ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠰᠣᠷᠪᠣᠯᠵᠢᠯᠠᠭ᠎ᠠ
ᠨᠣᠮᠢᠨ ᠨᠣᠭᠤᠭ᠋ᠠᠨ ᠤᠮᠠᠷᠠᠲᠤ ᠬᠢᠯᠢ ᠵᠢᠨ ᠯᠤᠲᠤ ᠰᠢᠨ᠎ᠡ ᠬᠤᠪᠢᠷᠠᠯᠲᠠ ᠵᠢ ᠪᠤᠶ ᠪᠣᠯᠭ᠋ᠠᠨ᠎ᠠ — ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠥᠪᠥᠷ ᠮᠣᠩᠭᠤᠯ᠎ᠤᠨ ᠬᠠᠷᠢᠭᠤᠯᠲᠠ ᠵᠢᠨ ᠬᠠᠭᠤᠳᠠᠰᠤ ᠵᠢᠨ ᠲᠤᠬᠠᠢ ᠰᠢᠷᠢᠰ ᠮᠡᠳᠡᠭᠡᠯᠡᠯ
ᠨᠡᠶ᠋ᠢᠲᠡᠯᠡᠭᠰᠡᠨ ᠴᠠᠭ᠄ 2023-06-12

      ᠭᠤᠣᠯ ᠰᠠᠨᠠᠭᠤᠯᠤᠮᠵᠢ

      ● 2023 ᠣᠨ᠎ᠤ 6 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠭᠤᠷᠪᠠᠳᠠᠭᠢ ᠤᠳᠠᠭ᠎ᠠ ᠥᠪᠥᠷ ᠮᠣᠩᠭᠤᠯ᠎ᠳᠤ ᠰᠢᠨᠵᠢᠯᠡᠨ ᠪᠠᠶ᠋ᠢᠴᠠᠭ᠋ᠠᠪᠠ᠃6 ᠰᠠᠷ᠎ᠠ ᠵᠢᠨ 5᠎ᠠᠴᠠ 6᠎ᠤ ᠡᠳᠦᠷ ᠪᠤᠯᠲᠠᠯ᠎ᠠ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠤᠯ᠎ᠤᠨ ᠪᠠᠶᠠᠨᠨᠠᠭᠤᠷ᠎ᠲᠤ ᠰᠢᠨᠵᠢᠯᠡᠨ ᠪᠠᠶ᠋ᠢᠴᠠᠭ᠋ᠠᠭᠰᠠᠨ ᠪᠥᠭᠡᠳ ᠴᠦᠯᠯᠡᠷᠭᠡᠭᠵᠢᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠬᠤ ᠪᠠ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠤᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ᠂ ᠴᠦᠯᠯᠡᠷᠭᠡᠭᠵᠢᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠵᠤ᠂ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠤᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠬᠤ᠎ᠨᠢ ᠮᠠᠨ᠎ᠤ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠎ᠲᠠᠢ ᠬᠤᠯᠪᠣᠭᠳᠠᠵᠤ᠂ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠎ᠲᠠᠢ ᠬᠤᠯᠪᠣᠭᠳᠠᠵᠤ᠂ ᠳᠤᠮᠳᠠᠳᠤ ᠵᠢᠨ ᠦᠨᠳᠦᠰᠦᠲᠡᠨ᠎ᠤ ᠡᠭᠦᠷᠢᠳᠡ ᠵᠢᠨ ᠦᠷᠭᠦᠯᠵᠢᠯᠡᠬᠦ ᠬᠥᠭᠵᠢᠯᠲᠡ᠎ᠲᠠᠢ ᠬᠤᠯᠪᠣᠭᠳᠠᠵᠤ᠂ ᠤᠳᠤ ᠦᠶ᠎ᠡ᠎ᠳᠤ ᠭᠠᠪᠢᠶ᠎ᠠ ᠪᠠᠶ᠋ᠢᠭᠤᠯᠵᠤ᠂ ᠮᠢᠩᠭ᠋ᠠᠨ ᠭᠠᠯᠪᠠ᠎ᠳᠤ ᠠᠰᠢᠭ ᠭᠦᠷᠲᠡᠭᠦ ᠡᠷᠬᠢᠮ ᠳᠡᠭᠡᠳᠦ ᠦᠢ᠍ᠯᠡᠰ ᠪᠣᠯᠣᠨ᠎ᠠ᠃ ᠡᠭᠦᠷᠭᠡ ᠬᠠᠷᠢᠭᠤᠴᠠᠯᠭ᠎ᠠ᠎ᠪᠠᠨ ᠵᠣᠷᠢᠭᠲᠠᠢ ᠡᠭᠦᠷᠭᠡᠯᠡᠵᠦ᠂ ᠬᠦᠴᠢᠷ ᠪᠡᠷᠬᠡᠰᠢᠶᠡᠯ᠎ᠠᠴᠠ ᠥᠯᠥ ᠬᠠᠯᠠᠰᠢᠷᠠᠵᠤ᠂ ᠤᠳᠠᠭ᠋ᠠᠨ ᠳᠠᠭ᠋ᠠᠭ᠋ᠠᠮᠠᠭ᠋ᠠᠢ ᠵᠢᠳᠬᠦᠨ ᠴᠢᠷᠮᠠᠶ᠋ᠢᠵᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠭᠰᠠᠨ ᠰᠢᠨ᠎ᠡ ᠭᠠᠶ᠋ᠢᠬᠠᠮᠰᠢᠭ᠎ᠢ ᠴᠢᠷᠮᠠᠶ᠋ᠢᠨ ᠡᠭᠦᠳᠴᠦ᠂ ᠡᠬᠡ ᠤᠯᠤᠰ᠎ᠤᠨ ᠤᠮᠠᠷᠠᠲᠤ ᠵᠢᠨ ᠡᠨᠡ ᠬᠦ᠌ ᠲᠦᠮᠡᠨ ᠭᠠᠵᠠᠷ᠎ᠤᠨ ᠨᠣᠮᠢᠨ ᠨᠣᠭᠤᠭ᠋ᠠᠨ ᠬᠠᠯᠬᠠᠪᠴᠢ ᠵᠢ ᠨᠡᠩ ᠪᠠᠲᠤ ᠪᠠᠬᠢ ᠴᠣᠭᠴᠠᠯᠠᠵᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ ᠲᠠᠯ᠎ᠠ᠎ᠪᠠᠷ ᠨᠡᠩ ᠶᠡᠭᠡ ᠠᠮᠵᠢᠯᠲᠠ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃

      ● 2018 ᠣᠨ᠎ᠤ ᠪᠦᠭᠦ ᠤᠯᠤᠰ᠎ᠤᠨ ᠬᠤᠶᠠᠷ ᠬᠤᠷᠠᠯ᠎ᠤᠨ ᠬᠤᠭᠤᠴᠠᠭ᠋ᠠᠨ᠎ᠳᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠬᠦ᠎ᠳᠤ ᠣᠷᠤᠯᠴᠠᠬᠤ᠎ᠳᠠᠭᠠᠨ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ᠎ᠤᠨ ᠵᠠᠰᠠᠯᠲᠠ ᠵᠢ ᠨᠢᠭᠡᠳᠦᠯᠲᠡᠢ ᠲᠥᠯᠥᠪᠵᠢᠭᠦᠯᠦᠨ᠂ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠡᠬᠢ ᠵᠢ ᠵᠠᠰᠠᠬᠤ᠂ 《ᠤᠮᠠᠷᠠᠲᠤ ᠵᠢᠨ ᠭᠤᠷᠪᠠᠨ ᠣᠷᠣᠨ》᠎ᠤ ᠬᠠᠯᠬᠠᠪᠴᠢ ᠣᠶ ᠵᠢᠨ ᠪᠦᠲᠦᠭᠡᠨ ᠪᠠᠶ᠋ᠢᠭᠤᠯᠤᠯᠲᠠ᠂ ᠪᠠᠶ᠋ᠢᠭ᠋ᠠᠯᠢ ᠵᠢᠨ ᠤᠢ ᠵᠢᠨ ᠬᠠᠮᠠᠭ᠋ᠠᠯᠠᠯᠲᠠ᠂ ᠲᠠᠷᠢᠶᠠᠯᠠᠬᠤ ᠵᠢ ᠵᠣᠭᠰᠣᠭ᠋ᠠᠵᠤ ᠣᠶ᠋ᠢᠵᠢᠭᠤᠯᠬᠤ᠂ ᠪᠡᠯᠴᠢᠭᠡᠷᠯᠡᠭᠦᠯᠬᠦ ᠵᠢ ᠵᠣᠭᠰᠣᠭ᠋ᠠᠵᠤ ᠪᠡᠯᠴᠢᠭᠡᠷ᠎ᠢ ᠰᠡᠷᠭᠦᠭᠡᠬᠦ᠂ ᠬᠥᠷᠥᠰᠥ ᠰᠢᠷᠣᠢ ᠵᠢ ᠬᠠᠮᠠᠭ᠋ᠠᠯᠠᠬᠤ ᠵᠡᠷᠭᠡ ᠭᠤᠣᠯᠳᠠᠯᠭ᠎ᠠ᠎ᠲᠠᠢ ᠢᠨᠵᠧᠨᠧᠷᠢᠩ᠎ᠢ ᠨᠠᠷᠢᠨ ᠨᠢᠮᠪᠠᠢ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠂ ᠮᠠᠯ ᠪᠡᠯᠴᠢᠭᠡᠷ᠎ᠤᠨ ᠲᠡᠩᠴᠡᠭᠦᠷᠢ ᠵᠢ ᠪᠠᠲᠤᠯᠠᠬᠤ᠂ ᠪᠡᠯᠴᠢᠭᠡᠷᠯᠡᠭᠦᠯᠬᠦ ᠵᠢ ᠵᠣᠭᠰᠣᠭ᠋ᠠᠵᠤ ᠰᠡᠯᠭᠦᠨ ᠮᠠᠯᠵᠢᠬᠤ ᠵᠡᠷᠭᠡ ᠳᠦᠷᠢᠮ᠎ᠢ ᠰᠠᠶ᠋ᠢᠲᠤᠷ ᠬᠡᠷᠡᠭᠵᠢᠭᠦᠯᠵᠦ᠂ ᠬᠥᠯᠥᠨ ᠨᠠᠭᠤᠷ᠂ ᠤᠯᠠᠭ᠋ᠠᠨᠰᠤᠬᠠᠢ᠂ ᠲᠠᠭ᠎ᠠ ᠵᠢᠨ ᠨᠠᠭᠤᠷ ᠵᠡᠷᠭᠡ ᠤᠰᠤᠨ᠎ᠤ ᠠᠮᠢ ᠠᠬᠤᠢ ᠵᠢᠨ ᠶᠡᠷᠦᠩᠬᠡᠶ᠋ᠢᠯᠡᠭᠰᠡᠨ ᠵᠠᠰᠠᠯᠲᠠ ᠵᠢ ᠲᠦᠷᠭᠡᠳᠬᠡᠵᠦ᠂ ᠴᠦᠯᠯᠡᠷᠭᠡᠭᠵᠢᠯ᠎ᠢ ᠵᠠᠰᠠᠬᠤ ᠪᠠ ᠨᠤᠭᠤ ᠭᠠᠵᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠨ᠂ ᠠᠭ᠋ᠠᠷ ᠮᠠᠨᠳᠠᠯ᠂ ᠤᠰᠤ᠂ ᠬᠥᠷᠥᠰᠥᠨ᠎ᠤ ᠪᠣᠬᠢᠷᠳᠤᠯ᠎ᠢ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠵᠤ᠂ ᠡᠬᠡ ᠤᠯᠤᠰ᠎ᠤᠨ ᠤᠮᠠᠷᠠᠲᠤ ᠬᠢᠯᠢ᠎ᠳᠤ ᠲᠦᠮᠡᠨ ᠭᠠᠵᠠᠷ᠎ᠤᠨ ᠨᠣᠮᠢᠨ ᠨᠣᠭᠤᠭ᠋ᠠᠨ 《ᠤᠷᠲᠤ ᠴᠠᠭ᠋ᠠᠨ ᠬᠡᠷᠡᠮ》᠎ᠢ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

      ● 2019 ᠣᠨ᠎ᠳᠤ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠤᠯ᠎ᠳᠤ ᠰᠢᠨᠵᠢᠯᠡᠨ ᠪᠠᠶ᠋ᠢᠴᠠᠭ᠋ᠠᠬᠤ ᠵᠢᠨ ᠬᠠᠮᠲᠤ 《ᠤᠭ ᠰᠠᠨᠠᠭ᠎ᠠ᠎ᠪᠠᠨ ᠥᠯᠥ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠤᠣᠯ ᠰᠡᠳᠦᠪᠲᠦ ᠬᠥᠮᠦᠵᠢᠯ᠎ᠢ ᠵᠢᠯᠣᠭᠤᠳᠤᠨ ᠥᠷᠨᠢᠭᠦᠯᠬᠦ᠎ᠳᠡᠭᠡᠨ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠵᠢ ᠪᠠᠷᠢᠮᠲᠠᠯᠠᠵᠤ᠂ ᠲᠥᠪᠯᠡᠷᠡᠭᠦᠯᠦᠨ ᠡᠷᠴᠢᠮᠵᠢᠭᠦᠯᠬᠦ ᠲᠠᠯ᠎ᠠ᠎ᠪᠠᠷ ᠭᠠᠷᠬᠤ ᠵᠠᠮ ᠡᠷᠢᠵᠦ᠂ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠭᠠᠵᠠᠷ ᠰᠢᠷᠣᠢ ᠵᠢᠨ ᠡᠯᠡᠰᠦᠷᠬᠡᠭᠵᠢᠯ ᠴᠦᠯᠯᠡᠷᠭᠡᠭᠵᠢᠯ᠎ᠢ ᠰᠡᠷᠭᠡᠶ᠋ᠢᠯᠡᠨ ᠵᠠᠰᠠᠬᠤ ᠠᠵᠢᠯ᠎ᠢ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠤᠷᠢᠨ᠎ᠢ ᠰᠠᠶ᠋ᠢᠲᠤᠷ ᠬᠠᠮᠠᠭ᠋ᠠᠯᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠪᠠᠬᠢ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

      ● 2021 ᠣᠨ᠎ᠤ ᠪᠦᠭᠦ ᠤᠯᠤᠰ᠎ᠤᠨ ᠬᠤᠶᠠᠷ ᠬᠤᠷᠠᠯ᠎ᠤᠨ ᠬᠤᠭᠤᠴᠠᠭ᠋ᠠᠨ᠎ᠳᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠬᠦ᠎ᠳᠤ ᠣᠷᠤᠯᠴᠠᠬᠤ᠎ᠳᠠᠭᠠᠨ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠦᠨ᠎ᠡ᠂ ᠠᠳᠡ 《ᠡᠯᠡᠰᠦ ᠮᠠᠩᠬ᠎ᠠ》 ᠭᠡᠬᠦ ᠦᠭᠡ ᠵᠢ ᠨᠡᠮᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠢᠨᠵᠧᠨᠧᠷᠢᠩ᠎ᠢ ᠰᠠᠶ᠋ᠢᠲᠤᠷ ᠬᠡᠷᠡᠭᠵᠢᠭᠦᠯᠵᠦ᠂ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠠᠮᠢ ᠠᠬᠤᠢ ᠵᠢᠨ ᠰᠢᠰᠲ᠋ᠧᠮ᠎ᠤᠨ ᠲᠣᠭᠲᠠᠪᠤᠷᠢᠲᠤ ᠴᠢᠨᠠᠷ ᠪᠣᠯᠣᠨ ᠦᠷᠭᠦᠯᠵᠢᠯᠡᠬᠦ ᠴᠢᠨᠠᠷ᠎ᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃

      ᠨᠡᠯᠦᠭᠡᠷ ᠶᠡᠭᠡ ᠡᠯᠡᠰᠦ ᠮᠠᠩᠬ᠎ᠠ᠎ᠠᠴᠠ ᠨᠣᠮᠢᠨ ᠨᠣᠭᠤᠭ᠋ᠠᠨ ᠬᠡᠭᠡᠷ᠎ᠡ ᠲᠠᠯ᠎ᠠ ᠭᠦᠷᠲᠡᠯ᠎ᠡ᠂ 《ᠡᠯᠡᠰᠦ ᠤᠷᠤᠭᠰᠢᠯᠠᠵᠤ ᠬᠥᠮᠥᠨ ᠤᠬᠤᠷᠢᠬᠤ》᠎ᠠᠴᠠ 《ᠨᠣᠭᠤᠭ᠋ᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠬᠤ》 ᠭᠦᠷᠲᠡᠯ᠎ᠡ᠂ ᠳᠤᠮᠳᠠᠳᠤ ᠤᠯᠤᠰ ᠶᠠᠭ ᠪᠦᠭᠦ ᠪᠥᠮᠪᠥᠷᠴᠡᠭ᠎ᠤᠨ ᠴᠦᠯᠯᠡᠷᠭᠡᠭᠵᠢᠯ᠎ᠢ ᠵᠠᠰᠠᠬᠤ ᠰᠢᠨ᠎ᠡ ᠬᠡᠪ ᠳᠠᠭᠤᠷᠢᠶᠠᠯ ᠪᠣᠯᠪᠠ᠃ ᠭᠡᠬᠦ᠎ᠳᠡᠭᠡᠨ ᠥᠪᠥᠷ ᠮᠣᠩᠭᠤᠯ ᠪᠣᠯ ᠡᠨᠡ ᠬᠦ᠌ ᠬᠡᠪ ᠳᠠᠭᠤᠷᠢᠶᠠᠯ᠎ᠤᠨ ᠬᠠᠮᠤᠭ᠎ᠤᠨ ᠭᠢᠯᠠᠯᠵᠠᠮ᠎ᠠ ᠴᠡᠭ ᠪᠣᠯᠣᠨ᠎ᠠ᠃

      ᠵᠢᠯ ᠪᠦᠷᠢ ᠪᠦᠭᠦ ᠤᠯᠤᠰ᠎ᠤᠨ 40% ᠰᠢᠬᠠᠮ᠎ᠤᠨ ᠴᠦᠯᠯᠡᠷᠭᠡᠭᠵᠢᠯ᠎ᠢ ᠰᠡᠷᠭᠡᠶ᠋ᠢᠯᠡᠨ ᠵᠠᠰᠠᠬᠤ ᠡᠭᠦᠷᠭᠡ᠂ ᠶᠢᠰᠦᠨ᠎ᠤ ᠨᠢᠭᠡ ᠬᠤᠪᠢ ᠵᠢᠨ ᠣᠶ᠋ᠢᠵᠢᠭᠤᠯᠵᠤ ᠨᠣᠭᠤᠭ᠋ᠠᠷᠠᠭᠤᠯᠬᠤ ᠡᠭᠦᠷᠭᠡ ᠵᠢ ᠡᠭᠦᠷᠭᠡᠯᠡᠵᠦ᠂ ᠥᠪᠥᠷ ᠮᠣᠩᠭᠤᠯ᠎ᠤᠨ ᠠᠮᠢ ᠠᠬᠤᠢ ᠵᠢᠨ ᠪᠠᠶ᠋ᠢᠳᠠᠯ ᠬᠢᠷᠢ ᠵᠡᠷᠭᠡ ᠪᠠᠶ᠋ᠢᠬᠤ᠎ᠨᠢ ᠪᠦᠭᠦ ᠣᠷᠣᠨ᠎ᠤ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠣᠷᠣᠰᠢᠯ ᠲᠣᠭᠲᠠᠨᠢᠯ ᠪᠠ ᠬᠥᠭᠵᠢᠯᠲᠡ᠎ᠲᠠᠢ ᠬᠤᠯᠪᠣᠭᠳᠠᠬᠤ᠎ᠪᠠᠷ ᠪᠠᠷᠠᠬᠤ ᠦᠭᠡᠢ ᠤᠮᠠᠷᠠᠲᠤ ᠣᠷᠣᠨ᠂ ᠵᠡᠭᠦᠨ ᠬᠤᠶ᠋ᠢᠲᠤ ᠣᠷᠣᠨ᠂ ᠪᠠᠷᠠᠭᠤᠨ ᠬᠤᠶ᠋ᠢᠲᠤ ᠣᠷᠣᠨ ᠴᠢᠨᠠᠭᠰᠢᠯᠠᠪᠠᠯ ᠪᠦᠭᠦ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠎ᠲᠠᠢ ᠬᠤᠯᠪᠣᠭᠳᠠᠵᠤ ᠪᠠᠶ᠋ᠢᠳᠠᠭ᠃

      2023 ᠣᠨ᠎ᠤ 6 ᠰᠠᠷ᠎ᠠ ᠵᠢᠨ 5᠎ᠠᠴᠠ 6᠎ᠤ ᠡᠳᠦᠷ ᠪᠤᠯᠲᠠᠯ᠎ᠠ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠤᠯ᠎ᠤᠨ ᠪᠠᠶᠠᠨᠨᠠᠭᠤᠷ ᠬᠤᠲᠠ᠎ᠳᠤ ᠰᠢᠨᠵᠢᠯᠡᠨ ᠪᠠᠶ᠋ᠢᠴᠠᠭ᠋ᠠᠬᠤ ᠵᠢᠨ ᠬᠠᠮᠲᠤ ᠴᠦᠯᠯᠡᠷᠭᠡᠭᠵᠢᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠬᠤ ᠪᠠ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠤᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ᠂ ᠡᠭᠦᠷᠭᠡ ᠬᠠᠷᠢᠭᠤᠴᠠᠯᠭ᠎ᠠ᠎ᠪᠠᠨ ᠵᠣᠷᠢᠭᠲᠠᠢ ᠡᠭᠦᠷᠭᠡᠯᠡᠵᠦ᠂ ᠬᠦᠴᠢᠷ ᠪᠡᠷᠬᠡᠰᠢᠶᠡᠯ᠎ᠠᠴᠠ ᠥᠯᠥ ᠬᠠᠯᠠᠰᠢᠷᠠᠵᠤ᠂ ᠤᠳᠠᠭ᠋ᠠᠨ ᠳᠠᠭ᠋ᠠᠭ᠋ᠠᠮᠠᠭ᠋ᠠᠢ ᠵᠢᠳᠬᠦᠨ ᠴᠢᠷᠮᠠᠶ᠋ᠢᠵᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠭᠰᠠᠨ ᠰᠢᠨ᠎ᠡ ᠭᠠᠶ᠋ᠢᠬᠠᠮᠰᠢᠭ᠎ᠢ ᠴᠢᠷᠮᠠᠶ᠋ᠢᠨ ᠡᠭᠦᠳᠴᠦ᠂ ᠡᠬᠡ ᠤᠯᠤᠰ᠎ᠤᠨ ᠤᠮᠠᠷᠠᠲᠤ ᠵᠢᠨ ᠡᠨᠡ ᠬᠦ᠌ ᠲᠦᠮᠡᠨ ᠭᠠᠵᠠᠷ᠎ᠤᠨ ᠨᠣᠮᠢᠨ ᠨᠣᠭᠤᠭ᠋ᠠᠨ ᠬᠠᠯᠬᠠᠪᠴᠢ ᠵᠢ ᠨᠠᠩ ᠪᠠᠲᠤ ᠪᠠᠬᠢ ᠴᠣᠭᠴᠠᠯᠠᠵᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ ᠲᠠᠯ᠎ᠠ᠎ᠪᠠᠷ ᠨᠠᠩ ᠶᠡᠭᠡ ᠠᠮᠵᠢᠯᠲᠠ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠡᠭᠦᠷᠭᠡ ᠥᠩᠭᠡ ᠭᠡᠷᠡᠯᠲᠡᠢ᠂ ᠬᠠᠷᠢᠭᠤᠴᠠᠯᠭ᠎ᠠ ᠬᠦᠨᠳᠦ ᠶᠡᠭᠡ᠃ ᠥᠩᠭᠡᠷᠡᠭᠰᠡᠨ 40 ᠭᠠᠷᠤᠢ ᠵᠢᠯ᠎ᠳᠤ᠂ 《ᠤᠮᠠᠷᠠᠲᠤ ᠵᠢᠨ ᠭᠤᠷᠪᠠᠨ ᠣᠷᠣᠨ》᠎ᠤ ᠬᠠᠯᠬᠠᠪᠴᠢ ᠤᠢ ᠵᠡᠷᠭᠡ ᠴᠢᠬᠤᠯᠠ ᠶᠡᠭᠡ ᠠᠮᠢ ᠠᠬᠤᠢ ᠵᠢᠨ ᠢᠨᠵᠧᠨᠧᠷᠢᠩ᠎ᠨᠢ ᠥᠪᠥᠷ ᠮᠣᠩᠭᠤᠯ᠎ᠤᠨ ᠡᠬᠡ ᠭᠠᠵᠠᠷ ᠳᠡᠭᠡᠷ᠎ᠡ ᠰᠦᠯᠵᠢᠯᠳᠦᠭᠰᠡᠨ ᠯᠤᠲᠤ ᠶᠡᠭᠡ ᠠᠮᠢ ᠠᠬᠤᠢ ᠵᠢᠨ ᠬᠠᠮᠠᠭ᠋ᠠᠯᠠᠯᠲᠠ ᠵᠢᠨ ᠲᠣᠣᠷ ᠪᠣᠯᠵᠤ᠂ ᠡᠬᠡ ᠤᠯᠤᠰ᠎ᠤᠨ ᠤᠮᠠᠷᠠᠲᠤ ᠵᠢᠨ ᠦᠵᠡᠰᠬᠦᠯᠡᠩᠲᠦ ᠰᠠᠶ᠋ᠢᠬᠠᠨ ᠦᠵᠡᠮᠵᠢ ᠵᠢᠨ ᠣᠷᠣᠨ᠎ᠤ ᠨᠣᠮᠢᠨ ᠨᠣᠭᠤᠭ᠋ᠠᠨ ᠬᠥᠰᠢᠶ᠎ᠡ ᠪᠣᠯᠤᠭᠰᠠᠨ ᠪᠠᠶ᠋ᠢᠨ᠎ᠠ᠃ ᠢᠷᠡᠭᠡᠳᠦᠢ᠎ᠳᠤ ᠥᠪᠥᠷ ᠮᠣᠩᠭᠤᠯ ᠦᠷᠭᠦᠯᠵᠢᠯᠡᠨ ᠵᠣᠷᠢᠭᠲᠠᠢ ᠤᠷᠤᠭᠰᠢᠯᠠᠨ᠎ᠠ᠃

      ᠡᠯᠡᠰᠦᠷᠬᠡᠭ ᠣᠷᠣᠨ᠎ᠤ ᠬᠥᠮᠥᠰ᠎ᠤᠨ ᠨᠣᠮᠢᠨ ᠨᠣᠭᠤᠭ᠋ᠠᠨ ᠬᠦᠰᠡᠯ ᠵᠡᠭᠦᠳᠦ ᠵᠢ ᠲᠡᠷᠭᠡᠯᠰᠢᠭᠦᠯᠵᠦ ᠡᠬᠡ ᠤᠯᠤᠰ᠎ᠤᠨ ᠤᠮᠠᠷᠠᠲᠤ ᠬᠢᠯᠢ ᠵᠢᠨ ᠨᠣᠮᠢᠨ ᠨᠣᠭᠤᠭ᠋ᠠᠨ 《ᠣᠷᠳᠣ ᠴᠠᠭ᠋ᠠᠨ ᠬᠡᠷᠡᠮ》᠎ᠢ ᠴᠣᠭᠴᠠᠯᠠᠨ᠎ᠠ

      《〈ᠤᠮᠠᠷᠠᠲᠤ ᠵᠢᠨ ᠭᠤᠷᠪᠠᠨ ᠣᠷᠣᠨ ᠪ᠊ ᠵᠣᠷᠢᠭ ᠰᠠᠨᠠᠭ᠎ᠠ〉 ᠵᠢ ᠪᠤᠢ ᠪᠤᠯᠭ᠋ᠠᠵᠤ᠂ ᠠᠮᠢ ᠠᠬᠤᠢ ᠵᠢᠨ ᠵᠠᠰᠠᠯᠲᠠ ᠵᠢᠨ ᠤᠯᠠᠨ ᠤᠯᠤᠰ᠎ᠤᠨ ᠬᠡᠪ ᠳᠠᠭᠤᠷᠢᠶᠠᠯ᠎ᠢ ᠪᠤᠢ ᠪᠣᠯᠭ᠋ᠠᠪᠠ》᠃ ᠶᠡᠷᠦᠩᠬᠡᠢ ᠱᠦᠵᠢ ᠰᠢ ᠵᠢᠨ ᠫᠢᠩ ᠪᠠᠶᠠᠨᠨᠠᠭᠤᠷ᠎ᠲᠤ ᠰᠢᠨᠵᠢᠯᠡᠨ ᠪᠠᠶ᠋ᠢᠴᠠᠭ᠋ᠠᠭᠰᠠᠨ ᠪᠥᠭᠡᠳ ᠴᠦᠯᠯᠡᠷᠭᠡᠭᠵᠢᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠬᠤ ᠪᠠ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠤᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠬᠤ ᠦᠶ᠎ᠡ ᠵᠢᠨ ᠶᠠᠷᠢᠶ᠎ᠠ ᠬᠥᠮᠥᠰ᠎ᠤᠨ ᠰᠡᠳᠬᠢᠯ᠎ᠢ ᠳᠣᠭᠳᠣᠯᠤᠭᠤᠯᠤᠨ᠎ᠠ᠃

      ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠪᠣᠯ ᠴᠢᠯᠠᠭᠤ ᠥᠩᠬᠦᠷᠢᠭᠦᠯᠦᠨ ᠠᠭᠤᠯᠠᠨ᠎ᠳᠤ ᠭᠠᠷᠬᠤ ᠶᠠᠪᠤᠴᠠ ᠪᠠᠶ᠋ᠢᠵᠤ᠂ ᠪᠠᠭ᠎ᠠ ᠯᠡ ᠰᠤᠯᠠᠷᠠᠭᠰᠠᠭ᠋ᠠᠷ ᠲᠠᠭᠢᠨ ᠳᠠᠪᠲᠠᠨ ᠬᠢᠬᠦ ᠶᠠᠪᠤᠳᠠᠯ ᠭᠠᠷᠲᠠᠬ᠂ 40 ᠭᠠᠷᠤᠢ ᠵᠢᠯ᠎ᠤᠨ ᠴᠥᠬᠦᠷᠡᠰᠢ ᠦᠭᠡᠢ ᠴᠢᠷᠮᠠᠶ᠋ᠢᠯᠭ᠎ᠠ᠎ᠪᠠᠷ᠂ ᠥᠪᠥᠷ ᠮᠣᠩᠭᠤᠯ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠶ᠋ᠢᠭᠤᠯᠬᠤ ᠬᠦᠨᠳᠦ ᠡᠭᠦᠷᠭᠡ ᠵᠢ ᠡᠭᠦᠷᠭᠡᠯᠡᠵᠦ᠂ ᠡᠬᠡ ᠤᠯᠤᠰ᠎ᠤᠨ ᠤᠮᠠᠷᠠᠲᠤ ᠬᠢᠯᠢ᠎ᠳᠤ ᠨᠣᠮᠢᠨ ᠨᠣᠭᠤᠭ᠋ᠠᠨ 《ᠣᠷᠳᠣ ᠴᠠᠭ᠋ᠠᠨ ᠬᠡᠷᠡᠮ》᠎ᠢ ᠴᠣᠭᠴᠠᠯᠠᠪᠠ᠃

      ᠦᠶ᠎ᠡ ᠦᠶ᠎ᠡ ᠵᠢᠨ ᠡᠯᠡᠰᠦ ᠵᠠᠰᠠᠭᠴᠢᠳ ᠰᠢᠨᠲᠠᠷᠠᠰᠢ ᠦᠭᠡᠢ ᠴᠢᠷᠮᠠᠶ᠋ᠢᠯᠭ᠎ᠠ᠎ᠪᠠᠷ ᠡᠨᠡ ᠬᠦ᠌ ᠨᠣᠮᠢᠨ ᠨᠣᠭᠤᠭ᠋ᠠᠨ ᠯᠤᠲᠤ ᠶᠡᠭᠡ ᠬᠤᠪᠢᠷᠠᠯᠲᠠ᠎ᠳᠤ ᠤᠷᠤᠯᠴᠠᠬᠰᠠᠨ ᠪᠠ ᠡᠳᠡᠭᠡᠷ᠎ᠢ ᠭᠡᠷᠡᠴᠢᠯᠡᠭᠰᠡᠭᠡᠷ ᠢᠷᠡᠭᠰᠡᠨ ᠶᠤᠮ᠃

      《ᠨᠢᠳᠦ᠎ᠪᠠᠨ ᠨᠡᠭᠡᠭᠡᠮᠡᠭᠴᠡ᠂ ᠰᠢᠷ᠎ᠠ ᠡᠯᠡᠰᠦ ᠬᠠᠷᠠᠭ᠎ᠠ ᠵᠢ ᠬᠠᠯᠬᠠᠯᠠᠵᠤ᠂ ᠴᠣᠩᠬᠤᠨ᠎ᠤ ᠵᠠᠭ᠋ᠠᠭ ᠵᠠᠪᠰᠠᠷ᠂ ᠭᠡᠵᠢᠭᠡ ᠦᠰᠦ᠂ ᠠᠮᠠ ᠬᠠᠮᠠᠷ᠎ᠲᠤ ᠪᠦᠷ ᠡᠯᠡᠰᠦ᠃ ᠰᠠᠯᠬᠢ ᠳᠡᠭᠳᠡᠭᠰᠡᠭᠡᠷ ᠭᠡᠷ ᠪᠠᠶ᠋ᠢᠰᠢᠩ ᠡᠯᠡᠰᠦᠨ᠎ᠳᠤ ᠪᠤᠯᠠᠬᠳᠠᠵᠤ᠂ ᠨᠡᠭᠦᠬᠦ ᠯᠡ ᠬᠡᠷᠡᠭᠲᠡᠢ ᠪᠤᠯᠳᠠᠭ》᠃ ᠲᠦᠩᠯᠢᠶᠣᠣ ᠬᠤᠲᠠ ᠵᠢᠨ ᠬᠤᠷᠴᠢᠨ ᠵᠡᠭᠦᠨ ᠭᠠᠷᠤᠨ ᠬᠤᠶ᠋ᠢᠲᠤ ᠬᠤᠰᠢᠭᠤᠨ᠎ᠤ ᠮᠠᠯᠴᠢᠨ ᠭᠡᠷᠡᠯ ᠭᠠᠰᠢᠭᠤᠨ ᠳᠤᠷᠠᠰᠤᠮᠵᠢ ᠬᠡᠯᠬᠢᠨ᠎ᠡ᠃ 《ᠲᠠᠷᠢᠶ᠎ᠠ ᠲᠥᠮᠥᠰᠥ ᠲᠠᠷᠢᠵᠤ ᠤᠷᠭᠤᠭᠤᠯᠬᠤ ᠵᠢᠨ ᠠᠷᠭ᠎ᠠ ᠦᠭᠡᠢ᠂ ᠲᠦᠷᠦᠭᠦᠦ ᠡᠳᠦᠷ᠎ᠨᠢ ᠲᠠᠷᠢᠪᠠᠯ ᠶᠡᠭᠡ ᠰᠠᠯᠬᠢ ᠰᠠᠯᠬᠢᠯᠠᠭᠰᠠᠭ᠋ᠠᠷ ᠦᠨᠳᠦᠰᠦ᠎ᠲᠠᠢ᠎ᠨᠢ ᠪᠤᠯᠭᠤᠯᠵᠤ ᠤᠷᠭᠢᠳᠠᠭ᠃ ᠡᠷᠦᠭᠡ ᠪᠦᠷᠢ ᠬᠡᠳᠦᠨ ᠬᠤᠨᠢ ᠲᠡᠵᠢᠭᠡᠳᠡᠭ᠂ ᠬᠤᠨᠢᠳ᠎ᠨᠢ ᠴᠤ᠌ ᠡᠯᠡᠰᠦᠨ ᠰᠢᠷᠭ᠋ᠠᠯ ᠥᠩᠭᠡ ᠵᠢᠰᠦᠮ᠎ᠲᠠᠢ ᠪᠠᠶ᠋ᠢᠯ᠎ᠠ》᠃ ᠭᠦᠭᠡᠬᠤᠲᠠ ᠵᠢᠨ ᠴᠢᠩ ᠱᠦᠢ ᠾᠧ ᠰᠢᠶᠠᠨ᠎ᠤ ᠠᠬᠠᠮᠠᠳ ᠨᠢᠭᠡ ᠦᠶ᠎ᠡ ᠵᠢᠨ᠎ᠬᠢᠨ᠎ᠤ ᠡᠷᠭᠢᠴᠡᠭᠦᠯᠦᠯ᠎ᠳᠤ ᠰᠢᠷᠭ᠋ᠠᠯ ᠡᠯᠡᠰᠦ ᠪᠣᠯᠣᠨ ᠶᠠᠳᠠᠭᠤ ᠬᠦᠴᠢᠷᠳᠡᠯ ᠨᠢᠭᠲᠠ ᠬᠤᠯᠪᠤᠭ᠎ᠠ᠎ᠲᠠᠢ ᠪᠠᠶ᠋ᠢᠳᠠᠭ᠃

      ᠴᠦᠯᠯᠡᠷᠭᠡᠭᠵᠢᠯ ᠬᠥᠭᠵᠢᠯᠲᠡ ᠵᠢ ᠬᠢᠵᠠᠭ᠋ᠠᠷᠯᠠᠵᠤ᠂ ᠨᠢᠭᠡᠨ ᠦᠶ᠎ᠡ ᠶᠠᠳᠠᠭᠤ ᠬᠦᠴᠢᠷᠳᠡᠯ᠎ᠤᠨ ᠦᠨᠳᠦᠰᠦ ᠪᠣᠯᠪᠠ᠃ ᠡᠯᠡᠰᠦᠷᠬᠡᠭ ᠣᠷᠣᠨ᠎ᠤ ᠬᠥᠮᠥᠰ ᠰᠡᠳᠬᠢᠯ ᠎ᠳᠡᠭᠡᠨ ᠨᠣᠮᠢᠨ ᠨᠣᠭᠤᠭ᠋ᠠᠨ ᠬᠦᠰᠡᠯ ᠵᠡᠭᠦᠳᠦ ᠮᠠᠨᠠᠵᠤ ᠢᠷᠡᠯ᠎ᠠ᠃

      1978 ᠣᠨ᠎ᠳᠤ᠂ ᠡᠬᠡ ᠤᠯᠤᠰ᠎ᠤᠨ ᠤᠮᠠᠷᠠᠲᠤ ᠣᠷᠣᠨ᠎ᠳᠤ ᠨᠢᠭᠡ ᠬᠡᠰᠡᠭ ᠯᠤᠲᠤ ᠶᠡᠭᠡ ᠬᠠᠯᠬᠠᠪᠴᠢ ᠤᠢ ᠵᠢᠨ ᠲᠣᠣᠷ᠎ᠢ ᠪᠠᠶ᠋ᠢᠭᠤᠯᠵᠤ᠂ ᠡᠯᠡᠰᠦᠷᠬᠡᠭᠵᠢᠬᠦ ᠠᠬᠢᠴᠠ ᠵᠢ ᠨᠠᠮᠳᠠᠭᠤᠯᠤᠨ᠂ ᠠᠮᠢ ᠠᠬᠤᠢ ᠣᠷᠴᠢᠨ ᠲᠣᠭᠤᠷᠢᠨ᠎ᠢ ᠰᠠᠶ᠋ᠢᠵᠢᠷᠠᠭᠤᠯᠬᠤ ᠵᠢᠨ ᠲᠥᠯᠥᠭᠡ᠂ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠳᠤᠮᠳᠠᠳᠤ ᠵᠢᠨ ᠦᠨᠳᠦᠰᠦᠲᠡᠨ᠎ᠤ ᠣᠷᠣᠰᠢᠯ ᠲᠣᠭᠲᠠᠨᠢᠯ ᠪᠠ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠥᠨᠳᠥᠷᠴᠡ᠎ᠠᠴᠠ 《ᠤᠮᠠᠷᠠᠲᠤ ᠵᠢᠨ ᠭᠤᠷᠪᠠᠨ ᠣᠷᠣᠨ》᠎ᠤ ᠬᠠᠯᠬᠠᠪᠴᠢ ᠤᠢ ᠵᠢᠨ ᠰᠢᠰᠲ᠋ᠧᠮ᠎ᠢ ᠪᠠᠶ᠋ᠢᠭᠤᠯᠬᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠵᠢ ᠲᠣᠭᠲᠠᠭ᠋ᠠᠵᠤ᠂ ᠬᠥᠮᠥᠨ ᠲᠥᠷᠥᠯᠬᠢᠲᠡᠨ᠎ᠤ ᠲᠡᠦᠬᠡᠨ ᠳᠡᠭᠡᠷᠡᠬᠢ ᠬᠠᠮᠤᠭ᠎ᠤᠨ ᠶᠡᠭᠡ ᠬᠥᠮᠥᠨ᠎ᠤ ᠬᠦᠴᠦ᠎ᠪᠠᠷ ᠣᠶ᠋ᠢᠵᠢᠭᠤᠯᠤᠭᠰᠠᠨ ᠠᠮᠢ ᠠᠬᠤᠢ ᠵᠢᠨ ᠤᠢ ᠵᠢᠨ ᠪᠦᠰᠡ ᠵᠢᠨ ᠪᠦᠲᠦᠭᠡᠨ ᠪᠠᠶ᠋ᠢᠭᠤᠯᠤᠯᠲᠠ ᠡᠭᠦᠨ᠎ᠠᠴᠠ ᠡᠬᠢᠯᠡᠪᠡ᠃

      ᠮᠠᠨ᠎ᠤ ᠤᠯᠤᠰ᠎ᠤᠨ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠬᠠᠮᠤᠭ᠎ᠠᠴᠠ ᠲᠥᠪᠯᠡᠷᠡᠭᠰᠡᠨ᠂ ᠬᠤᠣᠷ ᠬᠥᠨᠥᠭᠡᠯ ᠬᠠᠮᠤᠭ᠎ᠤᠨ ᠬᠦᠨᠳᠦ ᠨᠣᠴᠢᠲᠠᠢ ᠮᠤᠵᠢ ᠣᠷᠣᠨ᠎ᠤ ᠨᠢᠭᠡ ᠪᠣᠯᠤᠭᠰᠠᠨ᠎ᠤ ᠬᠤᠪᠢ᠎ᠳᠤ᠂ ᠥᠪᠥᠷ ᠮᠣᠩᠭᠤᠯ 《ᠤᠮᠠᠷᠠᠲᠤ ᠵᠢᠨ ᠭᠤᠷᠪᠠᠨ ᠣᠷᠣᠨ》᠎ᠤ ᠬᠠᠯᠬᠠᠪᠴᠢ ᠤᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢᠨ ᠴᠢᠬᠤᠯᠠ ᠣᠷᠣᠨ ᠪᠤᠯᠬᠤ᠎ᠨᠢ ᠳᠠᠮᠵᠢᠭ ᠦᠭᠡᠢ᠃ 《ᠵᠤᠲᠠᠵᠤ ᠦᠬᠦᠬᠦ᠎ᠠᠴᠠ ᠨᠠᠭ᠋ᠠᠰᠢ᠂ ᠰᠠᠯᠬᠢ ᠡᠯᠡᠰᠦ᠎ᠲᠠᠢ ᠡᠴᠦᠰ᠎ᠲᠤᠨᠢ ᠲᠤᠯᠲᠠᠯ᠎ᠠ ᠲᠡᠮᠡᠴᠡᠯ ᠬᠢᠨ᠎ᠡ!》᠂ 《ᠤᠮᠠᠷᠠᠲᠤ ᠵᠢᠨ ᠭᠤᠷᠪᠠᠨ ᠣᠷᠣᠨ》᠎ᠤ ᠬᠠᠯᠬᠠᠪᠴᠢ ᠤᠢ ᠵᠢᠨ ᠢᠨᠵᠧᠨᠧᠷᠢᠩ᠎ᠨᠢ ᠡᠯᠡᠰᠦᠷᠬᠡᠭ ᠣᠷᠣᠨ᠎ᠤ ᠤᠯᠠᠨ ᠲᠦᠮᠡᠨ᠎ᠤ 《ᠨᠣᠮᠢᠨ ᠨᠣᠭᠤᠭ᠋ᠠᠨ᠎ᠢ ᠬᠥᠭᠡᠭᠡᠴᠡᠯᠳᠦᠬᠦ》 ᠣᠷᠭᠢᠯᠤᠮ᠎ᠠ ᠰᠡᠳᠬᠢᠯᠭᠡ ᠵᠢ ᠳᠠᠬᠢᠨᠲᠠ ᠬᠥᠭᠵᠢᠭᠡᠵᠦ᠂ ᠤᠮᠠᠷᠠᠲᠤ ᠵᠢᠨ ᠡᠬᠡ ᠭᠠᠵᠠᠷ᠎ᠲᠤ ᠰᠠᠯᠬᠢ ᠡᠯᠡᠰᠦ ᠵᠢ ᠬᠤᠷᠢᠭᠯᠠᠬᠤ ᠳᠠᠶ᠋ᠢᠯᠠᠯᠳᠤᠭ᠋ᠠᠨ᠎ᠢ ᠡᠬᠢᠯᠡᠭᠦᠯᠪᠡ᠃

      ᠦᠦᠰᠢᠨ ᠬᠤᠰᠢᠭᠤᠨ᠎ᠤ ᠲᠠᠷᠢᠶᠠᠴᠢᠨ ᠪᠦᠰᠡᠭᠦᠢ ᠶᠢᠨ ᠢᠦᠢ ᠵᠧᠨ ᠵᠣᠷᠢᠭ ᠰᠢᠭᠤᠳᠤᠨ ᠪᠦᠭᠦ ᠬᠥᠷᠥᠩᠭᠡ᠎ᠪᠠᠨ ᠬᠥᠨᠲᠥᠷᠪᠡ — ᠨᠢᠭᠡ ᠡᠮ᠎ᠡ ᠬᠤᠨᠢ ᠪᠣᠯᠣᠨ ᠬᠤᠷᠠᠭ᠎ᠠ᠎ᠪᠠᠷ 200 ᠭᠠᠷᠤᠢ ᠴᠢᠬᠢ ᠮᠣᠳᠣ ᠰᠣᠯᠢᠵᠤ᠂ ᠮᠤᠤᠠᠤᠰᠤ ᠵᠢᠨ ᠡᠯᠡᠰᠦᠨ᠎ᠳᠤ ᠳᠠᠶ᠋ᠢᠯᠠᠯᠳᠤᠭ᠋ᠠᠨ᠎ᠤ ᠪᠢᠴᠢᠭ ᠵᠶ᠋ᠠᠨ ᠵᠠᠷᠯᠠᠪᠠ᠃

      ᠳᠠᠯᠠᠳ ᠬᠤᠰᠢᠭᠤᠨ᠎ᠤ ᠵᠦᠩ ᠾᠧ ᠰᠢ ᠪᠠᠯᠭ᠋ᠠᠰᠤᠨ᠎ᠤ ᠭᠤᠸᠠᠨ ᠵᠢᠩ ᠲᠣᠰᠬᠤᠨ᠎ᠤ ᠠᠷᠠᠳ ᠭᠤᠤ ᠯᠢᠨ ᠱᠤ᠌ 3 ᠬᠤᠨᠢ᠎ᠪᠠᠷ ᠨᠢᠭᠡ ᠡᠯᠵᠢᠭᠡᠨ ᠲᠡᠷᠭᠡ ᠡᠯᠡᠰᠦᠨ ᠪᠤᠷᠭ᠋ᠠᠰᠤ ᠰᠣᠯᠢᠵᠤ᠂ ᠪᠦᠭᠦ ᠭᠡᠷ ᠵᠶ᠋ᠠᠷ ᠵᠶ᠋ᠠᠨ ᠡᠯᠡᠰᠦᠨ᠎ᠳᠤ ᠠᠮᠢᠳᠤᠷᠠᠵᠤ᠂ ᠮᠣᠳᠣ ᠲᠠᠷᠢᠵᠦ ᠤᠷᠭᠤᠭᠤᠯᠬᠤ ᠦᠭᠡᠢ ᠪᠣᠯ ᠶᠠᠭ᠋ᠠᠬᠢᠭᠰᠠᠨ ᠴᠤ᠌ ᠲᠣᠰᠬᠤᠨ᠎ᠳᠠᠭᠠᠨ ᠪᠤᠴᠠᠬᠤ ᠦᠭᠡᠢ ᠭᠡᠵᠦ ᠲᠠᠩᠭ᠋ᠠᠷᠢᠭᠯᠠᠪᠠ᠃

      ᠁

       ᠡᠨᠡ ᠮᠡᠲᠦ᠎ᠪᠠᠷ᠂ ᠵᠢᠯ᠎ᠠᠴᠠ ᠵᠢᠯ᠎ᠳᠤ᠂ ᠦᠶ᠎ᠡ ᠦᠶ᠎ᠡ ᠵᠢᠨ ᠡᠯᠡᠰᠦ ᠵᠠᠰᠠᠵᠤ ᠣᠶ᠋ᠢᠵᠢᠭᠤᠯᠤᠭᠴᠢᠳ ᠣᠷᠣᠰᠢᠨ ᠲᠣᠭᠲᠠᠨᠢᠬᠤ ᠵᠢᠨ ᠲᠥᠯᠥᠭᠡ᠂ ᠦᠷ᠎ᠡ ᠬᠤᠶ᠋ᠢᠴᠢᠰ᠎ᠲᠠᠭᠠᠨ ᠨᠣᠮᠢᠨ ᠨᠣᠭᠤᠭ᠋ᠠᠨ ᠭᠡᠷ ᠣᠷᠣᠨ ᠦᠯᠡᠳᠡᠭᠡᠨ ᠥᠭᠬᠦ ᠵᠢᠨ ᠲᠥᠯᠥᠭᠡ᠂ ᠰᠠᠯᠬᠢ ᠡᠯᠡᠰᠦ᠎ᠲᠠᠢ ᠡᠷᠡᠯᠬᠡᠭᠯᠡᠨ ᠲᠡᠮᠡᠴᠡᠵᠦ᠂ ᠥᠪᠥᠷ ᠮᠣᠩᠭᠤᠯ᠎ᠤᠨ ᠡᠬᠡ ᠭᠠᠵᠠᠷ᠎ᠲᠤ ᠰᠦᠷᠯᠢᠭ ᠦᠵᠡᠮᠵᠢᠲᠦ ᠨᠣᠮᠢᠨ ᠨᠣᠭᠤᠭ᠋ᠠᠨ ᠰᠢᠯᠦᠭ᠎ᠤᠨ ᠮᠥᠷ᠎ᠢ ᠪᠢᠴᠢᠭᠯᠡᠵᠡᠢ᠃

      ᠣᠷᠳᠣᠰ ᠬᠤᠲᠠ ᠵᠢᠨ ᠳᠠᠯᠠᠳ ᠬᠤᠰᠢᠭᠤᠨ᠎ᠤ ᠵᠥᠩ ᠾᠧ ᠰᠢ ᠪᠠᠯᠭ᠋ᠠᠰᠤᠨ᠎ᠤ ᠭᠤᠸᠠᠨ ᠵᠢᠩ ᠲᠣᠰᠬᠤᠨ᠎ᠳᠤ ᠣᠴᠢᠬᠤ ᠵᠠᠮ ᠵᠠᠭᠤᠷ᠎ᠠ ᠬᠥᠮᠥᠨ᠎ᠠᠴᠠ ᠥᠨᠳᠥᠷ ᠤᠷᠭᠤᠭᠰᠠᠨ ᠡᠯᠡᠰᠦᠨ ᠪᠤᠷᠭ᠋ᠠᠰᠤᠨ᠎ᠳᠤ ᠲᠡᠷᠭᠡᠨ ᠣᠷᠣᠢ ᠬᠠᠷᠠᠭᠳᠠᠬᠤ᠎ᠪᠠᠨ ᠪᠣᠯᠢᠵᠠᠢ᠃ ᠡᠨᠡ ᠬᠦ᠌ ᠭᠦᠪᠡᠭᠡ ᠬᠢᠵᠠᠭ᠋ᠠᠷ᠎ᠨᠢ ᠬᠠᠷᠠᠭᠳᠠᠬᠤ ᠦᠭᠡᠢ ᠨᠣᠮᠢᠨ ᠳᠣᠯᠭᠢᠶᠠᠨ ᠪᠣᠯ ᠭᠤᠸᠠᠨ ᠵᠢᠩ ᠲᠣᠰᠬᠤᠨ᠎ᠤ ᠠᠷᠠᠳ᠎ᠤᠨ 《ᠨᠣᠮᠢᠨ ᠨᠣᠭᠤᠭ᠋ᠠᠨ ᠪᠠᠩᠬᠢ》 ᠪᠣᠯᠣᠨ᠎ᠠ᠃ ᠠᠳᠡ ᠥᠩᠭᠡᠷᠡᠭᠰᠡᠨ᠎ᠳᠤ ᠲᠡᠳᠡᠨ᠎ᠤ ᠬᠠᠷᠢᠵᠤ ᠳᠡᠶ᠋ᠢᠯᠭᠦ ᠦᠭᠡᠢ ᠭᠡᠷ ᠪᠠᠶ᠋ᠢᠭᠰᠠᠨ᠎ᠢ ᠦᠨᠡᠬᠡᠷ ᠲᠥᠰᠥᠭᠡᠯᠡᠬᠦᠶ᠎ᠡ ᠪᠡᠷᠬᠡ ᠠ᠋᠃

      ᠳ᠋ᠦᠩ ᠳ᠋ᠡ ᠮᠣᠩᠭᠤᠯ ᠸᠠᠩ ᠪᠦᠯᠦᠭᠯᠡᠯ᠎ᠤᠨ ᠹᠧᠩ ᠱᠦᠢ ᠯᠢᠶᠠᠩ᠎ᠤᠨ ᠠᠵᠤ ᠦᠢ᠍ᠯᠡᠰ᠎ᠤᠨ ᠴᠤᠭᠯᠠᠷᠠᠯ ᠪᠠᠯᠭ᠋ᠠᠰᠤ ᠵᠢᠨ ᠬᠥᠮᠥᠨ᠎ᠤ ᠬᠦᠴᠦ᠎ᠪᠠᠷ ᠳᠡᠪᠢᠰᠦᠭᠰᠡᠨ ᠠᠷᠪᠠᠨ ᠬᠡᠳᠦᠨ ᠮᠤᠳ᠋ᠷ ᠥᠨᠳᠥᠷ ᠦᠵᠡᠮᠵᠢ ᠵᠢᠨ ᠲᠠᠶ᠋ᠢᠰᠠᠨ᠎ᠠᠴᠠ ᠪᠠᠷᠠᠯᠠᠪᠠᠯ᠂ ᠲᠠᠲᠠᠭ᠋ᠠᠯ ᠲᠠᠷᠢᠶ᠎ᠠ ᠬᠠᠯᠢᠭᠤᠷᠠᠵᠤ᠂ ᠤᠢ ᠮᠣᠳᠣ ᠴᠡᠯᠭᠡᠷᠡᠨ ᠨᠣᠭᠤᠭ᠋ᠠᠷᠠᠵᠤ᠂ ᠬᠤᠸᠠᠷ ᠴᠡᠴᠡᠭ᠎ᠤᠨ ᠦᠨᠦᠷ ᠬᠠᠩᠬᠤᠯᠤᠨ᠎ᠠ ᠁ ᠲᠡᠷᠡ ᠪᠣᠯ ᠬᠤᠭᠤᠰᠤᠨ ᠦᠵᠡᠭᠳᠡᠯ ᠬᠠᠪᠤᠷ᠎ᠤᠨ ᠵᠡᠷᠭᠡᠯᠭᠡᠨ ᠪᠢᠰᠢ ᠬᠠᠷᠢᠨ ᠦᠨᠡᠨ ᠪᠣᠳᠠᠲᠠᠢ ᠡᠯᠡᠰᠦᠨ ᠴᠦᠯ᠎ᠳᠤ ᠪᠠᠶ᠋ᠢᠭᠤᠯᠤᠭᠰᠠᠨ ᠨᠣᠮᠢᠨ ᠨᠣᠭᠤᠭ᠋ᠠᠨ ᠸᠠᠩᠲᠤ ᠤᠯᠤᠰ ᠪᠣᠯᠣᠨ᠎ᠠ᠃

      ᠬᠥᠪᠴᠢ ᠵᠢᠨ ᠡᠯᠡᠰᠦ ᠵᠢ ᠵᠠᠰᠠᠭᠰᠠᠨ ᠠᠮᠵᠢᠯᠲᠠ ᠪᠦᠲᠦᠮᠵᠢ᠎ᠨᠢ ᠨᠡᠩ ᠴᠤ᠌ ᠳᠡᠯᠡᠬᠡᠢ ᠨᠡᠶ᠋ᠢᠭᠡᠮ᠎ᠳᠤ ᠳᠤᠮᠳᠠᠳᠤ ᠤᠯᠤᠰ᠎ᠤᠨ ᠲᠥᠰᠥᠯ᠎ᠢ ᠬᠠᠨᠳᠢᠪᠯᠡᠵᠤ᠂ ᠳᠤᠮᠳᠠᠳᠤ ᠤᠯᠤᠰ᠎ᠤᠨ ᠠᠮᠢ ᠠᠬᠤᠢ ᠵᠢᠨ ᠵᠠᠰᠠᠯᠲᠠ ᠵᠢᠨ ᠤᠯᠠᠨ ᠤᠯᠤᠰ᠎ᠤᠨ ᠠᠴᠢ ᠬᠤᠯᠪᠣᠭᠳᠠᠯ᠎ᠢ ᠢᠯᠡᠷᠡᠭᠦᠯᠪᠡ᠃

      ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ 《ᠤᠮᠠᠷᠠᠲᠤ ᠵᠢᠨ ᠭᠤᠷᠪᠠᠨ ᠣᠷᠣᠨ》᠎ᠤ ᠬᠠᠯᠬᠠᠪᠴᠢ ᠣᠶ ᠵᠢᠨ ᠰᠢᠰᠲ᠋ᠧᠮ᠎ᠤᠨ ᠪᠠᠶ᠋ᠢᠭᠤᠯᠤᠯᠲᠠ᠂ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠡᠬᠢ ᠵᠢ ᠵᠠᠰᠠᠬᠤ᠂ ᠲᠠᠷᠢᠶᠠᠯᠠᠬᠤ ᠵᠢ ᠵᠣᠭᠰᠣᠭ᠋ᠠᠨ ᠤᠢ ᠮᠣᠳᠣ ᠳᠠᠷᠢᠵᠦ ᠡᠪᠡᠰᠦ ᠪᠡᠯᠴᠢᠭᠡᠷ᠎ᠢ ᠰᠡᠷᠭᠦᠭᠡᠬᠦ ᠵᠡᠷᠭᠡ ᠠᠯᠢ ᠣᠯᠠᠨ ᠭᠤᠣᠯᠳᠠᠯᠭ᠎ᠠ᠎ᠲᠠᠢ ᠢᠨᠵᠧᠨᠧᠷᠢᠩ᠎ᠢ ᠶᠡᠭᠡ᠎ᠪᠠᠷ ᠬᠡᠷᠡᠭᠵᠢᠭᠦᠯᠦᠭᠰᠡᠨ ᠪᠠᠶ᠋ᠢᠳᠠᠯ ᠳᠣᠣᠷ᠎ᠠ᠂ ᠥᠪᠥᠷ ᠮᠣᠩᠭᠤᠯ ᠨᠡᠶ᠋ᠢᠲᠡ 1.22 ᠳ᠋ᠦᠩᠰᠢᠭᠤᠷ ᠮᠦ᠍ ᠣᠶ᠋ᠢᠵᠢᠭᠤᠯᠵᠤ᠂ 2.86 ᠳ᠋ᠦᠩᠰᠢᠭᠤᠷ ᠮᠦ᠍ ᠡᠪᠡᠰᠦ ᠳᠠᠷᠢᠵᠤ᠂ ᠵᠢᠯ ᠳᠤᠮᠳᠠᠴᠢ᠎ᠪᠠᠷ 1200 ᠲᠦᠮᠡᠨ ᠮᠦ᠍᠎ᠠᠴᠠ ᠳᠡᠭᠡᠭᠰᠢ ᠡᠯᠡᠰᠦᠷᠬᠡᠭᠵᠢᠯ᠎ᠢ ᠰᠡᠷᠭᠡᠶ᠋ᠢᠯᠡᠨ ᠵᠠᠰᠠᠵᠤ᠂ ᠬᠡᠪᠴᠢᠶ᠎ᠡ᠎ᠨᠢ ᠴᠥᠮ ᠪᠦᠭᠦ ᠤᠯᠤᠰ᠎ᠲᠤ ᠲᠦᠷᠦᠭᠦᠯᠡᠵᠦ᠂ ᠪᠦᠭᠦ ᠣᠷᠣᠨ᠎ᠤ ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ ᠪᠠ ᠣᠶ ᠰᠢᠭᠤᠢ ᠵᠢᠨ ᠪᠦᠷᠬᠦᠴᠡ 《ᠬᠤᠣᠰ ᠳᠡᠭᠡᠭᠰᠢᠯᠡᠯᠲᠡ》 ᠵᠢ ᠪᠡᠶᠡᠯᠡᠭᠦᠯᠵᠦ᠂ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠵᠢᠨ ᠲᠠᠯᠠᠪᠠᠶ ᠦᠷᠭᠦᠯᠵᠢᠯᠡᠨ ᠪᠠᠭ᠋ᠠᠰᠴᠤ᠂ ᠡᠯᠡᠰᠦᠨ ᠰᠢᠭᠤᠷᠭ᠎ᠠ᠎ᠲᠠᠢ ᠡᠳᠦᠷ᠎ᠤᠨ ᠲᠤᠭ᠎ᠠ ᠵᠢᠯ ᠪᠦᠷᠢ 4.9 ᠪᠠᠶ᠋ᠢᠭᠰᠠᠨ᠎ᠠᠴᠠ 0.6 ᠡᠳᠦᠷ ᠪᠣᠯᠵᠤ ᠪᠠᠭ᠋ᠠᠰᠪᠠ᠃

      ᠨᠣᠭᠤᠭ᠋ᠠᠷᠠᠭᠤᠯᠤᠯᠲᠠ ᠤᠷᠤᠭᠰᠢᠯᠠᠨ ᠡᠯᠡᠰᠦ ᠤᠬᠤᠷᠢᠵᠤ᠂ ᠠᠭᠤᠯᠠ ᠤᠰᠤᠨ᠎ᠳᠤ ᠯᠤᠲᠤ ᠶᠡᠭᠡ ᠬᠤᠪᠢᠷᠠᠯᠲᠠ᠎ᠲᠠᠢ ᠪᠣᠯᠵᠠᠢ᠃ ᠡᠯᠡᠰᠦᠷᠬᠡᠭ ᠣᠷᠣᠨ᠎ᠤ ᠬᠥᠮᠥᠰ᠎ᠤᠨ ᠨᠣᠮᠢᠨ ᠨᠣᠭᠤᠭ᠋ᠠᠨ ᠬᠦᠰᠡᠯ ᠵᠡᠭᠦᠳᠦ ᠨᠢᠳᠦᠨ ᠡᠮᠦᠨ᠎ᠡ ᠢᠯᠡᠷᠡᠯ᠎ᠡ᠃

      ᠤᠮᠠᠷᠠᠲᠤ ᠣᠷᠣᠨ᠎ᠳᠤ 《ᠬᠠᠮᠠᠭ᠋ᠠᠯᠠᠯᠲᠠ ᠵᠢᠨ ᠲᠡᠪᠡᠯ》 ᠨᠥᠮᠥᠷᠭᠡᠵᠦ ᠪᠦᠭᠦ ᠤᠯᠤᠰ᠎ᠲᠤ 《ᠨᠡᠭᠦᠷᠡᠰᠦᠲᠥ᠋ᠷᠥᠭᠴᠢ ᠵᠢᠨ ᠬᠥᠮᠥᠷᠭᠡ》 ᠪᠠ 《ᠬᠦᠴᠢᠯᠲᠥ᠋ᠷᠥᠭᠴᠢ ᠵᠢᠨ ᠪᠠᠭ᠋ᠠᠷ》᠎ᠢ ᠪᠠᠶ᠋ᠢᠭᠤᠯᠵᠤ ᠥᠭᠪᠡ

      40 ᠭᠠᠷᠤᠢ ᠵᠢᠯ᠎ᠤᠨ ᠲᠤᠷᠰᠢ᠂ ᠳᠤᠮᠳᠠᠳᠤ ᠤᠯᠤᠰ ᠪᠠᠶ᠋ᠢᠭ᠋ᠠᠯᠢ ᠵᠢᠨ ᠵᠢᠮ᠎ᠡ ᠶᠣᠰᠣᠨ᠎ᠳᠤ ᠨᠡᠶ᠋ᠢᠴᠡᠭᠰᠡᠨ᠂ ᠤᠯᠤᠰ᠎ᠤᠨ ᠪᠠᠶ᠋ᠢᠳᠠᠯ ᠪᠠ ᠭᠠᠵᠠᠷ ᠣᠷᠣᠨ᠎ᠤ ᠪᠠᠶ᠋ᠢᠳᠠᠯ᠎ᠳᠤ ᠨᠡᠶ᠋ᠢᠴᠡᠭᠰᠡᠨ ᠳᠤᠮᠳᠠᠳᠤ ᠤᠯᠤᠰ᠎ᠤᠨ ᠣᠨᠴᠠᠯᠢᠭ᠎ᠲᠠᠢ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠵᠠᠮ᠎ᠢ ᠨᠡᠭᠡᠭᠡᠭᠰᠡᠨ ᠪᠠᠶ᠋ᠢᠨ᠎ᠠ᠃ ᠥᠪᠥᠷ ᠮᠣᠩᠭᠤᠯ᠎ᠤᠨ ᠡᠯᠡᠰᠦ ᠵᠢ ᠵᠠᠰᠠᠭᠰᠠᠨ ᠲᠡᠦᠬᠡ ᠪᠣᠯᠣᠨ ᠠᠮᠢᠳᠤᠷᠠᠯ᠎ᠤᠨ ᠣᠷᠴᠢᠨ ᠲᠣᠭᠤᠷᠢᠨ᠎ᠤ ᠬᠤᠪᠢᠷᠠᠯᠲᠠ᠎ᠨᠢ ᠡᠨᠡ ᠬᠦ᠌ ᠯᠤᠲᠤ ᠶᠡᠭᠡ ᠨᠣᠮᠢᠨ ᠨᠣᠭᠤᠭ᠋ᠠᠨ ᠬᠤᠪᠢᠷᠠᠯᠲᠠ ᠵᠢ ᠭᠡᠷᠡᠴᠢᠯᠡᠵᠦ ᠪᠤᠢ᠃

