ᠰᠢᠵᠢᠨᠫᠢᠩᠤᠨ ᠠᠮᠢ ᠠᠬᠤᠢ ᠵᠢᠨ ᠪᠣᠯᠪᠠᠰᠤᠨᠤ ᠦᠵᠡᠯ ᠰᠠᠨᠠᠭ᠎ᠠ ᠵᠢ ᠭᠦᠨᠵᠡᠭᠡᠢ ᠲᠤᠤᠱᠯᠠᠭᠤᠯᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠪᠦᠬᠦ ᠠᠷᠠᠳ ᠵᠶ᠋ᠠᠷ ᠵᠶ᠋ᠠᠨ ᠣᠷᠣᠯᠴᠠᠬᠤ ᠵᠢ ᠠᠬᠢᠭᠤᠯᠬᠤ ᠵᠢᠨ ᠲᠥᠯᠥᠭᠡ᠂ 11 ᠰᠠᠷ᠎ᠠ ᠵᠢᠨ 28 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨᠤ ᠳᠠᠯᠠᠨ ᠬᠠᠷ᠎ᠠ ᠠᠭᠤᠯᠠ ᠵᠢᠨ ᠤᠯᠤᠰ ᠤᠨ ᠲᠡᠰ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨᠤ ᠬᠠᠮᠢᠶᠠᠷᠤᠯᠲᠠ ᠵᠢᠨ ᠲᠣᠪᠴᠢᠶ᠎ᠠ ᠵᠢᠨ ᠡᠬᠢ ᠪᠠᠶᠠᠯᠢᠭ ᠤᠨ ᠬᠠᠮᠠᠭ᠋ᠠᠯᠠᠯᠲᠠ ᠵᠢᠨ ᠭᠠᠵᠠᠷ ᠨᠠᠮ ᠤᠨ ᠡᠭᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠢ ᠰᠢᠭᠤᠢ ᠪᠠ ᠨᠤᠲᠤᠭ ᠪᠡᠯᠴᠢᠭᠡᠷ ᠤᠨ ᠬᠠᠮᠠᠭ᠋ᠠᠯᠠᠯᠲᠠ ᠵᠢᠨ ᠶᠡᠷᠦᠩᠬᠡᠢ ᠦᠷᠳᠡᠭᠡ ᠵᠢᠨ ᠨᠠᠮ ᠤᠨ ᠡᠭᠦᠷ᠂ ᠤᠰᠤᠲᠤ ᠵᠢᠨ ᠬᠠᠮᠢᠶᠠᠷᠤᠯᠲᠠ ᠵᠢᠨ ᠦᠷᠳᠡᠭᠡ ᠵᠢᠨ ᠨᠠᠮ ᠤᠨ ᠡᠭᠦᠷ᠂ ᠪᠠᠢ ᠱ᠌ᠢ ᠳᠧᠦ ᠬᠠᠮᠢᠶᠠᠷᠤᠯᠲᠠ ᠵᠢᠨ ᠦᠷᠳᠡᠭᠡ ᠵᠢᠨ ᠨᠠᠮᠤᠨ ᠡᠭᠦᠷ ᠲᠠᠢ ᠬᠠᠮᠲᠤᠷᠠᠨ᠂ 《ᠠᠮᠢ ᠠᠬᠤᠢ 》 ᠭᠡᠬᠦ ᠭᠤᠣᠯ ᠰᠡᠳᠦᠪᠲᠦ ᠨᠠᠮᠤᠨ ᠡᠳᠦᠷᠤᠨ ᠠᠵᠢᠯᠯᠠᠭ᠎ᠠ ᠵᠢ ᠬᠠᠮᠲᠤᠪᠠᠷ ᠥᠷᠨᠢᠭᠦᠯᠵᠦ᠂ 20 ᠨᠠᠮᠤᠨ ᠭᠡᠰᠢᠭᠦᠨ ᠺᠠᠳ᠋ᠷ ᠠᠵᠢᠯᠯᠠᠭ᠎ᠠ ᠣᠷᠣᠯᠴᠠᠪᠠ᠃
