ᠢᠯᠠᠯ᠎ᠢ ᠣᠷᠣᠭᠤᠯᠬᠤ》 ᠵᠡᠷᠭᠡ ᠮᠠᠯᠴᠢᠳ᠎ᠤᠨ ᠠᠮᠢᠳᠤᠷᠠᠯ ᠦᠢ᠍ᠯᠡᠳᠪᠦᠷᠢᠯᠡᠯ᠎ᠲᠠᠢ ᠬᠤᠯᠪᠣᠭᠳᠠᠭᠰᠠᠨ ᠠᠵᠢᠯ᠎ᠤᠨ ᠲᠣᠬᠢᠷᠠᠭᠤᠯᠤᠯᠲᠠ ᠵᠢ ᠰᠣᠨᠣᠰᠤᠭ᠋ᠠᠳ ᠶᠡᠭᠡ ᠯᠡ ᠤᠷᠮ᠎ᠠ᠎ᠲᠠᠢ ᠪᠠᠶ᠋ᠢᠯ᠎ᠠ᠃
ᠲᠡᠷᠡᠪᠡᠷ ᠡᠨᠡ ᠵᠢᠯ 《ᠬᠤᠶᠠᠷ ᠬᠤᠷᠠᠯ》᠎ᠳᠤ 《ᠲᠠᠷᠢᠶᠠᠯᠠᠬᠤ ᠵᠢ ᠵᠣᠭᠰᠣᠭ᠋ᠠᠵᠤ ᠡᠪᠡᠰᠦ ᠪᠡᠯᠴᠢᠭᠡᠷ᠎ᠢ ᠰᠡᠷᠭᠦᠭᠡᠬᠦ》᠂ 《ᠡᠪᠡᠰᠦ ᠲᠠᠷᠢᠬᠤ ᠲᠦᠷᠦᠯ ᠵᠦᠢ᠍ᠯ ᠵᠶ᠋ᠠᠷ ᠭᠠᠴᠠᠭ᠋ᠠᠨ᠎ᠤ ᠬᠠᠮᠲᠤ ᠵᠢᠨ ᠠᠵᠤ ᠠᠬᠤᠢ᠎ᠳᠤ ᠠᠰᠢᠭ ᠡᠭᠦᠳᠭᠦ》᠂ 《ᠭᠠᠴᠠᠭ᠋ᠠᠨ᠎ᠤ ᠬᠠᠮᠲᠤ ᠵᠢᠨ ᠠᠵᠤ ᠠᠬᠤᠢ ᠵᠢᠨ ᠦᠬᠡᠷ ᠬᠤᠨᠢᠨ᠎ᠤ ᠲᠦᠷᠦᠯ ᠵᠦᠢ᠍ᠯ᠎ᠢ ᠨᠠᠶ᠋ᠢᠳᠠᠪᠤᠷᠢᠵᠢᠭᠤᠯᠵᠤ᠂ ᠬᠠᠮᠲᠤ ᠵᠢᠨ ᠠᠵᠤ ᠠᠬᠤᠢ ᠵᠢ ᠤᠯᠠᠮ ᠬᠥᠭᠵᠢᠭᠦᠯᠵᠦ᠂ ᠮᠠᠯᠴᠢᠳ᠎ᠤᠨ ᠬᠠᠮᠲᠤ᠎ᠪᠠᠷ ᠪᠠᠶᠠᠵᠢᠬᠤ᠎ᠳᠤ ᠪᠠᠲᠤ ᠰᠠᠭᠤᠷᠢ ᠲᠠᠯᠪᠢᠬᠤ ᠬᠡᠷᠡᠭᠲᠡᠢ》 ᠭᠡᠬᠦ ᠰᠠᠨᠠᠯ ᠵᠥᠪᠯᠡᠯᠭᠡ᠎ᠪᠠᠨ ᠳᠡᠪᠰᠢᠭᠦᠯᠪᠡ᠃