      ᠡᠮᠦᠨ᠎ᠡ ᠲᠠᠯ᠎ᠠ᠎ᠪᠠᠷ᠎ᠨᠢ ᠨᠠᠮ ᠳᠥᠯᠭᠡᠬᠡᠨ ᠤᠷᠤᠰᠤᠭᠰᠠᠨ ᠡᠵᠢ ᠭᠤᠤᠯ; ᠠᠷᠤ ᠲᠠᠯ᠎ᠠ᠎ᠳᠤᠨᠢ ᠦᠷᠭᠦᠯᠵᠢᠯᠡᠨ ᠵᠠᠯᠭ᠋ᠠᠯᠳᠤᠭᠰᠠᠨ ᠡᠯᠡᠰᠦᠨ ᠳᠣᠪᠣᠴᠠᠭ ᠬᠠᠷᠠᠭᠳᠠᠨ᠎ᠠ᠃ 2 ᠮᠤᠲᠷ ᠭᠠᠷᠤᠢ ᠥᠨᠳᠥᠷ ᠮᠦᠭᠦ ᠵᠢᠨ ᠡᠪᠡᠰᠦ ᠶᠠᠭ ᠯᠠ ᠮᠥᠷ ᠮᠥᠷ ᠵᠶ᠋ᠠᠷ ᠵᠣᠭᠰᠣᠭᠰᠠᠨ ᠨᠣᠭᠤᠭ᠋ᠠᠨ ᠬᠠᠮᠠᠭ᠋ᠠᠯᠠᠭᠴᠢ ᠭᠡᠮᠡᠷ ᠬᠠᠳᠤᠨ ᠭᠤᠣᠯ ᠪᠣᠯᠣᠨ ᠡᠯᠡᠰᠦᠨ ᠴᠦᠯ᠎ᠢ ᠲᠤᠰᠠᠭ᠋ᠠᠷᠯᠠᠵᠤ ᠬᠠᠶᠠᠵᠠᠢ᠃ ᠡᠨᠡ ᠬᠦ᠌ ᠤᠰᠤ᠂ ᠤᠢ᠂ ᠡᠯᠡᠰᠦ᠎ᠪᠠᠷ ᠬᠦᠷᠢᠶᠡᠯᠡᠭᠳᠡᠭᠰᠡᠨ ᠭᠠᠶ᠋ᠢᠬᠠᠮᠰᠢᠭᠲᠤ ᠦᠵᠡᠮᠵᠢ᠎ᠨᠢ ᠪᠠᠶᠠᠨᠨᠠᠭᠤᠷ ᠬᠤᠳᠠ ᠵᠢᠨ ᠳ᠋ᠧᠩᠺᠸᠤ ᠰᠢᠶᠠᠨ᠎ᠤ ᠯᠢᠦ ᠭᠤᠸᠠᠢ ᠱᠠ ᠲᠧᠦ᠎ᠳᠤ ᠢᠯᠡᠷᠡᠪᠡ᠃

      ᠬᠠᠲᠤᠨ ᠭᠤᠣᠯ᠎ᠨᠢ ᠪᠠᠶᠠᠨᠨᠠᠭᠤᠷ ᠬᠤᠲᠠ ᠵᠢᠨ ᠳ᠋ᠧᠩᠺᠸᠤ ᠰᠢᠶᠠᠨ᠎ᠤ ᠬᠢᠯᠢ᠎ᠪᠠᠷ 52 ᠺᠢᠯᠤᠮᠲ᠋ᠤᠷ   ᠤᠷᠤᠰᠤᠨ ᠥᠩᠭᠡᠷᠡᠵᠦ᠂ ᠯᠢᠦ ᠭᠤᠸᠠᠢ ᠱᠠ ᠲᠧᠦ ᠪᠣᠯ ᠡᠭᠢᠯᠡᠯᠲᠡ ᠵᠢᠨ ᠴᠡᠭ ᠪᠤᠯᠬᠤ ᠪᠥᠭᠡᠳ ᠪᠠᠰᠠ ᠴᠤ᠌ ᠬᠠᠲᠤᠨ ᠭᠤᠣᠯ ᠪᠣᠯᠣᠨ ᠤᠯᠠᠭ᠋ᠠᠨᠪᠤᠬ᠎ᠠ ᠡᠯᠡᠰᠦ ᠵᠢᠨ ᠵᠣᠯᠭ᠋ᠠᠯᠳᠤᠭᠤᠯᠵᠤ ᠪᠠᠶ᠋ᠢᠭ᠎ᠠ ᠭᠠᠵᠠᠷ ᠪᠣᠯᠣᠨ᠎ᠠ᠃ ᠥᠩᠭᠡᠷᠡᠭᠰᠡᠨ᠎ᠳᠤ ᠤᠯᠠᠭ᠋ᠠᠨᠪᠤᠬ᠎ᠠ ᠡᠯᠡᠰᠦ᠎ᠨᠢ ᠵᠢᠯ ᠪᠦᠷᠢ 7000 ᠭᠠᠷᠤᠢ ᠲᠦᠮᠡᠨ ᠲᠣᠨ ᠰᠢᠷ᠎ᠠ ᠡᠯᠡᠰᠦ ᠵᠢ ᠬᠠᠳᠤᠨ ᠭᠤᠣᠯ᠎ᠳᠤ ᠴᠢᠳᠬᠤᠵᠤ᠂ ᠬᠠᠳᠤᠨ ᠭᠤᠣᠯ᠎ᠤᠨ ᠭᠤᠯᠳᠤᠷᠢᠯ᠎ᠢ ᠵᠢᠯ ᠳᠠᠷᠠᠭ᠋ᠠᠯᠠᠨ ᠨᠡᠮᠡᠭᠳᠡᠭᠦᠯᠵᠦ᠂ ᠳᠣᠣᠷᠠᠳᠤ ᠤᠷᠤᠰᠬᠠᠯ᠎ᠤᠨ ᠭᠠᠵᠠᠷ ᠣᠷᠣᠨ᠎ᠤ ᠤᠯᠠᠨ ᠲᠦᠮᠡᠨ᠎ᠤ ᠠᠮᠢ ᠨᠠᠰᠤ ᠪᠠ ᠡᠳ᠋ ᠬᠥᠷᠥᠩᠭᠡ ᠵᠢᠨ ᠠᠮᠤᠷ ᠲᠦᠪᠰᠢᠨ᠎ᠢ ᠬᠦᠨᠳᠦ ᠨᠣᠴᠢᠲᠠᠢ ᠰᠦᠷᠳᠡᠭᠦᠯᠵᠦ ᠪᠠᠶ᠋ᠢᠪᠠ᠃

      ᠪᠠᠶᠠᠨᠨᠠᠭᠤᠷ ᠬᠤᠲᠠ ᠬᠠᠯᠬᠠᠪᠴᠢ ᠣᠶ ᠵᠢᠨ ᠪᠦᠲᠦᠭᠡᠨ ᠪᠠᠶ᠋ᠢᠭᠤᠯᠤᠯᠲᠠ ᠵᠢᠨ ᠠᠶᠠᠨ ᠵᠶ᠋ᠠᠨ ᠡᠬᠢᠯᠡᠭᠦᠯᠦᠯ᠎ᠡ᠃ ᠣᠳᠣᠬᠠᠨ᠎ᠳᠤ᠂ ᠤᠯᠠᠭ᠋ᠠᠨᠪᠤᠬ᠎ᠠ ᠡᠯᠡᠰᠦ ᠵᠢᠨ ᠭᠦᠪᠡᠭᠡ ᠵᠠᠬ᠎ᠠ᠂ ᠬᠠᠲᠤᠨ ᠭᠤᠣᠯ᠎ᠤᠨ ᠬᠥᠪᠡᠭᠡᠨ᠎ᠳᠤ᠂ ᠨᠢᠭᠡᠨ ᠵᠤᠷᠪᠤᠰ 154 ᠺᠢᠯᠣᠮᠧᠳ᠋ᠷ ᠣᠷᠳᠣ᠂ 18.5 ᠲᠦᠮᠡᠨ ᠮᠦ᠍ ᠲᠠᠯᠠᠪᠠᠶ ᠪᠦᠬᠦᠢ ᠡᠯᠡᠰᠦᠷᠬᠡᠭᠵᠢᠯ᠎ᠢ ᠰᠡᠷᠭᠡᠶ᠋ᠢᠯᠡᠬᠦ ᠣᠶ ᠰᠦᠨᠳᠡᠷᠯᠡᠨ ᠪᠣᠰᠣᠭᠰᠠᠨ ᠪᠥᠭᠡᠳ ᠲᠠᠰᠤᠷᠠᠯᠲᠠ ᠦᠭᠡᠢ ᠥᠷᠭᠡᠵᠢᠨ ᠦᠷᠭᠦᠯᠵᠢᠯᠡᠵᠦ᠂ ᠡᠯᠡᠰᠦ ᠵᠡᠭᠦᠨᠰᠢ ᠲᠦᠷᠢᠬᠦ ᠵᠢ ᠪᠦᠲᠦᠮᠵᠢᠲᠡᠶ ᠬᠤᠷᠢᠭᠯᠠᠵᠤ᠂ ᠡᠯᠡᠰᠦ ᠰᠢᠪᠠᠷ᠎ᠤᠨ ᠬᠠᠲᠤᠨ ᠭᠤᠣᠯ᠎ᠳᠤ ᠣᠷᠣᠬᠤ ᠵᠢ ᠪᠠᠭ᠋ᠠᠰᠬᠠᠪᠠ᠃

      ᠳ᠋ᠧᠩᠺᠸᠤ ᠰᠢᠶᠠᠨ ᠵᠶ᠋ᠠᠷ ᠵᠣᠬᠰᠣᠬᠤ ᠦᠭᠡᠢ᠂ ᠬᠠᠳᠤᠨ ᠭᠤᠣᠯ᠎ᠤᠨ ᠥᠩᠭᠡᠷᠡᠵᠦ ᠪᠠᠶ᠋ᠢᠭ᠎ᠠ ᠬᠥᠪᠴᠢ ᠵᠢᠨ ᠡᠯᠡᠰᠦ᠂ ᠤᠯᠠᠭ᠋ᠠᠨᠪᠤᠬ᠎ᠠ ᠡᠯᠡᠰᠦᠨ᠎ᠳᠤ᠂ ᠬᠠᠳᠤᠨ ᠭᠤᠣᠯ᠎ᠤᠨ ᠤᠷᠤᠰᠤᠨ ᠥᠩᠭᠡᠷᠡᠵᠦ ᠪᠠᠶ᠋ᠢᠭ᠎ᠠ ᠥᠷᠭᠡᠨ ᠠᠭᠤᠳᠠᠮ ᠡᠬᠡ ᠭᠠᠵᠠᠷ᠎ᠲᠤ᠂ ᠬᠠᠳᠤᠨ ᠭᠤᠣᠯ᠎ᠤᠨ ᠵᠠᠬ᠎ᠠ ᠵᠢ ᠪᠣᠷᠣᠭ᠋ᠠᠯᠠᠭᠰᠠᠨ ᠤᠢ᠂ ᠬᠠᠰᠢᠯᠭ᠎ᠠ ᠬᠠᠮᠠᠭ᠋ᠠᠯᠠᠬᠤ ᠤᠢ᠂ ᠠᠮᠢ ᠠᠬᠤᠢ ᠵᠢᠨ ᠬᠤᠩᠭᠢᠯ᠎ᠤᠳ ᠰᠦᠨᠳᠡᠷᠯᠡᠨ ᠪᠣᠰᠴᠤ᠂ ᠡᠯᠡᠰᠦ ᠰᠢᠪᠠᠷ ᠬᠠᠳᠤᠨ ᠭᠤᠣᠯ᠎ᠳᠤ ᠤᠷᠤᠰᠤᠨ ᠣᠷᠣᠬᠤ ᠵᠢ ᠪᠦᠲᠦᠮᠵᠢᠲᠡᠢ ᠬᠤᠷᠢᠭᠯᠠᠵᠤ᠂ ᠶᠡᠭᠡ ᠭᠤᠣᠯ᠎ᠤᠨ ᠠᠮᠤᠷ ᠠᠮᠤᠭᠤᠯᠠᠩ᠎ᠢ ᠬᠠᠮᠠᠭ᠋ᠠᠯᠠᠵᠤ ᠪᠠᠶ᠋ᠢᠨ᠎ᠠ᠃

      ᠥᠪᠥᠷ ᠮᠣᠩᠭᠤᠯ᠎ᠳᠤ ᠥᠪᠡᠷᠮᠢᠴᠡ ᠭᠠᠵᠠᠷ ᠵᠦᠢ ᠵᠢᠨ ᠣᠷᠴᠢᠨ ᠲᠣᠭᠤᠷᠢᠨ ᠪᠠ ᠠᠮᠢ ᠠᠬᠤᠢ ᠵᠢᠨ ᠨᠥᠬᠦᠴᠡᠯ᠎ᠲᠠᠢ ᠪᠠᠶ᠋ᠢᠵᠤ᠂ 《ᠤᠮᠠᠷᠠᠲᠤ ᠵᠢᠨ ᠭᠤᠷᠪᠠᠨ ᠣᠷᠣᠨ》᠎ᠤ ᠬᠠᠯᠬᠠᠪᠴᠢ ᠣᠶ᠎ᠨᠢ ᠥᠪᠡᠷᠮᠢᠴᠡ ᠤᠨᠴᠠᠭ᠋ᠠᠢ ᠠᠮᠢ ᠠᠬᠤᠢ ᠵᠢᠨ ᠬᠠᠮᠠᠭ᠋ᠠᠯᠠᠯᠲᠠ ᠵᠢᠨ ᠲᠣᠣᠷ᠎ᠢ ᠪᠦᠷᠢᠯᠳᠦᠭᠦᠯᠵᠡᠢ᠄

      ᠨᠡᠯᠦᠭᠡᠷ ᠶᠡᠭᠡ ᠡᠯᠡᠰᠦᠨ ᠴᠥᠯ ᠭᠤᠪᠢ ᠨᠤᠲᠤᠭ᠎ᠲᠤ 《ᠠᠭᠤᠯᠠ ᠵᠢ ᠪᠢᠲᠡᠭᠦᠮᠵᠢᠯᠡᠨ ᠣᠶ᠋ᠢᠵᠢᠭᠤᠯᠬᠤ ᠨᠢᠰᠬᠡᠯ ᠵᠶ᠋ᠠᠷ ᠣᠶ᠋ᠢᠵᠢᠭᠤᠯᠬᠤ》 ᠵᠢ ᠤᠶᠠᠯᠳᠤᠭᠤᠯᠵᠤ᠂ ᠲᠤᠷᠤᠭ ᠮᠣᠳᠣ ᠪᠤᠳᠠ ᠮᠣᠳᠣ ᠡᠪᠡᠰᠦ᠎ᠪᠠᠷ ᠪᠦᠷᠢᠯᠳᠦᠭᠰᠡᠨ ᠬᠠᠯᠬᠠᠪᠴᠢ ᠣᠶ᠎ᠨᠢ ᠰᠢᠷ᠎ᠠ ᠡᠯᠡᠰᠦ ᠵᠢ ᠳᠠᠪᠬᠤᠷ ᠳᠠᠪᠬᠤᠷ ᠪᠦᠰᠡᠯᠡᠵᠦ ᠪᠢᠲᠡᠭᠦᠮᠵᠢᠯᠡᠭᠡᠳ᠂ 《ᠨᠣᠭᠤᠭ᠋ᠠᠨ ᠪᠦᠰᠡ᠎ᠪᠠᠷ ᠰᠢᠷ᠎ᠠ ᠯᠤᠤ ᠵᠢ ᠨᠣᠭᠲᠣᠯᠠᠬᠤ》 ᠰᠦᠷᠯᠢᠭ ᠦᠵᠡᠮᠵᠢ ᠵᠢ ᠪᠦᠷᠢᠯᠳᠦᠭᠦᠯᠵᠡᠢ᠃

      ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠳᠤ᠂ 《ᠲᠠᠷᠢᠶᠠᠨ ᠭᠠᠵᠠᠷ᠎ᠢ ᠳᠥᠷᠪᠡᠯᠵᠢᠨ ᠪᠤᠯᠭ᠋ᠠᠵᠤ᠂ ᠣᠶ ᠰᠢᠭᠤᠢ ᠵᠢ ᠲᠣᠣᠷ ᠪᠤᠯᠭ᠋ᠠᠵᠤ᠂ ᠵᠠᠮ᠎ᠢ ᠬᠠᠷᠢᠯᠴᠠᠨ ᠬᠤᠯᠪᠣᠵᠤ᠂ ᠰᠤᠪᠠᠭ᠎ᠢ ᠬᠠᠷᠢᠯᠴᠠᠨ ᠨᠠᠪᠲᠠᠷᠡᠭᠦᠯᠵᠦ᠂ ᠭᠠᠩᠳᠠᠪᠠᠯ ᠤᠰᠤᠯᠠᠵᠤ ᠪᠤᠯᠬᠤ᠂ ᠤᠰᠤᠲᠤᠪᠠᠯ ᠲᠠᠲᠠᠷᠠᠭᠤᠯᠵᠤ ᠪᠤᠯᠬᠤ》 ᠲᠠᠷᠢᠶᠠᠨ ᠭᠠᠵᠠᠷ ᠣᠶ ᠰᠢᠭᠤᠢ ᠵᠢᠨ ᠲᠣᠣᠷ᠎ᠤᠨ ᠪᠠᠶ᠋ᠢᠷᠢᠰᠢᠯ᠎ᠢ ᠨᠢᠭᠡᠨᠲᠡ ᠪᠦᠷᠢᠯᠳᠦᠭᠦᠯᠵᠦ᠂ 80 ᠭᠠᠷᠤᠢ ᠲᠦᠮᠡᠨ ᠮᠦ᠍ ᠣᠶ ᠰᠢᠭᠤᠢ᠎ᠨᠢ ᠲᠠᠷᠢᠶᠠᠨ ᠭᠠᠵᠠᠷ᠎ᠢ ᠪᠠᠲᠤ ᠬᠠᠮᠠᠭ᠋ᠠᠯᠠᠵᠤ᠂ ᠬᠥᠷᠥᠰᠥ ᠰᠢᠷᠣᠢ ᠵᠢ ᠰᠠᠶ᠋ᠢᠵᠢᠷᠠᠭᠤᠯᠤᠭᠰᠠᠨ ᠵᠶ᠋ᠠᠷ ᠪᠠᠷᠠᠬᠤ ᠦᠭᠡᠢ᠂ ᠪᠣᠭᠤᠮᠲᠠ ᠵᠢᠨ ᠭᠠᠳᠠᠨᠠᠬᠢ ᠠᠮᠤ ᠵᠢᠨ ᠰᠠᠩ᠎ᠢ ᠴᠦ᠍ ᠰᠠᠬᠢᠨ ᠬᠠᠮᠠᠭ᠋ᠠᠯᠠᠭᠰᠠᠨ ᠪᠠᠶ᠋ᠢᠨ᠎ᠠ᠃

      ᠲᠠᠯ᠎ᠠ ᠭᠠᠵᠠᠷ᠎ᠤᠨ ᠣᠷᠣᠨ᠂ ᠵᠠᠰᠠᠮᠠᠯ ᠵᠠᠮ᠎ᠤᠨ ᠬᠤᠶᠠᠷ ᠲᠠᠯ᠎ᠠ᠂ ᠠᠶ᠋ᠢᠯ ᠲᠣᠰᠬᠤᠨ᠎ᠤ ᠡᠷᠭᠢᠨ ᠲᠣᠭᠤᠷᠢᠨ᠂ ᠠᠭᠤᠯᠠᠷᠬᠠᠭ ᠭᠠᠵᠠᠷ ᠡᠵᠡᠭᠦᠢ ᠲᠠᠯ᠎ᠠ᠎ᠪᠠᠷ᠂ ᠪᠦᠰᠡ᠂ ᠲᠣᠣᠷ᠂ ᠬᠡᠰᠡᠭ᠎ᠢ ᠤᠶᠠᠯᠳᠤᠭᠤᠯᠤᠭᠰᠠᠨ ᠬᠠᠯᠬᠠᠪᠴᠢ ᠣᠶ᠎ᠨᠢ ᠡᠬᠡ ᠭᠠᠵᠠᠷ᠎ᠢ ᠨᠣᠭᠤᠭ᠋ᠠᠷᠠᠭᠤᠯᠵᠤ᠂ ᠠᠮᠢ ᠠᠬᠤᠢ ᠰᠠᠶ᠋ᠢᠵᠢᠷᠠᠵᠤ᠂ ᠣᠷᠴᠢᠨ ᠲᠣᠭᠤᠷᠢᠨ ᠭᠤᠶᠣ ᠰᠠᠶ᠋ᠢᠬᠠᠨ ᠪᠣᠯᠵᠤ᠂ ᠠᠷᠢᠶᠠᠲᠠᠨ ᠠᠮᠢᠲᠠᠨ ᠴᠤ᠌ ᠣᠯᠠᠰᠢᠷᠠᠵᠠᠢ᠃

      ᠤᠢ ᠵᠢᠨ ᠲᠣᠣᠷ᠎ᠤᠨ ᠪᠠᠶ᠋ᠢᠭᠤᠯᠤᠯᠲᠠ ᠵᠢᠨ ᠥᠪᠡᠷᠮᠢᠴᠡ ᠴᠢᠨᠠᠷ᠎ᠨᠢ 《ᠭᠡᠯᠪᠡᠷᠢ》᠎ᠳᠤ ᠯᠡ ᠪᠠᠶ᠋ᠢᠬᠤ᠎ᠪᠠᠷ ᠵᠣᠬᠰᠣᠬᠤ ᠦᠭᠡᠢ᠂ ᠨᠠᠩ ᠴᠤ᠌ 《ᠠᠭᠤᠯᠭ᠎ᠠ》 ᠎ᠳᠤᠨᠢ ᠪᠠᠶ᠋ᠢᠳᠠᠭ᠃

      1979 ᠣᠨ᠎ᠳᠤ ᠮᠠᠨ᠎ᠤ ᠤᠯᠤᠰ 《ᠤᠮᠠᠷᠠᠲᠤ ᠵᠢᠨ ᠭᠤᠷᠪᠠᠨ ᠣᠷᠣᠨ》᠎ᠤ ᠬᠠᠯᠬᠠᠪᠴᠢ ᠤᠢ ᠵᠢᠨ ᠢᠨᠵᠧᠨᠧᠷᠢᠩ᠎ᠢ ᠤᠯᠤᠰ᠎ᠤᠨ ᠠᠵᠤ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢᠨ ᠴᠢᠬᠤᠯᠠ ᠲᠦᠷᠦᠯ ᠵᠦᠢ᠍ᠯ᠎ᠳᠤ ᠣᠷᠣᠭᠤᠯᠪᠠ᠃ ᠪᠠᠷᠢᠯᠭ᠎ᠠ ᠵᠢᠨ ᠲᠥᠯᠦᠪᠵᠢᠭᠦᠯᠭᠡ ᠵᠢᠨ ᠬᠤᠭᠤᠴᠠᠭ᠎ᠠ᠎ᠨᠢ 73 ᠵᠢᠯ ᠪᠠᠶ᠋ᠢᠵᠤ᠂ ᠪᠦᠲᠦᠭᠡᠨ ᠪᠠᠶ᠋ᠢᠭᠤᠯᠤᠯᠲᠠ ᠵᠢ 8 ᠬᠤᠭᠤᠴᠠᠭ᠎ᠠ ᠬᠤᠪᠢᠶᠠᠨ ᠶᠠᠪᠤᠭᠳᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ 《ᠤᠮᠠᠷᠠᠲᠤ ᠵᠢᠨ ᠭᠤᠷᠪᠠᠨ ᠣᠷᠣᠨ》᠎ᠤ ᠬᠠᠯᠬᠠᠪᠴᠢ ᠣᠶ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠥᠪᠥᠷ ᠮᠣᠩᠭᠤᠯ᠎ᠤᠨ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢᠨ ᠴᠢᠬᠤᠯᠠ ᠭᠠᠷᠳᠠᠴᠠ ᠵᠢᠨ ᠨᠢᠭᠡ ᠪᠤᠯᠭ᠋ᠠᠵᠤ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠭᠤᠣᠯᠳᠠᠯᠭ᠎ᠠ ᠵᠢ ᠲᠣᠪᠤᠶ᠋ᠢᠯᠭ᠋ᠠᠨ᠂ ᠲᠣᠮᠣ ᠢᠨᠵᠧᠨᠧᠷᠢᠩ ᠵᠶ᠋ᠠᠷ ᠶᠡᠭᠡ ᠵᠠᠰᠠᠯᠲᠠ ᠵᠢ ᠳᠠᠶ᠋ᠢᠴᠢᠯᠠᠪᠠ᠃ ᠡᠭᠦᠨ᠎ᠠᠴᠠ ᠡᠬᠢᠯᠡᠨ᠂ ᠮᠣᠳᠣ ᠳᠠᠷᠢᠬᠤ ᠤᠯᠠᠷᠢᠯ ᠪᠤᠯᠬᠤ ᠪᠦᠷᠢ ᠪᠠᠶ᠋ᠢᠭᠤᠯᠭ᠎ᠠ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠠᠵᠢᠯᠴᠢᠨ᠂ ᠰᠤᠷᠭ᠋ᠠᠭᠤᠯᠢ ᠵᠢᠨ ᠪᠠᠭᠰᠢ ᠰᠣᠷᠣᠬ᠍ᠴᠢ᠂ ᠴᠡᠷᠢᠭ ᠠᠩᠭᠢ ᠵᠢᠨ ᠳᠠᠷᠤᠭ᠎ᠠ ᠪᠠᠶ᠋ᠢᠯᠳᠤᠭᠴᠢ᠂ ᠮᠠᠯᠴᠢᠨ ᠲᠠᠷᠢᠶᠠᠴᠢᠨ ᠴᠥᠮ ᠠᠳᠡ ᠬᠦᠷᠴᠦ ᠢᠷᠡᠨ᠎ᠡ᠂ ᠡᠯ᠎ᠡ ᠠᠵᠢᠯ ᠲᠥᠷᠥᠯ᠎ᠤᠨ᠎ᠬᠢᠨ ᠴᠥᠮ ᠮᠣᠳᠣ ᠳᠠᠷᠢᠬᠤ ᠲᠤᠬᠠᠢ ᠵᠢᠨ ᠲᠠᠯᠠᠪᠠᠶ᠎ᠳᠤ ᠬᠦᠷᠴᠦ ᠢᠷᠡᠨ᠂ ᠥᠪᠥᠷ ᠮᠣᠩᠭᠤᠯ᠎ᠤᠨ ᠡᠬᠡ ᠭᠠᠵᠠᠷ᠎ᠲᠤ ᠨᠣᠭᠤᠭ᠋ᠠᠷᠠᠭᠤᠯᠤᠯᠲᠠ ᠵᠢᠨ ᠬᠠᠯᠠᠭᠤᠨ ᠥᠷᠨᠢᠯᠲᠡ ᠪᠣᠯᠵᠤ᠂ ᠵᠠᠰᠠᠭ᠎ᠤᠨ ᠣᠷᠳᠣᠨ ᠭᠤᠣᠯᠯᠠᠨ ᠤᠳᠤᠷᠢᠳᠤᠭᠰᠠᠨ᠂ ᠠᠵᠢᠯ ᠲᠥᠷᠥᠯ ᠬᠥᠲᠥᠯᠥᠨ ᠵᠢᠯᠣᠭᠤᠳᠤᠭᠰᠠᠨ᠂ ᠨᠡᠶ᠋ᠢᠭᠡᠮ ᠳᠠᠶᠠᠭ᠋ᠠᠷ ᠵᠶ᠋ᠠᠨ ᠣᠷᠣᠯᠴᠠᠬᠰᠠᠨ ᠡᠯᠡᠰᠦᠷᠬᠡᠭᠵᠢᠯ᠎ᠢ ᠵᠠᠰᠠᠵᠤ ᠣᠶ᠋ᠢᠵᠢᠭᠤᠯᠬᠤ ᠵᠠᠭᠪᠤᠷ ᠡᠳᠦᠷ ᠢᠷᠡᠬᠦᠶ᠎ᠡ ᠲᠣᠳᠣᠬᠠᠨ ᠪᠣᠯᠵᠠᠢ᠃

      ᠨᠢᠭᠡ ᠲᠠᠯ᠎ᠠ᠎ᠪᠠᠷ ᠣᠶ᠋ᠢᠵᠢᠭᠤᠯᠵᠤ᠂ ᠨᠢᠭᠡ ᠲᠠᠯ᠎ᠠ᠎ᠪᠠᠷ ᠰᠡᠷᠭᠦᠭᠡᠵᠦ᠂ 《ᠬᠤᠶᠠᠷ ᠮᠥᠷ ᠨᠢᠭᠡ ᠪᠦᠰᠡ》᠂ ᠤᠷᠭᠤᠮᠠᠯ᠎ᠤᠨ ᠳᠠᠭᠢᠨ ᠤᠷᠭᠤᠬᠤ ᠡᠯᠡᠰᠦᠨ ᠬᠠᠯᠬᠠᠪᠴᠢ᠂ ᠨᠦᠬᠡ ᠮᠠᠯᠲᠠᠵᠤ ᠣᠶ᠋ᠢᠵᠢᠭᠤᠯᠬᠤ᠂ ᠦᠨᠳᠦᠰᠦ ᠵᠢ᠎ᠨᠢ ᠬᠢᠵᠠᠭ᠋ᠠᠷᠯᠠᠨ ᠣᠶ᠋ᠢᠵᠢᠭᠤᠯᠬᠤ ᠵᠡᠷᠭᠡ ᠢᠨᠵᠧᠨᠧᠷᠢᠩ᠎ᠤᠨ ᠵᠠᠭᠪᠤᠷ ᠪᠣᠯᠣᠨ ᠤᠰᠤ ᠠᠷᠪᠢᠯᠠᠵᠤ ᠭᠠᠩ᠎ᠲᠠᠢ ᠲᠡᠮᠡᠴᠡᠨ ᠣᠶ᠋ᠢᠵᠢᠭᠤᠯᠬᠤ ᠰᠢᠷᠢᠰ ᠮᠡᠷᠭᠡᠵᠢᠯ᠎ᠢ ᠠᠮᠵᠢᠯᠲᠠ᠎ᠲᠠᠢ ᠰᠤᠳᠤᠯᠤᠨ ᠳᠡᠯᠭᠡᠷᠡᠭᠦᠯᠵᠦ᠂ ᠡᠯᠡᠰᠦᠷᠬᠡᠭᠵᠢᠭᠰᠡᠨ ᠭᠠᠵᠠᠷ ᠰᠢᠷᠣᠢ ᠵᠢ ᠪᠢᠲᠡᠭᠦᠮᠵᠢᠯᠡᠨ ᠬᠠᠮᠠᠭ᠋ᠠᠯᠠᠬᠤ᠂ ᠳᠤᠷ᠎ᠠ᠎ᠪᠠᠷ ᠵᠶ᠋ᠠᠨ ᠣᠭᠲᠣᠯᠬᠤ ᠬᠠᠤᠯᠢ᠎ᠠᠴᠠ ᠵᠥᠷᠢᠴᠡᠭᠰᠡᠨ ᠦᠶᠯᠡ ᠠᠵᠢᠯᠯᠠᠭ᠎ᠠ᠎ᠳᠤ ᠴᠣᠬᠢᠯᠲᠠ ᠥᠭᠬᠦ ᠵᠡᠷᠭᠡ ᠠᠷᠭ᠎ᠠ ᠬᠡᠮᠵᠢᠶ᠎ᠡ ᠵᠢ ᠴᠢᠩᠭ᠎ᠠ ᠬᠡᠷᠡᠭᠵᠢᠭᠦᠯᠵᠦ᠂ ᠡᠬᠡ ᠤᠯᠤᠰ᠎ᠤᠨ ᠤᠮᠠᠷᠠᠲᠤ ᠬᠢᠯᠢ ᠵᠢ ᠰᠤᠨᠳᠠᠯᠠᠭᠰᠠᠨ ᠲᠦᠮᠡᠨ ᠭᠠᠵᠠᠷ᠎ᠤᠨ ᠨᠣᠮᠢᠨ ᠨᠣᠭᠤᠭ᠋ᠠᠨ ᠬᠠᠯᠬᠠᠪᠴᠢ ᠵᠢ ᠮᠠᠰᠢ ᠲᠦᠷᠭᠡᠨ ᠪᠣᠰᠬᠠᠵᠤ᠂ ᠰᠠᠯᠬᠢ ᠡᠯᠡᠰᠦᠨ᠎ᠤ ᠬᠤᠣᠷ ᠬᠥᠨᠥᠭᠡᠯ ᠪᠣᠯᠣᠨ ᠤᠰᠤ ᠰᠢᠷᠣᠢ ᠵᠢᠨ ᠢᠳᠡᠭᠳᠡᠯ᠎ᠢ ᠪᠦᠲᠦᠮᠵᠢᠲᠡᠶ ᠪᠠᠭ᠋ᠠᠰᠬᠠᠵᠤ᠂ ᠮᠠᠨ᠎ᠤ ᠣᠷᠣᠨ᠎ᠤ ᠠᠮᠢ ᠠᠬᠤᠢ ᠵᠢᠨ ᠣᠷᠴᠢᠨ ᠲᠣᠭᠤᠷᠢᠨ᠎ᠤ 《ᠪᠦᠬᠦᠯᠢ ᠴᠣᠭᠴᠠ᠎ᠪᠠᠷ᠎ᠨᠢ ᠬᠤᠷᠢᠭᠯᠠᠵᠤ᠂ ᠬᠡᠰᠡᠭ ᠲᠠᠯ᠎ᠠ᠎ᠪᠠᠷ ᠰᠠᠶ᠋ᠢᠵᠢᠷᠠᠭᠤᠯᠬᠤ》 ᠴᠢᠬᠤᠯᠠ ᠶᠡᠭᠡ ᠬᠤᠪᠢᠷᠠᠯᠲᠠ ᠵᠢ ᠪᠡᠶᠡᠯᠡᠭᠦᠯᠬᠦ᠎ᠳᠤ ᠪᠠᠲᠤ ᠰᠠᠭᠤᠷᠢ ᠵᠢ ᠲᠠᠯᠪᠢᠵᠤ ᠥᠭᠴᠡᠢ᠃

