ᠵᠢᠨ ᠦᠷᠭᠦᠯᠵᠢᠯᠡᠬᠦ ᠡᠵᠡᠩᠨᠡᠯᠲᠡ ᠵᠢᠨ ᠡᠯ᠎ᠡ ᠲᠥᠷᠥᠯ ᠦ᠋᠊ᠨ ᠦᠢ᠍ᠯᠡᠳᠪᠦᠷᠢᠯᠡᠯ ᠦ᠋᠊ᠨ ᠠᠮᠤᠷ ᠡᠨᠳᠡᠯ ᠭᠠᠷᠬᠤ ᠵᠢ ᠪᠦᠲᠦᠮᠵᠢᠲᠡᠢ ᠂ ᠡᠪᠦᠯ ᠦ᠋᠊ᠨ ᠤᠯᠠᠷᠢᠯ ᠠᠶᠤᠯᠭᠦᠢ ᠦᠢ᠍ᠯᠡᠳᠪᠦᠷᠢᠯᠡᠯ ᠦ᠋᠊ᠨ ᠦᠷᠭᠦᠯᠵᠢᠯᠡᠨ ᠲᠣᠭᠲᠠᠭᠤᠨ ᠵᠢ ᠪᠠᠲᠤᠯᠠᠬᠤ ᠵᠢᠨ ᠲᠥᠯᠥᠭᠡ᠂ ᠡᠳᠦᠷ᠂ ᠬᠥᠯᠥᠨ ᠬᠣᠲᠠ ᠵᠢᠨ ᠬᠠᠷᠢᠶ᠎ᠠ ᠨᠠᠨ ᠮᠦ᠍ ᠣᠢ ᠵᠢᠨ ᠲᠣᠪᠴᠢᠶ᠎ᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠪᠣᠯᠤᠨ ᠣᠢ ᠵᠢᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠬᠠᠷᠢᠭᠤᠴᠠᠯᠭ᠋ᠠᠲᠠᠨ ᠬᠠᠮᠲᠤᠷᠠᠨ ᠳᠤᠭᠤᠢ᠍ᠯᠠᠩ ᠂ ᠣᠢ ᠵᠢᠨ ᠲᠣᠪᠴᠢᠶ᠎ᠠ ᠵᠢᠨ ᠣᠢ ᠵᠢᠨ ᠦᠷᠭᠦᠯᠵᠢᠯᠡᠬᠦ ᠡᠵᠡᠩᠨᠡᠯᠲᠡ ᠵᠢᠨ ᠨᠢᠭᠡᠳᠦᠭᠡᠷ ᠹᠷᠣᠨᠲᠲᠤ ᠂ 《ᠣᠢ ᠵᠢᠨ ᠳᠠᠷᠤᠭ᠎ᠠ + ᠴᠠᠭᠳᠠᠭ᠎ᠠ 》 ᠵᠢᠨ ᠠᠶᠤᠯᠭᠦᠢ ᠦᠢ᠍ᠯᠡᠳᠪᠦᠷᠢᠯᠡᠯ ᠦ᠋᠊ᠨ ᠬᠠᠮᠲᠤᠷᠠᠭᠰᠠᠨ ᠪᠠ ᠵᠢᠯᠣᠭᠣᠳᠬᠤ ᠠᠵᠢᠯ ᠥᠷᠨᠢᠭᠦᠯᠪᠡ᠃
ᠪᠠᠶ᠋ᠢᠴᠠᠭ᠋ᠠᠬᠤ ᠤᠨᠬᠢᠨ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠪᠣᠳᠠᠲᠤ ᠦᠷ᠎ᠡ ᠪᠦᠲᠦᠮᠵᠢ ᠪᠠᠷ ᠬᠠᠷᠠᠯᠲᠠ ᠪᠣᠯᠭ᠋ᠠᠬᠤ ᠵᠢ ᠪᠠᠷᠢᠮᠲᠠᠯᠠᠵᠤ᠂ ᠲᠤᠬᠠᠶ ᠵᠢᠨ ᠭᠠᠵᠠᠷ ᠲᠤᠨᠢ ᠪᠠᠶ᠋ᠢᠴᠠᠭ᠋ᠠᠬᠤ᠂ ᠬᠠᠷᠢᠭᠤ ᠮᠡᠳᠡᠭᠦᠯᠦᠯᠲᠡ ᠰᠣᠨᠣᠰᠬᠤ᠂ ᠯᠠᠪᠯᠠᠨ ᠠᠰᠠᠭᠤᠬᠤ ᠵᠡᠷᠭᠡ ᠠᠷᠭ᠎ᠠ ᠂ ᠤᠷᠢᠳ ᠬᠤᠵᠢᠳ ᠣᠯᠠᠨ ᠦᠢ᠍ᠯᠡᠳᠪᠦᠷᠢᠯᠡᠯ ᠠᠵᠢᠯᠯᠠᠭ᠎ᠠ ᠵᠢᠨ ᠲᠣᠭᠤᠷᠢᠭ ᠲᠤ ᠭᠦᠨᠵᠡᠭᠡᠶ᠋ᠢᠷᠡᠵᠦ᠂ ᠮᠣᠳᠣ ᠣᠭᠲᠣᠯᠬᠤ᠂ ᠲᠥᠪᠯᠡᠷᠡᠭᠦᠯᠦᠨ ᠬᠤᠳᠠᠯᠳᠤᠨ ᠠᠪᠬᠤ᠂ ᠵᠡᠷᠭᠡ ᠵᠠᠩᠭᠢᠯᠠᠭ᠎ᠠ ᠵᠢᠨ ᠦᠢ᠍ᠯᠡᠳᠪᠦᠷᠢᠯᠡᠯ ᠤᠨ ᠭᠤᠭᠴᠤᠭ᠎ᠠ ᠵᠢᠨ ᠠᠶᠤᠯᠭᠦᠶ ᠦᠢ᠍ᠯᠡᠳᠪᠦᠷᠢᠯᠡᠯ ᠤᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠳᠤ ᠪᠥᠬᠦ ᠲᠠᠯᠠᠪᠠᠷ ᠨᠠᠷᠢᠨ ᠨᠢᠮᠪᠠᠶ ᠪᠠᠶ᠋ᠢᠴᠠᠭ᠋ᠠᠯᠲᠠ ᠬᠢᠵᠡᠶ᠃
ᠲᠤᠬᠠᠢ ᠵᠢᠨ ᠲᠠᠯᠠᠪᠤᠷ ᠲᠤ᠂ ᠪᠠᠶ᠋ᠢᠴᠠᠭ᠋ᠠᠬᠤ ᠳᠤᠭᠤᠶ᠋ᠢᠯᠠᠩᠤᠨᠬᠢᠨ ᠡᠯ᠎ᠡ ᠲᠥᠷᠥᠯ ᠤᠨ ᠮᠠᠰᠢᠨ ᠲᠥᠬᠦᠭᠡᠷᠦᠮᠵᠢ ᠵᠢᠨ ᠠᠵᠢᠯᠯᠠᠭ᠋ᠠᠨ ᠤ ᠪᠠᠶ᠋ᠢᠳᠠᠯ᠂ ᠰᠡᠷᠭᠡᠶ᠋ᠢᠯᠡᠨ ᠬᠠᠮᠠᠭ᠋ᠠᠯᠠᠬᠤ ᠠᠮᠤᠷ ᠲᠦᠪᠰᠢᠨ ᠲᠥᠬᠦᠭᠡᠷᠦᠮᠵᠢ ᠵᠢ ᠲᠣᠬᠢᠷᠠᠭᠤᠯᠤᠨ ᠬᠡᠷᠡᠭᠯᠡᠭᠰᠡᠨ ᠪᠠᠶ᠋ᠢᠳᠠᠯ ᠨᠠᠷᠢᠨ ᠬᠢᠨᠠᠮᠠᠭ᠋ᠠᠢ ᠪᠠᠶ᠋ᠢᠴᠠᠭ᠋ᠠᠨ ᠦᠵᠡᠵᠦ᠂ ᠡᠯ᠎ᠡ ᠤᠨ ᠨᠢᠭᠡᠴᠡ ᠵᠢᠨ ᠬᠠᠷᠢᠭᠤᠴᠠᠯᠭ᠋ᠠᠲᠠᠨ ᠣᠳᠣᠬᠠᠨ ᠤ ᠦᠢ᠍ᠯᠡᠳᠪᠦᠷᠢᠯᠡᠯ ᠤᠨ ᠠᠬᠢᠴᠠ᠂ ᠠᠵᠢᠯᠲᠠᠨᠢ ᠵᠣᠬᠢᠶᠠᠨ ᠪᠠᠶ᠋ᠢᠭᠤᠯᠬᠤ᠂ ᠲᠥᠬᠦᠭᠡᠷᠦᠮᠵᠢ ᠵᠢ ᠲᠣᠬᠢᠷᠠᠭᠤᠯᠬᠤ ᠵᠢᠴᠢ ᠪᠣᠳᠠᠲᠠᠢ ᠠᠵᠢᠯ ᠤᠨ ᠲᠤᠯᠭ᠋ᠠᠷᠠᠭᠰᠠᠨ ᠬᠦᠴᠢᠷᠳᠡᠯ ᠠᠰᠠᠭᠤᠨ ᠯᠠᠪᠯᠠᠬᠤ ᠵᠢᠨ ᠬᠠᠮᠲᠤ ᠢᠯᠡᠷᠡᠭᠦᠯᠦᠭᠰᠡᠨ ᠳᠠᠯᠳᠠ ᠭᠡᠮ ᠪᠠ ᠲᠤᠬᠠᠢ ᠵᠢᠨ ᠲᠠᠯᠠᠪᠤᠷ ᠲᠤ ᠴᠡᠭᠴᠡᠯᠡᠨ ᠰᠠᠶ᠋ᠢᠵᠢᠷᠠᠭᠤᠯᠬᠤ ᠰᠠᠨᠠᠯ ᠪᠠ ᠠᠵᠢᠯ ᠤᠨ ᠰᠠᠨᠠᠭᠤᠯᠭ᠎ᠠ ᠳᠤᠷᠠᠳᠴᠤ᠂ ᠠᠶᠤᠯᠭᠦᠢ ᠦᠢ᠍ᠯᠡᠳᠪᠦᠷᠢᠯᠡᠯ ᠤᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠬᠦᠷᠲᠡᠯ᠎ᠡ ᠨᠠᠶ᠋ᠢᠳᠠᠪᠤᠷᠢᠵᠢᠭᠤᠯᠬᠤ ᠵᠢ ᠠᠬᠢᠭᠤᠯᠪᠠ᠃ ᠪᠠᠶ᠋ᠢᠴᠠᠭ᠋ᠠᠬᠤ ᠠᠴᠠ ᠴᠢᠬᠤᠯᠠᠴᠢᠯᠠᠭᠰᠠᠨᠨᠢ᠂ ᠨᠢᠭᠡᠳᠤ 《ᠠᠮᠤᠷ ᠲᠦᠪᠰᠢᠨᠢ ᠲᠡᠷᠢᠭᠦᠨ ᠳᠤ ᠲᠠᠯᠪᠢᠬᠤ》ᠣᠶ᠋ᠢᠯᠠᠭ᠋ᠠᠭᠳᠠᠬᠤᠨᠢ ᠪᠠᠲᠤ ᠪᠠᠬᠢ ᠪᠤᠢ ᠪᠣᠯᠭ᠋ᠠᠵᠤ᠂ ᠠᠮᠤᠷ ᠲᠦᠪᠰᠢᠨ ᠤ ᠬᠠᠷᠢᠭᠤᠴᠠᠯᠭ᠎ᠠ ᠵᠢ ᠴᠢᠩᠭ᠎ᠠ ᠠᠳᠬᠤᠵᠤ᠂ ᠡᠯ᠎ᠡ ᠵᠦᠢ᠍ᠯ ᠤᠨ ᠪᠠ ᠰᠡᠷᠭᠡᠶ᠋ᠢᠯᠡᠬᠦ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠵᠦ᠂ ᠲᠤᠤᠱᠲᠠᠢ ᠠᠵᠢᠯᠯᠠᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠬᠤᠶᠠᠷ᠂ ᠲᠣᠭᠲᠠᠭ᠋ᠠᠯ ᠵᠥᠷᠢᠴᠡᠨ ᠠᠵᠢᠯᠯᠠᠬᠤ ᠪᠠ ᠮᠠᠰᠢᠨ ᠲᠥᠬᠦᠭᠡᠷᠦᠮᠵᠢ ᠵᠢ ᠡᠷᠡᠰ ᠬᠤᠷᠢᠭᠯᠠᠵᠤ᠂ ᠠᠵᠢᠯ ᠪᠠᠶ᠋ᠢᠷᠢ ᠭᠠᠷᠬᠤ ᠵᠢ ᠴᠢᠩᠭ᠎ᠠ ᠴᠠᠭ᠋ᠠᠵᠠᠯᠠᠵᠤ᠂ ᠠᠵᠢᠯᠯᠠᠬᠤ ᠳᠦᠷᠢᠮ ᠡᠷᠬᠡᠪᠰᠢ ᠴᠢᠩᠭ᠎ᠠ ᠵᠢᠷᠤᠮᠯᠠᠬᠤ ᠬᠡᠷᠡᠭᠲᠡᠢ ᠭᠤᠷᠪᠠᠳᠤ ᠡᠯ᠎ᠡ ᠤᠨ ᠠᠵᠢᠯᠴᠢᠨᠤ ᠭᠠᠯ ᠰᠡᠷᠭᠡᠶ᠋ᠢᠯᠡᠬᠦ ᠠᠮᠤᠷ ᠲᠦᠪᠰᠢᠨ ᠤ ᠲᠣᠭᠲᠠᠭ᠋ᠠᠯ ᠴᠢᠩᠭ᠎ᠠ ᠰᠠᠬᠢᠵᠤ᠂ ᠲᠣᠰᠣ ᠰᠢᠲᠠᠭ᠋ᠠᠯᠭᠠ ᠵᠢᠨ ᠬᠡᠷᠡᠭᠴᠡᠭᠡ ᠪᠠ ᠠᠮᠤᠷ ᠲᠦᠪᠰᠢᠨ ᠵᠠᠶ ᠵᠢ ᠪᠠᠲᠤᠯᠠᠵᠤ᠂ ᠢᠳᠡᠭᠡᠨ ᠤᠮᠳᠠᠭ᠋ᠠᠨ᠂ ᠤᠤᠭᠤᠬᠤ ᠤᠰᠤ᠂ ᠭᠠᠯ ᠬᠡᠷᠡᠭᠯᠡᠬᠦ᠂ ᠴᠠᠬᠢᠯᠭ᠋ᠠᠨ ᠬᠡᠷᠡᠭᠯᠡᠬᠦ ᠬᠠᠮᠢᠶᠠᠷᠤᠯᠲᠠ ᠵᠢ ᠴᠢᠩᠭ᠎ᠠ ᠵᠢᠷᠤᠮᠵᠢᠭᠤᠯᠵᠤ᠂ ᠠᠵᠢᠯᠲᠠᠨ ᠤ ᠡᠳ᠋ ᠬᠥᠷᠥᠩᠭᠡ ᠵᠢᠨ ᠠᠮᠤᠷ ᠲᠦᠪᠰᠢᠨᠢ ᠦᠨᠡᠨ ᠬᠦ᠌ ᠪᠠᠲᠤᠯᠠᠬᠤ ᠬᠡᠷᠡᠭᠲᠡᠶ ᠲᠦᠷᠪᠡᠳᠤ᠂ ᠡᠯ᠎ᠡ ᠬᠠᠷᠢᠭᠤᠴᠠᠯᠭ᠋ᠠᠲᠠᠨ᠂ ᠮᠡᠷᠭᠡᠵᠢᠯᠲᠡᠨ᠂ ᠠᠮᠤᠷ ᠲᠦᠪᠰᠢᠨ ᠤ ᠂ ᠦᠢ᠍ᠯᠡᠳᠪᠦᠷᠢᠯᠡᠯ ᠠᠬᠢᠴᠠ ᠵᠢ ᠬᠥᠳᠡᠯᠦᠩᠭᠦᠢ ᠪᠠᠷ ᠡᠵᠡᠮᠰᠢᠵᠦ᠂ ᠬᠥᠮᠦᠨ ᠤ ᠬᠦᠴᠦᠨ ᠪᠣᠳᠠᠰ ᠤᠨ ᠬᠦᠴᠦᠨ ᠪᠠ ᠮᠠᠰᠢᠨ ᠲᠥᠬᠦᠭᠡᠷᠦᠮᠵᠢ ᠵᠢ ᠵᠦᠶ ᠵᠣᠬᠢᠰᠲᠠᠶ ᠲᠣᠬᠢᠷᠠᠭᠤᠯᠵᠤ᠂ ᠣᠢ ᠰᠢᠭᠤᠶ ᠵᠢᠨ ᠡᠭᠦᠷᠭᠡ ᠵᠢ ᠲᠣᠭᠲᠠᠭᠰᠠᠨ ᠬᠤᠭᠤᠴᠠᠭ᠋ᠠᠨᠳᠤ ᠴᠢᠨᠠᠷᠢ ᠪᠠᠲᠤᠯᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠪᠥᠬᠦ ᠠᠵᠢᠯᠲᠠᠳ ᠡᠷᠬᠡᠪᠰᠢ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠵᠢᠨ ᠬᠠᠤᠯᠢ》 ᠵᠢ ᠴᠢᠩᠭ᠎ᠠ ᠵᠢᠷᠤᠮᠯᠠᠵᠤ᠂ ᠬᠡᠭᠡᠷ᠎ᠡ ᠵᠢᠨ ᠠᠮᠢᠲᠠᠨ ᠤᠷᠭᠤᠮᠠᠯ ᠡᠬᠢ ᠪᠠᠶᠠᠯᠢᠭ ᠤᠬᠠᠮᠰᠠᠷᠠᠴᠠ ᠪᠠᠨ ᠬᠠᠮᠠᠭ᠋ᠠᠯᠠᠵᠤ᠂ ᠳᠤᠷ᠎ᠠ ᠪᠠᠷ ᠵᠶ᠋ᠠᠨ ᠠᠩᠨᠠᠬᠤ᠂ ᠣᠶ ᠮᠣᠳᠣ ᠵᠢ ᠬᠤᠯᠠᠭ᠋ᠠᠶ᠋ᠢᠯᠠᠨ ᠣᠭᠲᠣᠯᠬᠤ᠂ ᠣᠶ᠋ᠢᠲᠤ ᠭᠠᠵᠠᠷ ᠢ ᠬᠠᠤᠯᠢ ᠪᠤᠰᠤ ᠪᠠᠷ ᠡᠵᠡᠯᠡᠬᠦ ᠵᠡᠷᠭᠡ ᠬᠠᠤᠯᠢᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠴᠠᠭ᠋ᠠᠵᠠᠯᠠᠬᠤ ᠬᠡᠷᠡᠭᠲᠡᠶ ᠭᠡᠵᠦ ᠲᠣᠳᠣᠷᠬᠠᠶ ᠲᠣᠭᠲᠠᠭ᠋ᠠᠵᠠᠶ᠃ 《ᠤᠢ ᠰᠢᠭᠤᠢ ᠵᠢᠨ ᠳᠠᠷᠤᠭ᠎ᠠ + ᠴᠠᠭᠳᠠᠭ᠎ᠠ 》 ᠵᠢᠨ ᠠᠵᠢᠯ ᠲᠣᠭᠲᠠᠴᠠ ᠵᠢ ᠦᠷᠭᠦᠯᠵᠢᠯᠡᠨ ᠴᠢᠩᠭ᠋ᠠᠳᠬᠠᠵᠤ᠂ ᠦᠢ᠍ᠯᠡᠳᠪᠦᠷᠢᠯᠡᠯ ᠤᠨ ᠵᠢᠯᠤᠭᠤᠳᠤᠯᠭ᠎ᠠ ᠪᠣᠯᠤᠨ ᠠᠮᠤᠷ ᠲᠦᠪᠰᠢᠨ ᠤ ᠪᠠᠶ᠋ᠢᠴᠠᠭ᠋ᠠᠯᠲᠠ ᠵᠢᠨ ᠳᠤᠮᠳᠠ ᠤᠢ ᠰᠢᠭᠤᠢ ᠵᠢᠨ ᠡᠬᠢ ᠪᠠᠶᠠᠯᠢᠭ ᠬᠠᠮᠠᠭ᠋ᠠᠯᠠᠯᠲᠠ ᠪᠣᠯᠤᠨ ᠲᠣᠭᠤᠷᠢᠨ ᠬᠠᠮᠠᠭ᠋ᠠᠯᠠᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠣᠷᠣᠨ ᠪᠦᠰᠡ ᠵᠢᠨ ᠠᠮᠢ ᠠᠬᠤᠢ ᠵᠢᠨ ᠪᠦᠬᠦᠯᠢ ᠴᠣᠭᠴᠠ ᠵᠢᠨ ᠠᠮᠤᠷ ᠲᠦᠪᠰᠢᠨᠢ ᠬᠠᠮᠲᠤᠪᠠᠷ ᠬᠠᠮᠠᠭ᠋ᠠᠯᠠᠵᠤ᠂ ᠤᠢ ᠰᠢᠭᠤᠢ ᠵᠢᠨ ᠪᠠᠲᠤᠯᠠᠭ᠎ᠠ ᠬᠠᠩᠭ᠋ᠠᠬᠤ ᠬᠡᠷᠡᠭᠲᠡᠢ᠃