(2008 ᠣᠨ᠎ᠤ 12 ᠰᠠᠷ᠎ᠠ ᠵᠢᠨ 31᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 163 ᠳ᠋ᠤᠭ᠋ᠠᠷ ᠲᠣᠭ᠋ᠠᠲᠤ᠎ᠪᠠᠷ ᠨᠡᠶ᠋ᠢᠲᠡᠯᠡᠪᠡ 2018 ᠣᠨ᠎ᠤ 1 ᠰᠠᠷ᠎ᠠ ᠵᠢᠨ 16᠎ᠤ ᠡᠳᠦᠷ 《ᠵᠠᠰᠠᠭ᠎ᠤᠨ ᠣᠷᠳᠣᠨ᠎ᠤ ᠬᠡᠰᠡᠭ ᠳᠦᠷᠢᠮ ᠲᠣᠭᠲᠠᠭ᠋ᠠᠯ᠎ᠳᠤ ᠵᠠᠰᠠᠪᠤᠷᠢ ᠣᠷᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠯ》᠎ᠢ ᠦᠨᠳᠦᠰᠦᠯᠡᠨ ᠵᠠᠰᠠᠪᠤᠷᠢ ᠣᠷᠣᠭᠤᠯᠪᠠ)
ᠨᠢᠭᠡᠳᠦᠭᠡᠷ ᠵᠦᠢ᠍ᠯ ᠲᠠᠯ᠎ᠠ ᠨᠤᠲᠤᠭ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ᠂ ᠬᠤᠳᠠᠯᠳᠤᠵᠤ ᠠᠪᠬᠤ ᠠᠵᠢᠯᠯᠠᠭ᠎ᠠ ᠵᠢ ᠵᠢᠷᠤᠮᠵᠢᠭᠤᠯᠤᠨ᠂ ᠨᠤᠲᠤᠭ ᠪᠡᠯᠴᠢᠭᠡᠷ᠎ᠤᠨ ᠠᠮᠢ ᠠᠬᠤᠢ ᠵᠢᠨ ᠣᠷᠴᠢᠨ ᠲᠣᠭᠤᠷᠢᠨ᠎ᠢ ᠬᠠᠮᠠᠭ᠋ᠠᠯᠠᠬᠤ ᠵᠢᠨ ᠲᠤᠰᠠᠳᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠤᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠭᠡᠷ᠎ᠡ ᠵᠢᠨ ᠤᠷᠭᠤᠮᠠᠯ᠎ᠤᠨ ᠬᠠᠮᠠᠭ᠋ᠠᠯᠠᠯᠲᠠ ᠵᠢᠨ ᠳᠦᠷᠢᠮ》 ᠪᠣᠯᠣᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠳᠦᠷᠢᠮ》᠎ᠤᠨ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠤᠳᠠᠳᠠᠢ᠎ᠲᠠᠢ ᠤᠶᠠᠯᠳᠤᠭᠤᠯᠵᠤ᠂ ᠲᠤᠰ ᠠᠷᠭ᠎ᠠ ᠵᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ᠂ ᠬᠤᠳᠠᠯᠳᠤᠵᠤ ᠠᠪᠬᠤ ᠠᠵᠢᠯᠯᠠᠭ᠎ᠠ ᠬᠢᠬᠦ᠎ᠳᠤ ᠲᠤᠰ ᠠᠷᠭ᠎ᠠ ᠵᠢ ᠵᠢᠷᠤᠮᠯᠠᠨ ᠰᠠᠬᠢᠬᠤ ᠬᠡᠷᠡᠭᠲᠡᠢ᠃
ᠭᠤᠷᠪᠠᠳᠤᠭ᠋ᠠᠷ ᠵᠦᠢ᠍ᠯ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ᠎ᠳᠤ ᠵᠦᠢ ᠵᠣᠬᠢᠰᠲᠠᠢ ᠲᠡᠭᠦᠵᠦ ᠴᠤᠭᠯᠠᠭᠤᠯᠬᠤ᠂ ᠦᠷᠬᠦᠯᠵᠢᠯᠡᠭᠦᠯᠦᠨ ᠠᠰᠢᠭᠯᠠᠬᠤ ᠵᠠᠷᠴᠢᠮ᠎ᠢ ᠵᠢᠷᠤᠮᠯᠠᠬᠤ ᠬᠡᠷᠡᠭᠲᠡᠢ᠃
ᠳᠥᠷᠪᠡᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ᠂ ᠬᠤᠳᠠᠯᠳᠤᠵᠤ ᠠᠪᠬᠤ᠎ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠬᠠᠷᠢᠭᠤᠴᠠᠨ᠎ᠠ᠃ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠨᠤᠲᠤᠭ ᠪᠡᠯᠴᠢᠭᠡᠷ᠎ᠲᠤ ᠬᠢᠨᠠᠯᠲᠠ ᠲᠠᠯᠪᠢᠵᠤ ᠬᠠᠮᠢᠶᠠᠷᠬᠤ ᠪᠠᠶ᠋ᠢᠭᠤᠯᠤᠮᠵᠢ᠎ᠨᠤᠭᠤᠳ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ᠂ ᠬᠤᠳᠠᠯᠳᠤᠵᠤ ᠠᠪᠬᠤ᠎ᠳᠤ ᠪᠤᠳᠠᠲᠠᠢ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠬᠠᠤᠯᠢ ᠶᠣᠰᠣᠭ᠋ᠠᠷ ᠬᠠᠷᠢᠭᠤᠴᠠᠨ᠎ᠠ᠃