ᠣᠷᠴᠢᠮ᠎ᠤᠨ ᠵᠢᠯ᠎ᠠᠴᠠ ᠪᠦᠭᠦ ᠬᠤᠲᠠ ᠵᠢᠨ ᠬᠡᠪᠴᠢᠶᠡᠨ᠎ᠳᠤ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠢ ᠡᠪᠡᠰᠦ ᠪᠡᠯᠴᠢᠭᠡᠷ᠎ᠢ ᠰᠡᠷᠭᠦᠭᠡᠬᠦ ᠠᠵᠢᠯ ᠶᠠᠪᠤᠭᠳᠠᠵᠤ᠂ ᠡᠸᠡᠩᠬᠢ ᠬᠤᠰᠢᠭᠤᠨ᠎ᠤ ᠰᠢᠨᠡᠬᠡᠨ ᠵᠡᠭᠦᠨ ᠰᠤᠮᠤ ᠵᠢᠨ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠢ ᠡᠪᠡᠰᠦ ᠪᠡᠯᠴᠢᠭᠡᠷ᠎ᠢ ᠰᠡᠷᠭᠦᠭᠡᠭᠰᠡᠨ ᠲᠠᠯᠠᠪᠠᠢ 40 ᠲᠦᠮᠡᠨ ᠮᠦ᠍᠎ᠠᠴᠠ ᠳᠡᠭᠡᠭᠰᠢ ᠬᠦᠷᠴᠦ᠂ ᠡᠭᠦᠨ᠎ᠤ ᠳᠣᠲᠣᠷᠠᠬᠢ ᠬᠡᠰᠡᠭ ᠭᠠᠵᠠᠷ᠎ᠨᠢ ᠨᠢᠭᠡᠨᠲᠡ ᠠᠲᠠᠷᠰᠢᠵᠤ ᠲᠠᠴᠢᠷᠳᠠᠨ ᠠᠰᠢᠭᠯᠠᠵᠤ ᠲᠡᠶ᠋ᠢᠯᠭᠦ ᠦᠭᠡᠢ ᠪᠠᠶ᠋ᠢᠬᠤ ᠠᠰᠠᠭᠤᠳᠠᠯ᠎ᠳᠤ ᠴᠢᠭᠯᠡᠭᠦᠯᠦᠨ ᠲᠥᠯᠥᠭᠡᠯᠡᠭᠴᠢ ᠶᠧᠰᠢᠭ᠋ᠠᠧᠠ᠄ 《ᠭᠠᠴᠠᠭ᠋ᠠᠨ᠎ᠤ ᠨᠠᠶ᠋ᠢᠲᠠ ᠵᠢᠨ ᠨᠤᠲᠤᠭ᠎ᠲᠤ ᠲᠠᠷᠢᠶᠠᠯᠠᠬᠤ ᠵᠢ ᠵᠣᠭᠰᠣᠭ᠋ᠠᠵᠤ᠂ ᠬᠠᠷᠢᠨ ᠴᠢᠨᠠᠷ ᠰᠠᠶ᠋ᠢᠲᠠᠢ ᠡᠪᠡᠰᠦ ᠲᠠᠷᠢᠪᠠᠯ ᠡᠪᠳᠡᠭᠳᠡᠭᠰᠡᠨ ᠡᠪᠡᠰᠦ ᠪᠡᠯᠴᠢᠭᠡᠷ᠎ᠢ ᠰᠡᠷᠭᠦᠭᠡᠵᠦ ᠴᠢᠳᠠᠬᠤ᠎ᠪᠠᠷ ᠪᠠᠷᠠᠬᠤ ᠦᠭᠡᠢ ᠭᠠᠴᠠᠭ᠋ᠠᠨ᠎ᠤ᠎ᠪᠠᠨ ᠬᠠᠮᠲᠤ ᠵᠢᠨ ᠠᠵᠤ ᠠᠬᠤᠢ ᠵᠢᠨ ᠦᠬᠡᠷ ᠬᠤᠨᠢᠨ᠎ᠤ ᠡᠪᠡᠰᠦ ᠪᠣᠷᠳᠣᠭ᠋ᠠᠨ᠎ᠤ ᠪᠠᠲᠤᠯᠠᠭ᠎ᠠ ᠵᠢ ᠭᠦᠢ᠍ᠴᠡᠳ ᠬᠠᠩᠭ᠋ᠠᠵᠤ᠂ ᠴᠢᠨᠠᠭᠰᠢᠯᠠᠨ ᠮᠠᠯᠴᠢᠳ ᠤᠯᠠᠨ ᠠᠰᠢᠭ᠎ᠢ᠎ᠨᠢ ᠬᠦᠷᠲᠡᠵᠦ ᠴᠢᠳᠠᠬᠤ ᠪᠣᠯᠣᠨ᠎ᠠ᠂ ᠨᠡᠩ ᠴᠢᠨᠠᠭᠰᠢᠯᠠᠨ ᠭᠠᠴᠠᠭ᠋ᠠᠨ᠎ᠤ ᠬᠠᠮᠲᠤ ᠵᠢᠨ ᠠᠵᠤ ᠠᠬᠤᠢ ᠵᠢᠨ ᠦᠬᠡᠷ ᠬᠤᠨᠢᠨ᠎ᠤ ᠲᠦᠷᠦᠯ ᠵᠦᠢ᠍ᠯ᠎ᠢ ᠨᠠᠶ᠋ᠢᠳᠠᠪᠤᠷᠢᠵᠢᠭᠤᠯᠪᠠᠯ ᠮᠠᠯᠴᠢᠳ᠎ᠤᠨ ᠠᠰᠢᠭ ᠤᠷᠤᠯᠭ᠎ᠠ ᠴᠦ᠍ ᠨᠡᠩ ᠢᠯᠡᠭᠦᠦ ᠨᠡᠮᠡᠭᠳᠡᠬᠦ ᠪᠣᠯᠣᠨ᠎ᠠ》 ᠭᠡᠵᠦ ᠰᠤᠷᠪᠤᠯᠵᠢᠯᠠᠬ᠍ᠴᠢ᠎ᠳᠤ ᠶᠠᠷᠢᠯ᠎ᠠ᠃
ᠰᠣᠷᠪᠤᠯᠵᠢᠯᠠᠭ᠎ᠠ ᠥᠨᠳᠥᠷᠯᠡᠬᠦ᠎ᠪᠠᠷ᠂ ᠲᠥᠯᠥᠭᠡᠯᠡᠭᠴᠢ ᠶᠧᠰᠢᠭ᠋ᠠᠧᠠ ᠪᠠᠰᠠ ᠨᠤᠮ᠎ᠤᠨ ᠰᠣᠬᠤᠷ᠎ᠤᠨ ᠨᠤᠲᠤᠭ ᠪᠡᠯᠴᠢᠭᠡᠷ᠎ᠢ ᠶᠡᠬᠡᠪᠡᠷ ᠡᠪᠳᠡᠵᠦ ᠪᠠᠶ᠋ᠢᠭ᠎ᠠ ᠪᠠᠶ᠋ᠢᠳᠠᠯ᠎ᠤᠨ ᠲᠤᠬᠠᠢ ᠰᠠᠨᠠᠭ᠋ᠠᠰᠢᠷᠠᠵᠤ ᠪᠠᠶ᠋ᠢᠭ᠎ᠠ᠎ᠪᠠᠨ ᠰᠤᠷᠪᠤᠯᠵᠢᠯᠠᠬ᠍ᠴᠢ᠎ᠳᠤ ᠴᠤᠬᠤᠶ᠋ᠢᠯᠭ᠋ᠠᠪᠠ᠃
ᠦᠨᠳᠦᠰᠦᠨ ᠱᠠᠲᠤᠨ᠎ᠤ ᠲᠥᠯᠥᠭᠡᠯᠡᠭᠴᠢ ᠪᠣᠯᠤᠭᠰᠠᠨ ᠶᠧᠰᠢᠭ᠋ᠠᠧᠠ 《ᠬᠤᠶᠠᠷ ᠬᠤᠷᠠᠯ》᠎ᠤᠨ ᠲᠠᠷᠠᠭ᠎ᠠ ᠳᠠᠷᠤᠶ᠋ᠢᠬᠠᠨ ᠭᠠᠴᠠᠭ᠋ᠠᠨ᠎ᠤ᠎ᠪᠠᠨ ᠤᠯᠠᠨ ᠲᠦᠮᠡᠨ᠎ᠳᠤ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠭᠦᠷᠭᠡᠭᠦ᠎ᠪᠠᠷ ᠪᠡᠯᠡᠬᠡᠨ ᠪᠠᠶ᠋ᠢᠨ᠎ᠠ᠃