ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠰᠣᠷᠪᠣᠯᠵᠢᠯᠠᠭ᠎ᠠ
ᠲᠦᠯᠦᠭᠡᠯᠡᠭᠴᠢ ᠰᠠᠨ᠎ᠠ᠄ ᠬᠤᠢ ᠭᠤᠣᠯ᠎ᠤᠨ ᠤᠯᠤᠰ᠎ᠤᠨ ᠳᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠠᠬᠢ ᠮᠠᠯᠴᠢᠳ᠎ᠤᠨ ᠠᠰᠢᠭ ᠲᠤᠰᠠ ᠵᠢ ᠪᠠᠲᠤᠯᠠᠪᠠᠯ ᠵᠣᠬᠢᠨ᠎ᠠ
ᠨᠡᠶ᠋ᠢᠲᠡᠯᠡᠭᠰᠡᠨ ᠴᠠᠭ᠄ 2024-02-01


    ᠬᠥᠯᠥᠨ ᠪᠤᠶ᠋ᠢᠷ ᠬᠤᠲᠠ ᠵᠢᠨ ᠲᠠᠪᠤᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ ᠬᠠᠶ᠋ᠢᠯᠠᠷ᠎ᠲᠤ ᠬᠤᠷᠠᠯᠳᠤᠵᠤ᠂ ᠲᠥᠯᠥᠭᠡᠯᠡᠭᠴᠢᠳ ᠮᠠᠨᠢ ᠮᠠᠨ᠎ᠤ ᠬᠤᠲᠠ ᠵᠢᠨ ᠪᠦᠭᠦ ᠲᠠᠯ᠎ᠠ ᠵᠢᠨ ᠬᠥᠭᠵᠢᠯᠲᠡ᠎ᠳᠤ ᠠᠷᠭ᠎ᠠ ᠤᠬᠠᠭ᠋ᠠᠨ ᠵᠶ᠋ᠠᠨ ᠰᠤᠪᠢᠵᠤ᠂ ᠬᠦᠴᠦᠨ ᠴᠢᠳᠠᠯ ᠵᠶ᠋ᠠᠨ ᠡᠷᠭᠦᠬᠦ᠎ᠪᠠᠷ ᠡᠯ᠎ᠡ ᠭᠠᠵᠠᠷ᠂ ᠡᠯ᠎ᠡ ᠠᠵᠢᠯ᠎ᠤᠨ ᠪᠠᠶ᠋ᠢᠷᠢ᠎ᠠᠴᠠ᠎ᠪᠠᠨ ᠬᠦᠷᠦᠯᠴᠡᠨ ᠢᠷᠡᠵᠦ ᠬᠤᠷᠠᠯ᠎ᠳᠤ ᠣᠷᠣᠯᠴᠠᠪᠠ᠃ ᠡᠭᠦᠨ᠎ᠤ ᠳᠤᠮᠳᠠ ᠡᠸᠡᠩᠬᠢ ᠦᠨᠳᠦᠰᠦᠲᠡᠨ᠎ᠤ ᠥᠪᠡᠷᠲᠡᠭᠡᠨ ᠵᠠᠰᠠᠬᠤ ᠬᠤᠰᠢᠭᠤᠨ᠎ᠤ ᠬᠤᠢ ᠰᠤᠮᠤᠨ᠎ᠤ ᠵᠠᠰᠠᠭ᠎ᠤᠨ ᠣᠷᠳᠣᠨ᠎ᠳᠤ ᠠᠵᠢᠯ ᠠᠯᠪᠠ᠎ᠲᠠᠢ ᠰᠠᠨ᠎ᠠ᠎ᠠᠴᠠ 《ᠬᠤᠢ ᠭᠤᠣᠯ᠎ᠤᠨ ᠤᠯᠤᠰ᠎ᠤᠨ ᠳᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠠᠬᠢ ᠮᠠᠯᠴᠢᠳ᠎ᠤᠨ ᠠᠰᠢᠭ ᠲᠤᠰᠠ ᠵᠢ ᠪᠠᠲᠤᠯᠠᠪᠠᠯ ᠵᠣᠬᠢᠨ᠎ᠠ》 ᠬᠡᠮᠡᠬᠦ ᠰᠠᠨᠠᠯ ᠵᠥᠪᠯᠡᠯᠭᠡ᠎ᠲᠠᠢ᠎ᠪᠠᠨ ᠲᠤᠰ ᠤᠳᠠᠭ᠋ᠠᠨ᠎ᠤ 《ᠬᠤᠶᠠᠷ ᠬᠤᠷᠠᠯ》᠎ᠳᠤ ᠤᠷᠤᠯᠴᠠᠵᠤ ᠪᠢᠯᠡ᠃



6384151479147228008036270.jpg


    ᠡᠸᠡᠩᠬᠢ ᠦᠨᠳᠦᠰᠦᠲᠡᠨ᠎ᠤ ᠥᠪᠡᠷᠲᠡᠭᠡᠨ ᠵᠠᠰᠠᠬᠤ ᠬᠤᠰᠢᠭᠤᠨ᠎ᠤ ᠬᠤᠢ ᠰᠤᠮᠤ᠎ᠨᠢ ᠮᠠᠯᠵᠢᠬᠤ ᠠᠮᠢᠳᠤᠷᠠᠯ ᠵᠶ᠋ᠠᠷ ᠭᠤᠣᠯᠯᠠᠭᠰᠠᠨ ᠰᠤᠮᠤ ᠪᠢᠯᠡ᠃ ᠬᠤᠢ ᠭᠤᠣᠯ᠎ᠤᠨ ᠤᠯᠤᠰ᠎ᠤᠨ ᠳᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠨᠢ 2002 ᠣᠨ᠎ᠤ 7 ᠰᠠᠷ᠎ᠠ᠎ᠳᠤ ᠪᠠᠶ᠋ᠢᠭᠤᠯᠤᠭᠳᠠᠵᠤ᠂ ᠶᠡᠷᠦᠩᠬᠡᠢ ᠲᠠᠯᠠᠪᠠᠢ᠎ᠨᠢ 3468.48 ᠲᠡᠭᠰᠢ ᠳᠥᠷᠪᠡᠯᠵᠢᠨ  ᠺᠢᠯᠤᠮᠸᠲᠷ᠂ ᠡᠭᠦᠨ᠎ᠳᠤ ᠨᠤᠲᠤᠭ ᠪᠡᠯᠴᠢᠭᠡᠷ ᠵᠢᠴᠢ ᠨᠤᠭᠤ ᠭᠠᠵᠠᠷ᠎ᠤᠨ ᠲᠠᠯᠠᠪᠠᠶ 513 ᠲᠡᠭᠰᠢ ᠳᠥᠷᠪᠡᠯᠵᠢᠨ ᠺᠢᠯᠤᠮᠸᠲᠷ ᠪᠠᠶ᠋ᠢᠵᠤ᠂ ᠬᠤᠶ ᠰᠤᠮᠤ ᠵᠢᠨ ᠠᠰᠢᠭᠯᠠᠵᠤ ᠪᠤᠯᠬᠤ ᠨᠤᠲᠤᠭ ᠪᠡᠯᠴᠢᠭᠡᠷ᠎ᠤᠨ ᠶᠡᠷᠦᠩᠬᠡᠢ ᠲᠠᠯᠠᠪᠠᠶ ᠵᠢᠨ 32.1% ᠵᠢ ᠡᠵᠡᠯᠡᠵᠦ ᠪᠤᠢ᠃ ᠬᠤᠢ ᠰᠤᠮᠤ ᠵᠢᠨ 12 ᠭᠠᠴᠠᠭ᠎ᠠ ᠨᠡᠶ᠋ᠢᠭᠡᠮ ᠲᠣᠭᠤᠷᠢᠭ (ᠡᠭᠦᠨ᠎ᠳᠤ ᠤᠡᠭᠭᠤᠨᠲᠤᠬᠤᠢ ᠭᠠᠴᠠᠭ᠎ᠠ ᠵᠢᠨ ᠨᠢᠭᠡ ᠬᠡᠰᠡᠭ ᠭᠠᠵᠠᠷ ᠣᠷᠣᠨ᠎ᠨᠢ ᠬᠠᠮᠠᠭ᠋ᠠᠯᠠᠯᠲᠠ ᠵᠢᠨ ᠣᠷᠣᠨ᠎ᠤ ᠭᠤᠣᠯᠳᠠᠯᠭ᠎ᠠ᠎ᠲᠠᠢ ᠣᠷᠣᠨ᠎ᠤ ᠬᠠᠷᠢᠶᠠᠨ᠎ᠳᠤ ᠪᠠᠭᠲᠠᠬᠤ ᠦᠭᠡᠢ)᠎ᠨᠢ ᠴᠥᠮ ᠬᠤᠢ ᠭᠤᠣᠯ᠎ᠤᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠭᠤᠣᠯᠳᠠᠯᠭ᠎ᠠ᠎ᠲᠠᠢ ᠣᠷᠣᠨ ᠵᠢᠴᠢ ᠵᠠᠪᠰᠠᠷ᠎ᠤᠨ ᠣᠷᠣᠨ᠎ᠤ ᠬᠠᠷᠢᠶᠠᠨ᠎ᠳᠤ ᠣᠷᠣᠵᠤ ᠪᠠᠶ᠋ᠢᠳᠠᠭ᠃ ᠡᠨᠡ᠎ᠨᠢ ᠬᠤᠢ ᠭᠤᠣᠯ᠎ᠤᠨ ᠤᠯᠤᠰ᠎ᠤᠨ ᠳᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠎ᠳᠠᠬᠢ ᠠᠷᠠᠳ᠎ᠤᠨ ᠦᠢ᠍ᠯᠡᠳᠪᠦᠷᠢᠯᠡᠯ ᠠᠮᠢᠳᠤᠷᠠᠯ᠎ᠳᠤ ᠵᠣᠬᠢᠬᠤ ᠬᠡᠮᠵᠢᠶᠡᠨ᠎ᠤ ᠳᠠᠷᠤᠭ᠋ᠠᠰᠤ ᠠᠪᠴᠢᠷᠠᠭᠰᠠᠨ ᠪᠠᠶ᠋ᠢᠨ᠎ᠠ᠃ ᠨᠢᠭᠡ ᠲᠠᠯ᠎ᠠ᠎ᠪᠠᠷ᠂ ᠣᠳᠣᠬᠠᠨ᠎ᠳᠤ ᠬᠤᠢ ᠭᠤᠣᠯ᠎ᠤᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠭᠤᠣᠯᠳᠠᠯᠭ᠎ᠠ᠎ᠲᠠᠢ ᠣᠷᠣᠨ᠎ᠳᠤ ᠵᠠᠮ᠂ ᠴᠠᠭᠢᠯᠭ᠋ᠠᠨ᠎ᠤ ᠪᠦᠲᠦᠭᠡᠨ ᠪᠠᠶ᠋ᠢᠭᠤᠯᠤᠯᠲᠠ ᠵᠢ ᠴᠠᠭ᠋ᠠᠵᠠᠯᠠᠵᠤ ᠪᠠᠶ᠋ᠢᠬᠤ ᠤᠴᠢᠷ᠎ᠠᠴᠠ ᠮᠠᠯᠴᠢᠳ᠎ᠤᠨ ᠵᠠᠮ ᠬᠠᠷᠢᠯᠴᠠᠭ᠋ᠠᠨ᠎ᠤ ᠨᠡᠪᠲᠡᠷᠡᠯᠭᠡ ᠵᠢᠴᠢ ᠴᠠᠭᠢᠯᠭ᠋ᠠᠨ ᠬᠠᠩᠭ᠋ᠠᠯᠭ᠎ᠠ ᠵᠢ ᠠᠳᠠᠯᠢ ᠪᠤᠰᠤ ᠵᠢᠨ ᠬᠡᠮᠵᠢᠶ᠎ᠡ᠎ᠪᠠᠷ ᠬᠢᠵᠠᠭ᠋ᠠᠷᠯᠠᠵᠤ᠂ ᠮᠠᠯᠴᠢᠳ᠎ᠤᠨ ᠡᠳᠦᠷ ᠳᠤᠲᠤᠮ᠎ᠤᠨ ᠦᠢ᠍ᠯᠡᠳᠪᠦᠷᠢᠯᠡᠯ ᠠᠮᠢᠳᠤᠷᠠᠯ᠎ᠢ ᠬᠦᠨᠳᠦ ᠨᠣᠴᠢᠲᠠᠢ ᠨᠥᠯᠥᠭᠡᠯᠡᠵᠦ ᠪᠤᠢ᠃ ᠨᠦᠭᠦᠭᠡ ᠲᠠᠯ᠎ᠠ᠎ᠪᠠᠷ᠂ ᠬᠤᠶ ᠭᠤᠣᠯ᠎ᠤᠨ ᠤᠯᠤᠰ᠎ᠤᠨ ᠳᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠭᠤᠣᠯᠳᠠᠯᠭ᠎ᠠ᠎ᠲᠠᠢ ᠣᠷᠣᠨ᠎ᠳᠤ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠬᠢᠬᠦ ᠵᠢ ᠴᠠᠭ᠋ᠠᠵᠠᠯᠠᠵᠤ ᠪᠠᠶ᠋ᠢᠬᠤ ᠵᠢᠨ ᠤᠴᠢᠷ ᠮᠠᠰᠢ ᠤᠯᠠᠨ ᠣᠳᠣᠬᠢᠴᠢᠯᠠᠭᠰᠠᠨ ᠲᠦᠷᠦᠯ ᠵᠦᠢ᠍ᠯ᠎ᠢ ᠮᠠᠯᠴᠢᠳ᠎ᠲᠤ ᠦᠨᠡᠨ ᠬᠦ᠌ ᠨᠠᠶ᠋ᠢᠳᠠᠪᠤᠷᠢᠵᠢᠭᠤᠯᠬᠤ ᠵᠢ ᠬᠠᠷᠰᠢᠯᠠᠵᠤ ᠪᠠᠶ᠋ᠢᠳᠠᠭ᠂ ᠡᠨᠡ᠎ᠨᠢ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠤ ᠦᠢ᠍ᠯᠡᠰ᠎ᠤᠨ ᠬᠥᠭᠵᠢᠯᠲᠡ᠂ ᠣᠳᠣᠬᠢᠴᠢᠯᠠᠭᠰᠠᠨ ᠮᠠᠯ ᠲᠡᠵᠢᠭᠡᠪᠦᠷᠢ ᠵᠢᠨ ᠦᠢ᠍ᠯᠡᠰ᠎ᠤᠨ ᠬᠥᠭᠵᠢᠯᠲᠡ᠂ ᠮᠠᠯᠴᠢᠳ᠎ᠤᠨ ᠦᠢ᠍ᠯᠡᠳᠪᠦᠷᠢᠯᠡᠯ ᠠᠮᠢᠳᠤᠷᠠᠯ᠎ᠳᠤ ᠴᠥᠮ ᠠᠰᠢᠭ ᠦᠭᠡᠢ ᠦᠢ᠍ᠯᠡᠳᠦᠯ ᠦᠵᠡᠭᠦᠯᠵᠦ ᠪᠤᠢ᠃ ᠡᠳᠡᠭᠡᠷ ᠪᠠᠶ᠋ᠢᠳᠠᠯ᠎ᠳᠤ ᠬᠠᠨᠳᠤᠭᠤᠯᠤᠨ ᠲᠥᠯᠥᠭᠡᠯᠡᠭᠴᠢ ᠰᠠᠨ᠎ᠠ ᠦᠨᠳᠦᠰᠦᠨ ᠱᠠᠲᠤᠨ᠎ᠳᠤ ᠭᠦᠨᠵᠡᠭᠡᠶ᠋ᠢᠷᠡᠨ᠂ ᠪᠣᠳᠠᠲᠤ ᠪᠠᠶ᠋ᠢᠳᠠᠯ᠎ᠢ ᠣᠶ᠋ᠢᠯᠠᠭ᠋ᠠᠨ᠂ ᠬᠢᠨᠠᠮᠠᠭ᠋ᠠᠢ ᠰᠦᠪᠡᠭᠴᠢᠯᠡᠭᠰᠡᠨ᠎ᠤ ᠳ᠋ᠦᠩ᠎ᠳᠤ ᠲᠤᠰ ᠰᠠᠨᠠᠯ ᠵᠥᠪᠯᠡᠯᠭᠡ᠎ᠪᠠᠨ ᠳᠡᠪᠰᠢᠭᠦᠯᠦᠭᠰᠡᠨ ᠪᠠᠶ᠋ᠢᠨ᠎ᠠ᠃

      ᠰᠠᠨ᠎ᠠ ᠰᠤᠷᠪᠤᠯᠵᠢᠯᠠᠬ᠍ᠴᠢ᠎ᠳᠤ᠄ 《ᠨᠢᠭᠡ᠎ᠳᠤ᠂ ᠬᠤᠶ ᠰᠤᠮᠤ ᠵᠢᠨ ᠰᠤᠮᠤᠨ ᠲᠥᠪ᠎ᠤᠨ ᠪᠠᠶ᠋ᠢᠭ᠎ᠠ ᠭᠠᠵᠠᠷ ᠪᠠ 11 ᠭᠠᠴᠠᠭ᠋ᠠᠨ᠎ᠤ ᠤᠤᠯ᠎ᠤᠨ ᠰᠠᠭᠤᠭ᠎ᠠ ᠭᠠᠵᠠᠷ᠎ᠢ ᠬᠠᠮᠠᠭ᠋ᠠᠯᠠᠯᠲᠠ ᠵᠢᠨ ᠣᠷᠣᠨ᠎ᠤ ᠭᠤᠣᠯᠳᠠᠯᠭ᠎ᠠ᠎ᠲᠠᠢ ᠣᠷᠣᠨ ᠪᠠ ᠵᠠᠪᠰᠠᠷ᠎ᠤᠨ ᠣᠷᠣᠨ᠎ᠠᠴᠠ ᠰᠠᠯᠭ᠋ᠠᠨ ᠭᠠᠷᠭ᠋ᠠᠵᠤ᠂ ᠮᠠᠯᠴᠢᠳ᠎ᠤᠨ ᠦᠢ᠍ᠯᠡᠳᠪᠦᠷᠢᠯᠡᠯ ᠠᠮᠢᠳᠤᠷᠠᠯ᠎ᠳᠤ ᠬᠡᠷᠡᠭᠯᠡᠬᠦ ᠭᠠᠵᠠᠷ ᠪᠣᠯᠭ᠋ᠠᠨ᠂ ᠪᠡᠯᠴᠢᠭᠡᠷᠯᠡᠭᠦᠯᠬᠦ ᠵᠢ ᠵᠣᠭᠰᠤᠭ᠋ᠠᠬᠤ ᠴᠠᠭ᠎ᠢ ᠬᠠᠷᠢᠮᠠᠬᠠᠢ ᠡᠵᠡᠮᠳᠡᠪᠡᠯ ᠵᠣᠬᠢᠨ᠎ᠠ᠃ ᠬᠤᠶᠠᠷ᠎ᠲᠤ᠂ ᠬᠠᠮᠠᠭ᠋ᠠᠯᠠᠯᠲᠠ ᠵᠢᠨ ᠣᠷᠣᠨ᠎ᠤ ᠭᠤᠣᠯᠳᠠᠯᠭ᠎ᠠ ᠎ᠲᠠᠢ ᠣᠷᠣᠨ᠎ᠳᠠᠬᠢ ᠮᠠᠯᠵᠢᠬᠤ ᠡᠷᠦᠭᠡ ᠵᠢᠨ ᠵᠣᠬᠢᠬᠤ ᠠᠮᠢ ᠠᠬᠤᠢ ᠵᠢᠨ ᠨᠥᠬᠦᠪᠦᠷᠢ ᠮᠥᠩᠭᠦ ᠵᠢ ᠨᠡᠮᠡᠭᠳᠡᠭᠦᠯᠬᠦ ᠪᠤᠶᠤ ᠪᠡᠯᠴᠢᠭᠡᠷᠯᠡᠭᠦᠯᠬᠦ ᠵᠢ ᠵᠣᠭᠰᠣᠭ᠋ᠠᠨ ᠪᠡᠯᠴᠢᠭᠡᠷ᠎ᠢ ᠰᠡᠷᠭᠦᠭᠡᠬᠦ ᠨᠥᠬᠦᠪᠦᠷᠢ ᠵᠢ ᠲᠥᠷᠥᠯ ᠬᠤᠪᠢᠶᠠᠨ ᠲᠣᠭᠲᠠᠭ᠋ᠠᠨ᠂ ᠡᠭᠦᠨ᠎ᠤ ᠤᠯᠠᠮ᠎ᠠᠴᠠ ᠭᠤᠣᠯᠳᠠᠯᠭ᠎ᠠ᠎ᠲᠠᠢ ᠣᠷᠣᠨ᠎ᠤ ᠮᠠᠯᠴᠢᠳ᠎ᠢ ᠪᠤᠰᠤᠳ ᠠᠵᠤ ᠦᠢ᠍ᠯᠡᠰ ᠵᠦᠭ ᠰᠢᠯᠵᠢᠭᠦ ᠵᠢ ᠬᠥᠲᠥᠯᠥᠨ ᠵᠢᠯᠣᠭᠤᠳᠪᠠᠯ ᠵᠣᠬᠢᠨ᠎ᠠ》 ᠬᠡᠮᠡᠨ ᠶᠠᠷᠢᠵᠤ ᠪᠠᠶ᠋ᠢᠯ᠎ᠠ᠃ ᠡᠭᠦᠨ᠎ᠤ ᠬᠠᠮᠲᠤ᠂ ᠰᠠᠨ᠎ᠠ ᠪᠠᠰᠠ 《ᠮᠠᠯ᠎ᠤᠨ ᠦᠨ᠎ᠡ ᠶᠡᠭᠡ᠎ᠪᠠᠷ ᠪᠠᠭᠤᠷᠠᠭᠰᠠᠨ᠎ᠠᠴᠠ ᠪᠣᠯᠤᠭᠰᠠᠨ ᠮᠠᠯᠴᠢᠳ᠎ᠤᠨ ᠳᠠᠷᠤᠭ᠋ᠠᠰᠤ ᠨᠡᠮᠡᠭᠳᠡᠭᠰᠡᠨ ᠲᠤᠬᠠᠢ》 ᠬᠡᠮᠡᠬᠦ ᠮᠠᠯᠴᠢᠳ᠎ᠤᠨ ᠠᠮᠢᠳᠤᠷᠠᠯ ᠦᠢ᠍ᠯᠡᠳᠪᠦᠷᠢᠯᠡᠯ᠎ᠳᠤ ᠶᠠᠭ ᠲᠤᠯᠭ᠋ᠠᠷᠠᠵᠤ ᠪᠠᠶ᠋ᠢᠭ᠎ᠠ ᠪᠣᠳᠠᠲᠠᠢ ᠠᠰᠠᠭᠤᠳᠠᠯ᠎ᠢ ᠲᠤᠰᠬᠠᠭᠰᠠᠨ ᠬᠤᠶᠠᠳᠠᠭᠢ ᠰᠠᠨᠠᠯ ᠵᠥᠪᠯᠡᠯᠭᠡ᠎ᠪᠠᠨ ᠳᠡᠪᠰᠢᠭᠦᠯᠵᠦ ᠪᠢᠯᠡ᠃

      ᠰᠠᠨ᠎ᠠ ᠰᠤᠷᠪᠤᠯᠵᠢᠯᠠᠬ᠍ᠴᠢ᠎ᠳᠤ᠄ 《ᠮᠠᠯᠴᠢᠨ ᠬᠥᠮᠥᠨ ᠮᠠᠯ ᠵᠶ᠋ᠠᠨ ᠯᠡ ᠲᠦᠰᠢᠵᠦ ᠠᠮᠢᠳᠤᠷᠠᠳᠠᠭ᠂ ᠮᠠᠯᠵᠢᠬᠤ ᠦᠢ᠍ᠯᠡᠳᠪᠦᠷᠢᠯᠡᠯ ᠪᠣᠯ ᠮᠠᠯᠵᠢᠬᠤ ᠣᠷᠣᠨ᠎ᠤ ᠭᠡᠷ ᠪᠦᠯᠢ ᠵᠢᠨ ᠡᠵᠡᠩᠨᠡᠯᠲᠡ ᠵᠢᠨ ᠤᠷᠤᠯᠭ᠎ᠠ ᠵᠢᠨ ᠭᠤᠣᠯ ᠢᠷᠡᠯᠲᠡ ᠪᠣᠯᠣᠨ᠎ᠠ᠃ ᠥᠨᠥ ᠵᠢᠯ᠎ᠤᠨ ᠬᠤᠪᠢ᠎ᠳᠤ ᠮᠠᠯ᠎ᠤᠨ ᠦᠨ᠎ᠡ ᠬᠠᠩᠰᠢ ᠶᠡᠭᠡ᠎ᠪᠠᠷ ᠪᠠᠭᠤᠷᠠᠵᠤ ᠡᠪᠡᠰᠦ ᠪᠣᠷᠳᠣᠭ᠋ᠠᠨ᠎ᠤ ᠦᠨ᠎ᠡ ᠬᠠᠩᠰᠢ ᠦᠰᠦᠨ ᠮᠠᠯᠴᠢᠳ᠎ᠤᠨ ᠡᠯ᠎ᠡ ᠵᠦᠢ᠍ᠯ᠎ᠤᠨ ᠵᠠᠷᠤᠯᠭ᠎ᠠ ᠨᠡᠮᠡᠭᠳᠡᠨ᠂ ᠵᠢᠭᠡᠯᠡᠯᠭᠡ ᠴᠦ᠍ ᠨᠡᠮᠡᠭᠳᠡᠵᠡᠢ᠃ ᠡᠨᠡ᠎ᠨᠢ ᠮᠠᠯᠴᠢᠳ᠎ᠲᠤ ᠠᠪᠴᠤ ᠬᠡᠯᠡᠪᠡᠯ ᠲᠤᠶ᠋ᠢᠯ᠎ᠤᠨ ᠬᠦᠨᠳᠦ ᠨᠣᠴᠢᠲᠠᠢ ᠶᠠᠪᠤᠳᠠᠯ ᠪᠠᠶ᠋ᠢᠵᠤ᠂ ᠮᠠᠯᠴᠢᠳ᠎ᠤᠨ ᠦᠢ᠍ᠯᠡᠳᠪᠦᠷᠢᠯᠡᠯ ᠠᠮᠢᠳᠤᠷᠠᠯ᠎ᠢ ᠶᠡᠬᠡᠳᠡ ᠨᠥᠯᠥᠭᠡᠯᠡᠪᠡ᠃ ᠡᠨᠡ ᠬᠦ᠌ ᠪᠠᠶ᠋ᠢᠳᠠᠯ᠎ᠳᠤ ᠬᠠᠨᠳᠤᠭᠤᠯᠤᠨ᠂ ᠳᠡᠭᠡᠳᠦ ᠱᠠᠲᠤᠨ᠎ᠠᠴᠠ ᠮᠠᠯ ᠠᠵᠤ ᠠᠬᠤᠢ ᠵᠢ ᠲᠡᠳᠬᠦᠨ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠡᠵᠡᠩᠨᠡᠯᠲᠡ ᠬᠠᠮᠢᠶᠠᠷᠤᠯᠲᠠ᠎ᠪᠠᠨ ᠴᠢᠩᠭ᠋ᠠᠳᠬᠠᠨ᠂ ᠲᠡᠵᠢᠭᠡᠯ ᠪᠣᠷᠳᠣᠭ᠋ᠠᠨ᠎ᠤ ᠦᠨ᠎ᠡ ᠬᠠᠩᠰᠢ ᠵᠢ ᠵᠣᠬᠢᠰᠲᠠᠢ ᠪᠠᠶ᠋ᠢᠯᠭ᠋ᠠᠬᠤ ᠵᠡᠷᠭᠡ ᠲᠠᠯ᠎ᠠ᠎ᠪᠠᠷ ᠢᠯᠡᠭᠦᠬᠡᠨ ᠬᠦᠴᠦ ᠣᠷᠣᠭᠤᠯᠵᠤ ᠮᠠᠯᠴᠢᠨ ᠲᠦᠮᠡᠨ᠎ᠤ ᠤᠷᠤᠯᠭ᠎ᠠ ᠵᠢᠨ ᠨᠡᠮᠡᠭᠳᠡᠯ᠎ᠢ ᠪᠠᠲᠤᠯᠠᠵᠤ᠂ ᠮᠠᠯᠴᠢᠳ᠎ᠤᠨ ᠳᠠᠷᠤᠭ᠋ᠠᠰᠤ ᠵᠢ ᠬᠥᠩᠭᠡᠯᠡᠬᠦ ᠵᠢ ᠬᠦᠰᠡᠵᠦ ᠪᠠᠶ᠋ᠢᠨ᠎ᠠ》 ᠭᠡᠯ᠎ᠡ᠃