ᠲᠠᠪᠤᠳᠤᠭ᠋ᠠᠷ ᠵᠦᠢ᠍ᠯ ᠳᠣᠲᠣᠭ᠋ᠠᠳᠤ ᠵᠢ ᠬᠠᠮᠠᠭ᠋ᠠᠯᠠᠬᠤ᠂ ᠠᠵᠤ ᠦᠢ᠍ᠯᠡᠳᠪᠦᠷᠢ ᠬᠤᠳᠠᠯᠳᠤᠭ᠎ᠠ᠂ ᠣᠷᠴᠢᠨ ᠲᠣᠭᠤᠷᠢᠨ᠎ᠤ ᠬᠠᠮᠠᠭ᠋ᠠᠯᠠᠯᠲᠠ᠂ ᠵᠠᠮ ᠬᠠᠷᠢᠯᠴᠠᠭ᠎ᠠ᠂ ᠢᠳᠡᠭᠡᠨ ᠪᠠ ᠡᠮ᠎ᠤᠨ ᠵᠦᠢ᠍ᠯ᠎ᠳᠤ ᠬᠢᠨᠠᠯᠲᠠ ᠲᠠᠯᠪᠢᠬᠤ ᠵᠡᠷᠭᠡ ᠰᠠᠯᠠᠭ᠎ᠠ ᠮᠥᠴᠢᠷ᠎ᠤᠳ ᠲᠤᠰ ᠲᠤᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ᠂ ᠬᠤᠳᠠᠯᠳᠤᠵᠤ ᠠᠪᠬᠤ ᠲᠠᠯ᠎ᠠ ᠵᠢᠨ ᠬᠠᠮᠢᠶ᠎ᠠ ᠪᠦᠬᠦᠢ ᠬᠠᠮᠢᠶᠠᠷᠤᠯᠲᠠ ᠵᠢᠨ ᠠᠵᠢᠯ᠎ᠢ ᠰᠠᠶ᠋ᠢᠳᠤᠷ ᠬᠢᠬᠦ ᠬᠡᠷᠡᠭᠲᠡᠢ᠃
ᠵᠢᠷᠭᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠠᠴᠠ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ ᠵᠢᠴᠢ ᠤᠷᠭᠤᠯᠲᠠ ᠵᠢᠨ ᠣᠷᠴᠢᠨ ᠲᠣᠭᠤᠷᠢᠨ᠎ᠢ ᠬᠠᠮᠠᠭ᠋ᠠᠯᠠᠬᠤ ᠬᠡᠷᠡᠭᠲᠡᠢ᠃ ᠶᠠᠮᠠᠷᠪᠠ ᠨᠢᠭᠡᠴᠡ ᠪᠠ ᠬᠤᠪᠢ ᠬᠥᠮᠥᠨ ᠭᠡᠳ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠬᠠᠤᠯᠢ ᠪᠤᠰᠤ᠎ᠪᠠᠷ ᠲᠡᠭᠦᠵᠦ ᠴᠤᠭᠯᠠᠭᠤᠯᠬᠤ ᠪᠤᠶᠤ ᠤᠷᠭᠤᠯᠲᠠ ᠵᠢᠨ ᠣᠷᠴᠢᠨ ᠲᠣᠭᠤᠷᠢᠨ᠎ᠢ ᠡᠪᠳᠡᠬᠦ ᠵᠢ ᠴᠠᠭ᠋ᠠᠵᠠᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠨᠤᠲᠤᠭ ᠪᠡᠯᠴᠢᠭᠡᠷ᠎ᠢ ᠬᠠᠮᠠᠭ᠋ᠠᠯᠠᠬᠤ ᠬᠡᠷᠡᠭᠴᠡᠭᠡ᠎ᠪᠠᠨ ᠦᠨᠳᠦᠰᠦᠯᠡᠨ ᠥᠪᠡᠷᠲᠡᠭᠡᠨ ᠵᠠᠰᠠᠬᠤ ᠣᠷᠣᠨ᠎ᠤ ᠭᠤᠣᠯᠳᠠᠯᠭ᠎ᠠ᠎ᠲᠠᠢ ᠬᠠᠮᠠᠭ᠋ᠠᠯᠠᠬᠤ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠤᠨ ᠨᠡᠷᠡᠰ᠎ᠤᠨ ᠲᠡᠭᠦᠪᠦᠷᠢ ᠵᠢ ᠨᠠᠶ᠋ᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠭᠰᠡᠨ᠎ᠤ ᠳᠠᠷᠠᠭ᠎ᠠ ᠨᠡᠶ᠋ᠢᠲᠡᠯᠡᠬᠦ ᠬᠡᠷᠡᠭᠲᠡᠢ᠃
ᠳᠣᠯᠣᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠰ ᠱᠠᠲᠤᠨ᠎ᠤ᠎ᠪᠠᠨ ᠨᠤᠲᠤᠭ ᠪᠡᠯᠴᠢᠭᠡᠷ᠎ᠤᠨ ᠬᠠᠮᠠᠭ᠋ᠠᠯᠠᠯᠲᠠ᠂ ᠪᠦᠲᠦᠭᠡᠨ ᠪᠠᠶ᠋ᠢᠭᠤᠯᠤᠯᠲᠠ᠂ ᠠᠰᠢᠭᠯᠠᠬᠤ ᠲᠥᠯᠥᠪᠵᠢᠭᠦᠯᠭᠡ᠎ᠪᠠᠨ ᠦᠨᠳᠦᠰᠦᠯᠡᠨ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠠᠷᠠᠭ᠎ᠠ ᠨᠢᠭᠡ ᠵᠢᠯ᠎ᠤᠨ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠬᠤ ᠵᠢᠨ ᠬᠠᠮᠲᠤ᠂ ᠵᠢᠯ ᠪᠦᠷᠢ ᠵᠢᠨ 12 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠱᠠᠲᠤ ᠳᠠᠷᠠᠭ᠋ᠠᠯᠠᠨ ᠮᠡᠳᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠬᠠᠮᠠᠭ᠋ᠠᠯᠠᠯᠲᠠ᠂ ᠪᠦᠲᠦᠭᠡᠨ ᠪᠠᠶ᠋ᠢᠭᠤᠯᠤᠯᠲᠠ᠂ ᠠᠰᠢᠭᠯᠠᠬᠤ ᠲᠥᠯᠥᠪᠵᠢᠭᠦᠯᠭᠡ ᠪᠣᠯᠣᠨ ᠡᠯ᠎ᠡ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠱᠠᠲᠤ ᠳᠠᠷᠠᠭ᠋ᠠᠯᠠᠨ ᠳᠡᠭᠡᠭᠰᠢ ᠮᠡᠳᠡᠭᠦᠯᠦᠭᠰᠡᠨ ᠲᠡᠭᠦᠵᠦ ᠴᠤᠭᠯᠠᠭᠤᠯᠬᠤ ᠲᠥᠯᠥᠪᠯᠡᠭᠡ ᠵᠢ ᠦᠨᠳᠦᠰᠦᠯᠡᠨ᠂ ᠲᠤᠰ ᠣᠨ᠎ᠳᠠᠬᠢ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ ᠪᠠ ᠬᠤᠳᠠᠯᠳᠤᠵᠤ ᠠᠪᠬᠤ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ ᠨᠡᠶ᠋ᠢᠲᠡᠯᠡᠵᠦ ᠬᠡᠷᠡᠭᠵᠢᠭᠦᠯᠬᠦ ᠬᠡᠷᠡᠭᠲᠡᠢ᠃
ᠨᠠᠢ᠍ᠮᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠤᠨ ᠠᠮᠢᠳᠤ ᠪᠣᠳᠠᠰ᠎ᠤᠨ ᠤᠬᠠᠭ᠋ᠠᠨ᠎ᠤ ᠣᠨᠴᠠᠯᠢᠭ ᠰᠢᠨᠵᠢ ᠪᠣᠯᠣᠨ ᠡᠬᠢ ᠪᠠᠶᠠᠯᠢᠭ᠎ᠤᠨ ᠨᠡᠮᠡᠭᠳᠡᠯ ᠬᠠᠰᠤᠭᠳᠠᠯ᠎ᠤᠨ ᠪᠠᠶ᠋ᠢᠳᠠᠯ᠎ᠢ ᠦᠨᠳᠦᠰᠦᠯᠡᠨ᠂ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠤᠨ ᠲᠡᠭᠦᠬᠦ ᠵᠢ ᠴᠠᠭ᠋ᠠᠵᠠᠯᠠᠬᠤ ᠬᠤᠭᠤᠴᠠᠭ᠎ᠠ ᠪᠣᠯᠣᠨ ᠲᠡᠭᠦᠬᠦ ᠵᠢ ᠴᠠᠭ᠋ᠠᠵᠠᠯᠠᠬᠤ ᠣᠷᠣᠨ᠎ᠢ ᠲᠣᠭᠲᠠᠭ᠋ᠠᠵᠤ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠶ᠋ᠠᠨ ᠵᠥᠪᠰᠢᠶᠡᠷᠡᠭᠦᠯᠦᠭᠡᠳ ᠨᠡᠶ᠋ᠢᠭᠡᠮ᠎ᠳᠤ ᠨᠡᠶ᠋ᠢᠲᠡᠯᠡᠬᠦ ᠬᠡᠷᠡᠭᠲᠡᠢ᠃ ᠲᠡᠭᠦᠬᠦ ᠵᠢ ᠴᠠᠭ᠋ᠠᠵᠠᠯᠠᠬᠤ ᠬᠤᠭᠤᠴᠠᠭ᠎ᠠ ᠪᠣᠯᠣᠨ ᠲᠡᠭᠦᠬᠦ ᠵᠢ ᠴᠠᠭ᠋ᠠᠵᠠᠯᠠᠬᠤ ᠣᠷᠣᠨ᠎ᠳᠤ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ ᠲᠡᠭᠦᠬᠦ ᠵᠢ ᠴᠠᠭ᠋ᠠᠵᠠᠯᠠᠨ᠎ᠠ᠃
ᠶᠢᠰᠦᠳᠦᠭᠡᠷ ᠵᠦᠢ᠍ᠯ ᠴᠥᠯᠯᠡᠷᠬᠡᠭ᠂ ᠬᠠᠭ᠋ᠠᠰ ᠴᠦᠯᠯᠡᠷᠬᠡᠭ ᠪᠠ ᠬᠥᠨᠳᠦ ᠨᠣᠴᠢᠲᠠᠢ ᠮᠠᠭᠤᠵᠢᠷᠠᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠠᠨ᠂ ᠴᠦᠯᠯᠡᠷᠬᠡᠭᠵᠢᠭᠰᠡᠨ ᠪᠠ ᠬᠥᠷᠥᠰᠥ ᠰᠢᠷᠤᠢ ᠢᠳᠡᠭᠳᠡᠭᠰᠡᠨ ᠨᠤᠲᠤᠭ ᠪᠡᠯᠴᠢᠭᠡᠷ ᠵᠢᠴᠢ ᠠᠮᠢ ᠠᠬᠤᠢ ᠬᠡᠪᠡᠷᠡᠭ ᠣᠷᠣᠨ᠎ᠤ ᠨᠤᠲᠤᠭ ᠪᠡᠯᠴᠢᠭᠡᠷ᠎ᠲᠤ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ ᠲᠡᠭᠦᠵᠦ ᠴᠤᠭᠯᠠᠭᠤᠯᠬᠤ ᠵᠢ ᠴᠠᠭ᠋ᠠᠵᠠᠯᠠᠨ᠎ᠠ᠃
ᠠᠷᠪᠠᠳᠤᠭ᠋ᠠᠷ ᠵᠦᠢ᠍ᠯ ᠪᠤᠰᠤᠳ᠎ᠤᠨ ᠳᠠᠭ᠋ᠠᠭ᠋ᠠᠴᠢᠯᠠᠭᠰᠠᠨ ᠪᠤᠶᠤ ᠬᠡᠷᠡᠭᠯᠡᠵᠦ ᠪᠠᠶ᠋ᠢᠭ᠎ᠠ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ᠎ᠳᠤ᠂ ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠨ ᠡᠵᠡᠩᠨᠡᠭᠴᠢ ᠪᠤᠶᠤ ᠨᠤᠲᠤᠭ ᠪᠡᠯᠴᠢᠭᠡᠷ᠎ᠤᠨ ᠬᠡᠷᠡᠭᠯᠡᠭᠴᠢ ᠵᠢᠨ ᠵᠥᠪᠰᠢᠶᠡᠷᠡᠯ᠎ᠢ ᠣᠯᠣᠭᠰᠠᠨ ᠪᠠᠶ᠋ᠢᠬᠤ ᠬᠡᠷᠡᠭᠲᠡᠢ᠃
ᠠᠷᠪᠠᠨ ᠨᠢᠭᠡᠳᠦᠭᠡᠷ ᠵᠦᠢ᠍ᠯ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠤᠭᠰᠠᠳ ᠨᠤᠲᠤᠭ ᠪᠡᠯᠴᠢᠭᠡᠷ᠎ᠲᠤ ᠤᠬᠤᠵᠤ ᠮᠠᠯᠲᠠᠭᠰᠠᠨ ᠨᠦᠬᠡ᠎ᠪᠠᠨ ᠴᠠᠭ ᠲᠤᠬᠠᠢᠳᠤᠨᠢ ᠪᠥᠭᠯᠡᠬᠦ ᠬᠡᠷᠡᠭᠲᠡᠢ᠃ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ᠎ᠳᠤ ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠲᠠ ᠵᠢ ᠰᠡᠷᠭᠦᠭᠡᠬᠦ ᠰᠦᠢ᠍ᠳᠬᠡᠯ᠎ᠢ ᠬᠠᠤᠯᠢ ᠶᠣᠰᠣᠭ᠋ᠠᠷ ᠲᠤᠰᠢᠶᠠᠬᠤ ᠬᠡᠷᠡᠭᠲᠡᠢ᠃
ᠠᠷᠪᠠᠨ ᠬᠤᠶᠠᠳᠤᠭ᠋ᠠᠷ ᠵᠦᠢ᠍ᠯ ᠤᠯᠤᠰ᠎ᠤᠨ ᠨᠢᠭᠡᠳᠦᠭᠡᠷ ᠳᠡᠰ᠎ᠤᠨ ᠬᠠᠮᠠᠭ᠋ᠠᠯᠠᠯᠲᠠ᠎ᠲᠠᠢ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ᠂ ᠬᠤᠳᠠᠯᠳᠤᠨ ᠠᠪᠬᠤ ᠵᠢ ᠴᠠᠭ᠋ᠠᠵᠠᠯᠠᠨ᠎ᠠ᠃ ᠤᠯᠤᠰ᠎ᠤᠨ ᠬᠤᠶᠠᠳᠤᠭ᠋ᠠᠷ ᠳᠡᠰ᠎ᠤᠨ ᠬᠠᠮᠠᠭ᠋ᠠᠯᠠᠯᠲᠠ᠎ᠲᠠᠢ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ ᠪᠠ ᠬᠤᠳᠠᠯᠳᠤᠵᠤ ᠠᠪᠬᠤ᠎ᠳᠤ᠂ ᠲᠡᠭᠦᠵᠦ ᠴᠤᠭᠯᠠᠭᠤᠯᠬᠤ ᠪᠠ ᠬᠤᠳᠠᠯᠳᠤᠵᠤ ᠠᠪᠬᠤ ᠵᠥᠪᠰᠢᠶᠡᠷᠡᠯ᠎ᠤᠨ ᠳᠦᠷᠢᠮ᠎ᠢ ᠬᠡᠷᠡᠭᠵᠢᠭᠦᠯᠬᠦ ᠬᠡᠷᠡᠭᠲᠡᠢ᠃
ᠠᠷᠪᠠᠨ ᠭᠤᠷᠪᠠᠳᠤᠭ᠋ᠠᠷ ᠵᠦᠢ᠍ᠯ ᠤᠯᠤᠰ᠎ᠤᠨ ᠬᠤᠶᠠᠳᠤᠭ᠋ᠠᠷ ᠳᠡᠰ᠎ᠤᠨ ᠬᠠᠮᠠᠭ᠋ᠠᠯᠠᠯᠲᠠ᠎ᠲᠠᠢ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ᠂ ᠬᠤᠳᠠᠯᠳᠤᠵᠤ ᠠᠪᠬᠤ᠎ᠪᠠᠷ ᠭᠤᠶᠤᠴᠢᠯᠠᠭᠰᠠᠨ ᠲᠥᠷᠥᠯ ᠪᠣᠯᠣᠨ ᠲᠤᠭ᠎ᠠ ᠬᠡᠮᠵᠢᠶ᠎ᠡ᠎ᠨᠢ ᠲᠤᠰ ᠣᠨ᠎ᠳᠠᠬᠢ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ ᠬᠢᠭᠡᠳ ᠬᠤᠳᠠᠯᠳᠤᠵᠤ ᠠᠪᠬᠤ ᠲᠥᠯᠥᠪᠯᠡᠭᠡ᠎ᠯᠦᠭᠡ ᠨᠡᠶ᠋ᠢᠴᠡᠭᠰᠡᠨ ᠪᠠᠶ᠋ᠢᠬᠤ ᠬᠡᠷᠡᠭᠲᠡᠢ᠃
ᠠᠷᠪᠠᠨ ᠳᠥᠷᠪᠡᠳᠦᠭᠡᠷ ᠵᠦᠢ᠍ᠯ ᠤᠯᠤᠰ᠎ᠤᠨ ᠬᠤᠶᠠᠳᠤᠭ᠋ᠠᠷ ᠳᠡᠰ᠎ᠤᠨ ᠬᠠᠮᠠᠭ᠋ᠠᠯᠠᠯᠲᠠ᠎ᠲᠠᠢ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ᠎ᠪᠠᠷ ᠭᠤᠶᠤᠴᠢᠯᠠᠬᠤ᠎ᠳᠤ᠂ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ ᠭᠤᠶᠤᠴᠢᠯᠠᠯ᠎ᠤᠨ ᠬᠦᠰᠦᠨᠦᠭᠲᠦ ᠵᠢ ᠲᠠᠭᠯᠠᠵᠤ᠂ ᠭᠤᠶᠤᠴᠢᠯᠠᠯ᠎ᠤᠨ ᠮᠠᠲ᠋ᠧᠷᠢᠶᠠᠯ ᠵᠶ᠋ᠠᠨ ᠲᠡᠭᠦᠵᠦ ᠴᠤᠭᠯᠠᠭᠤᠯᠬᠤ ᠭᠠᠵᠠᠷ᠎ᠤᠨ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠢ᠃ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠭᠤᠶᠤᠴᠢᠯᠠᠯ᠎ᠢ ᠰᠢᠢ᠍ᠳᠪᠦᠷᠢᠯᠡᠬᠦ᠎ᠪᠠᠷ ᠬᠦᠯᠢᠶᠡᠨ ᠠᠪᠤᠭᠰᠠᠨ ᠡᠳᠦᠷ᠎ᠠᠴᠠ ᠡᠬᠢᠯᠡᠨ ᠬᠤᠷᠢᠨ ᠡᠳᠦᠷ᠎ᠤᠨ ᠳᠣᠲᠣᠷ᠎ᠠ᠂ ᠬᠢᠨᠠᠭᠰᠠᠨ ᠰᠠᠨᠠᠯ ᠵᠶ᠋ᠠᠨ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠵᠦ ᠬᠢᠨᠠᠨ ᠵᠥᠪᠰᠢᠶᠡᠷᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠢᠨᠠᠭᠤᠯᠬᠤ ᠮᠠᠲ᠋ᠧᠷᠢᠶᠠᠯ᠎ᠢ ᠭᠠᠷᠳᠠᠭᠰᠠᠨ ᠡᠳᠦᠷ᠎ᠠᠴᠠ ᠡᠬᠢᠯᠡᠨ ᠬᠤᠷᠢᠨ ᠡᠳᠦᠷ᠎ᠤᠨ ᠳᠣᠲᠣᠷ᠎ᠠ᠂ ᠨᠦᠬᠦᠴᠡᠯ᠎ᠳᠤ ᠨᠡᠶ᠋ᠢᠴᠡᠬᠦ᠎ᠳᠤᠨᠢ ᠲᠡᠭᠦᠵᠦ ᠴᠤᠭᠯᠠᠭᠤᠯᠬᠤ ᠦᠨᠡᠮᠯᠡᠯ ᠣᠯᠭᠤᠬᠤ ᠬᠡᠷᠡᠭᠲᠡᠢ; ᠨᠦᠬᠦᠴᠡᠯ᠎ᠳᠤ ᠨᠡᠶ᠋ᠢᠴᠡᠬᠦ ᠦᠭᠡᠢ᠎ᠳᠤᠨᠢ ᠰᠢᠯᠲᠠᠭ᠋ᠠᠨ᠎ᠢ᠎ᠨᠢ ᠪᠢᠴᠢᠭ ᠵᠶ᠋ᠠᠷ ᠲᠣᠳᠣᠷᠬᠠᠶ᠋ᠢᠯᠠᠵᠤ ᠥᠭᠬᠦ ᠬᠡᠷᠡᠭᠲᠡᠢ᠃