ᠦᠳᠡ ᠵᠢᠨ ᠡᠮᠦᠨ᠎ᠡ ᠂ ᠬᠥᠬᠡᠬᠤᠲᠠ ᠵᠢᠨ ᠳᠠᠯᠠᠨ ᠬᠠᠷ᠎ᠠ ᠠᠭᠤᠯᠠ ᠵᠢᠨ ᠬᠡᠭᠡᠷ᠎ᠡ ᠵᠢᠨ ᠠᠮᠢᠲᠠᠨ ᠬᠦᠷᠢᠶᠡᠯᠡᠩᠤᠨ ᠡᠮᠦᠨ᠎ᠡ ᠡᠭᠦᠳᠡᠨᠳᠤ᠂ ᠨᠠᠮ ᠤᠨ ᠭᠡᠰᠢᠭᠦᠨ ᠺᠠᠳ᠋ᠷ ᠲᠦᠷᠦ ᠵᠢᠨ ᠪᠤᠳᠤᠯᠭ᠎ᠠ ᠵᠢᠨ ᠲᠠᠶ᠋ᠢᠯᠪᠤᠷᠢᠯᠠᠯᠲᠠ᠂ ᠮᠠᠲ᠋ᠧᠷᠢᠶᠠᠯ ᠲᠠᠷᠬᠠᠭ᠋ᠠᠬᠤ ᠵᠡᠷᠭᠡ ᠠᠷᠭ᠎ᠠ ᠬᠡᠯᠪᠡᠷᠢᠪᠠᠷ ᠤᠯᠠᠨ ᠲᠦᠮᠡᠨᠳᠤ ᠠᠮᠢ ᠠᠬᠤᠢ ᠵᠢᠨ ᠬᠠᠮᠠᠭ᠋ᠠᠯᠠᠯᠲᠠ ᠵᠢᠨ ᠲᠦᠷᠦ ᠵᠢᠨ ᠪᠤᠳᠤᠯᠭ᠎ᠠ ᠪᠣᠯᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠤᠬᠠᠭᠤᠯᠵᠤ᠂ ᠤᠯᠠᠨ ᠨᠡᠶ᠋ᠢᠲᠡ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠤᠬᠠᠮᠰᠠᠷᠢ ᠳᠡᠭᠡᠭᠰᠢᠯᠡᠭᠦᠯᠪᠡ᠃ ᠳᠠᠷᠠᠭ᠎ᠠ ᠨᠢ᠂ ᠨᠠᠮ ᠤᠨ ᠭᠡᠰᠢᠭᠦᠨ ᠺᠠᠳ᠋ᠷ ᠲᠤᠬᠠᠢ ᠵᠢᠨ ᠲᠠᠯᠠᠪᠠᠢ ᠳᠤ ᠬᠦᠷᠢᠶᠡᠯᠡᠩ ᠤᠨ ᠭᠠᠯ ᠰᠡᠷᠭᠡᠶ᠋ᠢᠯᠡᠬᠦ ᠪᠠᠴᠢᠮ ᠪᠠᠶ᠋ᠢᠳᠠᠯ ᠢ ᠠᠷᠭ᠋ᠠᠴᠠᠬᠤ ᠰᠣᠷᠢᠯᠲᠠ ᠵᠢ ᠲᠣᠭᠤᠷᠢᠨ ᠦᠵᠡᠵᠦ᠂ ᠰᠣᠷᠢᠯᠲᠠ ᠵᠢᠨ ᠲᠤᠬᠠᠢ ᠵᠢᠨ ᠲᠠᠯᠠᠪᠠᠢ ᠭᠠᠯ ᠤᠨ ᠪᠠᠶ᠋ᠢᠳᠠᠯ ᠢ ᠢᠯᠡᠷᠡᠭᠦᠯᠬᠦ᠂ ᠮᠡᠳᠡᠭᠡ ᠵᠠᠩᠭᠢ ᠵᠢ ᠮᠡᠳᠡᠭᠦᠯᠬᠦ᠂ ᠪᠠᠴᠢᠮ ᠪᠠᠶ᠋ᠢᠳᠠᠯ ᠠᠷᠭ᠋ᠠᠴᠠᠬᠤ ᠵᠢ ᠴᠤᠤᠷᠢᠶᠠᠲᠤᠨ ᠲᠠᠭ᠋ᠠᠬᠤ᠂ ᠭᠠᠯ ᠤᠨᠲᠠᠷᠠᠭ᠋ᠠᠬᠤ ᠡᠬᠢᠨ ᠤ ᠬᠤᠭᠤᠴᠠᠭ᠋ᠠᠨ ᠳᠤ ᠬᠥᠮᠦᠰ ᠢ ᠲᠠᠷᠬᠠᠭ᠋ᠠᠬᠤ ᠵᠢᠴᠢ ᠭᠠᠯ ᠤᠨᠲᠠᠷᠠᠭ᠋ᠠᠬᠤ ᠵᠡᠷᠭᠡ ᠪᠦᠬᠦ ᠶᠠᠪᠤᠴᠠ ᠵᠢ ᠪᠠᠶ᠋ᠢᠨ᠎ᠠ ᠃
ᠰᠣᠷᠢᠯᠲᠠ ᠳᠠᠭᠤᠰᠤᠭᠰᠠᠨ ᠤ ᠡᠬᠢ ᠪᠠᠶᠠᠯᠢᠭ ᠤᠨ ᠬᠠᠮᠠᠭ᠋ᠠᠯᠠᠯᠲᠠ ᠵᠢᠨ ᠭᠠᠵᠠᠷ ᠤᠨ ᠪᠠᠶ᠋ᠢᠴᠠᠭ᠋ᠠᠨ ᠰᠤᠳᠤᠯᠤᠭᠴᠢ ᠵᠢᠶᠠ ᠷᠦᠢ ᠳᠠᠯᠠᠨ ᠬᠠᠷ᠎ᠠ ᠠᠭᠤᠯᠠ ᠵᠢᠨ ᠬᠡᠭᠡᠷ᠎ᠡ ᠵᠢᠨ ᠠᠮᠢᠲᠠᠨ ᠤ ᠬᠦᠷᠢᠶᠡᠯᠡᠩᠤᠨ ᠣᠶ ᠰᠢᠭᠤᠶ ᠬᠠᠮᠠᠭ᠋ᠠᠯᠠᠬᠤ ᠭᠠᠯ ᠰᠡᠷᠭᠡᠶ᠋ᠢᠯᠡᠬᠦ ᠠᠩᠭᠢ ᠵᠢᠨ ᠭᠡᠰᠢᠭᠦᠳ ᠲᠤ ᠭᠠᠯ ᠰᠡᠷᠭᠡᠶ᠋ᠢᠯᠡᠨ ᠤᠨᠲᠠᠷᠠᠭ᠋ᠠᠬᠤ ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠪᠠ ᠲᠤᠬᠠᠶ ᠵᠢᠨ ᠲᠠᠯᠠᠪᠤᠷ ᠤᠨ ᠪᠣᠯᠪᠠᠰᠤᠷᠠᠭᠤᠯᠤᠯ ᠥᠷᠨᠢᠭᠦᠯᠪᠡ᠃ ᠨᠠᠮᠤᠨ ᠭᠡᠰᠢᠭᠦᠨ ᠺᠠᠳ᠋ᠷᠴᠤᠳ ᠪᠠᠰᠠ ᠬᠠᠮᠢᠶᠠᠷᠤᠯᠲᠠ ᠵᠢᠨ ᠲᠣᠪᠴᠢᠶ᠎ᠠ ᠵᠢᠨ ᠡᠯᠡᠰᠦᠨ ᠲᠠᠰᠤᠭ ᠪᠣᠯᠤᠨ ᠢ ᠲᠣᠭᠤᠷᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠬᠢᠭᠡᠳ ᠤᠬᠠᠭᠤᠯᠭ᠎ᠠ ᠵᠢ
ᠦᠳᠡ ᠵᠢᠨ ᠬᠤᠶ᠋ᠢᠨᠠ᠂ ᠨᠠᠮᠤᠨ ᠭᠡᠰᠢᠭᠦᠨ ᠺᠠᠳ᠋ᠷ ᠪᠠᠢ ᠱ᠌ᠢ ᠭ᠋ᠸᠤ ᠬᠠᠮᠢᠶᠠᠷᠤᠯᠲᠠ ᠵᠢᠨ ᠦᠷᠳᠡᠭᠡᠳᠤ ᠬᠦᠷᠴᠦ᠂ ᠤᠯᠤᠰ ᠤᠨ ᠲᠡᠰ ᠨᠡᠶ᠋ᠢᠲᠡ ᠵᠢᠨ ᠠᠰᠠᠷᠠᠮᠵᠢ ᠵᠢᠨ ᠤᠢ ᠵᠢ ᠬᠠᠮᠢᠶᠠᠷᠴᠤ ᠬᠠᠮᠠᠭ᠋ᠠᠯᠠᠬᠤ ᠵᠢᠴᠢ ᠬᠠᠮᠢᠶᠠᠷᠴᠤ ᠬᠠᠮᠠᠭ᠋ᠠᠯᠠᠬᠤ ᠦᠷᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠪᠠᠶ᠋ᠢᠳᠠᠯ ᠲᠤᠬᠠᠢ ᠵᠢᠨ ᠭᠠᠵᠠᠷ ᠲᠤᠨᠢ ᠪᠠᠶ᠋ᠢᠴᠠᠭ᠋ᠠᠨ ᠦᠵᠡᠵᠦ᠂ ᠤᠢ ᠰᠢᠭᠤᠢ ᠵᠢᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠨᠥᠬᠦᠪᠥᠷᠢ ᠵᠢᠨ ᠠᠵᠢᠯ ᠲᠤᠯᠭ᠋ᠠᠷᠠᠵᠤ ᠪᠠᠶ᠋ᠢᠭ᠎ᠠ ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶ᠋ᠢᠯᠠᠭ᠋ᠠᠪᠠ᠃
ᠶᠠᠷᠢᠯᠴᠠᠬᠤ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠬᠠᠮᠠᠭ᠋ᠠᠯᠠᠯᠲᠠ ᠵᠢᠨ ᠶᠡᠷᠦᠩᠬᠡᠶ ᠥᠷᠲᠡᠭᠡ ᠵᠢᠨ ᠰᠥᠩ ᠶᠢᠩ ᠴᠦᠨ ᠬᠠᠮᠢᠶᠠᠷᠤᠨ ᠬᠠᠮᠠᠭ᠋ᠠᠯᠠᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠂ ᠴᠢᠳᠠᠪᠤᠷᠢ ᠵᠢ ᠳᠡᠭᠡᠭᠰᠢᠯᠡᠭᠦᠯᠬᠦ ᠵᠢᠴᠢ ᠠᠮᠢ ᠠᠬᠤᠶ ᠵᠢᠨ ᠣᠶ ᠰᠢᠭᠤᠶ ᠬᠠᠮᠠᠭ᠋ᠠᠯᠠᠭᠴᠢ ᠵᠢᠨ ᠡᠩᠨᠡᠭᠡ ᠵᠢᠨ ᠪᠠᠶ᠋ᠢᠭᠤᠯᠤᠯᠲᠠ ᠵᠡᠷᠭᠡ ᠲᠠᠯ᠎ᠠ ᠪᠠᠷ ᠵᠢᠯᠣᠭᠤᠳᠬᠤ ᠰᠠᠨᠠᠯ ᠳᠤᠷᠠᠳᠪᠠ᠃
ᠤᠯᠤᠰ ᠤᠨ ᠲᠠᠰ ᠤᠨ ᠨᠡᠶ᠋ᠢᠲᠡ ᠵᠢᠨ ᠠᠰᠠᠷᠠᠮᠵᠢ ᠵᠢᠨ ᠣᠶ ᠵᠢᠨ ᠬᠠᠮᠢᠶᠠᠷᠤᠯᠲᠠ ᠬᠠᠮᠠᠭ᠋ᠠᠯᠠᠯᠲᠠ ᠵᠢᠴᠢ ᠬᠠᠮᠢᠶᠠᠷᠤᠨ ᠬᠠᠮᠠᠭ᠋ᠠᠯᠠᠬᠤ ᠥᠷᠲᠡᠭᠡ ᠴᠡᠭᠤᠨ ᠪᠥᠲᠥᠭᠡᠨ ᠪᠠᠶ᠋ᠢᠭᠤᠯᠤᠯᠲᠠ ᠵᠢᠨ ᠪᠠᠶ᠋ᠢᠳᠠᠯ ᠲᠤᠬᠠᠶ ᠵᠢᠨ ᠭᠠᠵᠠᠷ ᠲᠤᠨᠢ ᠪᠠᠶ᠋ᠢᠴᠠᠭ᠋ᠠᠨ