      ᠲᠥᠯᠥᠭᠡᠯᠡᠭᠴᠢ ᠰᠠᠨ᠎ᠠ ᠵᠢᠨ ᠳᠤᠷᠠᠳᠤᠭᠰᠠᠨ ᠰᠠᠨᠠᠯ ᠵᠥᠪᠯᠡᠯᠭᠡ᠎ᠨᠢ ᠡᠷᠲᠡ ᠡᠳᠦᠷ ᠪᠡᠶᠡᠯᠡᠯ ᠵᠶ᠋ᠠᠨ ᠣᠯᠵᠤ᠂ ᠥᠷᠭᠡᠨ ᠤᠯᠠᠨ ᠮᠠᠯᠴᠢᠳ᠎ᠲᠤ ᠨᠡᠩ ᠤᠯᠠᠨ ᠠᠰᠢᠭ ᠬᠦᠷᠲᠡᠭᠡᠬᠦ ᠵᠢ ᠬᠦᠰᠡᠶ᠎ᠡ!
   

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠮᠠᠷᠠᠲᠤ ᠵᠢᠨ ᠭᠤᠷᠪᠠᠨ ᠣᠷᠣᠨ᠎ᠤ ᠬᠠᠯᠬᠠᠪᠴᠢ ᠤᠢ ᠵᠢᠨ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ 1800 ᠲᠦᠮᠡᠨ ᠮᠦ᠍ ᠵᠢ ᠳᠠᠪᠠᠪᠠ
ᠴᠦᠯᠯᠡᠷᠬᠡᠭᠵᠢᠯ᠎ᠢ ᠵᠠᠰᠠᠬᠤ ᠠᠵᠢᠯ᠎ᠢ ᠦᠷᠨᠢᠬᠦᠯᠵᠦ ᠪᠤᠢ
ᠬᠥᠬᠡᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 2024 ᠣᠨ᠎ᠤ 《ᠳᠡᠯᠡᠬᠡᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠳᠦᠷ》᠎ᠤᠨ ᠭᠤᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠦᠷᠨᠢᠬᠦᠯᠪᠠ
ᠰᠢᠨ᠎ᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠤᠢ᠌ᠵᠢᠭᠤᠯᠤᠯᠳᠠ ᠵᠢ ᠠᠬᠢᠭᠤᠯᠵᠤ ᠪᠤᠢ
 
             蒙ICP备05000248号