ᠠᠷᠪᠠᠨ ᠲᠠᠪᠤᠳᠤᠭ᠋ᠠᠷ ᠵᠦᠢ᠍ᠯ ᠤᠯᠤᠰ᠎ᠤᠨ ᠬᠤᠶᠠᠳᠤᠭ᠋ᠠᠷ ᠳᠡᠰ᠎ᠤᠨ ᠬᠠᠮᠠᠭ᠋ᠠᠯᠠᠯᠲᠠ᠎ᠲᠠᠢ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠬᠤᠳᠠᠯᠳᠤᠵᠤ ᠠᠪᠬᠤ᠎ᠪᠠᠷ ᠭᠤᠶᠤᠴᠢᠯᠠᠬᠤ᠎ᠳᠤ᠂ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠬᠤᠳᠠᠯᠳᠤᠵᠤ ᠠᠪᠬᠤ ᠭᠤᠶᠤᠴᠢᠯᠠᠯ᠎ᠤᠨ ᠬᠦᠰᠦᠨᠦᠭᠲᠦ ᠵᠢ ᠲᠠᠭᠯᠠᠵᠤ᠂ ᠵᠢᠯ ᠪᠦᠷᠢ ᠵᠢᠨ 3 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ ᠭᠤᠶᠤᠴᠢᠯᠠᠯ᠎ᠤᠨ ᠮᠠᠲ᠋ᠧᠷᠢᠶᠠᠯ ᠵᠶ᠋ᠠᠨ ᠪᠠᠶ᠋ᠢᠭ᠎ᠠ ᠭᠠᠵᠠᠷ᠎ᠤᠨ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠢ᠃ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠭᠤᠶᠤᠴᠢᠯᠠᠯ᠎ᠤᠨ ᠮᠠᠲ᠋ᠧᠷᠢᠶᠠᠯ᠎ᠢ ᠣᠯᠣᠭᠰᠠᠨ ᠡᠳᠦᠷ᠎ᠠᠴᠠ ᠡᠬᠢᠯᠡᠨ ᠳᠣᠯᠣᠭ᠋ᠠᠨ ᠠᠵᠢᠯᠯᠠᠬᠤ ᠡᠳᠦᠷ᠎ᠤᠨ ᠳᠣᠲᠣᠷ᠎ᠠ᠂ ᠠᠶ᠋ᠢᠮᠠᠭ᠎ᠤᠨ ᠵᠠᠬᠢᠷᠭ᠎ᠠ᠂ ᠲᠣᠭᠤᠷᠢᠭ ᠪᠠᠶ᠋ᠢᠭᠤᠯᠤᠭᠰᠠᠨ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠤᠯᠠᠮᠵᠢᠯᠠᠨ ᠬᠦᠷᠭᠡᠬᠦ ᠬᠡᠷᠡᠭᠲᠡᠢ᠃ ᠠᠶ᠋ᠢᠮᠠᠭ᠎ᠤᠨ ᠵᠠᠬᠢᠷᠭ᠎ᠠ᠂ ᠲᠣᠭᠤᠷᠢᠭ ᠪᠠᠶ᠋ᠢᠭᠤᠯᠤᠭᠰᠠᠨ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠭᠤᠶᠣᠴᠢᠯᠠᠯᠢ ᠰᠢᠢ᠍ᠳᠪᠦᠷᠢᠯᠡᠬᠦ᠎ᠪᠠᠷ ᠬᠦᠯᠢᠶᠡᠨ ᠠᠪᠤᠭᠰᠠᠨ ᠡᠳᠦᠷ᠎ᠠᠴᠠ ᠡᠬᠢᠯᠡᠨ ᠬᠤᠷᠢᠨ ᠡᠳᠦᠷ᠎ᠤᠨ ᠳᠣᠲᠣᠷ᠎ᠠ᠂ ᠨᠦᠬᠦᠴᠡᠯ᠎ᠳᠤ ᠨᠡᠶ᠋ᠢᠴᠡᠬᠦ ᠵᠢ᠎ᠨᠢ ᠵᠥᠪᠰᠢᠶᠡᠷᠡᠬᠦ ᠬᠡᠷᠡᠭᠲᠡᠢ; ᠨᠦᠬᠦᠴᠡᠯ᠎ᠳᠤ ᠨᠡᠶ᠋ᠢᠴᠡᠬᠦ ᠦᠭᠡᠢ᠎ᠳᠤᠨᠢ ᠰᠢᠯᠲᠠᠭ᠋ᠠᠨ᠎ᠢ᠎ᠨᠢ ᠪᠢᠴᠢᠭ ᠵᠶ᠋ᠠᠷ ᠲᠣᠳᠣᠷᠬᠠᠶ᠋ᠢᠯᠠᠵᠤ ᠥᠭᠬᠦ ᠬᠡᠷᠡᠭᠲᠡᠢ᠃
ᠠᠷᠪᠠᠨ ᠵᠢᠷᠭᠤᠳᠤᠭ᠋ᠠᠷ ᠵᠦᠢ᠍ᠯ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ ᠦᠨᠡᠮᠯᠡᠯ ᠪᠣᠯᠣᠨ ᠬᠤᠳᠠᠯᠳᠤᠨ ᠠᠪᠬᠤ ᠵᠢ ᠵᠥᠪᠰᠢᠶᠡᠷᠡᠭᠰᠡᠨ ᠲᠣᠭᠲᠠᠭ᠋ᠠᠯ᠎ᠤᠨ ᠬᠦᠴᠦᠨ᠎ᠲᠠᠢ ᠬᠤᠭᠤᠴᠠᠭ᠎ᠠ᠎ᠨᠢ ᠨᠢᠭᠡ ᠵᠢᠯ ᠪᠣᠯᠣᠨ᠎ᠠ᠃
ᠠᠷᠪᠠᠨ ᠳᠣᠯᠣᠳᠤᠭ᠋ᠠᠷ ᠵᠦᠢ᠍ᠯ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ ᠭᠤᠶᠤᠴᠢᠯᠠᠯ᠎ᠤᠨ ᠬᠦᠰᠦᠨᠦᠭᠲᠦ᠂ ᠬᠤᠳᠠᠯᠳᠤᠵᠤ ᠠᠪᠬᠤ ᠭᠤᠶᠤᠴᠢᠯᠠᠯ᠎ᠤᠨ ᠬᠦᠰᠦᠨᠦᠭᠲᠦ ᠪᠣᠯᠣᠨ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ ᠦᠨᠡᠮᠯᠡᠯ᠎ᠢ ᠪᠣᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠨᠢᠭᠡᠲᠦᠯᠲᠡᠢ ᠳᠠᠷᠤᠮᠠᠯᠯᠠᠨ ᠵᠣᠬᠢᠶᠠᠨ᠎ᠠ᠃