      ᠥᠨᠥᠳᠥᠷ᠎ᠤᠨ ᠥᠪᠥᠷ ᠮᠣᠩᠭᠤᠯ᠂ ᠮᠠᠨ᠎ᠤ ᠤᠯᠤᠰ᠎ᠤᠨ ᠤᠮᠠᠷᠠᠲᠤ ᠣᠷᠣᠨ᠎ᠤ ᠡᠯᠡᠰᠦᠷᠬᠡᠭ ᠭᠠᠵᠠᠷ᠎ᠲᠤ 《ᠬᠠᠮᠠᠭ᠋ᠠᠯᠠᠯᠲᠠ ᠵᠢᠨ ᠲᠡᠪᠡᠯ》 ᠨᠥᠮᠥᠷᠭᠡᠭᠰᠡᠨ ᠵᠶ᠋ᠠᠷ ᠪᠠᠷᠠᠬᠤ ᠦᠭᠡᠢ᠂ ᠪᠠᠰᠠ ᠪᠦᠭᠦ ᠤᠯᠤᠰ᠎ᠤᠨ ᠠᠷᠠᠳ ᠲᠦᠮᠡᠨ᠎ᠳᠤ ᠳᠡᠰ᠎ᠠᠴᠠ ᠳᠠᠪᠠᠭᠰᠠᠨ 《ᠨᠡᠭᠦᠷᠡᠰᠦᠲᠥ᠋ᠷᠥᠭᠴᠢ ᠵᠢᠨ ᠬᠥᠮᠥᠷᠭᠡ》 ᠪᠠ ᠴᠡᠪᠡᠷ 《ᠬᠦᠴᠢᠯᠲᠥ᠋ᠷᠥᠭᠴᠢ ᠵᠢᠨ ᠪᠠᠭ᠋ᠠᠷ》᠎ᠢ ᠪᠠᠶ᠋ᠢᠭᠤᠯᠵᠤ᠂ ᠪᠡᠭᠡᠵᠢᠩ ᠲᠢᠶᠠᠨᠵᠢᠨ᠎ᠤ 《ᠰᠠᠯᠬᠢ ᠡᠯᠡᠰᠦᠨ᠎ᠤ ᠡᠬᠢ》᠎ᠨᠢ ᠨᠡᠶ᠋ᠢᠰᠯᠡᠯ᠎ᠤᠨ 《ᠠᠷᠤ ᠴᠡᠴᠡᠷᠯᠢᠭ》 ᠪᠣᠯᠵᠤ ᠬᠤᠪᠢᠷᠠᠪᠠ᠃

      ᠠᠪᠤᠭ᠋ᠠᠳ ᠳᠠᠭᠤᠰᠤᠰᠢ ᠦᠭᠡᠢ 《ᠨᠣᠭᠤᠭ᠋ᠠᠨ ᠪᠠᠩᠬᠢ》 ᠵᠢ ᠪᠦᠲᠦᠭᠡᠨ ᠪᠠᠶ᠋ᠢᠭᠤᠯᠵᠤ ᠠᠮᠢ ᠠᠬᠤᠢ ᠵᠢ ᠬᠠᠮᠠᠭ᠋ᠠᠯᠠᠬᠤ ᠪᠠ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ ᠵᠢ ᠰᠠᠶ᠋ᠢᠨ ᠰᠠᠶ᠋ᠢᠬᠠᠨ ᠣᠷᠴᠢᠯ᠎ᠳᠤ ᠣᠷᠣᠭᠤᠯᠪᠠ

      《ᠡᠵᠡᠭᠦᠢ ᠵᠡᠯᠢᠭᠦᠳ ᠡᠯᠡᠰᠦᠨ ᠴᠥᠯ᠎ᠳᠤᠷ ᠰᠢᠪᠠᠭᠤᠳ ᠦᠯᠦ ᠨᠢᠰᠦᠮᠦᠢ᠂ ᠲᠦᠮᠡᠨ ᠭᠤᠪᠢ ᠮᠢᠩᠭ᠋ᠠᠨ ᠠᠭᠤᠯᠠ ᠡᠴᠢᠨ᠎ᠡ ᠬᠤᠯᠠ ᠵᠢᠨ ᠤᠴᠢᠷ ᠵᠡᠭᠦᠳᠦᠨ ᠎ᠳᠤᠷ ᠵᠶ᠋ᠠᠨ ᠴᠤ᠌ ᠣᠴᠢᠬᠤ᠎ᠠᠴᠠ ᠠᠯᠵᠢᠶᠠᠨᠠᠮ》 ᠭᠡᠬᠦ ᠡᠷᠲᠡᠨ᠎ᠤ ᠪᠠᠳᠠᠭ᠎ᠲᠤ᠂ ᠡᠯᠡᠰᠦᠨ ᠴᠦᠯ᠎ᠤᠨ ᠡᠯᠦᠢ ᠬᠤᠯᠤᠢ᠎ᠨᠢ ᠬᠥᠮᠥᠨ᠎ᠢ ᠰᠦᠷᠳᠡᠭᠦᠯᠦᠮᠡᠷ᠃ ᠭᠡᠪᠡᠴᠦ ᠲᠦᠩᠯᠢᠶᠣᠣ ᠬᠤᠲᠠ ᠵᠢᠨ ᠬᠤᠷᠴᠢᠨ ᠵᠡᠭᠦᠨ ᠭᠠᠷᠤᠨ ᠬᠤᠶ᠋ᠢᠲᠤ ᠬᠤᠰᠢᠭᠤᠨ᠎ᠤ ᠡᠯᠡᠰᠦᠷᠬᠡᠭ ᠭᠠᠵᠠᠷ᠎ᠢ ᠶᠡᠷᠦᠩᠬᠡᠶ᠋ᠢᠯᠡᠨ ᠵᠠᠰᠠᠬᠤ ᠬᠤᠣᠰ ᠮᠢᠩᠭ᠋ᠠᠨ ᠲᠦᠮᠡᠨ ᠮᠦ᠍ ᠵᠢᠨ ᠨᠤᠭᠤᠰᠤᠲᠠᠢ ᠵᠢᠨ ᠲᠥᠷᠥᠯ ᠵᠦᠢ᠍ᠯ᠎ᠤᠨ ᠲᠣᠭᠤᠷᠢᠭ᠎ᠲᠤ᠂ ᠪᠢᠳᠡ ᠬᠠᠷᠢᠨ ᠨᠡᠯᠦᠭᠡᠷ ᠶᠡᠭᠡ ᠬᠥᠪᠴᠢ ᠵᠢᠨ ᠣᠶ ᠵᠢ ᠣᠯᠵᠤ ᠬᠠᠷᠠᠯ᠎ᠠ᠄ ᠨᠣᠮᠢᠨ ᠨᠣᠭᠤᠭ᠋ᠠᠨ ᠬᠠᠶ᠋ᠢᠯᠠᠷ ᠨᠠᠷᠠᠰᠤᠨ ᠣᠶ ᠰᠠᠯᠬᠢ ᠰᠥᠷᠦᠨ ᠰᠡᠬᠦᠶ᠋ᠢᠨ ᠰᠦᠨᠳᠡᠷᠯᠡᠵᠦ᠂ ᠬᠥᠯ ᠳᠣᠣᠷᠠᠬᠢ ᠨᠣᠭᠤᠭ᠋ᠠᠨ ᠡᠪᠡᠰᠦ ᠳᠡᠪᠢᠰᠦᠭᠰᠡᠨ ᠬᠡᠪᠢᠰ ᠮᠡᠲᠦ ᠵᠥᠭᠡᠯᠡᠨ ᠰᠠᠨᠠᠭᠳᠠᠨ᠎ᠠ᠃

       ᠲᠦᠩᠯᠢᠶᠣᠣ ᠬᠤᠲᠠ ᠵᠢᠨ 《ᠤᠮᠠᠷᠠᠲᠤ ᠵᠢᠨ ᠭᠤᠷᠪᠠᠨ ᠣᠷᠣᠨ》᠎ᠤ ᠬᠠᠯᠬᠠᠪᠴᠢ ᠣᠶ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠲᠡᠦᠬᠡᠨ ᠳᠡᠭᠡᠷ᠎ᠡ᠂ ᠬᠤᠷᠴᠢᠨ᠎ᠤ ᠡᠯᠡᠰᠦᠷᠬᠡᠭ ᠭᠠᠵᠠᠷ᠎ᠤᠨ 《ᠬᠤᠣᠰ ᠮᠢᠩᠭ᠋ᠠᠨ ᠲᠦᠮᠡᠨ ᠮᠦ᠍》 ᠵᠢᠨ ᠶᠡᠷᠦᠩᠬᠡᠶ᠋ᠢᠯᠡᠨ ᠵᠠᠰᠠᠬᠤ ᠢᠨᠵᠧᠨᠧᠷᠢᠩ᠎ᠨᠢ ᠨᠠᠩ ᠴᠤ᠌ ᠤᠳᠤᠨ ᠪᠣᠯᠵᠤ ᠭᠡᠷᠡᠯᠳᠦᠭᠰᠡᠨ ᠶᠤᠮ᠃

      ᠬᠤᠷᠴᠢᠨ᠎ᠤ ᠡᠯᠡᠰᠦᠷᠬᠡᠭ ᠭᠠᠵᠠᠷ᠎ᠤᠨ 《ᠬᠤᠣᠰ ᠮᠢᠩᠭ᠋ᠠᠨ ᠲᠦᠮᠡᠨ ᠮᠦ᠍》 ᠵᠢᠨ ᠢᠨᠵᠧᠨᠧᠷᠢᠩ᠎ᠤᠨ ᠲᠥᠷᠥᠯ ᠵᠦᠢ᠍ᠯ᠎ᠳᠤ ᠲᠦᠰᠢᠭᠯᠡᠨ᠂ ᠲᠦᠩᠯᠢᠶᠣᠣ ᠬᠤᠲᠠ ᠰᠢᠳ᠂ ᠬᠡᠮᠡᠷᠯᠢᠭ ᠬᠠᠶ᠋ᠢᠲᠠᠩ ᠵᠡᠷᠭᠡ ᠣᠶ ᠵᠢᠨ ᠵᠢᠮᠢᠰ᠎ᠢ 2500 ᠮᠦ᠍ ᠳᠠᠷᠢᠵᠤ᠂ ᠬᠦᠷᠡᠩ ᠴᠠᠷᠭ᠋ᠠᠰᠤ ᠵᠡᠷᠭᠡ ᠴᠢᠨᠠᠷ ᠰᠠᠶ᠋ᠢᠲᠠᠢ ᠡᠪᠡᠰᠦ ᠵᠢ 1800 ᠮᠦ᠍ ᠳᠠᠷᠢᠵᠤ᠂ ᠣᠶ ᠵᠢᠨ ᠵᠢᠮᠢᠰ᠎ᠤᠨ ᠠᠵᠤ ᠠᠬᠤᠢ᠂ ᠡᠪᠡᠰᠦ ᠪᠡᠯᠴᠢᠭᠡᠷ᠎ᠤᠨ ᠠᠵᠤ ᠠᠬᠤᠢ ᠵᠢ ᠶᠡᠭᠡ᠎ᠪᠠᠷ ᠬᠥᠭᠵᠢᠭᠦᠯᠵᠦ᠂ ᠥᠩᠭᠡᠷᠡᠭᠰᠡᠨ᠎ᠤ 《ᠰᠢᠷ᠎ᠠ ᠡᠯᠡᠰᠦ》᠎ᠨᠢ 《ᠰᠢᠵᠢᠷ ᠠᠯᠲᠠ》 ᠪᠣᠯᠵᠤ ᠬᠤᠪᠢᠷᠠᠪᠠ᠃ ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ᠂ 《ᠤᠮᠠᠷᠠᠲᠤ ᠵᠢᠨ ᠭᠤᠷᠪᠠᠨ ᠣᠷᠣᠨ》᠎ᠤ ᠬᠠᠯᠬᠠᠪᠴᠢ ᠤᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢᠨ ᠭᠤᠣᠯ ᠬᠠᠷᠠᠯᠲᠠ ᠪᠣᠯ ᠠᠮᠢ ᠠᠬᠤᠢ ᠵᠢᠨ ᠦᠷ᠎ᠡ ᠠᠰᠢᠭ᠎ᠢ ᠡᠭᠦᠳᠬᠦ ᠶᠠᠪᠤᠳᠠᠯ ᠪᠣᠯᠣᠨ᠎ᠠ᠂ ᠭᠡᠬᠦ᠎ᠳᠡᠭᠡᠨ ᠠᠵᠤ ᠠᠬᠤᠢ ᠵᠢᠨ ᠦᠷ᠎ᠡ ᠠᠰᠢᠭ᠎ᠤᠨ ᠲᠤᠯᠭ᠋ᠠᠭᠤᠷᠢᠯᠠᠯ᠎ᠠᠴᠠ ᠰᠠᠯᠪᠠᠯ ᠲᠡᠭᠦᠨ᠎ᠤ ᠠᠮᠢᠵᠢᠷᠠᠯ᠎ᠤᠨ ᠬᠦᠴᠦᠨ ᠳᠠᠷᠤᠢ ᠶᠡᠭᠡ᠎ᠪᠠᠷ ᠪᠠᠭᠤᠷᠠᠬᠤ ᠪᠣᠯᠣᠨ᠎ᠠ᠃