ᠤᠳᠠᠭ᠋ᠠᠨᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠨᠢ ᠰᠤᠷᠤᠯᠴᠠᠵᠤ ᠬᠠᠮᠲᠤ ᠪᠠᠷ ᠪᠠᠶ᠋ᠢᠭᠤᠯᠬᠤ ᠪᠠᠷ ᠬᠤᠯᠪᠣᠭ᠋ᠠᠰᠤ ᠪᠣᠯᠭ᠋ᠠᠵᠤ᠂ ᠣᠯᠠᠨ ᠲᠦᠮᠡᠨᠢ ᠬᠥᠲᠥᠯᠥᠨ ᠵᠢᠯᠣᠭᠤᠳᠴᠤ ᠪᠠᠶ᠋ᠢᠭ᠋ᠠᠳ ᠠᠮᠢ ᠠᠬᠤᠶ ᠵᠢᠨ ᠬᠠᠮᠠᠭ᠋ᠠᠯᠠᠯᠲᠠᠳᠤ ᠣᠷᠣᠯᠴᠠᠭᠤᠯᠬᠤ ᠮᠥᠷᠲᠡᠭᠡᠨ ᠪᠠᠰᠠ ᠣᠶ ᠰᠢᠭᠤᠶ ᠪᠡᠯᠴᠢᠭᠡᠷ ᠤᠨ ᠡᠬᠢ ᠪᠠᠶᠠᠯᠢᠭ ᠤᠨ ᠬᠠᠮᠢᠶᠠᠷᠤᠯᠲᠠ ᠵᠢᠨ ᠠᠵᠢᠯ ᠤᠨ ᠰᠣᠯᠢᠯᠴᠠᠭ᠎ᠠ ᠵᠢ ᠴᠢᠩᠭ᠋ᠠᠳᠬᠠᠵᠤ᠂ ᠨᠠᠮᠤᠨ ᠭᠡᠰᠢᠭᠦᠨ ᠺᠠᠳ᠋ᠷᠴᠤᠳᠤᠨ ᠦᠵᠡᠯ ᠰᠠᠨᠠᠭ᠎ᠠ ᠲᠠᠨᠢᠯᠲᠠ ᠪᠠ ᠲᠤᠬᠠᠶ᠋ᠢᠯᠠᠭᠰᠠᠨ ᠠᠵᠢᠯ ᠤᠨ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ 《ᠤᠬᠠᠭᠤᠯᠭ᠎ᠠ ᠬᠥᠮᠦᠵᠢᠯ ᠲᠤᠬᠠᠶ᠋ᠢᠯᠠᠭᠰᠠᠨ ᠠᠵᠢᠯ》ᠤᠨ ᠬᠤᠤᠰ ᠱᠤᠭᠤᠮᠤᠨ ᠠᠭᠤᠰᠤᠯᠴᠠᠯ ᠢ ᠪᠡᠶᠡᠯᠡᠭᠦᠯᠪᠡ᠃ ᠳᠠᠷᠠᠭ᠋ᠠᠴᠢ ᠵᠢᠨ ᠠᠯᠬᠤᠮᠳᠤ᠂ ᠡᠯ᠎ᠡ ᠨᠠᠮᠤᠨ ᠡᠭᠦᠷ ᠦᠷᠭᠦᠯᠵᠢᠯᠡᠨ ᠨᠠᠮ ᠪᠠᠶ᠋ᠢᠭᠤᠯᠤᠯᠲᠠᠪᠠᠷ ᠲᠠᠪᠴᠠᠩ ᠪᠣᠯᠭ᠋ᠠᠵᠤ᠂ 《ᠬᠤᠪᠢᠰᠬᠠᠯᠲᠤ ᠨᠠᠶ᠋ᠢᠵᠠ ᠵᠢᠨ ᠲᠣᠭᠤᠷᠢᠭ》ᠢ ᠥᠷᠭᠡᠳᠬᠡᠵᠦ᠂ ᠠᠮᠢ ᠠᠬᠤᠢ ᠵᠢᠨ ᠠᠮᠤᠷ ᠲᠦᠪᠰᠢᠨᠤ ᠬᠠᠯᠬᠠᠪᠴᠢ ᠵᠢ ᠪᠠᠬᠢᠵᠢᠭᠦᠯᠬᠦ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠪᠡ᠃