ᠠᠷᠪᠠᠨ ᠨᠠᠢ᠍ᠮᠡᠳᠤᠭ᠋ᠠᠷ ᠵᠦᠢ᠍ᠯ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ ᠦᠨᠡᠮᠯᠡᠯ ᠪᠣᠯᠣᠨ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠬᠤᠳᠠᠯᠳᠤᠵᠤ ᠠᠪᠬᠤ ᠵᠢ ᠵᠥᠪᠰᠢᠶᠡᠷᠡᠭᠰᠡᠨ ᠲᠣᠭᠲᠠᠭ᠋ᠠᠯ᠎ᠢ ᠬᠤᠳᠠᠯ ᠬᠠᠭᠤᠷᠮᠠᠭ ᠵᠶ᠋ᠠᠷ ᠵᠣᠬᠢᠶᠠᠵᠤ᠂ ᠪᠠᠯᠠᠯᠤᠨ ᠥᠭᠡᠷᠡᠴᠢᠯᠡᠵᠦ᠂ ᠰᠢᠯᠵᠢᠭᠦᠯᠦᠨ ᠥᠭᠴᠦ᠂ ᠰᠠᠷᠢᠭ᠋ᠠᠯᠠᠵᠤ᠂ ᠲᠦᠷᠢᠶᠡᠰᠦᠯᠡᠵᠦ᠂ ᠵᠢᠭᠡᠯᠡᠭᠦᠯᠵᠦ ᠪᠣᠯᠬᠤ ᠦᠭᠡᠢ᠃
ᠠᠷᠪᠠ ᠶᠢᠰᠦᠳᠦᠭᠡᠷ ᠵᠦᠢ᠍ᠯ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ ᠦᠨᠡᠮᠯᠡᠯ᠂ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠬᠤᠳᠠᠯᠳᠤᠵᠤ ᠠᠪᠬᠤ ᠵᠢ ᠵᠥᠪᠰᠢᠶᠡᠷᠡᠭᠰᠡᠨ ᠲᠣᠭᠲᠠᠭ᠋ᠠᠯ᠎ᠢ ᠣᠯᠣᠭᠰᠠᠨ ᠪᠣᠯ᠂ ᠲᠡᠭᠦᠵᠦ ᠴᠤᠭᠯᠠᠭᠤᠯᠬᠤ ᠦᠨᠡᠮᠯᠡᠯ᠂ ᠬᠤᠳᠠᠯᠳᠤᠵᠤ ᠠᠪᠬᠤ ᠵᠢ ᠵᠥᠪᠰᠢᠶᠡᠷᠡᠭᠰᠡᠨ ᠲᠣᠭᠲᠠᠭ᠋ᠠᠯ᠎ᠳᠤ ᠲᠣᠭᠲᠠᠭ᠋ᠠᠭᠰᠠᠨ ᠤᠷᠭᠤᠮᠠᠯ᠎ᠤᠨ ᠲᠥᠷᠥᠯ᠂ ᠣᠷᠣᠨ᠂ ᠬᠤᠭᠤᠴᠠᠭ᠎ᠠ ᠬᠢᠵᠠᠭ᠋ᠠᠷ᠂ ᠲᠤᠭ᠎ᠠ ᠬᠡᠮᠵᠢᠶ᠎ᠡ ᠪᠣᠯᠣᠨ ᠠᠷᠭ᠎ᠠ ᠵᠢᠨ ᠶᠣᠰᠣᠭ᠋ᠠᠷ ᠲᠡᠭᠦᠵᠦ ᠴᠤᠭᠯᠠᠭᠤᠯᠬᠤ ᠪᠠ ᠬᠤᠳᠠᠯᠳᠤᠵᠤ ᠠᠪᠬᠤ ᠬᠡᠷᠡᠭᠲᠡᠢ᠃
ᠬᠤᠷᠢᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠵᠤ ᠲᠤᠰ ᠵᠠᠰᠠᠭ ᠵᠠᠬᠢᠷᠭ᠋ᠠᠨ᠎ᠤ ᠣᠷᠣᠨ ᠵᠶ᠋ᠠᠷ ᠣᠷᠣᠵᠤ ᠭᠠᠷᠬᠤ ᠭᠤᠣᠯᠳᠠᠯᠭ᠎ᠠ᠎ᠲᠠᠢ ᠨᠡᠪᠲᠡᠷᠡᠬᠦ ᠵᠠᠮ᠎ᠳᠤ ᠲᠦᠷ ᠴᠠᠭ᠎ᠤᠨ ᠪᠠᠶ᠋ᠢᠴᠠᠭ᠋ᠠᠬᠤ ᠥᠷᠲᠡᠭᠡ ᠪᠠᠶ᠋ᠢᠭᠤᠯᠤᠨ᠂ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠬᠠᠤᠯᠢ ᠪᠤᠰᠤ᠎ᠪᠠᠷ ᠲᠡᠭᠦᠵᠦ ᠴᠤᠭᠯᠠᠭᠤᠯᠬᠤ ᠪᠠ ᠬᠤᠳᠠᠯᠳᠤᠵᠤ ᠠᠪᠬᠤ ᠬᠥᠮᠥᠰ᠎ᠤᠨ ᠨᠤᠲᠤᠭ ᠪᠡᠯᠴᠢᠭᠡᠷ᠎ᠲᠠᠢ ᠭᠠᠵᠠᠷ ᠵᠶ᠋ᠠᠷ ᠣᠷᠣᠵᠤ ᠢᠷᠡᠬᠦ ᠪᠤᠶᠤ ᠭᠠᠷᠴᠤ ᠶᠠᠪᠤᠬᠤ ᠵᠢ ᠪᠠᠶ᠋ᠢᠴᠠᠭ᠋ᠠᠨ ᠬᠤᠷᠢᠭᠯᠠᠬᠤ ᠬᠡᠷᠡᠭᠲᠡᠢ᠃
ᠬᠤᠷᠢᠨ ᠨᠢᠭᠡᠳᠦᠭᠡᠷ ᠵᠦᠢ᠍ᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠭᠰᠡᠨ᠂ ᠳᠣᠣᠷᠠᠬᠢ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠤᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠭᠡᠷ᠎ᠡ ᠵᠢᠨ ᠤᠷᠭᠤᠮᠠᠯ᠎ᠤᠨ ᠬᠠᠮᠠᠭ᠋ᠠᠯᠠᠯᠲᠠ ᠵᠢᠨ ᠳᠦᠷᠢᠮ》 ᠪᠣᠯᠣᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠳᠦᠷᠢᠮ》᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠳᠬᠡᠨ ᠲᠣᠷᠭ᠋ᠠᠨ᠎ᠠ᠄ (ᠨᠢᠭᠡ) ᠲᠡᠭᠦᠬᠦ ᠵᠢ ᠴᠠᠭ᠋ᠠᠵᠠᠯᠠᠬᠤ ᠬᠤᠭᠤᠴᠠᠭ᠎ᠠ ᠪᠤᠶᠤ ᠲᠡᠭᠦᠬᠦ ᠵᠢ ᠴᠠᠭ᠋ᠠᠵᠠᠯᠠᠬᠤ ᠣᠷᠣᠨ᠎ᠳᠤ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠤᠭᠰᠠᠨ; (ᠬᠤᠶᠠᠷ) ᠴᠥᠯᠯᠡᠷᠬᠡᠭ᠂ ᠬᠠᠭ᠋ᠠᠰ ᠴᠦᠯᠯᠡᠷᠬᠡᠭ ᠪᠠ ᠬᠥᠨᠳᠦ ᠨᠣᠴᠢᠲᠠᠢ ᠮᠠᠭᠤᠵᠢᠷᠠᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠠᠨ᠂ ᠴᠦᠯᠯᠡᠷᠬᠡᠭᠵᠢᠭᠰᠡᠨ ᠪᠠ ᠬᠦᠷᠦᠰᠦ ᠰᠢᠷᠤᠢ ᠢᠳᠡᠭᠳᠡᠭᠰᠡᠨ ᠨᠤᠲᠤᠭ ᠪᠡᠯᠴᠢᠭᠡᠷ ᠵᠢᠴᠢ ᠠᠮᠢ ᠠᠬᠤᠢ ᠬᠡᠪᠡᠷᠡᠭ ᠣᠷᠣᠨ᠎ᠤ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠤᠭᠰᠠᠨ; (ᠭᠤᠷᠪᠠ) ᠪᠤᠰᠤᠳ᠎ᠤᠨ ᠳᠠᠭ᠋ᠠᠭ᠋ᠠᠴᠢᠯᠠᠵᠤ ᠡᠵᠡᠩᠨᠡᠬᠦ ᠡᠷᠬᠡ ᠪᠤᠶᠤ ᠬᠡᠷᠡᠭᠯᠡᠬᠦ ᠡᠷᠬᠡ᠎ᠲᠠᠢ ᠨᠤᠲᠤᠭ ᠪᠡᠯᠴᠢᠭᠡᠷ᠎ᠲᠤ ᠬᠠᠤᠯᠢ ᠪᠤᠰᠤ᠎ᠪᠠᠷ ᠣᠷᠣᠵᠤ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠤᠭᠰᠠᠨ; (ᠳᠥᠷᠪᠡ) ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠤᠭ᠋ᠠᠳ ᠨᠤᠲᠤᠭ ᠪᠡᠯᠴᠢᠭᠡᠷ᠎ᠲᠤ ᠤᠬᠤᠵᠤ ᠮᠠᠯᠲᠠᠭᠰᠠᠨ ᠨᠦᠬᠡ᠎ᠪᠠᠨ ᠴᠠᠭ ᠲᠤᠬᠠᠢᠳᠤᠨᠢ ᠪᠦᠭᠯᠡᠭᠰᠡᠨ ᠦᠭᠡᠢ; (ᠲᠠᠪᠤ) ᠤᠯᠤᠰ᠎ᠤᠨ ᠨᠢᠭᠡᠳᠦᠭᠡᠷ ᠳᠡᠰ᠎ᠤᠨ ᠬᠠᠮᠠᠭ᠋ᠠᠯᠠᠯᠲᠠ᠎ᠲᠠᠢ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠤᠭᠰᠠᠨ᠂ ᠬᠤᠳᠠᠯᠳᠤᠵᠤ ᠠᠪᠤᠭᠰᠠᠨ; (ᠵᠢᠷᠭᠤᠭ᠎ᠠ) ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ ᠦᠨᠡᠮᠯᠡᠯ ᠣᠯᠣᠭ᠋ᠠᠳᠤᠢ᠎ᠪᠠᠷ ᠪᠤᠶᠤ ᠲᠡᠭᠦᠵᠦ ᠴᠤᠭᠯᠠᠭᠤᠯᠬᠤ ᠦᠨᠡᠮᠯᠡᠯ᠎ᠳᠠᠬᠢ ᠲᠣᠭᠲᠠᠭ᠋ᠠᠯ᠎ᠢ ᠥᠯᠥ ᠵᠢᠷᠤᠮᠯᠠᠨ ᠲᠡᠭᠦᠵᠦ ᠴᠤᠭᠯᠠᠭᠤᠯᠤᠭᠰᠠᠨ; (ᠳᠣᠯᠤᠭ᠎ᠠ) ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠬᠤᠳᠠᠯᠳᠣᠵᠤ ᠠᠪᠬᠤ ᠵᠢ ᠵᠥᠪᠰᠢᠶᠡᠷᠡᠭᠰᠡᠨ ᠲᠣᠭᠲᠠᠭ᠋ᠠᠯ᠎ᠢ ᠣᠯᠣᠭ᠋ᠠᠳᠤᠢ᠎ᠪᠠᠷ ᠪᠤᠶᠤ ᠬᠤᠳᠠᠯᠳᠤᠵᠤ ᠠᠪᠬᠤ ᠵᠢ ᠵᠥᠪᠰᠢᠶᠡᠷᠡᠭᠰᠡᠨ ᠲᠣᠭᠲᠠᠭ᠋ᠠᠯ᠎ᠳᠤ ᠲᠣᠭᠲᠠᠭ᠋ᠠᠭᠰᠠᠨ ᠶᠣᠰᠣᠭ᠋ᠠᠷ ᠬᠤᠳᠠᠯᠳᠤᠵᠤ ᠠᠪᠤᠭᠰᠠᠨ ᠦᠭᠡᠢ; (ᠨᠠᠢ᠌ᠮᠠ) ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ ᠦᠨᠡᠮᠯᠡᠯ ᠪᠤᠶᠤ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠬᠤᠳᠠᠯᠳᠤᠵᠤ ᠠᠪᠬᠤ ᠵᠢ ᠵᠥᠪᠰᠢᠶᠡᠷᠡᠭᠰᠡᠨ ᠲᠣᠭᠲᠠᠭ᠋ᠠᠯ᠎ᠢ ᠬᠤᠳᠠᠯ ᠬᠠᠭᠤᠷᠮᠠᠭ ᠵᠶ᠋ᠠᠷ ᠵᠣᠬᠢᠶᠠᠭᠰᠠᠨ᠂ ᠪᠠᠯᠠᠯᠤᠨ ᠥᠭᠡᠷᠡᠴᠢᠯᠡᠭᠰᠡᠨ᠂ ᠰᠢᠯᠵᠢᠭᠦᠯᠦᠨ ᠥᠭᠭᠦᠭᠰᠡᠨ᠂ ᠰᠠᠷᠢᠭ᠋ᠠᠯᠠᠭᠰᠠᠨ᠂ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ᠃
