ᠦᠪᠡᠷᠲᠡᠭᠡᠨ ᠵᠠᠰᠠᠬᠤ ᠣᠷᠣᠨ ᠤ ᠣᠶ ᠰᠢᠭᠤᠶ ᠵᠢᠨ ᠰᠢᠨᠵᠢᠯᠡᠬᠦ ᠤᠬᠠᠭ᠋ᠠᠨ ᠤ ᠬᠦᠷᠢᠶᠡᠯᠡᠩᠤᠨ ᠤᠯᠤᠰ ᠤᠨ ᠭᠤᠤᠯᠳᠠᠯᠭ᠎ᠠ ᠲᠠᠢ ᠰᠤᠳᠤᠯᠤᠨ ᠲᠥᠯᠥᠪᠯᠡᠭᠡ ᠵᠢᠨ ᠲᠤᠰᠬᠠᠶ ᠰᠡᠳᠦᠪᠲᠦ 《 ᠴᠢᠬᠢ ᠮᠣᠳᠣ ᠵᠢᠴᠢ ᠰᠠᠯᠬᠢ ᠵᠢ ᠡᠰᠡᠷᠭᠦᠴᠡᠬᠦ ᠴᠢᠬᠢ ᠮᠣᠳᠣ ᠵᠢ ᠪᠤᠶ᠋ᠢᠵᠢᠭᠤᠯᠬᠤ ᠮᠡᠷᠭᠡᠵᠢᠯ》 ᠤᠷᠤᠭᠰᠢᠲᠠᠶ ᠠᠬᠢᠭᠤᠯᠬᠤ ᠵᠢ ᠪᠠᠲᠤᠯᠠᠬᠤ ᠵᠢᠨ ᠲᠥᠯᠥᠭᠡ᠂ 8 ᠰᠠᠷ᠎ᠠ ᠵᠢᠨ 20 ᠤ ᠡᠳᠦᠷ᠂ ᠰᠤᠳᠤᠯᠭ᠋ᠠᠨ ᠤ ᠰᠡᠳᠦᠪ ᠨᠢᠭᠡᠴᠡ ᠵᠢᠨ ᠱᠠᠨᠳᠦ᠋ᠩ ᠮᠤᠵᠢ ᠵᠢᠨ ᠣᠶ ᠰᠢᠭᠤᠶ ᠵᠢᠨ ᠰᠢᠨᠵᠢᠯᠡᠬᠦ ᠤᠬᠠᠭ᠋ᠠᠨ ᠤ ᠰᠤᠳᠤᠯᠭ᠋ᠠᠨ ᠤ ᠬᠦᠷᠢᠶᠡᠯᠡᠩᠤᠨ ᠳᠡᠳ᠋ ᠮᠠ ᠬᠠᠶ ᠯᠢᠨ ᠰᠤᠳᠤᠯᠤᠭᠴᠢ ᠲᠤᠰᠬᠠᠶ ᠮᠡᠷᠭᠡᠵᠢᠯᠲᠡᠨᠤ ᠳᠤᠭᠤᠶ᠋ᠢᠯᠠᠩᠤᠨ 4 ᠬᠥᠮᠦᠨᠢ ᠳᠠᠭ᠋ᠠᠭᠤᠯᠤᠨ ᠥᠪᠥᠷ ᠮᠣᠩᠭᠤᠯ ᠬᠠᠩᠭᠢᠨ ᠬᠤᠶ᠋ᠢᠲᠤ ᠬᠤᠰᠢᠭᠤᠨᠤ ᠲᠤᠰᠬᠠᠶ ᠰᠡᠳᠦᠪᠲᠦ ᠰᠤᠳᠤᠯᠭ᠋ᠠᠨᠤ ᠣᠷᠣᠨᠳᠤ ᠬᠦᠷᠴᠦ ᠲᠤᠬᠠᠶ ᠵᠢᠨ ᠲᠠᠯᠠᠪᠤᠷ ᠲᠤ ᠰᠣᠯᠢᠯᠴᠠᠭ᠎ᠠ ᠪᠠ ᠰᠢᠨᠵᠢᠯᠡᠨ ᠪᠠᠶ᠋ᠢᠴᠠᠭ᠋ᠠᠯᠲᠠ ᠥᠷᠨᠢᠭᠦᠯᠪᠡ᠃ ᠲᠣᠰ ᠲᠤᠰᠬᠠᠶ ᠰᠡᠳᠦᠪᠢ ᠮᠠᠨ ᠤ ᠬᠤᠷᠢᠶᠠᠨ ᠤ ᠳᠠᠷᠤᠭ᠎ᠠ ᠴᠢᠨ ᠹᠦ᠋ ᠼᠠᠩ ᠬᠢᠭᠡᠳ ᠡᠵᠡᠩᠨᠡᠯᠲᠡ ᠬᠠᠮᠠᠭ᠋ᠠᠯᠠᠯᠲᠠ ᠵᠢᠨ ᠭᠠᠵᠠᠷ ᠤᠨ ᠬᠠᠷᠢᠭᠤᠴᠠᠯᠭ᠋ᠠᠲᠠᠨ ᠸᠠᠩ ᡁᠢ ᠪᠥᠸᠧ ᠬᠠᠮᠲᠤ ᠪᠠᠷ ᠡᠷᠭᠢᠯᠡᠵᠦ᠂ ᠥᠪᠥᠷ ᠮᠣᠩᠭᠤᠯ ᠪᠣᠷᠣᠲᠣᠬᠤᠶ ᠵᠢᠨ ᠤᠰᠤᠯᠠᠯᠲᠠ ᠵᠢᠨ ᠣᠷᠣᠨᠤ ᠬᠤᠵᠢᠷᠯᠢᠭ ᠭᠠᠵᠠᠷ ᠤᠨ ᠠᠮᠢ ᠠᠬᠤᠶ ᠵᠢᠨ ᠵᠠᠰᠠᠯᠲᠠ ᠵᠢᠨ ᠬᠡᠷᠡᠭᠴᠡᠭᠡᠳᠤ ᠭᠤᠤᠯᠳᠠᠯᠭ᠎ᠠ ᠴᠢᠭᠯᠡᠭᠦᠯᠦᠨ᠂ ᠰᠢᠯᠢᠳᠡᠭ ᠨᠤᠲᠤᠭ ᠤᠨ ᠡᠭᠦᠯᠳᠡᠷᠢ ᠰᠣᠩᠭᠤᠬᠤ ᠪᠠ ᠪᠤᠶ᠋ᠢᠵᠢᠭᠤᠯᠬᠤ ᠂ ᠣᠯᠠᠨ ᠵᠦᠢ᠍ᠯ ᠮᠡᠷᠭᠡᠵᠢᠯ ᠵᠶ᠋ᠠᠷ ᠂ ᠬᠤᠵᠢᠷᠯᠢᠭ ᠭᠠᠵᠠᠷ ᠤᠨ ᠠᠮᠢ ᠠᠬᠤᠶ ᠵᠢ ᠰᠡᠷᠭᠦᠭᠡᠬᠦ ᠰᠢᠢ᠍ᠳᠪᠦᠷᠢᠯᠡᠬᠦ ᠲᠥᠰᠦᠯ ᠬᠠᠩᠭ᠋ᠠᠨ᠎ᠠ ᠃
ᠲᠤᠷᠰᠢᠯᠲᠠ ᠵᠢᠨ ᠰᠠᠭᠤᠷᠢᠨ ᠭᠠᠵᠠᠷ ᠲᠤ᠂ ᠸᠠᠩ ᡁᠢ ᠪᠥᠸᠧ ᠬᠡᠷᠡᠭᠵᠢᠭᠦᠯᠬᠦ ᠠᠬᠢᠴᠠ ᠵᠢ ᠨᠠᠷᠢᠨ ᠲᠠᠨᠢᠯᠴᠠᠭᠤᠯᠵᠤ᠂ ᠲᠡᠰᠪᠦᠷᠢᠲᠡᠶ ᠰᠠᠯᠬᠢ ᠵᠢ ᠨᠤᠲᠤᠭ ᠤᠨ ᠮᠣᠳᠣᠨᠤ ᠲᠥᠷᠥᠯ ᠰᠢᠭᠰᠢᠨ ᠰᠣᠩᠭᠤᠬᠤ ᠪᠠ ᠪᠤᠶ᠋ᠢᠵᠢᠭᠤᠯᠬᠤ᠂ ᠴᠢᠬᠢ ᠪᠤᠶ᠋ᠢᠵᠢᠭᠤᠯᠬᠤ ᠲᠤᠰᠬᠠᠶ ᠰᠤᠳᠤᠯᠤᠨ ᠦᠢ᠍ᠯᠡᠳᠬᠦ ᠵᠢᠴᠢ ᠬᠤᠭᠤᠴᠠᠭ᠋ᠠᠨᠤ ᠬᠠᠮᠢᠶᠠᠷᠤᠯᠲᠠ ᠵᠢᠨ ᠠᠷᠭ᠎ᠠ ᠵᠡᠷᠭᠡ ᠭᠤᠤᠯ ᠰᠤᠳᠤᠯᠭ᠋ᠠᠨᠤ ᠲᠠᠷᠠᠭ᠋ᠠᠴᠢ ᠵᠢᠨ ᠠᠯᠬᠤᠮ ᠲᠥᠯᠥᠪᠯᠡᠭᠡ ᠵᠢ ᠰᠢᠰᠲ᠋ᠧᠮ ᠲᠠᠢ ᠬᠠᠷᠢᠭᠤ ᠮᠡᠳᠡᠭᠦᠯᠪᠡ᠃ ᠲᠤᠰᠬᠠᠶ ᠮᠡᠷᠭᠡᠵᠢᠯᠲᠡᠨᠤ ᠳᠤᠭᠤᠶ᠋ᠢᠯᠠᠩᠨᠢ ᠲᠡᠰᠪᠦᠷᠢᠲᠡᠢ ᠰᠠᠯᠬᠢ ᠵᠢ ᠦᠨᠡᠯᠡᠯᠲᠡ ᠵᠢᠨ ᠭᠦᠢ᠍ᠴᠡᠳᠬᠡᠯ ᠲᠤᠭ᠎ᠠ᠂ ᠴᠢᠬᠢ ᠪᠤᠶ᠋ᠢᠵᠢᠭᠤᠯᠬᠤ ᠭᠠᠵᠠᠷᠢ ᠰᠣᠩᠭᠤᠬᠤ᠂ ᠵᠢᠩᠬᠢᠨᠢ ᠮᠥᠭᠦ ᠵᠢ ᠰᠢᠭᠰᠢᠨ ᠰᠣᠩᠭᠤᠬᠤ ᠵᠡᠷᠭᠡ ᠵᠠᠩᠭᠢᠯᠠᠭ᠎ᠠ ᠵᠢᠨ ᠮᠡᠷᠭᠡᠵᠢᠯ ᠠᠰᠠᠭᠤᠳᠠᠯ ᠲᠣᠭᠤᠷᠢᠨᠳᠤ ᠲᠤᠰᠬᠠᠶ ᠰᠡᠳᠦᠪᠲᠦ ᠳᠤᠭᠤᠶ᠋ᠢᠯᠠᠩᠤᠨ ᠪᠦᠷᠢᠯᠳᠦᠬᠦᠨ ᠲᠠᠢ ᠰᠠᠨᠠᠯ ᠵᠶ᠋ᠠᠨ ᠭᠦᠨᠵᠡᠭᠡᠶ ᠰᠣᠯᠢᠯᠴᠠᠵᠤ ᠰᠤᠳᠤᠯᠤᠨ ᠶᠠᠷᠢᠯᠴᠠᠭᠰᠠᠨ ᠪᠥᠭᠡᠳ ᠲᠠᠷᠠᠭ᠋ᠠᠴᠢ ᠵᠢᠨ ᠠᠯᠬᠤᠮᠤᠨ ᠵᠢᠱ᠌ᠢᠶ᠎ᠡ ᠦᠵᠡᠭᠦᠯᠦᠨ ᠳᠡᠯᠭᠡᠷᠡᠭᠦᠯᠬᠦ ᠪᠠ ᠮᠡᠷᠭᠡᠵᠢᠯ ᠤᠨ ᠲᠤᠬᠠᠶ ᠪᠦᠲᠦᠭᠡᠯᠴᠢ ᠴᠢᠨᠠᠷᠲᠠᠶ ᠰᠠᠨᠠᠯ ᠳᠤᠷᠠᠳᠪᠠ᠃
ᠲᠣᠰ ᠤᠳᠠᠭ᠋ᠠᠨᠤ ᠲᠤᠰᠬᠠᠶ ᠰᠡᠳᠦᠪᠲᠦ ᠡᠭᠦᠷᠭᠡ ᠵᠢᠨ ᠬᠡᠷᠡᠭᠵᠢᠭᠦᠯᠦᠯᠲᠡ ᠵᠢ ᠪᠦᠲᠦᠮᠵᠢᠲᠡᠶ ᠠᠬᠢᠭᠤᠯᠵᠤ᠂ ᠲᠤᠰᠬᠠᠶ ᠰᠡᠳᠦᠪ ᠨᠢᠭᠡᠴᠢ ᠵᠢᠨ ᠬᠠᠮᠵᠢᠯᠴᠠᠭ᠎ᠠ ᠵᠢ ᠴᠢᠩᠭ᠋ᠠᠳᠬᠠᠵᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠬᠤᠵᠢᠷᠯᠢᠭ ᠭᠠᠵᠠᠷ ᠤᠨ ᠣᠶ ᠰᠢᠭᠤᠶ ᠪᠡᠯᠴᠢᠭᠡᠷ ᠤᠨ ᠤᠷᠭᠤᠮᠠᠯ ᠤᠨ ᠪᠦᠷᠬᠦᠴᠡ ᠵᠢ ᠰᠡᠷᠭᠦᠭᠡᠬᠦ ᠮᠡᠷᠭᠡᠵᠢᠯ ᠵᠠᠭᠪᠤᠷ ᠢ ᠪᠠᠶ᠋ᠢᠭᠤᠯᠬᠤ ᠳᠤ ᠰᠠᠭᠤᠷᠢ ᠲᠠᠯᠪᠢᠵᠤ᠂ ᠣᠷᠣᠨ ᠪᠦᠰᠡ ᠵᠢᠨ ᠠᠮᠢ ᠠᠬᠤᠶ ᠵᠢᠨ ᠶᠠᠰᠤ ᠴᠢᠨᠠᠷᠢ ᠳᠡᠭᠡᠭᠰᠢᠯᠡᠭᠦᠯᠬᠦ᠂ ᠬᠠᠲᠤᠨ ᠭᠤᠤᠯ ᠤᠨ ᠰᠠᠪᠠ ᠭᠠᠵᠠᠷ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢ ᠲᠤᠯᠭ᠋ᠠᠭᠤᠷᠢᠯᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