
ᠬᠥᠲᠥᠯᠥᠭᠴᠢ᠄ ᠰᠦᠯᠵᠢᠶᠡᠨ᠎ᠤ ᠨᠠᠶ᠋ᠢᠵᠠ ᠨᠠᠷ ᠰᠠᠶ᠋ᠢᠨ ᠪᠠᠶ᠋ᠢᠨ᠎ᠠ ᠦᠦ! ᠥᠨᠥᠳᠥᠷ ᠪᠢᠳᠡ ᠤᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠢᠶᠠᠩ ᡁᠢ ᠵᠢᠶᠦ᠋ᠨ ᠨᠥᠬᠦᠷ᠎ᠢ ᠤᠷᠢᠵᠤ ᠠᠪᠴᠢᠷᠠᠯ᠎ᠠ᠂ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!
ᠵᠢᠶᠠᠩ ᡁᠢ ᠵᠢᠶᠦ᠋ᠨ᠄ ᠬᠥᠲᠥᠯᠥᠭᠴᠢ ᠰᠠᠶ᠋ᠢᠨ ᠦᠦ᠂ ᠳᠠᠶᠠᠭ᠋ᠠᠷ ᠵᠶ᠋ᠠᠨ ᠰᠠᠶ᠋ᠢᠨ ᠦᠦ!
ᠬᠥᠲᠥᠯᠥᠭᠴᠢ᠄ ᠡᠩ ᠲᠡᠷᠢᠭᠦᠨ᠎ᠳᠤ ᠵᠢᠶᠠᠩ ᠲᠣᠪᠴᠢᠶᠠᠨ ᠳᠠᠷᠤᠭ᠎ᠠ ᠳᠠᠶᠠᠭ᠋ᠠᠷ᠎ᠲᠤ 2024 ᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠠᠵᠢᠯ᠎ᠢ ᠥᠷᠨᠢᠭᠦᠯᠦᠭᠰᠡᠨ ᠶᠡᠷᠦᠩᠬᠡᠢ ᠪᠠᠶ᠋ᠢᠳᠠᠯ᠎ᠢ ᠲᠠᠨᠢᠯᠴᠠᠭᠤᠯᠤᠭ᠋ᠠᠳ ᠥᠭᠭᠦᠨ᠎ᠡ ᠦᠦ?
ᠵᠢᠶᠠᠩ ᡁᠢ ᠵᠢᠶᠦ᠋ᠨ᠄ 2024 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠠᠷᠠᠯᠲᠠ ᠡᠭᠦᠷᠭᠡ ᠵᠢ ᠪᠡᠶᠡᠯᠡᠭᠦᠯᠬᠦ ᠵᠠᠩᠭᠢᠯᠠᠭ᠎ᠠ ᠵᠢᠨ ᠨᠢᠭᠡ ᠵᠢᠯ ᠪᠣᠯᠣᠨ᠎ᠠ᠂ ᠮᠥᠨᠴᠦ ᠬᠠᠳᠤᠨ ᠭᠤᠣᠯ᠎ᠤᠨ ᠲᠤᠬᠤᠢ ᠵᠢᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠪᠦᠬᠦ ᠲᠠᠯ᠎ᠠ᠎ᠪᠠᠷ ᠥᠷᠨᠢᠭᠦᠯᠵᠦ᠂ ᠦᠷ᠎ᠡ ᠪᠦᠲᠦᠮᠵᠢ ᠵᠢ ᠲᠤᠪᠤᠶ᠋ᠢᠯᠭ᠋ᠠᠬᠤ ᠴᠢᠬᠤᠯᠠ ᠨᠢᠭᠡ ᠵᠢᠯ ᠪᠣᠯᠣᠨ᠎ᠠ᠃ ᠪᠥᠬᠦ ᠵᠢᠯ᠎ᠳᠤ᠂ ᠮᠠᠨ᠎ᠤ ᠬᠤᠰᠢᠭᠤᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠠᠵᠢᠯ ᠨᠢ ᠣᠶ ᠰᠢᠭᠤᠢ ᠨᠤᠲᠤᠭ ᠪᠡᠯᠴᠢᠭᠡᠷ᠎ᠤᠨ ᠪᠦᠲᠦᠭᠡᠨ ᠪᠠᠶ᠋ᠢᠭᠤᠯᠤᠯᠲᠠ ᠵᠢᠨ ᠦᠷ᠎ᠡ ᠪᠦᠲᠦᠭᠡᠯ᠎ᠢ ᠪᠠᠬᠢᠵᠢᠭᠦᠯᠬᠦ᠂ ᠣᠶ ᠰᠢᠭᠤᠢ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠪᠠᠷ ᠬᠠᠷᠠᠯᠲᠠ᠎ᠪᠠᠨ ᠪᠣᠯᠭ᠋ᠠᠵᠤ᠂ ᠣᠶ ᠰᠢᠭᠤᠢ ᠨᠤᠲᠤᠭ ᠪᠡᠯᠴᠢᠭᠡᠷ᠎ᠤᠨ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ᠂ ᠬᠠᠮᠠᠭ᠋ᠠᠯᠠᠯᠲᠠ ᠪᠠ ᠬᠢᠨᠠᠯᠲᠠ ᠬᠠᠮᠢᠶᠠᠷᠤᠯᠲᠠ ᠭᠤᠷᠪᠠᠨ ᠭᠤᠣᠯ ᠱᠤᠭᠤᠮ᠎ᠤᠨ ᠲᠣᠭᠤᠷᠢᠨ᠎ᠳᠤ ᠠᠵᠢᠯ ᠵᠶ᠋ᠠᠨ ᠥᠷᠨᠢᠭᠦᠯᠦᠨ᠂ ᠣᠶ ᠰᠢᠭᠤᠢ ᠨᠤᠲᠤᠭ ᠪᠡᠯᠴᠢᠭᠡᠷ᠎ᠤᠨ ᠰᠢᠨ᠎ᠡ ᠬᠥᠭᠵᠢᠯᠲᠡ ᠵᠢ ᠪᠡᠶᠡᠯᠡᠭᠦᠯᠪᠡ᠃
ᠬᠥᠲᠥᠯᠥᠭᠴᠢ᠄ ᠲᠡᠭᠡᠪᠡᠯ᠂ 2024 ᠣᠨ᠎ᠳᠤ ᠮᠠᠨ᠎ᠤ ᠬᠤᠰᠢᠭᠤᠨ᠎ᠤ ᠣᠶ ᠰᠢᠭᠤᠢ ᠨᠤᠲᠤᠭ ᠪᠡᠯᠴᠢᠭᠡᠷ᠎ᠤᠨ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠠᠬᠢᠴᠠ ᠶᠠᠮᠠᠷ ᠵᠡᠷᠭᠡ ᠪᠠᠶ᠋ᠢᠬᠤ ᠪᠣᠶ?
ᠵᠢᠶᠠᠩ ᡁᠢ ᠵᠢᠶᠦ᠋ᠨ᠄ 2024 ᠣᠨ᠎ᠳᠤ᠂ ᠮᠠᠨ᠎ᠤ ᠬᠤᠰᠢᠭᠤ ᠬᠠᠲᠤᠨ ᠭᠤᠣᠯ᠎ᠤᠨ ᠲᠤᠬᠤᠢ ᠵᠢᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠮᠤᠤᠠᠤᠰᠤ ᠵᠢᠨ ᠡᠯᠡᠰᠦᠷᠬᠡᠭ ᠭᠠᠵᠠᠷ᠎ᠢ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠵᠢ ᠬᠡᠷᠡᠭᠵᠢᠭᠦᠯᠦᠨ᠂ ᠮᠤᠤᠠᠤᠰᠤ ᠡᠯᠡᠰᠦᠨ ᠴᠦᠯ᠎ᠤᠨ ᠡᠯᠡᠰᠦᠷᠬᠡᠭᠵᠢᠭᠰᠡᠨ ᠭᠠᠵᠠᠷ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠭᠤᠣᠯᠳᠠᠯᠭ᠎ᠠ᠎ᠲᠠᠢ ᠲᠥᠷᠥᠯ ᠵᠦᠢ᠍ᠯ᠂ ᠮᠤᠤᠠᠤᠰᠤ ᠡᠯᠡᠰᠦᠨ ᠴᠦᠯ᠎ᠤᠨ ᠳᠡᠭᠡᠷ᠎ᠡ ᠳᠣᠣᠷᠠᠬᠢ ᠰᠠᠯᠬᠢᠨ᠎ᠤ ᠠᠮᠠ ᠵᠢ ᠵᠠᠰᠠᠬᠤ ᠪᠠ ᠪᠠᠷᠠᠭᠤᠨ ᠬᠡᠰᠡᠭ᠎ᠤᠨ ᠲᠠᠴᠢᠷᠳᠠᠭᠰᠠᠨ ᠨᠤᠲᠤᠭ ᠪᠡᠯᠴᠢᠭᠡᠷ ᠣᠶ ᠰᠢᠭᠤᠢ ᠨᠤᠲᠤᠭ ᠪᠡᠯᠴᠢᠭᠡᠷ ᠨᠤᠭᠤ ᠭᠠᠵᠠᠷ ᠲᠠᠴᠢᠷ ᠭᠠᠵᠠᠷ᠎ᠢ ᠨᠢᠭᠡ ᠴᠣᠭᠴᠠᠵᠢᠭᠤᠯᠤᠭᠰᠠᠨ ᠬᠠᠮᠠᠭ᠋ᠠᠯᠠᠵᠤ ᠰᠡᠷᠭᠦᠭᠡᠬᠦ ᠲᠥᠷᠥᠯ ᠵᠦᠢ᠍ᠯ ᠵᠡᠷᠭᠡ ᠣᠯᠠᠨ ᠵᠦᠢ᠍ᠯ᠎ᠤᠨ ᠭᠤᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠲᠥᠷᠥᠯ ᠵᠦᠢ᠍ᠯ᠎ᠢ ᠬᠡᠷᠡᠭᠵᠢᠭᠦᠯᠵᠦ᠂ ᠳᠡᠭᠡᠳᠦ ᠱᠠᠲᠤᠨ᠎ᠤ ᠪᠡᠯᠡ ᠣᠷᠣᠭᠤᠯᠤᠯᠲᠠ ᠵᠢ 12.665 ᠳ᠋ᠦᠩᠰᠢᠭᠤᠷ ᠲᠥᠭᠦᠷᠢᠭ ᠣᠯᠵᠤ ᠠᠪᠴᠢᠷᠠᠨ᠂ 2024 ᠣᠨ᠎ᠤ ᠪᠡᠯᠡ ᠣᠷᠣᠭᠤᠯᠤᠯᠲᠠ ᠵᠢ 7.97 ᠳ᠋ᠦᠩᠰᠢᠭᠤᠷ ᠲᠥᠭᠦᠷᠢᠭ ᠨᠠᠶ᠋ᠢᠳᠠᠪᠤᠷᠢᠵᠢᠭᠤᠯᠤᠨ᠂ ᠣᠨ᠎ᠤ ᠭᠤᠣᠯᠳᠠᠯᠭ᠎ᠠ᠎ᠲᠠᠢ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠡᠭᠦᠷᠭᠡ ᠵᠢ ᠨᠡᠶ᠋ᠢᠲᠡ 382 ᠲᠦᠮᠡᠨ ᠮᠦ᠍ ᠪᠡᠶᠡᠯᠡᠭᠦᠯᠪᠡ᠃
ᠬᠥᠲᠥᠯᠥᠭᠴᠢ᠄ ᠥᠨᠥ ᠵᠢᠯ᠂ ᠬᠤᠰᠢᠭᠤᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠶ ᠰᠢᠭᠤᠢ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠠᠵᠢᠯ᠎ᠢ ᠬᠡᠷᠬᠢᠨ ᠠᠬᠢᠭᠤᠯᠤᠭᠰᠠᠨ ᠪᠣᠶ?
ᠵᠢᠶᠠᠩ ᡁᠢ ᠵᠢᠶᠦ᠋ᠨ᠄ ᠨᠢᠭᠡ᠎ᠳᠤ ᠣᠶ ᠰᠢᠭᠤᠢ ᠨᠤᠲᠤᠭ ᠪᠡᠯᠴᠢᠭᠡᠷ᠎ᠤᠨ ᠬᠥᠨᠥᠭᠡᠯᠲᠡᠢ ᠠᠮᠢᠳᠤ ᠪᠣᠳᠠᠰ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠴᠢᠩᠭ᠋ᠠᠳᠬᠠᠪᠠ᠃ ᠪᠥᠬᠦ ᠵᠢᠯ᠎ᠳᠤ᠂ ᠮᠠᠨ᠎ᠤ ᠬᠤᠰᠢᠭᠤᠨ᠎ᠳᠤ 48.61 ᠲᠦᠮᠡᠨ ᠮᠦ᠍ ᠣᠶ ᠰᠢᠭᠤᠢ᠂ 107 ᠲᠦᠮᠡᠨ ᠮᠦ᠍ ᠨᠤᠲᠤᠭ ᠪᠡᠯᠴᠢᠭᠡᠷ᠎ᠲᠤ ᠬᠥᠨᠥᠭᠡᠯᠲᠡᠢ ᠠᠮᠢᠳᠤ ᠪᠣᠳᠠᠰ ᠡᠭᠦᠰᠦᠭᠰᠡᠨ ᠪᠠ ᠬᠥᠨᠥᠭᠡᠭᠳᠡᠪᠡ᠃ ᠪᠥᠬᠦ ᠵᠢᠯ᠎ᠳᠤ᠂ 12.76 ᠲᠦᠮᠡᠨ ᠮᠦ᠍ ᠵᠢᠨ ᠣᠶ ᠰᠢᠭᠤᠢ᠂ 53 ᠲᠦᠮᠡᠨ ᠮᠦ᠍ ᠵᠢᠨ ᠨᠤᠲᠤᠭ ᠪᠡᠯᠴᠢᠭᠡᠷ᠎ᠤᠨ ᠬᠥᠨᠥᠭᠡᠯᠲᠡᠢ ᠠᠮᠢᠳᠤ ᠪᠣᠳᠠᠰ᠎ᠢ ᠪᠣᠬᠢᠷᠲᠤᠯ ᠦᠭᠡᠢ᠎ᠪᠠᠷ ᠰᠡᠷᠭᠡᠶ᠋ᠢᠯᠡᠨ ᠵᠠᠰᠠᠵᠤ᠂ ᠣᠶ ᠰᠢᠭᠤᠢ ᠨᠤᠲᠤᠭ ᠪᠡᠯᠴᠢᠭᠡᠷ᠎ᠤᠨ ᠬᠥᠨᠥᠭᠡᠯᠲᠡᠢ ᠠᠮᠢᠳᠤ ᠪᠣᠳᠠᠰ᠎ᠤᠨ ᠭᠠᠮᠰᠢᠭ᠎ᠢ ᠴᠥᠮ 1.5‰ ᠪᠠ 10% ᠵᠢᠨ ᠨᠢᠭᠡᠨᠲᠡ ᠲᠣᠭᠲᠠᠭ᠋ᠠᠭᠰᠠᠨ ᠭᠦᠢ᠍ᠴᠡᠳᠬᠡᠯ ᠲᠤᠭ᠎ᠠ ᠵᠢᠨ ᠳᠣᠲᠣᠷ᠎ᠠ ᠬᠢᠵᠠᠭ᠋ᠠᠷᠯᠠᠪᠠ᠃ ᠪᠥᠬᠦ ᠵᠢᠯ᠎ᠳᠤ 522 ᠮᠦ᠍ ᠭᠠᠷᠤᠯᠲᠠ ᠵᠢᠨ ᠣᠷᠣᠨ᠎ᠤ ᠬᠢᠵᠢᠭ᠎ᠤᠨ ᠪᠠᠶ᠋ᠢᠴᠠᠭ᠋ᠠᠯᠲᠠ ᠵᠢ ᠪᠡᠶᠡᠯᠡᠭᠦᠯᠵᠦ᠂ ᠭᠠᠷᠤᠯᠲᠠ ᠵᠢᠨ ᠣᠷᠣᠨ᠎ᠤ ᠬᠢᠵᠢᠭ᠎ᠤᠨ ᠪᠠᠶ᠋ᠢᠴᠠᠭ᠋ᠠᠯᠲᠠ ᠵᠢᠨ ᠨᠣᠷᠮ᠎ᠠ ᠪᠠ ᠭᠠᠷᠤᠯᠲᠠ ᠵᠢᠨ ᠪᠠᠶ᠋ᠢᠴᠠᠭ᠋ᠠᠯᠲᠠ ᠵᠢᠨ ᠬᠢᠷᠢ ᠲᠡᠩᠴᠡᠭᠰᠡᠨ ᠨᠤᠷᠮ᠎ᠡ 100% ᠬᠦᠷᠪᠡ; ᠬᠢᠵᠢᠭ ᠪᠠᠶ᠋ᠢᠴᠠᠭ᠋ᠠᠭᠰᠠᠨ ᠴᠢᠬᠢ ᠮᠣᠳᠣ ᠵᠢ 500.848 ᠲᠦᠮᠡᠨ ᠰᠠᠭᠤᠷᠢ ᠰᠢᠯᠵᠢᠭᠦᠯᠦᠨ ᠲᠡᠭᠡᠭᠡᠪᠦᠷᠢᠯᠡᠵᠦ᠂ 8510.8 ᠲᠦᠮᠡᠨ ᠰᠠᠭᠤᠷᠢ ᠴᠢᠬᠢ ᠮᠣᠳᠣ᠂ ᠮᠣᠳᠣᠨ ᠮᠠᠲ᠋ᠧᠷᠢᠶᠠᠯ ᠵᠢᠴᠢ 373 ᠪᠣᠰᠤᠭ᠎ᠠ ᠳᠥᠷᠪᠡᠯᠵᠢᠨ ᠮᠸᠲᠷ ᠪᠦᠲᠦᠭᠡᠭᠳᠡᠬᠦᠨ᠂ 2.9 ᠲᠣᠨ ᠦᠷ᠎ᠡ ᠵᠢ ᠲᠠᠬᠢᠵᠤ ᠪᠠᠶ᠋ᠢᠴᠠᠭ᠋ᠠᠨ᠂ ᠬᠢᠵᠢᠭ᠎ᠤᠨ ᠪᠠᠶ᠋ᠢᠴᠠᠭ᠋ᠠᠯᠲᠠ ᠵᠢᠨ ᠴᠢᠨᠠᠷᠲᠠᠢ ᠬᠥᠨᠥᠭᠡᠯᠲᠡᠢ ᠠᠮᠢᠳᠤ ᠪᠣᠳᠠᠰ ᠲᠠᠷᠬᠠᠨ ᠳᠡᠯᠭᠡᠷᠡᠭᠰᠡᠨ ᠬᠡᠷᠡᠭ ᠭᠠᠷᠭ᠋ᠠᠭᠰᠠᠨ ᠦᠭᠡᠢ᠃ ᠬᠤᠶᠠᠷ᠎ᠲᠤ ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ ᠠᠵᠢᠯ᠎ᠢ ᠪᠣᠳᠠᠲᠠᠢ ᠠᠳᠬᠤᠪᠠ᠃ ᠥᠨᠥ ᠵᠢᠯ᠎ᠠᠴᠠ ᠨᠠᠰᠢ᠂ ᠮᠠᠨ᠎ᠤ ᠬᠤᠰᠢᠭᠤ ᠤᠷᠢᠳ ᠬᠤᠵᠢᠳ ᠡᠯ᠎ᠡ ᠱᠠᠲᠤᠨ᠎ᠤ ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠲᠤᠰᠬᠠᠢ ᠠᠵᠢᠯ᠎ᠤᠨ ᠬᠤᠷᠠᠯ᠎ᠢ 12 ᠤᠳᠠᠭ᠎ᠠ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠢ ᠨᠢᠮᠪᠠᠢ ᠲᠣᠬᠢᠷᠠᠭᠤᠯᠵᠤ᠂ ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠡᠯ᠎ᠡ ᠵᠦᠢ᠍ᠯ᠎ᠤᠨ ᠡᠭᠦᠷᠭᠡ ᠵᠢ ᠪᠣᠳᠠᠲᠠᠢ ᠨᠠᠶ᠋ᠢᠳᠠᠪᠤᠷᠢᠵᠢᠭᠤᠯᠪᠠ᠃ ᠡᠯ᠎ᠡ ᠲᠥᠷᠥᠯ᠎ᠤᠨ ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠨ ᠤᠨᠲᠠᠷᠠᠭ᠋ᠠᠬᠤ ᠣᠨᠣᠯ᠎ᠤᠨ ᠪᠣᠯᠪᠠᠰᠤᠷᠠᠯ ᠪᠠ ᠪᠣᠳᠠᠲᠤ ᠰᠣᠷᠢᠯᠲᠠ ᠵᠢ 6 ᠤᠳᠠᠭ᠎ᠠ ᠵᠣᠬᠢᠶᠠᠨ ᠪᠠᠶ᠋ᠢᠭᠤᠯᠤᠨ ᠥᠷᠨᠢᠭᠦᠯᠵᠦ᠂ 340 ᠭᠠᠷᠤᠢ ᠣᠶ ᠰᠢᠭᠤᠢ ᠨᠤᠲᠤᠭ ᠪᠡᠯᠴᠢᠭᠡᠷ᠎ᠢ ᠬᠠᠮᠠᠭ᠋ᠠᠯᠠᠭᠴᠢ ᠵᠢᠴᠢ ᠭᠠᠴᠠᠭ᠎ᠠ ᠲᠣᠰᠬᠤᠨ᠎ᠤ ᠭᠠᠯ᠎ᠢ ᠰᠡᠷᠭᠡᠶ᠋ᠢᠯᠡᠨ ᠤᠨᠲᠠᠷᠠᠭ᠋ᠠᠬᠤ ᠠᠩᠭᠢ ᠵᠢᠨ ᠭᠡᠰᠢᠭᠦᠨ ᠣᠷᠣᠯᠴᠠᠪᠠ᠃ ᠣᠯᠠᠨ ᠰᠠᠯᠠᠭ᠎ᠠ ᠮᠥᠴᠢᠷ ᠬᠤᠯᠪᠤᠭ᠋ᠠᠯᠠᠨ 《ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠤᠨ ᠠᠶᠤᠯ᠎ᠤᠨ ᠬᠦᠨᠳᠦ ᠶᠡᠭᠡ ᠳᠠᠯᠳᠠ ᠭᠡᠮ᠎ᠢ ᠬᠥᠳᠡᠯᠦᠩᠭᠦᠢ᠎ᠪᠠᠷ ᠠᠷᠢᠯᠭ᠋ᠠᠬᠤ ᠪᠠ ᠲᠣᠭᠲᠠᠭ᠋ᠠᠯ ᠵᠥᠷᠢᠴᠡᠨ ᠭᠠᠯ ᠬᠡᠷᠡᠭᠯᠡᠭᠰᠡᠨ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠲᠤᠰᠬᠠᠢ ᠠᠵᠢᠯᠯᠠᠭ᠎ᠠ》 ᠵᠢ ᠥᠷᠨᠢᠭᠦᠯᠵᠦ᠂ ᠭᠤᠣᠯᠳᠠᠯᠭ᠎ᠠ᠎ᠲᠠᠢ ᠨᠢᠭᠡᠴᠢ ᠵᠢᠴᠢ ᠣᠷᠣᠨ ᠪᠦᠰᠡ ᠵᠢ ᠴᠢᠩᠭ᠎ᠠ ᠪᠠᠶ᠋ᠢᠴᠠᠭ᠋ᠠᠨ᠂ ᠭᠠᠯ᠎ᠤᠨ ᠠᠶᠤᠯ᠎ᠤᠨ ᠳᠠᠯᠳᠠ ᠬᠡᠮ᠎ᠢ ᠴᠠᠭ ᠲᠤᠬᠠᠢᠳᠤᠨᠢ ᠪᠠᠶ᠋ᠢᠴᠠᠭ᠋ᠠᠨ ᠴᠡᠭᠴᠡᠯᠡᠵᠦ᠂ ᠬᠡᠭᠡᠷ᠎ᠡ ᠭᠠᠳᠠᠨ᠎ᠠ ᠲᠣᠭᠲᠠᠭ᠋ᠠᠯ ᠵᠥᠷᠢᠴᠡᠨ ᠭᠠᠯ ᠬᠡᠷᠡᠭᠯᠡᠭᠰᠡᠨ 5 ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠪᠡ; 200 ᠮᠦ᠍ ᠭᠠᠵᠠᠷ᠎ᠤᠨ ᠣᠶ ᠮᠤᠳᠤᠨ᠎ᠤ ᠳᠣᠲᠣᠷᠠᠬᠢ ᠨᠣᠴᠣᠮᠠᠲᠠᠭ᠋ᠠᠢ ᠡᠪᠡᠰᠦᠨ ᠪᠤᠭᠢ ᠴᠡᠪᠡᠷᠯᠡᠵᠦ᠂ 2000 ᠭᠠᠷᠤᠢ ᠮᠦ᠍ ᠭᠠᠵᠠᠷ᠎ᠤᠨ ᠨᠣᠴᠣᠮᠠᠲᠠᠭ᠋ᠠᠢ ᠡᠪᠡᠰᠦᠨ ᠪᠤᠭᠢ ᠲᠥᠯᠥᠪᠯᠡᠭᠡ᠎ᠲᠠᠢ᠎ᠪᠠᠷ ᠰᠢᠲᠠᠭ᠋ᠠᠨ᠂ ᠣᠶ ᠰᠢᠭᠤᠢ ᠡᠪᠡᠰᠦᠲᠦ ᠣᠷᠣᠨ᠎ᠤ ᠦᠢ᠍ᠯᠡᠳᠪᠦᠷᠢᠯᠡᠯ ᠪᠠ ᠠᠮᠢᠳᠤᠷᠠᠯ᠎ᠳᠤ ᠬᠡᠷᠡᠭᠯᠡᠬᠦ ᠭᠠᠯ᠎ᠢ ᠪᠦᠲᠦᠮᠵᠢᠲᠡᠶ ᠬᠢᠵᠠᠭ᠋ᠠᠷᠯᠠᠪᠠ᠃ ᠭᠤᠷᠪᠠ᠎ᠳᠤ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠠᠵᠢᠯ᠎ᠢ ᠠᠬᠢᠭᠤᠯᠪᠠ᠃ ᠥᠨᠥ ᠵᠢᠯ᠂ ᠲᠥᠪ᠎ᠤᠨ ᠡᠳ᠋᠎ᠤᠨ ᠵᠠᠰᠠᠭ᠎ᠤᠨ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠲᠥᠷᠥᠯ ᠵᠦᠢ᠍ᠯ᠎ᠤᠨ ᠪᠡᠯᠡ ᠤᠷᠤᠭᠤᠯᠤᠯᠲᠠ ᠵᠢ ᠣᠯᠬᠤ᠎ᠪᠠᠷ ᠴᠢᠷᠮᠠᠶ᠋ᠢᠵᠤ᠂ 150 ᠲᠡᠭᠰᠢ ᠳᠥᠷᠪᠡᠯᠵᠢᠨ ᠮᠸᠲᠷ᠎ᠤᠨ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠲᠦᠷ ᠴᠠᠭ᠎ᠤᠨ ᠰᠢᠩᠭᠡᠯᠢᠭ᠎ᠢ ᠪᠠᠷᠢᠪᠠ᠃ ᠪᠥᠬᠦ ᠵᠢᠯ᠎ᠳᠤ ᠰᠢᠪᠠᠭᠤᠨ᠎ᠤ ᠲᠥᠷᠥᠯ᠎ᠤᠨ ᠤᠯᠠᠷᠢᠯ᠎ᠤᠨ ᠴᠢᠨᠠᠷᠲᠠᠢ ᠪᠠᠶ᠋ᠢᠴᠠᠭ᠋ᠠᠯᠲᠠ ᠪᠠ ᠬᠢᠨᠠᠨ ᠬᠡᠮᠵᠢᠯᠲᠡ ᠵᠢ 9 ᠤᠳᠠᠭ᠎ᠠ ᠥᠷᠨᠢᠭᠦᠯᠵᠦ᠂ ᠨᠡᠶ᠋ᠢᠲᠡ 31 ᠰᠢᠷᠬᠠᠲᠤᠭᠰᠠᠨ᠂ ᠡᠪᠡᠳᠴᠢᠯᠡᠭᠰᠡᠨ ᠬᠡᠭᠡᠷ᠎ᠡ ᠵᠢᠨ ᠠᠮᠢᠲᠠᠨ᠎ᠢ ᠠᠪᠤᠷᠠᠪᠠ᠂ ᠡᠭᠦᠨ᠎ᠳᠤ᠂ ᠤᠯᠤᠰ᠎ᠤᠨ ᠨᠢᠭᠡᠳᠦᠭᠡᠷ ᠳᠡᠰ᠎ᠤᠨ ᠭᠤᠣᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ 6 ᠪᠣᠶ; ᠬᠡᠭᠡᠷ᠎ᠡ ᠵᠢᠨ ᠠᠮᠢᠲᠠᠨ᠎ᠢ ᠠᠩᠨᠠᠵᠤ ᠬᠤᠣᠷᠯᠠᠭᠰᠠᠨ ᠬᠡᠷᠡᠭ᠎ᠢ 4 ᠢᠯᠡᠷᠡᠭᠦᠯᠵᠦ᠂ 1.13 ᠲᠦᠮᠡᠨ ᠲᠥᠭᠦᠷᠢᠭ᠎ᠤᠨ ᠲᠥᠯᠥᠪᠦᠷᠢ ᠮᠥᠩᠭᠦ ᠬᠤᠷᠢᠶᠠᠪᠠ᠃ ᠣᠲᠤᠭ ᠬᠤᠰᠢᠭᠤᠨ᠎ᠤ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠠᠵᠢᠯ᠎ᠤᠨ ᠬᠠᠮᠲᠤᠷᠠᠭᠰᠠᠨ ᠬᠤᠷᠠᠯ ᠵᠢᠴᠢ 《ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠠᠵᠢᠯᠯᠠᠭ᠎ᠠ 2024》 ᠬᠡᠭᠡᠷ᠎ᠡ ᠵᠢᠨ ᠠᠮᠢᠲᠠᠨ᠎ᠤ ᠬᠠᠮᠲᠤᠷᠠᠭᠰᠠᠨ ᠬᠠᠤᠯᠢ ᠬᠡᠷᠡᠭᠵᠢᠭᠦᠯᠬᠦ ᠠᠵᠢᠯ᠎ᠤᠨ ᠬᠤᠷᠠᠯ᠎ᠢ 1 ᠤᠳᠠᠭ᠎ᠠ᠂ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠵᠢ 4 ᠤᠳᠠᠭ᠎ᠠ ᠵᠣᠬᠢᠶᠠᠨ ᠪᠠᠶ᠋ᠢᠭᠤᠯᠤᠨ ᠥᠷᠨᠢᠭᠦᠯᠵᠦ᠂ ᠬᠠᠤᠯᠢ ᠵᠥᠷᠢᠴᠡᠨ ᠬᠡᠭᠡᠷ᠎ᠡ ᠵᠢᠨ ᠠᠮᠢᠲᠠᠨ᠎ᠢ ᠠᠩᠨᠠᠭᠰᠠᠨ ᠬᠡᠷᠡᠭ᠎ᠢ 1 ᠪᠠᠶ᠋ᠢᠴᠠᠭ᠋ᠠᠨ ᠰᠢᠢ᠍ᠳᠪᠦᠷᠢᠯᠡᠪᠡ᠃ ᠳᠥᠷᠪᠡ᠎ᠳᠤ ᠦᠷ᠎ᠡ ᠵᠢᠨ ᠡᠬᠢ ᠪᠠᠶᠠᠯᠢᠭ᠎ᠢ ᠬᠠᠮᠠᠭ᠋ᠠᠯᠠᠨ ᠠᠰᠢᠭᠯᠠᠬᠤ ᠠᠵᠢᠯ᠎ᠢ ᠥᠷᠨᠢᠭᠦᠯᠪᠡ᠃ ᠨᠤᠲᠤᠭ᠎ᠤᠨ ᠦᠷ᠎ᠡ ᠵᠢᠨ ᠡᠬᠢ ᠪᠠᠶᠠᠯᠢᠭ᠎ᠢ ᠴᠤᠭᠯᠠᠭᠤᠯᠤᠨ ᠡᠮᠬᠢᠯᠡᠭᠰᠡᠨ ᠰᠠᠭᠤᠷᠢᠨ ᠳᠡᠭᠡᠷ᠎ᠡ᠂ ᠨᠤᠲᠤᠭ᠎ᠤᠨ ᠡᠪᠡᠰᠦᠨ᠎ᠤ ᠦᠷ᠎ᠡ ᠵᠢ ᠪᠣᠶ᠋ᠢᠵᠢᠭᠤᠯᠬᠤ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ 0.8 ᠲᠦᠮᠡᠨ ᠮᠦ᠍ ᠵᠢᠨ ᠡᠪᠡᠰᠦᠨ᠎ᠤ ᠦᠷ᠎ᠡ ᠵᠢ ᠪᠣᠶ᠋ᠢᠵᠢᠭᠤᠯᠬᠤ ᠰᠠᠭᠤᠷᠢᠨ ᠭᠠᠵᠠᠷ᠎ᠢ ᠰᠢᠨ᠎ᠡ᠎ᠪᠠᠷ ᠪᠠᠶ᠋ᠢᠭᠤᠯᠵᠤ᠂ 0.84 ᠲᠦᠮᠡᠨ ᠮᠦ᠍ ᠵᠢᠨ ᠡᠪᠡᠰᠦᠨ᠎ᠤ ᠦᠷ᠎ᠡ ᠵᠢ ᠪᠣᠶ᠋ᠢᠵᠢᠭᠤᠯᠬᠤ ᠰᠠᠭᠤᠷᠢᠨ ᠭᠠᠵᠠᠷ᠎ᠢ ᠪᠠᠬᠢᠵᠢᠭᠦᠯᠵᠦ ᠳᠡᠭᠡᠭᠰᠢᠯᠡᠭᠦᠯᠦᠨ᠂ ᠨᠤᠲᠤᠭ᠎ᠤᠨ ᠡᠪᠡᠰᠦᠨ᠎ᠤ ᠦᠷ᠎ᠡ ᠵᠢᠨ ᠪᠥᠬᠦ ᠬᠤᠰᠢᠭᠤᠨ᠎ᠤ ᠨᠤᠲᠤᠭ ᠪᠡᠯᠴᠢᠭᠡᠷ᠎ᠤᠨ ᠠᠮᠢ ᠠᠬᠤᠢ ᠵᠢ ᠬᠠᠮᠠᠭ᠋ᠠᠯᠠᠵᠤ ᠰᠡᠷᠭᠦᠭᠡᠨ ᠵᠠᠰᠠᠬᠤ᠎ᠳᠤ ᠦᠵᠡᠭᠦᠯᠬᠦ ᠲᠤᠯᠭ᠋ᠠᠭᠤᠷᠢᠯᠠᠯ᠎ᠤᠨ ᠦᠢ᠍ᠯᠡᠳᠦᠯ᠎ᠢ ᠤᠯᠠᠮ ᠴᠢᠩᠭ᠋ᠠᠳᠬᠠᠪᠠ; 2024 ᠣᠨ᠎ᠤ ᠣᠶ ᠮᠣᠳᠣᠨ᠎ᠤ ᠰᠠᠶ᠋ᠢᠨ ᠲᠥᠷᠥᠯ ᠵᠦᠢ᠍ᠯ᠎ᠢ ᠪᠣᠶ᠋ᠢᠵᠢᠭᠤᠯᠬᠤ ᠲᠥᠷᠥᠯ ᠵᠦᠢ᠍ᠯ᠎ᠢ ᠨᠠᠶ᠋ᠢᠳᠠᠪᠤᠷᠢᠵᠢᠭᠤᠯᠵᠤ᠂ 10 ᠲᠦᠮᠡᠨ ᠰᠠᠭᠤᠷᠢ ᠵᠤᠯᠵᠠᠭ᠎ᠠ ᠮᠣᠳᠣ ᠵᠢ ᠪᠣᠶ᠋ᠢᠵᠢᠭᠤᠯᠪᠠ; 2024 ᠣᠨ᠎ᠤ ᠥᠪᠡᠷᠲᠡᠭᠡᠨ ᠵᠠᠰᠠᠬᠤ ᠣᠷᠣᠨ᠎ᠤ ᠪᠠᠲᠤᠯᠠᠭ᠎ᠠ ᠵᠢᠨ ᠴᠢᠨᠠᠷᠲᠠᠢ ᠵᠤᠯᠵᠠᠭ᠎ᠠ ᠰᠣᠶᠤᠭ᠎ᠠ ᠮᠣᠳᠣᠨ᠎ᠤ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠨᠠᠶ᠋ᠢᠳᠠᠪᠤᠷᠢᠵᠢᠭᠤᠯᠵᠤ᠂ 287.5 ᠲᠦᠮᠡᠨ ᠰᠠᠭᠤᠷᠢ ᠬᠠᠷᠭ᠋ᠠᠨ᠎ᠠ ᠵᠢᠨ ᠰᠣᠶᠤᠭ᠎ᠠ ᠵᠢ ᠪᠣᠶ᠋ᠢᠵᠢᠭᠤᠯᠤᠨ᠂ 250 ᠲᠦᠮᠡᠨ ᠰᠠᠭᠤᠷᠢ ᠲᠣᠷᠯᠤᠭ᠎ᠤᠨ ᠰᠣᠶᠤᠭ᠎ᠠ ᠵᠢ ᠪᠣᠶ᠋ᠢᠵᠢᠭᠤᠯᠪᠠ᠃ ᠡᠭᠦᠨ᠎ᠤ ᠬᠠᠮᠲᠤ᠂ ᠣᠶ ᠰᠢᠭᠤᠢ ᠡᠪᠡᠰᠦ ᠤᠷᠭᠤᠮᠠᠯ᠎ᠤᠨ ᠰᠢᠨ᠎ᠡ ᠲᠥᠷᠥᠯ ᠵᠦᠢ᠍ᠯ᠎ᠤᠨ ᠡᠷᠬᠡ᠎ᠳᠤ ᠬᠠᠯᠳᠠᠭᠰᠠᠨ ᠠᠵᠢᠯᠯᠠᠭ᠎ᠠ᠎ᠳᠤ ᠴᠣᠬᠢᠯᠲᠠ ᠥᠭᠬᠦ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠦᠷ᠎ᠡ ᠪᠠ ᠵᠤᠯᠵᠠᠭ᠎ᠠ ᠰᠣᠶᠤᠭ᠎ᠠ ᠮᠣᠳᠣᠨ᠎ᠤ ᠬᠠᠮᠠᠭ᠋ᠠᠯᠠᠯᠲᠠ ᠵᠢᠨ ᠠᠵᠢᠯ᠎ᠢ ᠪᠥᠬᠦ ᠬᠦᠴᠦᠨ ᠵᠶ᠋ᠠᠷ ᠵᠶ᠋ᠠᠨ ᠠᠬᠢᠭᠤᠯᠪᠠ᠃
ᠬᠥᠲᠥᠯᠥᠭᠴᠢ᠄ ᠣᠶ ᠰᠢᠭᠤᠢ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠢᠨᠠᠨ ᠬᠠᠮᠢᠶᠠᠷᠤᠯᠲᠠ ᠵᠢᠨ ᠲᠠᠯ᠎ᠠ᠎ᠪᠠᠷ ᠶᠠᠮᠠᠷ ᠶᠠᠮᠠᠷ ᠠᠵᠢᠯ ᠬᠢᠭᠰᠡᠨ ᠪᠣᠶ?
ᠵᠢᠶᠠᠩ ᡁᠢ ᠵᠢᠶᠦ᠋ᠨ᠄ ᠨᠢᠭᠡ᠎ᠳᠤ ᠤᠢ ᠰᠢᠭᠤᠢ (ᠨᠤᠲᠤᠭ ᠪᠡᠯᠴᠢᠭᠡᠷ) ᠵᠢᠨ ᠳᠠᠷᠤᠭ᠎ᠠ ᠵᠢᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠪᠡ᠃ 2024 ᠣᠨ᠎ᠳᠤ᠂ ᠣᠶ ᠰᠢᠭᠤᠢ ᠵᠢᠨ ᠳᠠᠷᠤᠭ᠎ᠠ ᠵᠢᠨ ᠳᠦᠷᠢᠮ᠎ᠤᠨ ᠠᠵᠢᠯ᠎ᠢ ᠪᠥᠬᠦ ᠬᠤᠰᠢᠭᠤᠨ᠎ᠤ ᠣᠶ ᠰᠢᠭᠤᠢ ᠨᠤᠲᠤᠭ ᠪᠡᠯᠴᠢᠭᠡᠷ᠎ᠤᠨ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ᠂ ᠪᠡᠯᠴᠢᠭᠡᠷᠯᠡᠭᠦᠯᠬᠦ ᠵᠢ ᠬᠤᠷᠢᠬᠤ ᠪᠠ ᠠᠲᠠᠷ ᠬᠠᠭ᠋ᠠᠯᠪᠤᠷᠢᠯᠠᠬᠤ ᠵᠢ ᠴᠠᠭ᠋ᠠᠵᠠᠯᠠᠬᠤ᠂ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ᠂ ᠬᠠᠤᠯᠢ᠎ᠠᠴᠠ ᠵᠥᠷᠢᠴᠡᠭᠰᠡᠨ ᠭᠠᠵᠠᠷ᠎ᠤᠨ ᠵᠢᠷᠤᠭ᠎ᠢ ᠴᠡᠭᠴᠡᠯᠡᠨ ᠰᠠᠶ᠋ᠢᠵᠢᠷᠠᠭᠤᠯᠬᠤ᠂ ᠣᠶ ᠰᠢᠭᠤᠢ ᠨᠤᠲᠤᠭ ᠪᠡᠯᠴᠢᠭᠡᠷ᠎ᠢ ᠡᠪᠳᠡᠭᠰᠡᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠵᠡᠷᠭᠡ ᠭᠤᠣᠯᠳᠠᠯᠭ᠎ᠠ᠎ᠲᠠᠢ ᠠᠵᠢᠯ᠎ᠳᠤ ᠢᠮᠠᠭᠲᠠ ᠲᠣᠭᠤᠰᠢᠯᠠᠭᠤᠯᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠵᠢᠨ ᠳᠠᠷᠤᠭ᠎ᠠ ᠵᠢᠨ ᠳᠦᠷᠢᠮ᠎ᠤᠨ ᠬᠠᠮᠢᠶᠠᠷᠤᠯᠲᠠ ᠵᠢᠨ ᠰᠢᠰᠲ᠋ᠧᠮ᠎ᠢ ᠪᠥᠬᠦ ᠲᠠᠯ᠎ᠠ᠎ᠪᠠᠷ ᠡᠬᠢᠯᠡᠵᠦ ᠬᠡᠷᠡᠭᠯᠡᠨ᠂ ᠪᠥᠬᠦ ᠬᠤᠰᠢᠭᠤᠨ᠎ᠤ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠪᠠ ᠬᠠᠮᠠᠭ᠋ᠠᠯᠠᠯᠲᠠ ᠵᠢᠨ ᠠᠵᠢᠯ ᠳ᠋ᠤᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠲᠡᠢ ᠲᠤᠯᠭ᠋ᠠᠭᠤᠷᠢᠯᠠᠯ ᠬᠠᠩᠭ᠋ᠠᠪᠠ᠃ ᠰᠤᠮᠤ ᠪᠠᠯᠭ᠋ᠠᠰᠤ᠂ ᠭᠠᠴᠠᠭ᠎ᠠ ᠲᠣᠰᠬᠤᠨ᠎ᠤ ᠣᠶ ᠰᠢᠭᠤᠢ ᠵᠢᠨ ᠳᠠᠷᠤᠭ᠎ᠠ ᠣᠶ ᠰᠢᠭᠤᠢ ᠨᠤᠲᠤᠭ ᠪᠡᠯᠴᠢᠭᠡᠷ᠂ ᠪᠠᠶ᠋ᠢᠭ᠋ᠠᠯᠢ ᠵᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ᠎ᠲᠠᠢ ᠬᠠᠮᠵᠢᠯᠴᠠᠨ ᠭᠠᠵᠠᠷ᠎ᠤᠨ ᠵᠢᠷᠤᠭ᠎ᠢ ᠬᠢᠨᠠᠨ ᠬᠠᠷᠭᠤᠭᠤᠯᠬᠤ᠂ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠪᠠ ᠪᠠᠶ᠋ᠢᠴᠠᠭ᠋ᠠᠨ ᠰᠢᠢ᠍ᠳᠪᠦᠷᠢᠯᠡᠬᠦ ᠵᠡᠷᠭᠡ ᠠᠵᠢᠯ᠎ᠢ ᠥᠷᠨᠢᠭᠦᠯᠵᠦ᠂ ᠳᠦᠷᠢᠮ᠎ᠤᠨ ᠳᠠᠪᠠᠭᠤᠯᠢᠭ᠎ᠢ ᠢᠯᠡᠳᠲᠡ ᠪᠠᠳᠠᠷᠠᠭᠤᠯᠪᠠ᠃ ᠬᠤᠶᠠᠷ᠎ᠲᠤ ᠣᠶ ᠰᠢᠭᠤᠢ ᠨᠤᠲᠤᠭ ᠪᠡᠯᠴᠢᠭᠡᠷ᠎ᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠵᠢ ᠴᠢᠩᠭ᠋ᠠᠳᠬᠠᠪᠠ᠃ ᠪᠥᠬᠦ ᠵᠢᠯ᠎ᠳᠤ᠂ ᠮᠠᠨ᠎ᠤ ᠲᠣᠪᠴᠢᠶ᠎ᠠ 59 ᠣᠶ᠋ᠢᠲᠤ ᠭᠠᠵᠠᠷ᠎ᠢ ᠬᠢᠨᠠᠨ ᠬᠠᠷᠭᠤᠭᠤᠯᠤᠨ ᠵᠥᠪᠰᠢᠶᠡᠷᠡᠵᠦ᠂ ᠬᠡᠷᠡᠭᠯᠡᠭᠰᠡᠨ ᠭᠠᠵᠠᠷ 77.7 ᠾᠧᠺᠲ᠋ᠠᠷ ᠬᠦᠷᠪᠡ᠃ ᠡᠭᠦᠨ᠎ᠳᠤ ᠲᠦᠷ ᠬᠡᠷᠡᠭᠯᠡᠬᠦ ᠭᠠᠵᠠᠷ 36᠂ ᠡᠭᠦᠷᠢᠳᠡ ᠬᠡᠷᠡᠭᠯᠡᠬᠦ ᠭᠠᠵᠠᠷ 23 ᠪᠣᠢ; 122 ᠨᠤᠲᠤᠭ ᠪᠡᠯᠴᠢᠭᠡᠷ᠎ᠢ ᠬᠢᠨᠠᠨ ᠬᠠᠷᠭᠤᠭᠤᠯᠵᠤ ᠵᠥᠪᠰᠢᠶᠡᠷᠡᠨ᠂ ᠬᠡᠷᠡᠭᠯᠡᠭᠰᠡᠨ ᠭᠠᠵᠠᠷ 1470.93 ᠾᠧᠺᠲ᠋ᠠᠷ ᠬᠦᠷᠪᠡ᠃ ᠡᠭᠦᠨ᠎ᠳᠤ 67 ᠲᠦᠷ ᠬᠡᠷᠡᠭᠯᠡᠬᠦ ᠭᠠᠵᠠᠷ᠂ 42 ᠡᠭᠦᠷᠢᠳᠡ ᠬᠡᠷᠡᠭᠯᠡᠬᠦ ᠭᠠᠵᠠᠷ ᠪᠠᠶ᠋ᠢᠵᠤ᠂ 13 ᠮᠠᠯ ᠠᠵᠤ ᠠᠬᠤᠢ ᠵᠢᠨ ᠦᠢ᠍ᠯᠡᠴᠢᠯᠡᠭᠡᠨ᠎ᠳᠤ ᠬᠡᠷᠡᠭᠯᠡᠬᠦ ᠭᠠᠵᠠᠷ᠎ᠢ ᠬᠢᠨᠠᠨ ᠬᠠᠷᠭᠤᠭᠤᠯᠵᠤ ᠵᠥᠪᠰᠢᠶᠡᠷᠡᠨ᠂ ᠣᠶ ᠰᠢᠭᠤᠢ ᠪᠡᠯᠴᠢᠭᠡᠷ᠎ᠢ ᠬᠠᠤᠯᠢ ᠶᠣᠰᠣᠭ᠋ᠠᠷ ᠵᠣᠬᠢᠰᠲᠠᠢ ᠬᠡᠷᠡᠭᠯᠡᠪᠡ᠃ ᠡᠭᠦᠨ᠎ᠠᠴᠠ ᠭᠠᠳᠠᠨ᠎ᠠ᠂ 7 ᠣᠶ ᠮᠤᠳᠤ ᠡᠪᠡᠰᠦ ᠪᠡᠯᠴᠢᠭᠡᠷ᠎ᠤᠨ ᠦᠷ᠎ᠡ ᠵᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠂ 88 ᠣᠶ ᠰᠢᠭᠤᠢ ᠨᠤᠲᠤᠭ ᠪᠡᠯᠴᠢᠭᠡᠷ᠎ᠤᠨ ᠬᠡᠭᠡᠷ᠎ᠡ ᠭᠠᠳᠠᠨ᠎ᠠ ᠦᠢ᠍ᠯᠡᠳᠪᠦᠷᠢᠯᠡᠬᠦ᠎ᠳᠤ ᠭᠠᠯ ᠬᠡᠷᠡᠭᠯᠡᠬᠦ ᠵᠥᠪᠰᠢᠶᠡᠷᠡᠯ᠎ᠤᠨ ᠦᠨᠡᠮᠯᠡᠯ᠎ᠢ ᠭᠦᠢ᠍ᠴᠡᠳᠬᠡᠵᠡᠢ᠃ ᠭᠤᠷᠪᠠ᠎ᠳᠤ ᠬᠠᠷᠢᠯᠴᠠᠨ ᠬᠠᠮᠵᠢᠯᠴᠠᠵᠤ᠂ ᠬᠠᠮᠲᠤᠷᠠᠨ ᠬᠥᠲᠥᠯᠥᠯᠴᠡᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠪᠡ᠃ ᠨᠤᠲᠤᠭ ᠪᠡᠯᠴᠢᠭᠡᠷ ᠣᠶ᠋ᠢᠲᠤ ᠭᠠᠵᠠᠷ᠎ᠤᠨ ᠠᠮᠢ ᠠᠬᠤᠢ ᠣᠷᠴᠢᠨ ᠲᠣᠭᠤᠷᠢᠨ᠎ᠢ ᠡᠪᠳᠡᠭᠰᠡᠨ ᠠᠵᠢᠯᠯᠠᠭ᠎ᠠ ᠵᠢ ᠪᠥᠬᠦ ᠬᠦᠴᠦᠨ ᠵᠶ᠋ᠠᠷ ᠵᠶ᠋ᠠᠨ ᠴᠡᠭᠴᠡᠯᠡᠨ ᠵᠠᠰᠠᠬᠤ᠎ᠪᠠᠷ ᠥᠨᠥ ᠵᠢᠯ ᠬᠤᠰᠢᠭᠤᠨ᠎ᠠᠴᠠ ᠲᠤᠰᠬᠠᠢ ᠠᠵᠢᠯ᠎ᠤᠨ ᠠᠩᠭᠢ ᠪᠠᠶ᠋ᠢᠭᠤᠯᠵᠤ᠂ ᠬᠡᠷᠡᠭ ᠰᠢᠢ᠍ᠳᠪᠦᠷᠢᠯᠡᠬᠦ ᠦᠷ᠎ᠡ ᠪᠦᠲᠦᠮᠵᠢ ᠪᠠ ᠶᠠᠰᠤ ᠴᠢᠨᠠᠷ᠎ᠢ ᠶᠡᠬᠡᠪᠡᠷ ᠳᠡᠭᠡᠭᠰᠢᠯᠡᠭᠦᠯᠪᠡ; ᠬᠤᠰᠢᠭᠤᠨ᠎ᠤ ᠲᠠᠷᠢᠶᠠᠯᠠᠩ ᠮᠠᠯ ᠠᠵᠤ ᠠᠬᠤᠢ ᠵᠢᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠰᠤᠮᠤ ᠪᠠᠯᠭ᠋ᠠᠰᠤᠨ᠎ᠤ ᠬᠠᠤᠯᠢ ᠬᠡᠷᠡᠭᠵᠢᠭᠦᠯᠬᠦ ᠠᠩᠭᠢ᠎ᠲᠠᠢ ᠬᠠᠮᠲᠤᠷᠠᠨ ᠠᠵᠢᠯᠯᠠᠬᠤ ᠳᠤᠭᠤᠶ᠋ᠢᠯᠠᠩ ᠪᠠᠶ᠋ᠢᠭᠤᠯᠵᠤ᠂ ᠬᠠᠤᠯᠢ ᠬᠡᠷᠡᠭᠵᠢᠭᠦᠯᠬᠦ ᠬᠦᠴᠦᠨ ᠵᠶ᠋ᠠᠨ ᠲᠥᠪᠯᠡᠷᠡᠭᠦᠯᠦᠨ ᠨᠤᠲᠤᠭ ᠪᠡᠯᠴᠢᠭᠡᠷ᠎ᠤᠨ ᠬᠠᠤᠯᠢ ᠵᠥᠷᠢᠴᠡᠭᠰᠡᠨ ᠭᠠᠵᠠᠷ᠎ᠤᠨ ᠵᠢᠷᠤᠭ᠎ᠢ ᠬᠠᠷᠢᠴᠠᠭᠤᠯᠬᠤ ᠵᠢᠴᠢ ᠪᠠᠶ᠋ᠢᠴᠠᠭ᠋ᠠᠵᠤ ᠭᠡᠷᠡᠴᠢ ᠠᠪᠬᠤ ᠵᠡᠷᠭᠡ ᠰᠠᠭᠤᠷᠢ ᠠᠵᠢᠯ᠎ᠢ ᠥᠷᠨᠢᠭᠦᠯᠦᠨ᠂ ᠬᠠᠷᠢᠯᠴᠠᠨ ᠬᠠᠮᠵᠢᠯᠴᠠᠬᠤ᠂ ᠬᠠᠮᠲᠤᠷᠠᠨ ᠬᠥᠳᠡᠯᠦᠯᠴᠡᠬᠦ᠎ᠪᠠᠷ ᠳᠡᠮᠵᠢᠨ᠂ ᠬᠦᠴᠦ᠎ᠪᠠᠨ ᠬᠠᠮᠲᠤᠳᠬᠠᠨ ᠴᠢᠩᠭ᠎ᠠ ᠴᠡᠭᠴᠡᠯᠡᠨ ᠰᠠᠶ᠋ᠢᠵᠢᠷᠠᠭᠤᠯᠵᠤ᠂ ᠨᠤᠲᠤᠭ ᠪᠡᠯᠴᠢᠭᠡᠷ ᠣᠶ᠋ᠢᠲᠤ ᠭᠠᠵᠠᠷ᠎ᠤᠨ ᠠᠮᠢ ᠠᠬᠤᠢ ᠣᠷᠴᠢᠨ ᠲᠣᠭᠤᠷᠢᠨ᠎ᠢ ᠡᠪᠳᠡᠭᠰᠡᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠠᠬᠢᠴᠠ ᠵᠢ ᠢᠯᠡᠳᠲᠡ ᠳᠡᠭᠡᠭᠰᠢᠯᠡᠭᠦᠯᠪᠡ᠃ ᠳᠥᠷᠪᠡ᠎ᠳᠤ ᠪᠥᠬᠦ ᠬᠤᠰᠢᠭᠤᠨ᠎ᠤ ᠪᠡᠯᠴᠢᠭᠡᠷᠯᠡᠭᠦᠯᠬᠦ ᠵᠢ ᠬᠤᠷᠢᠬᠤ᠂ ᠰᠡᠯᠭᠦᠨ ᠮᠠᠯᠵᠢᠬᠤ ᠪᠠ ᠮᠠᠯ ᠪᠡᠯᠴᠢᠭᠡᠷ᠎ᠢ ᠲᠡᠩᠴᠡᠭᠦᠷᠢᠲᠡᠢ ᠪᠠᠶ᠋ᠢᠯᠭ᠋ᠠᠬᠤ ᠬᠠᠮᠢᠶᠠᠷᠤᠯᠲᠠ ᠵᠢ ᠴᠢᠩᠭ᠋ᠠᠳᠬᠠᠪᠠ᠃ ᠬᠤᠰᠢᠭᠤᠨ᠎ᠤ ᠭᠤᠷᠪᠠᠳᠤᠭ᠋ᠠᠷ ᠡᠭᠡᠯᠵᠢ ᠵᠢᠨ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠦᠷᠢ ᠱᠠᠩᠨᠠᠯ᠎ᠤᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ ᠪᠡᠯᠴᠢᠭᠡᠷᠯᠡᠭᠦᠯᠬᠦ ᠵᠢ ᠬᠤᠷᠢᠬᠤ ᠣᠷᠣᠨ᠎ᠤ ᠲᠠᠯᠠᠪᠠᠶ 688.65 ᠲᠦᠮᠡᠨ ᠮᠦ᠍᠂ ᠮᠠᠯ ᠪᠡᠯᠴᠢᠭᠡᠷ᠎ᠢ ᠲᠡᠩᠴᠡᠭᠦᠷᠢᠲᠡᠢ ᠪᠠᠶ᠋ᠢᠯᠭ᠋ᠠᠬᠤ ᠣᠷᠣᠨ᠎ᠤ ᠲᠠᠯᠠᠪᠠᠢ 2071.51 ᠲᠦᠮᠡᠨ ᠮᠦ᠍ ᠬᠦᠷᠴᠦ᠂ ᠪᠡᠯᠴᠢᠭᠡᠷ ᠨᠣᠭᠤᠭ᠋ᠠᠷᠠᠬᠤ ᠤᠯᠠᠷᠢᠯ᠎ᠳᠤ 90 ᠡᠳᠦᠷ᠎ᠤᠨ ᠬᠤᠭᠤᠴᠠᠭ᠎ᠠ᠎ᠲᠠᠢ ᠪᠡᠯᠴᠢᠭᠡᠷᠯᠡᠭᠦᠯᠬᠦ ᠵᠢ ᠬᠤᠷᠢᠬᠤ ᠠᠷᠭ᠎ᠠ ᠬᠡᠮᠵᠢᠶ᠎ᠡ ᠠᠪᠤᠨ᠂ ᠨᠤᠲᠤᠭ ᠪᠡᠯᠴᠢᠭᠡᠷ᠎ᠤᠨ ᠠᠮᠢ ᠠᠬᠤᠢ ᠵᠢᠨ ᠭᠦᠢ᠍ᠴᠡᠳ ᠰᠡᠷᠭᠦᠭᠡᠬᠦ ᠵᠢ ᠪᠠᠲᠤᠯᠠᠪᠠ᠃ ᠨᠤᠲᠤᠭ ᠪᠡᠯᠴᠢᠭᠡᠷ᠎ᠤᠨ ᠠᠮᠢ ᠠᠬᠤᠢ ᠪᠣᠯᠣᠨ ᠣᠯᠠᠨ ᠲᠦᠮᠡᠨ᠎ᠤ ᠣᠳᠣᠬᠠᠨ᠎ᠤ ᠦᠢ᠍ᠯᠡᠳᠪᠦᠷᠢᠯᠡᠯ ᠠᠮᠢᠳᠤᠷᠠᠯ᠎ᠢ ᠨᠢᠭᠡᠳᠦᠯᠲᠡᠢ ᠲᠥᠯᠥᠪᠯᠡᠵᠦ᠂ ᠮᠠᠯ ᠪᠡᠯᠴᠢᠭᠡᠷ᠎ᠢ ᠲᠡᠩᠴᠡᠭᠦᠷᠢᠲᠡᠢ ᠪᠠᠶ᠋ᠢᠯᠭ᠋ᠠᠬᠤ ᠵᠢ ᠨᠠᠶ᠋ᠢᠳᠠᠪᠤᠷᠢᠵᠢᠭᠤᠯᠬᠤ ᠠᠵᠢᠯ᠎ᠢ ᠲᠣᠭᠲᠠᠭᠤᠨ ᠵᠶ᠋ᠠᠷ ᠠᠬᠢᠭᠤᠯᠤᠨ᠂ ᠮᠠᠯᠴᠢᠨ ᠲᠠᠷᠢᠶᠠᠴᠢᠳ᠎ᠢ ᠵᠣᠷᠢᠭᠵᠢᠭᠤᠯᠤᠨ ᠬᠠᠰᠢᠶᠠᠯᠠᠨ ᠲᠡᠵᠢᠭᠡᠯᠭᠡᠬᠦ ᠵᠢᠨ ᠬᠠᠮᠲᠤ ᠪᠡᠯᠴᠢᠭᠡᠷᠯᠡᠭᠦᠯᠬᠦ ᠵᠢ ᠬᠤᠷᠢᠵᠤ ᠬᠠᠰᠢᠶᠠᠯᠠᠨ ᠲᠡᠵᠢᠭᠡᠬᠦ᠂ ᠬᠠᠭ᠋ᠠᠰ ᠬᠠᠰᠢᠶᠠᠯᠠᠨ ᠲᠡᠵᠢᠭᠡᠬᠦ᠂ ᠪᠡᠯᠴᠢᠭᠡᠷᠯᠡᠭᠦᠯᠬᠦ + ᠪᠣᠷᠳᠣᠬᠤ ᠪᠠ ᠣᠳᠣᠬᠢᠴᠢᠯᠠᠭᠰᠠᠨ ᠭᠡᠷ ᠪᠦᠯᠢ ᠵᠢᠨ ᠮᠠᠯᠵᠢᠯ᠎ᠤᠨ ᠲᠠᠯᠠᠪᠠᠢ ᠵᠢ ᠬᠥᠭᠵᠢᠭᠦᠯᠬᠦ᠎ᠪᠠᠷ ᠳᠠᠮᠵᠢᠭᠤᠯᠤᠨ᠂ ᠭᠡᠷ ᠪᠦᠯᠢ ᠵᠢᠨ ᠡᠵᠡᠩᠨᠡᠯᠲᠡ᠎ᠪᠠᠷ ᠰᠠᠭᠤᠷᠢ ᠪᠣᠯᠭ᠋ᠠᠵᠤ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠂ ᠪᠠᠷᠢᠮᠵᠢᠶᠠᠵᠢᠭᠤᠯᠤᠨ ᠦᠢ᠍ᠯᠡᠳᠪᠦᠷᠢᠯᠡᠬᠦ᠂ ᠡᠷᠴᠢᠮᠵᠢᠭᠦᠯᠦᠨ ᠡᠵᠡᠩᠨᠡᠬᠦ ᠵᠡᠷᠭᠡ ᠠᠷᠭ᠎ᠠ ᠬᠡᠮᠵᠢᠶ᠎ᠡ᠎ᠪᠠᠷ ᠪᠠᠶ᠋ᠢᠭ᠋ᠠᠯᠢ ᠵᠢᠨ ᠪᠡᠯᠴᠢᠭᠡᠷ᠎ᠲᠤ ᠪᠡᠯᠴᠢᠭᠡᠷᠯᠡᠭᠦᠯᠬᠦ ᠲᠤᠭ᠎ᠠ ᠬᠡᠮᠵᠢᠶ᠎ᠡ ᠵᠢ ᠬᠢᠵᠠᠭ᠋ᠠᠷᠯᠠᠪᠠ᠃ ᠲᠠᠪᠤ᠎ᠳᠤ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠬᠢᠵᠢᠭᠦᠯᠪᠡ᠃ ᠪᠥᠬᠦ ᠵᠢᠯ᠎ᠳᠤ ᠪᠠᠶ᠋ᠢᠭ᠋ᠠᠯᠢ ᠵᠢᠨ ᠬᠠᠮᠠᠭ᠋ᠠᠯᠠᠯᠲᠠ᠎ᠪᠠᠷ ᠭᠤᠣᠯ ᠪᠣᠯᠭ᠋ᠠᠵᠤ᠂ ᠠᠮᠢ ᠠᠬᠤᠢ ᠣᠷᠴᠢᠨ ᠲᠣᠭᠤᠷᠢᠨ᠎ᠢ ᠰᠠᠶ᠋ᠢᠵᠢᠷᠠᠭᠤᠯᠬᠤ᠎ᠪᠠᠷ ᠭᠤᠣᠯᠳᠠᠯᠭ᠎ᠠ᠎ᠪᠠᠨ ᠪᠣᠯᠭ᠋ᠠᠨ᠂ ᠬᠠᠮᠠᠭ᠋ᠠᠯᠠᠯᠲᠠ ᠬᠠᠮᠢᠶᠠᠷᠤᠯᠲᠠ ᠵᠢᠨ ᠲᠥᠬᠦᠭᠡᠷᠦᠮᠵᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠢᠨᠠᠨ ᠬᠡᠮᠵᠢᠯᠲᠡ᠂ ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠯᠲᠡ᠂ ᠬᠡᠭᠡᠷ᠎ᠡ ᠵᠢᠨ ᠠᠮᠢᠲᠠᠨ ᠤᠷᠭᠤᠮᠠᠯ᠎ᠤᠨ ᠬᠠᠮᠠᠭ᠋ᠠᠯᠠᠯᠲᠠ ᠵᠡᠷᠭᠡ ᠰᠠᠭᠤᠷᠢ ᠲᠦᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠳᠤᠰᠤᠲᠤ ᠵᠢᠨ ᠭᠤᠣᠯ᠎ᠤᠨ ᠨᠠᠮᠤᠭ ᠭᠠᠵᠠᠷ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠪᠠ ᠰᠢᠬᠢᠷ ᠡᠪᠡᠰᠦᠨ᠎ᠤ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ 90 ᠭᠠᠷᠤᠢ ᠤᠳᠠᠭ᠎ᠠ ᠲᠣᠭᠤᠷᠢᠨ ᠬᠠᠮᠠᠭ᠋ᠠᠯᠠᠪᠠ᠃ ᠳᠤᠰᠤᠲᠤ ᠵᠢᠨ ᠭᠤᠣᠯ᠎ᠤᠨ ᠨᠠᠮᠤᠭ ᠭᠠᠵᠠᠷ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠪᠠ ᠰᠢᠬᠢᠷ ᠡᠪᠡᠰᠦᠨ᠎ᠤ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠪᠦᠬᠦᠯᠢ ᠴᠣᠭᠴᠠ ᠵᠢᠨ ᠬᠠᠮᠠᠭ᠋ᠠᠯᠠᠯᠲᠠ ᠵᠢᠨ ᠲᠥᠯᠦᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠡᠬᠢᠯᠡᠭᠦᠯᠵᠦ᠂ ᠵᠢᠯ᠎ᠤᠨ ᠳᠣᠲᠣᠷ᠎ᠠ ᠶᠡᠷᠦᠩᠬᠡᠢ ᠲᠥᠯᠦᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠪᠠ ᠮᠡᠳᠡᠭᠦᠯᠦᠨ ᠵᠥᠪᠰᠢᠶᠡᠷᠡᠭᠦᠯᠬᠦ᠎ᠪᠠᠷ ᠴᠢᠷᠮᠠᠶ᠋ᠢᠵᠤ ᠪᠠᠶ᠋ᠢᠨ᠎ᠠ᠃
ᠬᠥᠲᠥᠯᠥᠭᠴᠢ᠄ ᠰᠠᠶᠢᠬᠠᠨ ᠵᠢᠶᠠᠩ ᠲᠣᠪᠴᠢᠶᠠᠨ ᠳᠠᠷᠤᠭ᠎ᠠ ᠵᠢᠨ ᠲᠠᠨᠢᠯᠴᠠᠭᠤᠯᠭ᠎ᠠ᠎ᠪᠠᠷ᠂ ᠪᠢᠳᠡ 2024 ᠣᠨ᠎ᠤ ᠪᠥᠬᠦ ᠬᠤᠰᠢᠭᠤᠨ᠎ᠤ ᠣᠶ ᠰᠢᠭᠤᠢ ᠨᠤᠲᠤᠭ ᠪᠡᠯᠴᠢᠭᠡᠷ᠎ᠤᠨ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ᠂ ᠬᠠᠮᠠᠭ᠋ᠠᠯᠠᠯᠲᠠ ᠪᠠ ᠬᠢᠨᠠᠨ ᠬᠠᠮᠢᠶᠠᠷᠤᠯᠲᠠ ᠵᠢᠨ ᠠᠵᠢᠯ᠎ᠢ ᠶᠡᠷᠦᠩᠬᠡᠢ᠎ᠳᠤ᠎ᠨᠢ ᠣᠶ᠋ᠢᠯᠠᠭ᠋ᠠᠪᠠ᠃ ᠲᠡᠭᠡᠪᠡᠯ ᠮᠠᠨ᠎ᠤ ᠬᠤᠰᠢᠭᠤᠨ᠎ᠤ ᠣᠶ ᠰᠢᠭᠤᠢ ᠨᠤᠲᠤᠭ ᠪᠡᠯᠴᠢᠭᠡᠷ᠎ᠤᠨ ᠠᠵᠢᠯ᠎ᠨᠢ ᠪᠤᠰᠤᠳ ᠬᠤᠰᠢᠭᠤ ᠲᠣᠭᠤᠷᠢᠭ᠎ᠲᠠᠢ ᠬᠠᠷᠢᠴᠠᠭᠤᠯᠪᠠᠯ ᠶᠠᠮᠠᠷ ᠭᠢᠯᠠᠰ ᠴᠡᠭ᠎ᠲᠠᠢ ᠪᠣᠶ?
ᠵᠢᠶᠠᠩ ᡁᠢ ᠵᠢᠶᠦ᠋ᠨ᠄ 2023 ᠣᠨ᠎ᠤ 7 ᠳ᠋ᠤᠭ᠋ᠠᠷ ᠰᠠᠷ᠎ᠠ᠎ᠳᠤ᠂ ᠮᠠᠨ᠎ᠤ ᠬᠤᠰᠢᠭᠤ ᠪᠥᠬᠦ ᠣᠷᠣᠨ᠎ᠤ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠬᠥᠭᠵᠢᠯᠲᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ 《ᠤᠷᠢᠳᠠᠪᠠᠷ ᠪᠠᠶ᠋ᠢᠭᠤᠯᠵᠤ ᠳᠠᠷᠠᠭ᠎ᠠ᠎ᠨᠢ ᠨᠥᠬᠦᠪᠦᠷᠢᠯᠡᠬᠦ》 ᠣᠶ ᠰᠢᠭᠤᠢ ᠨᠤᠲᠤᠭ ᠪᠡᠯᠴᠢᠭᠡᠷ᠎ᠤᠨ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢᠨ ᠵᠠᠭᠪᠤᠷ᠎ᠤᠨ ᠲᠤᠷᠰᠢᠯᠲᠠ ᠵᠢᠨ ᠬᠤᠰᠢᠭᠤ ᠰᠢᠶᠠᠨ᠎ᠤ ᠨᠢᠭᠡ᠎ᠪᠠᠷ ᠲᠣᠭᠲᠠᠭ᠋ᠠᠭᠳᠠᠪᠠ᠃ 2020 ᠣᠨ᠎ᠳᠤ ᠲᠤᠷᠰᠢᠨ ᠬᠡᠷᠡᠭᠵᠢᠭᠦᠯᠦᠭᠰᠡᠨ᠎ᠠᠴᠠ ᠠᠪᠤᠭ᠋ᠠᠳ 2024 ᠣᠨ ᠪᠣᠯᠬᠤ᠎ᠳᠤ ᠪᠥᠬᠦ ᠲᠠᠯ᠎ᠠ᠎ᠪᠠᠷ ᠬᠡᠷᠡᠭᠵᠢᠭᠦᠯᠵᠦ᠂ ᠮᠠᠨ᠎ᠤ ᠬᠤᠰᠢᠭᠤ 《ᠤᠷᠢᠳᠠᠪᠠᠷ ᠪᠠᠶ᠋ᠢᠭᠤᠯᠵᠤ ᠳᠠᠷᠠᠭ᠎ᠠ᠎ᠨᠢ ᠨᠥᠬᠦᠪᠦᠷᠢᠯᠡᠬᠦ》 ᠵᠠᠭᠪᠤᠷ ᠵᠶ᠋ᠠᠷ 100 ᠭᠠᠷᠤᠢ ᠲᠦᠮᠡᠨ ᠮᠦ᠍ ᠵᠢᠨ ᠬᠠᠷᠭ᠋ᠠᠨ᠎ᠠ ᠲᠠᠷᠢᠨ᠂ ᠭᠤᠶᠤᠴᠢᠯᠠᠨ ᠮᠡᠳᠡᠭᠦᠯᠦᠭᠰᠡᠨ ᠬᠥᠮᠥᠨ᠎ᠤ ᠲᠤᠭ᠎ᠠ ᠵᠢᠯ ᠳᠠᠷᠠᠭ᠋ᠠᠯᠠᠨ ᠨᠡᠮᠡᠭᠳᠡᠵᠦ᠂ ᠨᠡᠶ᠋ᠢᠭᠡᠮ᠎ᠤᠨ ᠮᠡᠳᠡᠷᠡᠮᠵᠢ ᠵᠢᠨ ᠬᠡᠮᠵᠢᠶ᠎ᠡ ᠵᠢᠯ ᠳᠠᠷᠠᠭ᠋ᠠᠯᠠᠨ ᠳᠡᠭᠡᠭᠰᠢᠯᠡᠨ᠂ ᠬᠠᠮᠤᠭ᠎ᠤᠨ ᠶᠡᠭᠡ ᠬᠡᠮᠵᠢᠶ᠎ᠡ᠎ᠪᠠᠷ ᠠᠷᠠᠳ ᠲᠦᠮᠡᠨ᠎ᠳᠤ ᠠᠰᠢᠭ ᠬᠦᠷᠲᠡᠭᠡᠵᠦ᠂ ᠠᠷᠠᠳ ᠲᠦᠮᠡᠨ᠎ᠤ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠬᠤ ᠢᠳᠡᠪᠬᠢᠵᠢᠯ᠎ᠢ ᠶᠡᠬᠡᠪᠡᠷ ᠳᠠᠶ᠋ᠢᠴᠢᠯᠠᠭᠰᠠᠨ ᠪᠠᠶ᠋ᠢᠨ᠎ᠠ᠃ ᠥᠨᠥ ᠵᠢᠯ᠎ᠤᠨ 6 ᠳ᠋ᠤᠭ᠋ᠠᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠡᠯ᠎ᠡ ᠲᠠᠯ᠎ᠠ ᠵᠢᠨ᠎ᠬᠢᠨ᠎ᠤ ᠢᠳᠡᠪᠬᠢᠵᠢᠯ᠎ᠢ ᠭᠦᠢ᠍ᠴᠡᠳ ᠳᠠᠶ᠋ᠢᠴᠢᠯᠠᠵᠤ 〈ᠤᠮᠠᠷᠠᠲᠤ ᠵᠢᠨ ᠭᠤᠷᠪᠠᠨ ᠣᠷᠣᠨ〉᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠲᠤᠬᠠᠢ ᠰᠠᠨᠠᠯ》᠎ᠢ ᠳᠣᠷᠣᠭᠰᠢ ᠪᠠᠭᠤᠯᠭ᠋ᠠᠵᠤ᠂ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠲᠦᠷᠦᠯ ᠵᠦᠢ᠍ᠯ᠎ᠤᠨ 《ᠤᠷᠢᠳᠠᠪᠠᠷ ᠪᠠᠶ᠋ᠢᠭᠤᠯᠵᠤ ᠳᠠᠷᠠᠭ᠎ᠠ᠎ᠨᠢ ᠨᠥᠬᠦᠪᠦᠷᠢᠯᠡᠬᠦ》 ᠵᠠᠭᠪᠤᠷ᠎ᠢ ᠰᠦᠪᠡᠭᠴᠢᠯᠡᠬᠦ ᠵᠢ ᠲᠣᠳᠣᠷᠬᠠᠢ ᠳᠤᠷᠠᠳᠤᠨ᠂ ᠤᠲᠤᠭ ᠬᠤᠰᠢᠭᠤ ᠵᠡᠷᠭᠡ ᠭᠠᠵᠠᠷ᠎ᠤᠨ 《ᠤᠷᠢᠳᠠᠪᠠᠷ ᠪᠠᠶ᠋ᠢᠭᠤᠯᠵᠤ ᠳᠠᠷᠠᠭ᠎ᠠ᠎ᠨᠢ ᠨᠥᠬᠦᠪᠦᠷᠢᠯᠡᠬᠦ》 ᠵᠠᠭᠪᠤᠷ᠎ᠢ ᠲᠡᠭᠦᠯᠳᠡᠷᠵᠢᠭᠦᠯᠬᠦ ᠵᠢ ᠳᠡᠮᠵᠢᠵᠦ᠂ ᠪᠢᠳᠡᠨ᠎ᠤ 《ᠤᠷᠢᠳᠠᠪᠠᠷ ᠪᠠᠶ᠋ᠢᠭᠤᠯᠵᠤ ᠳᠠᠷᠠᠭ᠎ᠠ ᠨᠢ ᠨᠥᠬᠦᠪᠦᠷᠢᠯᠡᠬᠦ》 ᠵᠠᠭᠪᠤᠷ᠎ᠢ ᠪᠦᠬᠦ ᠬᠦᠴᠦᠨ ᠵᠶ᠋ᠠᠷ ᠵᠶ᠋ᠠᠨ ᠨᠠᠶ᠋ᠢᠳᠠᠪᠤᠷᠢᠵᠢᠭᠤᠯᠬᠤ᠎ᠳᠤ ᠲᠦᠷᠦ ᠵᠢᠨ ᠪᠣᠳᠣᠯᠭ᠎ᠠ ᠵᠢᠨ ᠬᠦᠴᠦᠲᠡᠢ ᠪᠠᠲᠤᠯᠠᠭ᠎ᠠ ᠬᠠᠩᠭ᠋ᠠᠵᠠᠢ᠃
ᠬᠥᠲᠥᠯᠥᠭᠴᠢ᠄ ᠬᠠᠮᠤᠭ᠎ᠤᠨ ᠰᠡᠭᠦᠯ᠎ᠳᠤ᠂ ᠵᠢᠶᠠᠩ ᠲᠣᠪᠴᠢᠶᠠᠨ ᠳᠠᠷᠤᠭ᠎ᠠ ᠰᠦᠯᠵᠢᠶᠡᠨ᠎ᠤ ᠨᠠᠶ᠋ᠢᠵᠠ ᠨᠠᠷ᠎ᠲᠤ᠎ᠪᠠᠨ ᠨᠥᠬᠦᠵᠦ ᠬᠡᠯᠡᠬᠦ ᠵᠦᠢ᠍ᠯ ᠪᠠᠶ᠋ᠢᠨ᠎ᠠ ᠦᠦ?
ᠵᠢᠶᠠᠩ ᡁᠢ ᠵᠢᠶᠦ᠋ᠨ᠄ ᠲᠣᠰ ᠤᠳᠠᠭ᠋ᠠᠨ᠎ᠤ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠵᠢᠨ ᠪᠤᠯᠤᠩ᠎ᠢ ᠠᠰᠢᠭᠯᠠᠨ᠂ ᠪᠢ ᠪᠥᠬᠦ ᠬᠤᠰᠢᠭᠤᠨ᠎ᠤ ᠣᠶ ᠰᠢᠭᠤᠢ ᠨᠤᠲᠤᠭ ᠪᠡᠯᠴᠢᠭᠡᠷ᠎ᠤᠨ ᠰᠢᠰᠲ᠋ᠧᠮ᠎ᠤᠨ ᠡᠮᠦᠨ᠎ᠡ᠎ᠠᠴᠠ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠣᠶ ᠰᠢᠭᠤᠢ ᠨᠤᠲᠤᠭ ᠪᠡᠯᠴᠢᠭᠡᠷ᠎ᠤᠨ ᠠᠵᠢᠯ᠎ᠢ ᠬᠠᠯᠠᠮᠵᠢᠯᠠᠨ ᠳᠡᠮᠵᠢᠭᠰᠡᠨ᠎ᠳᠤ ᠲᠠᠯᠠᠷᠬᠠᠬᠤ ᠵᠢᠨ ᠬᠠᠮᠲᠤ ᠲᠠ ᠨᠠᠷ᠎ᠤᠨ ᠮᠠᠨ᠎ᠤ ᠠᠵᠢᠯ᠎ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠬᠤ ᠵᠢ ᠴᠢᠩ ᠰᠡᠳᠬᠢᠯ᠎ᠠᠴᠠ᠎ᠪᠠᠨ ᠪᠠᠶᠠᠷᠯᠠᠨ ᠤᠭᠲᠤᠵᠤ ᠪᠠᠶ᠋ᠢᠨ᠎ᠠ᠃
ᠳᠠᠷᠠᠭ᠋ᠠᠴᠢ ᠵᠢᠨ ᠠᠯᠬᠤᠮ᠎ᠳᠤ᠂ ᠡᠯᠡᠰᠦᠷᠬᠡᠭᠵᠢᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠬᠤ ᠪᠠ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠤᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠪᠢᠳᠡ ᠦᠷᠭᠦᠯᠵᠢᠯᠡᠨ ᠬᠦᠴᠦᠯᠡᠵᠦ᠂ ᠡᠯᠡᠰᠦᠷᠬᠡᠭᠵᠢᠯ᠎ᠢ ᠶᠡᠷᠦᠩᠬᠡᠶ᠋ᠢᠯᠡᠨ ᠵᠠᠰᠠᠬᠤ ᠬᠠᠲᠤᠨ ᠭᠤᠤᠯ᠎ᠤᠨ ᠳᠤᠬᠤᠢ ᠵᠢᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠡᠭᠦᠷᠭᠡ ᠵᠢ ᠰᠠᠶ᠋ᠢᠲᠤᠷ ᠲᠥᠯᠥᠪᠵᠢᠭᠦᠯᠵᠦ᠂ ᠠᠮᠢ ᠠᠬᠤᠢ ᠵᠢᠨ ᠵᠠᠰᠠᠯᠲᠠ ᠵᠢᠨ ᠦᠷ᠎ᠡ ᠪᠦᠲᠦᠮᠵᠢ ᠵᠢ ᠪᠠᠬᠢᠵᠢᠭᠦᠯᠦᠨ᠎ᠡ᠃