ᠬᠤᠷᠢᠨ ᠬᠤᠶᠠᠳᠤᠭ᠋ᠠᠷ ᠵᠦᠢ᠍ᠯ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠠᠵᠢᠯᠲᠠᠨ ᠪᠣᠯᠣᠨ ᠨᠤᠲᠤᠭ ᠪᠡᠯᠴᠢᠭᠡᠷ᠎ᠲᠤ ᠬᠢᠨᠠᠯᠲᠠ ᠲᠠᠯᠪᠢᠵᠤ ᠬᠠᠮᠢᠶᠠᠷᠬᠤ ᠪᠠᠶ᠋ᠢᠭᠤᠯᠤᠮᠵᠢ ᠵᠢᠨ ᠠᠵᠢᠯᠲᠠᠨ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠭᠰᠡᠨ᠂ ᠳᠣᠣᠷᠠᠬᠢ ᠮᠡᠲᠦ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ; ᠶᠠᠯᠠᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠄ (ᠨᠢᠭᠡ) ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ ᠦᠨᠡᠮᠯᠡᠯ ᠪᠤᠶᠤ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠬᠤᠳᠠᠯᠳᠤᠵᠤ ᠠᠪᠬᠤ ᠵᠢ ᠵᠥᠪᠰᠢᠶᠡᠷᠡᠬᠦ ᠲᠣᠭᠲᠠᠭ᠋ᠠᠯ᠎ᠢ ᠬᠠᠤᠯᠢ᠎ᠪᠠᠷ ᠲᠣᠭᠲᠠᠭ᠋ᠠᠭᠰᠠᠨ ᠨᠥᠬᠦᠴᠡᠯ ᠪᠣᠯᠣᠨ ᠳᠡᠰ ᠳᠠᠷᠠᠭ᠋ᠠᠯᠠᠯ᠎ᠢ ᠥᠯᠥ ᠵᠢᠷᠤᠮᠯᠠᠨ ᠣᠯᠭᠤᠭᠰᠠᠨ; (ᠬᠤᠶᠠᠷ) ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠭᠰᠡᠨ ᠦᠭᠡᠢ ᠪᠤᠶᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠣᠯᠵᠤ ᠮᠡᠳᠡᠭᠰᠡᠨ ᠪᠠᠶ᠋ᠢᠭ᠋ᠠᠳ ᠪᠠᠶ᠋ᠢᠴᠠᠭ᠋ᠠᠨ ᠰᠢᠢ᠍ᠳᠪᠦᠷᠢᠯᠡᠭᠰᠡᠨ ᠦᠭᠡᠢ᠎ᠠᠴᠠ ᠪᠣᠯᠵᠤ ᠬᠦᠨᠳᠦ ᠨᠣᠴᠢᠲᠠᠢ ᠦᠷ᠎ᠡ ᠤᠷᠰᠢᠭ ᠲᠠᠲᠠᠭᠰᠠᠨ; (ᠭᠤᠷᠪᠠ) ᠬᠢᠨᠠᠯᠲᠠ ᠲᠠᠯᠪᠢᠵᠤ ᠬᠠᠮᠢᠶᠠᠷᠬᠤ ᠠᠵᠢᠯ᠎ᠳᠤ ᠠᠯᠪᠠᠨ ᠲᠤᠰᠢᠶᠠᠯ᠎ᠳᠠᠭᠠᠨ ᠠᠯᠠᠮᠠᠶ᠋ᠢᠷᠠᠨ ᠣᠰᠣᠯᠳᠠᠵᠤ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠨ᠂ ᠭᠤᠶᠠᠴᠢᠯᠠᠨ ᠬᠠᠤᠯᠢ ᠶᠣᠰᠣ ᠵᠢ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ᠃ ᠬᠤᠷᠢᠨ ᠭᠤᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠭᠤᠣᠯᠳᠠᠯᠭ᠎ᠠ ᠲ᠋ᠠᠢ ᠬᠠᠮᠠᠭ᠋ᠠᠯᠠᠵᠤ ᠪᠠᠶ᠋ᠢᠭ᠎ᠠ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ᠂ ᠬᠤᠳᠠᠯᠳᠤᠵᠤ ᠠᠪᠬᠤ ᠬᠠᠮᠢᠶᠠᠷᠤᠯᠲᠠ᠎ᠳᠤ ᠲᠤᠰ ᠠᠷᠭ᠎ᠠ ᠵᠢᠨ ᠲᠣᠭᠲᠠᠭ᠋ᠠᠯ᠎ᠢ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃ ᠬᠤᠷᠢᠨ ᠳᠥᠷᠪᠡᠳᠦᠭᠡᠷ ᠵᠦᠢ᠍ᠯ ᠲᠤᠰ ᠠᠷᠭ᠎ᠠ ᠵᠢ 2009 ᠣᠨ᠎ᠤ 3 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