《ᠨᠢᠭᠡ ᠭᠠᠵᠠᠷ᠎ᠲᠤ ᠣᠯᠠᠨ ᠦᠨᠡᠮᠯᠡᠯ᠎ᠲᠠᠢ ᠪᠠᠶ᠋ᠢᠬᠤ》 《ᠨᠢᠭᠡ ᠭᠠᠵᠠᠷ᠎ᠲᠤ ᠣᠯᠠᠨ ᠨᠥᠬᠥᠪᠥᠷᠢ᠎ᠲᠠᠢ ᠪᠠᠶ᠋ᠢᠬᠤ》ᠠᠰᠠᠭᠤᠳᠠᠯ᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ ᠦ᠋᠊ᠨ ᠲᠣᠪᠴᠢᠶ᠎ᠠ ᠵᠢᠨ ᠬᠢᠨᠠᠨ ᠪᠠᠢ᠌ᠴᠠᠭ᠋ᠠᠬᠤ ᠠᠵᠢᠯ᠎ᠤᠨ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ ᠦ᠋᠊ᠨ ᠬᠢᠨᠠᠨ ᠬᠡᠮᠵᠢᠬᠦ ᠬᠣᠶᠠᠳᠤᠭ᠋ᠠᠷ ᠲᠥᠯᠥᠪᠵᠢᠭᠦᠯᠭᠡ ᠵᠢᠨ ᠬᠦᠷᠢᠶᠡᠯᠡᠩ᠎ᠨᠢ ᠵᠡᠭᠦᠨ ᠬᠡᠰᠡᠭ ᠦ᠋᠊ᠨ ᠲᠠᠪᠤᠨ ᠠᠶ᠋ᠢᠮᠠᠭ ᠬᠣᠲᠠ ᠵᠢᠨ ᠬᠠᠮᠢᠶ᠎ᠠ ᠪᠥᠬᠥᠶ ᠠᠵᠢᠯ᠎ᠤᠨ ᠮᠡᠷᠭᠡᠵᠢᠯ ᠦ᠋᠊ᠨ ᠵᠢᠯᠣᠭᠣᠳᠬᠤ ᠡᠭᠦᠷᠭᠡ ᠵᠢ ᠡᠭᠦᠷᠭᠡᠯᠡᠪᠡ᠃
ᠲᠣᠰ ᠤᠳᠠᠭ᠋ᠠᠨ᠎ᠤ ᠮᠡᠷᠭᠡᠵᠢᠯ ᠦ᠋᠊ᠨ ᠵᠢᠯᠣᠭᠣᠳᠬᠤ ᠠᠵᠢᠯ᠎ᠢ ᠥᠨᠳᠥᠷ ᠪᠦᠲᠦᠮᠵᠢᠲᠡᠶ ᠪᠡᠶᠡᠯᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ ᠦ᠋᠊ᠨ ᠬᠢᠨᠠᠨ ᠬᠡᠮᠵᠢᠬᠦ ᠬᠣᠶᠠᠳᠤᠭ᠋ᠠᠷ ᠲᠥᠯᠥᠪᠵᠢᠭᠦᠯᠭᠡ ᠵᠢᠨ ᠬᠦᠷᠢᠶᠡᠯᠡᠩ ᠦ᠋᠊ᠨ ᠲᠤᠬᠠᠶ᠋ᠢᠯᠠᠭᠰᠠᠨ ᠠᠵᠢᠯ᠎ᠤᠨ ᠬᠠᠮᠢᠶᠠᠷᠤᠯᠲᠠ ᠵᠢᠨ ᠰᠠᠯᠠᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ ᠦ᠋᠊ᠨ ᠲᠣᠪᠴᠢᠶ᠎ᠠ ᠵᠢᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠠᠵᠢᠯ᠎ᠤᠨ ᠲᠥᠰᠦᠯ ᠵᠶ᠋ᠡᠨ ᠨᠠᠷᠢᠯᠢᠬ᠍ᠵᠢᠭᠤᠯᠵᠤ᠂ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠵᠶ᠋ᠠᠨ ᠲᠣᠳᠣᠷᠬᠠᠶ᠋ᠢᠯᠠᠨ᠂《ᠱᠠᠲᠤ ᠱᠠᠲᠤ᠎ᠪᠠᠷ ᠬᠠᠷᠢᠭᠤᠴᠠᠵᠤ᠂ ᠬᠠᠮᠲᠤᠷᠠᠨ ᠬᠥᠳᠡᠯᠦᠯᠴᠡᠬᠦ》 ᠠᠵᠢᠯ᠎ᠤᠨ ᠲᠣᠭᠲᠠᠴᠠ ᠵᠢ ᠪᠦᠷᠢᠯᠳᠦᠭᠦᠯᠵᠦ᠂ ᠬᠢᠨᠠᠨ ᠪᠠᠶ᠋ᠢᠴᠠᠭ᠋ᠠᠬᠤ ᠠᠵᠢᠯ᠎ᠤᠨ ᠬᠠᠷᠢᠭᠤᠴᠠᠯᠭ᠎ᠠ ᠵᠢ ᠪᠤᠳᠠᠳᠠᠢ᠌ᠵᠢᠭᠤᠯᠬᠤ ᠵᠢ ᠦᠨᠡᠨᠬᠦ ᠪᠠᠲᠤᠯᠠᠨ᠂ ᠬᠢᠨᠠᠨ ᠪᠠᠶ᠋ᠢᠴᠠᠭ᠋ᠠᠬᠤ ᠠᠵᠢᠯ᠎ᠢ ᠡᠮᠬᠢ ᠵᠢᠷᠤᠮ᠎ᠲᠠᠢ ᠥᠷᠨᠢᠭᠦᠯᠬᠦ᠎ᠳᠤ ᠰᠠᠭᠤᠷᠢ ᠵᠢ ᠲᠠᠯᠪᠢᠨ᠎ᠠ᠃ ᠬᠢᠨᠠᠨ ᠪᠠᠢ᠌ᠴᠠᠭ᠋ᠠᠬᠤ ᠠᠵᠢᠯ᠎ᠤᠨ ᠶᠠᠰᠤ ᠴᠢᠨᠠᠷ ᠪᠠ ᠦᠷ᠎ᠡ ᠪᠦᠲᠦᠮᠵᠢ ᠵᠢ ᠦᠨᠡᠨᠬᠦ ᠳᠡᠭᠡᠭᠰᠢᠯᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ ᠦ᠋᠊ᠨ ᠬᠢᠨᠠᠨ ᠬᠡᠮᠵᠢᠬᠦ ᠬᠣᠶᠠᠳᠤᠭ᠋ᠠᠷ ᠲᠥᠯᠥᠪᠵᠢᠭᠦᠯᠭᠡ ᠵᠢᠨ ᠬᠦᠷᠢᠶᠡᠯᠡᠩ ᠦ᠋᠊ᠨ ᠠᠮᠢ ᠠᠬᠤᠶ ᠵᠢᠨ ᠢᠨᠵᠧᠨᠧᠷᠢᠩ ᠦ᠋᠊ᠨ ᠬᠢᠨᠠᠨ ᠬᠡᠮᠵᠢᠬᠦ ᠲᠠᠰᠤᠭ᠎ᠠᠴᠠ ᠲᠤᠰᠬᠠᠶ ᠮᠡᠷᠭᠡᠵᠢᠯ ᠦ᠋᠊ᠨ ᠨᠢᠷᠤᠭᠤᠪᠴᠢ ᠬᠦᠴᠦᠨ᠎ᠢ ᠵᠣᠬᠢᠶᠠᠨ ᠪᠠᠶ᠋ᠢᠭᠤᠯᠵᠤ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ ᠦ᠋᠊ᠨ ᠲᠣᠪᠴᠢᠶ᠎ᠠ᠎ᠠᠴᠠ ᠡᠷᠭᠢᠯᠡᠭᠰᠡᠨ《ᠨᠢᠭᠡ ᠭᠠᠵᠠᠷ᠎ᠲᠤ ᠣᠯᠠᠨ ᠦᠨᠡᠮᠯᠡᠯ᠎ᠲᠠᠢ ᠪᠠᠢ᠌ᠬᠤ᠂ ᠨᠢᠭᠡ ᠭᠠᠵᠠᠷ᠎ᠲᠤ ᠣᠯᠠᠨ ᠨᠥᠬᠥᠪᠥᠷᠢ᠎ᠲᠠᠢ ᠪᠠᠢ᠌ᠬᠤ》 ᠪᠠᠶ᠋ᠢᠬᠤ ᠲᠤᠰᠬᠠᠶ ᠰᠡᠳᠦᠪᠲᠦ ᠪᠣᠯᠪᠠᠰᠤᠷᠠᠭᠤᠯᠤᠯ᠎ᠤᠨ ᠬᠤᠷᠠᠯ᠎ᠳᠤ ᠣᠷᠣᠯᠴᠠᠭᠤᠯᠤᠨ᠎ᠠ᠃ ᠪᠣᠯᠪᠠᠰᠤᠷᠠᠭᠤᠯᠤᠯ᠎ᠤᠨ ᠠᠭᠤᠯᠭ᠎ᠠ᠎ᠨᠢ ᠭᠤᠤᠯᠳᠠᠭᠤ ᠬᠢᠨᠠᠨ ᠪᠠᠢ᠌ᠴᠠᠭ᠋ᠠᠬᠤ ᠠᠵᠢᠯ᠎ᠤᠨ ᠪᠥᠬᠥ ᠴᠤᠪᠤᠷᠠᠯ᠎ᠤᠨ ᠲᠣᠭᠣᠷᠢᠨ᠎ᠳᠤ ᠶᠠᠪᠤᠭᠳᠠᠨ᠎ᠠ᠂ ᠲᠤᠬᠠᠶ᠋ᠢᠯᠠᠪᠠᠯ ᠡᠮᠦᠨᠡᠬᠢ ᠬᠤᠭᠤᠴᠠᠭ᠋ᠠᠨ᠎ᠤ ᠲᠣᠭ᠎ᠠ ᠪᠠᠷᠢᠮᠲᠠ ᠵᠢ ᠴᠤᠭᠯᠠᠭᠤᠯᠤᠨ ᠡᠮᠬᠢᠯᠡᠬᠦ ᠵᠡᠷᠭᠡ ᠪᠡᠯᠡᠳᠬᠡᠯ ᠠᠵᠢᠯ᠎ᠠᠴᠠ ᠲᠣᠭ᠎ᠠ ᠪᠠᠷᠢᠮᠲᠠ ᠵᠢ ᠰᠢᠢ᠍ᠳᠪᠦᠷᠢᠯᠡᠬᠦ᠂ ᠵᠠᠳᠠᠯᠬᠤ᠂ ᠶᠠᠰᠤ ᠴᠢᠨᠠᠷ᠎ᠢ ᠪᠠᠶ᠋ᠢᠴᠠᠭ᠋ᠠᠬᠤ᠂ ᠳᠠᠬᠢᠨ ᠡᠬᠡ ᠮᠠᠲᠸᠷᠢᠶᠠᠯ᠎ᠢ ᠲᠠᠭᠯᠠᠨ ᠮᠡᠳᠡᠭᠦᠯᠬᠦ᠂ ᠦᠷ᠎ᠡ ᠪᠦᠲᠦᠭᠡᠯ᠎ᠢ ᠬᠤᠪᠢᠷᠠᠭᠤᠯᠬᠤ ᠵᠡᠷᠭᠡ ᠵᠠᠩᠭᠢᠯᠠᠭ᠎ᠠ ᠵᠢᠨ ᠭᠣᠭᠴᠣᠭ᠎ᠠ᠎ᠳᠤ ᠬᠦᠷᠲᠡᠯ᠎ᠡ ᠰᠢᠰᠲ᠋ᠧᠮ᠎ᠲᠠᠢ ᠲᠠᠶ᠋ᠢᠯᠤᠮᠵᠢ ᠬᠢᠵᠦ᠂ ᠮᠡᠷᠭᠡᠵᠢᠯ ᠦ᠋᠊ᠨ ᠠᠵᠢᠯᠲᠠᠨ᠎ᠢ ᠬᠢᠨᠠᠨ ᠪᠠᠢ᠌ᠴᠠᠭ᠋ᠠᠬᠤ ᠠᠵᠢᠯ᠎ᠤᠨ ᠴᠤᠪᠤᠷᠠᠯ᠎ᠳᠤ ᠪᠥᠬᠥ ᠲᠠᠯ᠎ᠠ ᠵᠢᠨ᠂ ᠲᠣᠳᠣᠷᠬᠠᠶ ᠲᠠᠨᠢᠯᠲᠠ᠎ᠲᠠᠢ ᠪᠣᠯᠭ᠋ᠠᠨ᠎ᠠ᠃ ᠪᠣᠯᠪᠠᠰᠤᠷᠠᠭᠤᠯᠤᠯ᠎ᠤᠨ ᠬᠤᠷᠠᠯ ᠳᠡᠭᠡᠷ᠎ᠡ᠂ ᠬᠠᠮᠢᠶ᠎ᠠ ᠪᠥᠬᠥᠶ ᠲᠤᠰᠬᠠᠶ ᠮᠡᠷᠭᠡᠵᠢᠯᠲᠡᠨ ᠨᠠᠷ ᠡᠯ᠎ᠡ ᠠᠶ᠋ᠢᠮᠠᠭ ᠬᠣᠲᠠ ᠵᠢᠨ ᠡᠮᠦᠨᠡᠬᠢ ᠬᠤᠭᠤᠴᠠᠭ᠋ᠠᠨ᠎ᠤ ᠠᠵᠢᠯ᠎ᠤᠨ ᠳᠤᠮᠳᠠ ᠴᠤᠭᠯᠠᠭᠤᠯᠤᠭᠰᠠᠨ ᠨᠡᠶ᠋ᠢᠲᠡᠯᠢᠭ ᠴᠢᠨᠠᠷ ᠪᠠ ᠥᠪᠡᠷᠮᠢᠴᠡ ᠴᠢᠨᠠᠷ᠎ᠤᠨ ᠠᠰᠠᠭᠤᠳᠠᠯ᠎ᠳᠤ ᠴᠢᠭᠯᠡᠭᠦᠯᠦᠨ᠂ ᠠᠰᠠᠭᠤᠳᠠᠯ᠎ᠢ ᠵᠠᠳᠠᠯᠵᠤ᠂ ᠠᠵᠢᠯ᠎ᠤᠨ ᠰᠡᠳᠬᠢᠮᠵᠢ ᠪᠠ ᠭᠤᠤᠯᠳᠠᠯᠭ᠎ᠠ᠎ᠪᠠᠨ ᠤᠯᠠᠮ ᠨᠢᠭᠡ ᠠᠯᠬᠤᠮ ᠲᠣᠳᠣᠷᠬᠠᠶ᠋ᠢᠯᠠᠨ᠂ ᠮᠡᠷᠭᠡᠵᠢᠯ ᠦ᠋᠊ᠨ ᠠᠵᠢᠯᠲᠠᠨ᠎ᠤ ᠲᠤᠬᠠᠶ᠋ᠢᠯᠠᠭᠰᠠᠨ ᠠᠵᠢᠯ᠎ᠤᠨ ᠬᠢᠷᠢ ᠲᠦᠪᠰᠢᠨ ᠪᠠ ᠠᠰᠠᠭᠤᠳᠠᠯ᠎ᠢ ᠰᠢᠢ᠍ᠳᠪᠦᠷᠢᠯᠡᠬᠦ ᠴᠢᠳᠠᠪᠤᠷᠢ ᠵᠢ ᠪᠦᠲᠦᠮᠵᠢᠲᠡᠶ ᠳᠡᠭᠡᠭᠰᠢᠯᠡᠭᠦᠯᠵᠦ᠂ ᠬᠢᠨᠠᠨ ᠪᠠᠢ᠌ᠴᠠᠭ᠋ᠠᠬᠤ ᠡᠭᠦᠷᠭᠡ᠎ᠪᠠᠨ ᠴᠢᠨᠠᠷ ᠰᠠᠶ᠋ᠢᠲᠠᠶ ᠪᠡᠶᠡᠯᠡᠭᠦᠯᠬᠦ᠎ᠳᠤ ᠬᠦᠴᠦᠲᠡᠶ ᠮᠡᠷᠭᠡᠵᠢᠯ ᠦ᠋᠊ᠨ ᠲᠤᠯᠭ᠋ᠠᠭᠤᠷᠢᠯᠠᠯ ᠬᠠᠩᠭ᠋ᠠᠭᠰᠠᠨ ᠪᠠᠶ᠋ᠢᠨ᠎ᠠ᠃ 《ᠨᠢᠭᠡ ᠭᠠᠵᠠᠷ᠎ᠲᠤ ᠣᠯᠠᠨ ᠦᠨᠡᠮᠯᠡᠯ᠎ᠲᠠᠢ ᠪᠠᠢ᠌ᠬᠤ》 《ᠨᠢᠭᠡ ᠭᠠᠵᠠᠷ᠎ᠲᠤ ᠣᠯᠠᠨ ᠨᠥᠬᠥᠪᠥᠷᠢ᠎ᠲᠠᠢ ᠪᠠᠢ᠌ᠬᠤ》 ᠪᠠᠶ᠋ᠢᠬᠤ ᠠᠰᠠᠭᠤᠳᠠᠯ᠎ᠢ ᠬᠢᠨᠠᠨ ᠪᠠᠢ᠌ᠴᠠᠭ᠋ᠠᠬᠤ ᠪᠣᠯ ᠨᠢᠭᠡ ᠵᠦᠢ᠍ᠯ ᠦ᠋᠊ᠨ ᠪᠤᠳᠤᠯᠢᠶᠠᠨᠲᠠᠶ ᠰᠢᠰᠲ᠋ᠧᠮᠲᠦ ᠢᠨᠵᠧᠨᠧᠷᠢᠩ ᠮᠥᠨ᠂ ᠬᠣᠯᠪᠣᠭᠳᠠᠬᠤ ᠬᠡᠪᠴᠢᠶ᠎ᠡ᠎ᠨᠢ ᠥᠷᠭᠡᠨ᠂ ᠲᠣᠭ᠎ᠠ ᠪᠠᠷᠢᠮᠲᠠ ᠵᠢᠨ ᠬᠡᠮᠵᠢᠶ᠎ᠡ᠎ᠨᠢ ᠶᠡᠬᠡ᠂ ᠪᠠᠶ᠋ᠢᠳᠠᠯ᠎ᠨᠢ ᠪᠤᠳᠤᠯᠢᠶᠠᠨᠲᠠᠶ ᠪᠠᠶ᠋ᠢᠳᠠᠭ᠃ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ ᠦ᠋᠊ᠨ ᠲᠣᠪᠴᠢᠶ᠎ᠠ 《ᠲᠣᠭ᠎ᠠ ᠪᠠᠷᠢᠮᠲᠠ ᠵᠢ ᠬᠠᠷᠢᠴᠠᠭᠤᠯᠬᠤ + ᠪᠣᠳᠠᠲᠠᠶ ᠭᠠᠵᠠᠷ᠎ᠲᠤᠨᠢ ᠬᠠᠷᠭᠤᠭᠤᠯᠤᠨ ᠪᠠᠶ᠋ᠢᠴᠠᠭ᠋ᠠᠬᠤ》 ᠬᠤᠤᠰ ᠬᠦᠷᠳᠦ᠎ᠪᠠᠷ ᠬᠥᠳᠡᠯᠭᠡᠭᠦᠷ ᠪᠣᠯᠭ᠋ᠠᠭᠰᠠᠨ ᠪᠠᠶ᠋ᠢᠳᠠᠯ᠎ᠢ ᠬᠢᠨᠠᠨ ᠪᠠᠢ᠌ᠴᠠᠭ᠋ᠠᠬᠤ ᠵᠠᠭᠪᠤᠷ᠎ᠢ ᠬᠡᠷᠡᠭᠯᠡᠵᠦ᠂ ᠲᠣᠭ᠎ᠠ ᠪᠠᠷᠢᠮᠲᠠ ᠵᠢ ᠬᠠᠷᠭᠤᠭᠤᠯᠬᠤ᠂ ᠨᠥᠬᠥᠪᠥᠷᠢ ᠣᠯᠭᠣᠬᠤ ᠮᠡᠳᠡᠭᠡ ᠵᠠᠩᠭᠢ ᠵᠢ ᠬᠠᠷᠢᠴᠠᠭᠤᠯᠬᠤ᠂ ᠲᠠᠩᠰᠠ ᠡᠪᠬᠡᠮᠡᠯ᠎ᠢ ᠬᠠᠷᠭᠤᠭᠤᠯᠤᠨ ᠪᠠᠶ᠋ᠢᠴᠠᠭ᠋ᠠᠬᠤ᠂ ᠪᠣᠳᠠᠲᠠᠶ ᠭᠠᠵᠠᠷ᠎ᠲᠤᠨᠢ ᠬᠠᠶ᠋ᠢᠨ ᠰᠢᠨᠵᠢᠬᠦ ᠵᠡᠷᠭᠡ ᠣᠯᠠᠨ ᠵᠦᠢ᠍ᠯ ᠦ᠋᠊ᠨ ᠠᠷᠭ᠎ᠠ ᠪᠠᠷᠢᠯ᠎ᠢ ᠶᠡᠷᠦᠩᠬᠡᠶ᠋ᠢᠯᠡᠨ ᠬᠡᠷᠡᠭᠯᠡᠵᠦ᠂ ᠪᠥᠬᠥ ᠣᠷᠣᠨ᠎ᠤ ᠲᠠᠷᠢᠶᠠᠨ ᠭᠠᠵᠠᠷ᠂ ᠨᠤᠲᠤᠭ ᠪᠡᠯᠴᠢᠭᠡᠷ᠂ ᠣᠶ᠋ᠢᠲᠤ ᠭᠠᠵᠠᠷ᠎ᠤᠨ ᠡᠷᠬᠡ ᠵᠢᠨ ᠦᠨᠡᠮᠯᠡᠯ ᠳᠠᠪᠬᠤᠴᠠᠭᠰᠠᠨ ᠪᠠ ᠠᠳᠠᠯᠢ ᠨᠢᠭᠡᠨ ᠭᠠᠵᠠᠷ᠎ᠲᠤ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠨᠤᠲᠤᠭ ᠪᠡᠯᠴᠢᠭᠡᠷ ᠦ᠋᠊ᠨ ᠬᠦᠷᠢᠶᠡᠨ᠎ᠳᠠᠬᠢ ᠨᠥᠬᠥᠪᠥᠷᠢ᠎ᠤᠨ ᠳᠠᠪᠬᠤᠷᠳᠠᠭᠰᠠᠨ ᠪᠠᠶ᠋ᠢᠳᠠᠯ᠎ᠢ ᠪᠥᠬᠥ ᠲᠠᠯ᠎ᠠ᠎ᠪᠠᠷ᠂ ᠨᠠᠷᠢᠨ ᠬᠢᠨᠠᠮᠠᠭ᠋ᠠᠶ ᠪᠠᠶ᠋ᠢᠴᠠᠭ᠋ᠠᠪᠠ᠃ ᠭᠠᠵᠠᠷ ᠵᠦᠶ ᠵᠢᠨ ᠮᠡᠳᠡᠭᠡ ᠵᠠᠩᠭᠢ ᠵᠢᠨ ᠰᠢᠰᠲ᠋ᠧᠮ ᠦ᠋᠊ᠨ ᠲᠡᠷᠢᠭᠦᠨ᠎ᠤ ᠮᠡᠷᠭᠡᠵᠢᠯ ᠵᠶ᠋ᠡᠷ ᠳᠠᠮᠵᠢᠭᠤᠯᠤᠨ᠂ ᠶᠡᠬᠡ ᠬᠡᠮᠵᠢᠶᠡᠨ᠎ᠤ ᠣᠷᠣᠨ ᠵᠠᠶ ᠵᠢᠨ ᠲᠣᠭ᠎ᠠ ᠪᠠᠷᠢᠮᠲᠠ ᠵᠢ ᠣᠨᠣᠪᠴᠢᠲᠠᠶ ᠵᠠᠳᠠᠯᠤᠨ ᠬᠠᠷᠢᠴᠠᠭᠤᠯᠵᠤ᠂ ᠤᠷᠤᠰᠢᠵᠤ ᠪᠠᠢ᠌ᠭ᠎ᠠ ᠠᠰᠠᠭᠤᠳᠠᠯ᠎ᠤᠨ ᠣᠷᠣᠨ ᠪᠦᠰᠡ ᠵᠢ ᠲᠦᠷᠭᠡᠨ ᠲᠣᠭᠲᠠᠭ᠋ᠠᠵᠤ᠂ ᠪᠣᠳᠠᠲᠠᠶ ᠭᠠᠵᠠᠷ᠎ᠲᠤᠨᠢ ᠬᠠᠶ᠋ᠢᠨ ᠰᠢᠨᠵᠢᠬᠦ᠎ᠲᠠᠢ ᠤᠶᠠᠯᠳᠤᠭᠤᠯᠤᠨ᠂ ᠨᠢᠭᠡᠳᠦᠭᠡᠷ ᠹᠷᠣᠨᠲ᠎ᠲᠤ ᠭᠦᠨᠵᠡᠭᠡᠶ᠋ᠢᠷᠡᠨ ᠪᠠᠶ᠋ᠢᠳᠠᠯ᠎ᠢ ᠬᠢᠨᠠᠨ ᠬᠠᠷᠭᠤᠭᠤᠯᠵᠤ᠂ ᠲᠣᠭ᠎ᠠ ᠪᠠᠷᠢᠮᠲᠠ ᠵᠢᠨ ᠦᠨᠡᠨ ᠪᠣᠳᠠᠲᠠᠶ ᠪᠥᠭᠡᠳ ᠨᠠᠶ᠋ᠢᠳᠠᠪᠤᠷᠢᠲᠠᠶ᠂ ᠠᠰᠠᠭᠤᠳᠠᠯ᠎ᠤᠨ ᠣᠨᠣᠪᠴᠢᠲᠠᠶ ᠪᠠᠶ᠋ᠢᠷᠢ ᠲᠣᠭᠲᠠᠭ᠋ᠠᠯᠲᠠ ᠵᠢ ᠦᠨᠡᠨ ᠬᠦ᠌ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ ᠦ᠋᠊ᠨ ᠬᠢᠨᠠᠨ ᠬᠡᠮᠵᠢᠬᠦ ᠬᠣᠶᠠᠳᠤᠭ᠋ᠠᠷ ᠲᠥᠯᠥᠪᠵᠢᠭᠦᠯᠭᠡ ᠵᠢᠨ ᠬᠦᠷᠢᠶᠡᠯᠡᠩ ᠦ᠋᠊ᠨ ᠠᠮᠢ ᠠᠬᠤᠶ ᠵᠢᠨ ᠢᠨᠵᠧᠨᠧᠷᠢᠩ᠎ᠢ ᠬᠢᠨᠠᠨ ᠬᠡᠮᠵᠢᠬᠦ ᠲᠠᠰᠤᠭ᠎ᠠᠴᠠ ᠤᠯᠠᠭ᠋ᠠᠨᠬᠠᠳᠠ ᠬᠣᠲᠠ ᠵᠢᠨ 12 ᠬᠣᠰᠢᠭᠤ ᠰᠢᠶᠠᠨ ᠲᠣᠭᠣᠷᠢᠭ᠎ᠤᠨ《ᠨᠢᠭᠡ ᠭᠠᠵᠠᠷ᠎ᠲᠤ ᠣᠯᠠᠨ ᠦᠨᠡᠮᠯᠡᠯ᠎ᠲᠠᠢ ᠪᠠᠶ᠋ᠢᠬᠤ》 《ᠨᠢᠭᠡ ᠭᠠᠵᠠᠷ᠎ᠲᠤ ᠣᠯᠠᠨ ᠨᠥᠬᠥᠪᠥᠷᠢ᠎ᠲᠠᠢ ᠪᠠᠶ᠋ᠢᠬᠤ》 ᠠᠰᠠᠭᠤᠳᠠᠯ᠎ᠢ ᠬᠢᠨᠠᠨ ᠪᠠᠢ᠌ᠴᠠᠭ᠋ᠠᠬᠤ ᠪᠠ ᠮᠡᠷᠭᠡᠵᠢᠯ ᠦ᠋᠊ᠨ ᠵᠢᠯᠣᠭᠣᠳᠬᠤ ᠠᠵᠢᠯ᠎ᠢ ᠬᠠᠷᠢᠭᠤᠴᠠᠨ᠎ᠠ᠃
ᠣᠳᠣᠬᠠᠨ᠎ᠳᠤ᠂ ᠠᠮᠢ ᠠᠬᠤᠶ ᠵᠢᠨ ᠢᠨᠵᠧᠨᠧᠷᠢᠩ ᠦ᠋᠊ᠨ ᠬᠢᠨᠠᠨ ᠬᠡᠮᠵᠢᠬᠦ ᠲᠠᠰᠤᠭ᠎ᠤᠨ ᠡᠯ᠎ᠡ ᠮᠡᠷᠭᠡᠵᠢᠯ ᠦ᠋᠊ᠨ ᠵᠢᠯᠣᠭᠣᠳᠬᠤ ᠳᠤᠭᠤᠶ᠋ᠢᠯᠠᠩ ᠲᠥᠯᠥᠪᠯᠡᠭᠡ ᠶᠣᠰᠣᠭ᠋ᠠᠷ ᠤᠯᠠᠭ᠋ᠠᠨᠬᠠᠳᠠ ᠬᠣᠲᠠ ᠵᠢᠨ ᠡᠯ᠎ᠡ ᠬᠣᠰᠢᠭᠤ ᠰᠢᠶᠠᠨ᠎ᠤ ᠠᠵᠢᠯ᠎ᠤᠨ ᠨᠢᠭᠡᠳᠦᠭᠡᠷ ᠹᠷᠣᠨᠲ᠎ᠲᠤ ᠭᠦᠨᠵᠡᠭᠡᠶ᠋ᠢᠷᠡᠨ ᠮᠡᠷᠭᠡᠵᠢᠯ ᠦ᠋᠊ᠨ ᠵᠢᠯᠣᠭᠣᠳᠣᠯᠭ᠎ᠠ ᠬᠢᠨ᠎ᠠ᠃ ᠲᠤᠬᠠᠶ ᠵᠢᠨ ᠲᠠᠯᠠᠪᠠᠶ᠎ᠳᠤ ᠵᠢᠭ᠋ᠠᠨ ᠰᠤᠷᠭ᠋ᠠᠬᠤ᠂ ᠠᠰᠠᠭᠤᠳᠠᠯ᠎ᠢ ᠲᠠᠶ᠋ᠢᠯᠪᠤᠷᠢᠯᠠᠬᠤ᠂ ᠶᠠᠰᠤ ᠴᠢᠨᠠᠷ᠎ᠢ ᠡᠵᠡᠮᠳᠡᠬᠦ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠦᠨᠳᠦᠰᠦᠨ ᠱᠠᠲᠤᠨ᠎ᠤ ᠠᠵᠢᠯ᠎ᠤᠨ ᠪᠠᠶ᠋ᠢᠳᠠᠯ᠎ᠢ ᠬᠢᠨᠠᠨ ᠪᠠᠢ᠌ᠴᠠᠭ᠋ᠠᠬᠤ᠎ᠳᠤ ᠲᠤᠰᠬᠠᠶ ᠮᠡᠷᠭᠡᠵᠢᠯ ᠦ᠋᠊ᠨ ᠳᠡᠮᠵᠢᠯᠭᠡ ᠬᠠᠩᠭ᠋ᠠᠵᠤ᠂ 《ᠨᠢᠭᠡ ᠭᠠᠵᠠᠷ᠎ᠲᠤ ᠣᠯᠠᠨ ᠦᠨᠡᠮᠯᠡᠯ᠎ᠲᠠᠢ ᠪᠠᠶ᠋ᠢᠬᠤ》᠂ 《ᠨᠢᠭᠡ ᠭᠠᠵᠠᠷ᠎ᠲᠤ ᠣᠯᠠᠨ ᠨᠥᠬᠥᠪᠥᠷᠢ᠎ᠲᠠᠢ ᠪᠠᠶ᠋ᠢᠬᠤ》 ᠠᠰᠠᠭᠤᠳᠠᠯ᠎ᠢ ᠬᠢᠨᠠᠨ ᠪᠠᠢ᠌ᠴᠠᠭ᠋ᠠᠬᠤ ᠠᠵᠢᠯ᠎ᠢ ᠥᠨᠳᠥᠷ ᠪᠦᠲᠦᠮᠵᠢᠲᠡᠶ ᠥᠷᠨᠢᠭᠦᠯᠬᠦ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠵᠤ᠂ ᠪᠥᠬᠥ ᠣᠷᠣᠨ᠎ᠤ ᠣᠶ ᠰᠢᠭᠤᠶ ᠨᠤᠲᠤᠭ ᠪᠡᠯᠴᠢᠭᠡᠷ ᠦ᠋᠊ᠨ ᠦᠢ᠍ᠯᠡᠰ ᠦ᠋᠊ᠨ ᠴᠢᠨᠠᠷ ᠰᠠᠶ᠋ᠢᠲᠠᠶ ᠬᠥᠭᠵᠢᠯᠲᠡ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ᠎ᠳᠤ ᠬᠦᠴᠦᠨ ᠨᠡᠮᠡᠷᠢᠯᠡᠪᠡ᠃