      ᠡᠨᠡ ᠶᠣᠰᠣ ᠵᠢ ᠭᠦᠨ ᠣᠶ᠋ᠢᠯᠠᠭ᠋ᠠᠭᠰᠠᠨ ᠥᠪᠥᠷ ᠮᠣᠩᠭᠤᠯ 《ᠤᠮᠠᠷᠠᠲᠤ ᠵᠢᠨ ᠭᠤᠷᠪᠠᠨ ᠣᠷᠣᠨ》᠎ᠤ ᠬᠠᠯᠬᠠᠪᠴᠢ ᠣᠶ ᠵᠢᠨ ᠢᠨᠵᠧᠨᠧᠷᠢᠩ᠎ᠢ ᠬᠡᠷᠡᠭᠵᠢᠭᠦᠯᠦᠭᠰᠡᠨ 40 ᠭᠠᠷᠤᠢ ᠵᠢᠯ᠎ᠤᠨ ᠲᠤᠷᠰᠢ᠂ ᠠᠮᠢ ᠠᠬᠤᠢ ᠵᠢ ᠵᠠᠰᠠᠬᠤ ᠪᠠ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ ᠵᠢ ᠵᠣᠬᠢᠴᠠᠭᠤᠯᠤᠨ ᠠᠬᠢᠭᠤᠯᠬᠤ ᠵᠢ ᠢᠮᠠᠭᠲᠠ ᠪᠠᠷᠢᠮᠲᠠᠯᠠᠵᠤ᠂ ᠮᠣᠳᠣᠨ᠎ᠤ ᠲᠥᠷᠥᠯ ᠵᠦᠢ᠍ᠯ᠎ᠢ ᠰᠣᠩᠭᠤᠬᠤ ᠳᠡᠭᠡᠷ᠎ᠡ ᠲᠠᠰᠤᠷᠠᠯᠲᠠ ᠦᠭᠡᠢ ᠬᠦᠴᠦ ᠲᠠᠯᠪᠢᠵᠤ᠂ ᠠᠮᠢ ᠠᠬᠤᠢ ᠵᠢᠨ ᠦᠷ᠎ᠡ ᠠᠰᠢᠭ᠂ ᠠᠵᠤ ᠠᠬᠤᠢ ᠵᠢᠨ ᠦᠷ᠎ᠡ ᠠᠰᠢᠭ ᠪᠠ ᠨᠡᠶ᠋ᠢᠭᠡᠮ᠎ᠤᠨ ᠦᠷ᠎ᠡ ᠠᠰᠢᠭ᠎ᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠪᠡᠶᠡᠯᠡᠭᠦᠯᠪᠡ᠃ ᠮᠠᠰᠢ ᠣᠯᠠᠨ ᠭᠠᠵᠠᠷ ᠣᠷᠣᠨ᠎ᠳᠤ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ ᠵᠶ᠋ᠠᠷ ᠪᠦᠷᠢᠯᠳᠦᠭᠰᠡᠨ ᠠᠵᠤ ᠠᠬᠤᠢ ᠵᠢᠨ ᠣᠶ᠎ᠨᠢ ᠲᠤᠬᠠᠢ ᠵᠢᠨ ᠭᠠᠵᠠᠷ᠎ᠤᠨ ᠮᠠᠯᠴᠢᠨ ᠲᠠᠷᠢᠶᠠᠴᠢᠨ᠎ᠤ ᠲᠤᠯᠭ᠋ᠠᠭᠤᠷᠢ ᠠᠵᠤ ᠦᠢ᠍ᠯᠡᠰ ᠪᠠ ᠣᠷᠣᠯᠭ᠎ᠠ ᠵᠢᠨ ᠭᠤᠣᠯ ᠢᠷᠡᠯᠲᠡ ᠪᠣᠯᠤᠭᠰᠠᠨ ᠪᠠᠶ᠋ᠢᠨ᠎ᠠ᠃

      ᠳ᠋ᠧᠩᠺᠸᠤ ᠰᠢᠶᠠᠨ᠎ᠳᠤ᠂ ᠳᠤᠮᠳᠠᠳᠤ ᠤᠯᠤᠰ᠎ᠤᠨ ᠤᠢ ᠰᠢᠭᠤᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠡᠯᠡᠰᠦᠨ ᠴᠦᠯ ᠤᠢ ᠰᠢᠭᠤᠢ ᠵᠢᠨ ᠲᠥᠪ᠎ᠠᠴᠠ ᠴᠢᠴᠠᠷᠭ᠋ᠠᠨ᠎ᠠ ᠵᠢᠨ ᠰᠢᠯᠢᠳᠡᠭ ᠡᠭᠦᠯᠳᠡᠷ᠎ᠢ ᠰᠣᠩᠭᠤᠨ ᠪᠣᠶ᠋ᠢᠵᠢᠭᠤᠯᠵᠤ ᠳᠡᠯᠭᠡᠷᠡᠭᠦᠯᠬᠦ᠎ᠪᠠᠷ ᠴᠢᠷᠮᠠᠶ᠋ᠢᠵᠤ᠂ ᠰᠣᠩᠭᠤᠨ ᠪᠣᠶ᠋ᠢᠵᠢᠭᠤᠯᠤᠭᠰᠠᠨ ᠰᠢᠯᠢᠳᠡᠭ ᠡᠭᠦᠯᠳᠡᠷ᠎ᠢ ᠮᠠᠨ᠎ᠤ ᠣᠷᠣᠨ ᠪᠣᠯᠣᠨ ᠪᠠᠶᠠᠨᠨᠠᠭᠤᠷ ᠣᠷᠣᠨ᠎ᠳᠤ ᠬᠡᠷᠡᠭᠯᠡᠭᠰᠡᠨ ᠵᠶ᠋ᠠᠷ ᠪᠠᠷᠠᠬᠤ ᠦᠭᠡᠢ᠂ ᠨᠡᠩ ᠴᠤ᠌ ᠪᠦᠭᠦ ᠤᠯᠤᠰ᠎ᠤᠨ 15 ᠮᠤᠵᠢ ᠥᠪᠡᠷᠲᠡᠭᠡᠨ ᠵᠠᠰᠠᠬᠤ ᠣᠷᠣᠨ᠎ᠳᠤ ᠢᠳᠡᠪᠬᠢᠲᠡᠢ ᠦᠢ᠍ᠯᠡᠳᠦᠯ ᠦᠵᠡᠭᠦᠯᠵᠦ᠂ ᠨᠡᠯᠢᠶᠡᠳ ᠰᠠᠶ᠋ᠢᠨ ᠠᠮᠢ ᠠᠬᠤᠢ᠂ ᠠᠵᠤ ᠠᠬᠤᠢ ᠪᠣᠯᠣᠨ ᠨᠡᠶ᠋ᠢᠭᠡᠮ᠎ᠤᠨ ᠦᠷ᠎ᠡ ᠠᠰᠢᠭ ᠣᠯᠣᠭᠰᠠᠨ ᠪᠠᠶ᠋ᠢᠨ᠎ᠠ᠃

      ᠠᠯᠠᠱ᠌ᠠ ᠠᠶ᠋ᠢᠮᠠᠭ 1700 ᠭᠠᠷᠤᠢ ᠲᠦᠮᠡᠨ ᠮᠦ᠍ ᠪᠠᠶ᠋ᠢᠭ᠋ᠠᠯᠢᠯᠢᠭ ᠪᠠ ᠬᠥᠮᠥᠨ᠎ᠤ ᠬᠦᠴᠦ᠎ᠪᠠᠷ ᠳᠠᠷᠢᠭᠰᠠᠨ ᠵᠠᠭ ᠮᠣᠳᠣ᠎ᠳᠤ ᠲᠦᠰᠢᠭᠯᠡᠨ᠂ 120 ᠭᠠᠷᠤᠢ ᠲᠦᠮᠡᠨ ᠮᠦ᠍ ᠴᠠᠭ᠋ᠠᠨ ᠭᠤᠶᠣᠣ ᠵᠢ ᠰᠠᠯᠠᠭ᠎ᠠ ᠵᠠᠯᠭ᠋ᠠᠨ ᠲᠠᠷᠢᠵᠤ᠂ ᠬᠡᠳᠦᠨ ᠠᠷᠪᠠᠨ ᠳᠠᠭ᠋ᠠᠭᠤᠯᠤᠭᠴᠢ ᠠᠵᠤ ᠠᠬᠤᠶ᠋ᠢᠯᠠᠯ᠎ᠢ ᠪᠣᠶ᠋ᠢᠵᠢᠭᠤᠯᠤᠨ ᠣᠷᠣᠭᠤᠯᠤᠨ ᠠᠪᠴᠢᠷᠠᠵᠤ᠂ 《ᠺᠤᠮᠫᠠᠨᠢ + ᠰᠠᠭᠤᠷᠢᠨ + ᠮᠠᠯᠴᠢᠨ ᠲᠠᠷᠢᠶᠠᠴᠢᠨ ᠡᠷᠦᠭᠡ》 ᠵᠢᠨ ᠵᠠᠭᠪᠤᠷ᠎ᠢ ᠬᠡᠷᠡᠭᠵᠢᠭᠦᠯᠬᠦ᠎ᠪᠠᠷ ᠳᠠᠮᠵᠢᠨ᠂ ᠴᠠᠭ᠋ᠠᠨ ᠭᠤᠶᠣᠣ ᠲᠠᠷᠢᠬᠤ᠂ ᠡᠳ᠋ᠰᠢᠭᠦᠯᠬᠦ᠂ ᠦᠢ᠍ᠯᠡᠳᠪᠦᠷᠢᠯᠡᠬᠦ᠂ ᠪᠣᠷᠣᠯᠠᠭᠤᠯᠬᠤ ᠵᠢ ᠨᠢᠭᠡ ᠴᠣᠭᠴᠠᠵᠢᠭᠤᠯᠤᠭᠰᠠᠨ ᠪᠦᠷᠢᠨ ᠪᠦᠲᠦᠨ ᠠᠵᠤ ᠦᠢ᠍ᠯᠡᠰ᠎ᠤᠨ ᠬᠡᠯᠬᠢᠶ᠎ᠡ ᠵᠢ ᠪᠦᠷᠢᠯᠳᠦᠭᠦᠯᠵᠦ᠂ ᠨᠡᠯᠦᠭᠡᠷ ᠠᠭᠤᠳᠠᠮ ᠡᠯᠡᠰᠦᠨ ᠴᠦᠯ᠎ᠳᠤ ᠵᠠᠷᠤᠭ᠋ᠠᠳ ᠳᠠᠭᠤᠰᠤᠰᠢ ᠦᠭᠡᠢ 《ᠨᠣᠭᠤᠭ᠋ᠠᠨ ᠪᠠᠩᠬᠢ》 ᠵᠢ ᠪᠠᠶ᠋ᠢᠭᠤᠯᠵᠤ᠂ ᠠᠮᠢ ᠠᠬᠤᠢ ᠵᠢ ᠬᠠᠮᠠᠭ᠋ᠠᠯᠠᠬᠤ ᠪᠠ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ ᠰᠠᠶ᠋ᠢᠨ ᠰᠠᠶ᠋ᠢᠬᠠᠨ ᠣᠷᠴᠢᠯ᠎ᠢ ᠪᠡᠶᠡᠯᠡᠭᠦᠯᠪᠡ᠃

        ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠪᠣᠯᠤᠭᠰᠠᠨ᠎ᠤ ᠬᠤᠪᠢ᠎ᠳᠤ᠂ ᠥᠪᠥᠷ ᠮᠣᠩᠭᠤᠯ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ᠎ᠪᠠᠨ ᠵᠣᠷᠢᠭᠲᠠᠢ ᠡᠭᠦᠷᠭᠡᠯᠡᠵᠦ᠂ ᠬᠦᠴᠢᠷ ᠪᠡᠷᠬᠡᠰᠢᠶᠡᠯ᠎ᠠᠴᠠ ᠠᠶᠤᠬᠤ ᠦᠭᠡᠢ᠂ ᠴᠤᠴᠠᠯᠲᠠ ᠦᠭᠡᠢ ᠴᠢᠷᠮᠠᠶ᠋ᠢᠨ᠂ ᠨᠡᠩ ᠶᠡᠭᠡ ᠡᠷᠴᠢᠮ ᠵᠶ᠋ᠠᠷ 《ᠤᠮᠠᠷᠠᠲᠤ ᠵᠢᠨ ᠭᠤᠷᠪᠠᠨ ᠣᠷᠣᠨ》᠎ᠤ ᠬᠠᠯᠬᠠᠪᠴᠢ ᠤᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠡᠷᠭᠡ ᠴᠢᠬᠤᠯᠠ ᠶᠡᠭᠡ ᠠᠮᠢ ᠠᠬᠤᠢ ᠵᠢᠨ ᠢᠨᠵᠧᠨᠧᠷᠢᠩ᠎ᠢ ᠰᠠᠶ᠋ᠢᠲᠤᠷ ᠬᠡᠷᠡᠭᠵᠢᠭᠦᠯᠵᠦ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠵᠠᠰᠠᠭᠰᠠᠨ ᠰᠢᠨ᠎ᠡ ᠭᠠᠶ᠋ᠢᠬᠠᠮᠰᠢᠭ᠎ᠢ ᠴᠢᠷᠮᠠᠶ᠋ᠢᠨ ᠡᠭᠦᠳᠴᠦ᠂ ᠡᠬᠡ ᠤᠯᠤᠰ᠎ᠤᠨ ᠤᠮᠠᠷᠠᠲᠤ ᠵᠢᠨ ᠡᠨᠡ ᠬᠦ᠌ ᠲᠦᠮᠡᠨ ᠭᠠᠵᠠᠷ᠎ᠤᠨ ᠨᠣᠮᠢᠨ ᠨᠣᠭᠤᠭ᠋ᠠᠨ ᠬᠠᠯᠬᠠᠪᠴᠢ ᠵᠢ ᠨᠡᠩ ᠪᠠᠲᠤ ᠪᠠᠬᠢ ᠴᠣᠭᠴᠠᠯᠠᠵᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ ᠠᠬᠢᠴᠠ ᠳᠤᠮᠳᠠ ᠥᠪᠥᠷ ᠮᠣᠩᠭᠤᠯ᠎ᠤᠨ ᠰᠦᠷᠯᠢᠭ ᠰᠠᠶ᠋ᠢᠬᠠᠨ ᠨᠣᠮᠢᠨ ᠨᠣᠭᠤᠭ᠋ᠠᠨ ᠬᠠᠷᠢᠭᠤᠯᠲᠠ ᠵᠢᠨ ᠬᠠᠭᠤᠳᠠᠰᠤ ᠵᠢ ᠪᠢᠴᠢᠭᠯᠡᠵᠦ ᠪᠠᠶ᠋ᠢᠨ᠎ᠠ᠃
   

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠴᠦᠯᠯᠡᠷᠭᠡᠭᠵᠢᠯ᠎ᠢ ᠶᠡᠷᠦᠩᠬᠡᠶ᠋ᠢᠯᠡᠨ ᠵᠠᠰᠠᠬᠤ ᠵᠢ ᠴᠢᠩᠭ᠋ᠠᠳᠬᠠᠵᠤ 《ᠠᠯᠠᠱ᠌ᠠ ᠵᠢᠨ ᠵᠠᠭᠪᠤᠷ》᠎ᠤᠨ ᠨᠡᠶ᠋ᠢᠲᠡᠯᠢᠭ ᠲᠤᠷᠰᠢᠯᠭ᠎ᠠ ᠵᠢ ᠪᠤᠢ ᠪᠣᠯᠭ᠋ᠠᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠨᠠᠢ᠍ᠮᠠᠳᠤᠭ᠋ᠠᠷ ᠲᠠᠪᠤᠨ ᠵᠢᠯ᠎ᠤᠨ ᠬᠠᠤᠯᠢ ᠲᠦᠭᠡᠮᠡᠯᠵᠢᠭᠦᠯᠬᠦ ᠠᠵᠢᠯ᠎ᠤᠨ ᠠᠬᠢᠴᠠ》 ᠰᠢᠷᠢᠰ ᠬᠠᠮ ᠵᠠᠭᠤᠴᠢᠯᠠᠭᠤᠷ᠎ᠤᠨ ᠰᠢᠭᠤᠳ ᠨᠡᠪᠲᠡᠷᠡᠭᠦᠯᠭᠡ ᠵᠢᠨ ᠰᠤᠷᠪᠤᠯᠵᠢᠯᠠᠭ᠎ᠠ᠎ᠳᠤ ᠣᠷᠣᠯᠴᠠᠪᠠ
《ᠰᠠᠨᠠᠯ》᠎ᠢ ᠪᠣᠳᠠᠲᠠᠶ᠎ᠳᠤ ᠨᠠᠶ᠋ᠢᠳᠠᠪᠤᠷᠢᠵᠢᠭᠤᠯᠵᠤ᠂ 24 ᠵᠤᠷᠪᠤᠰ ᠪᠣᠳᠠᠲᠠᠶ ᠠᠷᠭ᠎ᠠ ᠬᠡᠮᠵᠢᠶ᠎ᠡ᠎ᠪᠠᠷ ᠣᠶ ᠰᠢᠭᠤᠶ ᠨᠤᠲᠤᠭ ᠪᠡᠯᠴᠢᠭᠡᠷ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ
2023 ᠤᠨ᠎ᠳᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠭᠰᠠᠨ ᠲᠠᠯᠠᠪᠠᠢ ᠵᠠᠭᠤᠨ ᠲᠦᠮᠡᠨ ᠮᠦ᠍ ᠵᠢ ᠳᠠᠪᠠᠪᠠ
《ᠲᠠᠪᠤᠨ ᠶᠡᠬᠡ ᠡᠭᠦᠷᠭᠡ》 ᠵᠢ ᠲᠦᠷᠭᠡᠳᠬᠡᠨ ᠨᠠᠶ᠋ᠢᠳᠠᠪᠤᠷᠢᠵᠢᠭᠤᠯᠵᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠶ᠎ᠠ
 
             蒙ICP备05000248号