(1991 ᠣᠨ᠎ᠤ12 ᠰᠠᠷ᠎ᠠ ᠵᠢᠨ 24᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠯᠣᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠷᠢᠨ ᠳᠥᠷᠪᠡᠳᠦᠭᠡᠷ ᠬᠤᠷᠠᠯᠳᠤᠭ᠋ᠠᠨ᠎ᠠᠴᠠ ᠪᠠᠲᠤᠯᠠᠵᠤ᠂ ᠨᠡᠶ᠋ᠢᠲᠡᠯᠡᠨ ᠬᠡᠷᠡᠭᠵᠢᠭᠦᠯᠪᠡ)
ᠨᠢᠭᠡᠳᠦᠭᠡᠷ ᠪᠦᠯᠦᠭ ᠶᠡᠷᠦᠩᠬᠡᠶ ᠳᠦᠷᠢᠮ
ᠨᠢᠭᠡᠳᠦᠭᠡᠷ ᠵᠣᠷᠪᠣᠰ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ᠎ᠢ ᠬᠠᠮᠠᠭ᠋ᠠᠯᠠᠡ ᠬᠥᠭᠵᠢᠭᠦᠯᠵᠦ ᠵᠣᠬᠢᠰᠲᠠᠶ ᠠᠰᠢᠭᠯᠠᠬᠤ ᠵᠢᠨ ᠲᠦᠯᠦᠭᠡ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ》 ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠵᠤ᠂ ᠲᠣᠰ ᠠᠷᠭ᠎ᠠ ᠵᠢ ᠲᠣᠭᠲᠠᠭ᠋ᠠᠪᠠ᠃
ᠬᠣᠶᠠᠳᠤᠭ᠋ᠠᠷ ᠵᠣᠷᠪᠣᠰ ᠥᠪᠡᠷᠲᠡᠭᠡᠨ ᠵᠠᠰᠠᠬᠤ ᠣᠷᠣᠨ᠎ᠤ ᠬᠢᠯᠢ ᠳᠣᠲᠣᠷ᠎ᠠ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠮᠢᠶᠠᠷᠤᠯᠲᠠ ᠬᠢᠬᠦ᠂ ᠲᠡᠵᠢᠭᠡᠵᠦ ᠦᠷᠡᠵᠢᠭᠦᠯᠬᠦ᠂ ᠨᠡᠭᠡᠭᠡᠨ ᠠᠰᠢᠭᠯᠠᠬᠤ ᠠᠵᠢᠯᠯᠠᠭ᠎ᠠ ᠬᠢᠬᠦ ᠵᠢ ᠡᠷᠬᠢᠯᠡᠬᠦ᠎ᠳᠤ ᠡᠷᠬᠡᠪᠰᠢ ᠲᠤᠰ ᠠᠷᠭ᠎ᠠ ᠵᠢ ᠵᠢᠷᠤᠮᠯᠠᠬᠤ ᠬᠡᠷᠡᠭᠲᠡᠶ᠃
ᠲᠤᠰ ᠠᠷᠭ᠎ᠠ ᠵᠢᠨ ᠲᠣᠭᠲᠠᠭ᠋ᠠᠯ᠎ᠳᠠᠬᠢ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠭᠡᠳᠡᠭ᠎ᠨᠢ᠄
(ᠨᠢᠭᠡ) ᠲᠦᠷᠦ ᠵᠢᠨ ᠶᠠᠪᠤᠳᠠᠯ᠎ᠤᠨ ᠬᠣᠷᠢᠶᠠᠨ᠎ᠤ ᠵᠥᠪᠰᠢᠶᠡᠷᠡᠭᠰᠡᠨ ᠤᠯᠤᠰ᠎ᠤᠨ ᠭᠣᠣᠯᠳᠠᠯᠭ᠎ᠠ᠎ᠲᠠᠢ ᠬᠠᠮᠠᠭ᠋ᠠᠯᠠᠯᠲᠠ᠎ᠳᠤ ᠪᠠᠶ᠋ᠢᠭ᠎ᠠ ᠡᠬᠡ ᠬᠠᠭᠤᠷᠠᠶ ᠵᠢᠨ ᠪᠠ ᠤᠰᠤᠨ᠎ᠤ ᠬᠡᠭᠡᠷ᠎ᠡ ᠵᠢᠨ ᠠᠮᠢᠲᠠᠨ;
(ᠬᠣᠶᠠᠷ) ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠢᠨᠠᠨ ᠵᠥᠪᠰᠢᠶᠡᠷᠡᠭᠦᠯᠦᠭᠰᠡᠨ ᠭᠣᠣᠯᠳᠠᠯᠭ᠎ᠠ᠎ᠲᠠᠢ ᠬᠠᠮᠠᠭ᠋ᠠᠯᠠᠯᠲᠠ᠎ᠳᠤ ᠪᠠᠶ᠋ᠢᠭ᠎ᠠ ᠡᠬᠡ ᠬᠠᠭᠤᠷᠠᠶ ᠵᠢᠨ ᠪᠠ ᠤᠰᠤᠨ᠎ᠤ ᠬᠡᠭᠡᠷ᠎ᠡ ᠵᠢᠨ ᠠᠮᠢᠲᠠᠨ;
(ᠭᠤᠷᠪᠠ) ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠮᠠᠭ᠋ᠠᠯᠠᠬᠤ᠎ᠳᠤ ᠠᠰᠢᠭᠲᠠᠶ ᠪᠤᠶᠤ ᠴᠢᠬᠤᠯᠠ ᠠᠵᠤ ᠠᠬᠤᠶ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨ᠎ᠡ ᠴᠠᠨ᠎ᠠ᠎ᠲᠠᠢ ᠬᠠᠭᠤᠷᠠᠶ ᠵᠢᠨ ᠬᠡᠭᠡᠷ᠎ᠡ ᠵᠢᠨ ᠠᠮᠢᠲᠠᠨ᠎ᠢ ᠨᠡᠢ᠌ᠲᠡᠯᠡᠨ᠎ᠡ᠃
ᠭᠤᠷᠪᠠᠳᠤᠭ᠋ᠠᠷ ᠵᠣᠷᠪᠣᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠶ ᠵᠢᠨ ᠠᠵᠣ ᠦᠢ᠍ᠯᠡᠰ᠂ ᠵᠢᠭ᠋ᠠᠰᠤᠨ ᠠᠵᠤ ᠦᠢ᠍ᠯᠡᠰ᠎ᠤᠨ ᠵᠠᠰᠠᠭ ᠵᠠᠬᠢᠷᠭ᠋ᠠᠨ᠎ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠠᠴᠠ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠡᠬᠡ ᠬᠠᠭᠤᠷᠠᠶ ᠵᠢᠨ ᠪᠠ ᠤᠰᠤᠨ᠎ᠤ ᠬᠡᠭᠡᠷ᠎ᠡ ᠵᠢᠨ ᠠᠮᠢᠲᠠᠨ᠎ᠢ ᠬᠠᠮᠢᠶᠠᠷᠬᠤ ᠠᠵᠢᠯ᠎ᠢ ᠲᠣᠰ ᠲᠣᠰ ᠬᠠᠷᠢᠭᠤᠴᠠᠨ᠎ᠠ᠃
ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠵᠡᠪᠰᠡᠭᠲᠦ ᠴᠠᠭᠳᠠᠭ᠎ᠠ ᠵᠢᠨ ᠴᠡᠷᠢᠭ ᠠᠡᠭᠬᠢ᠎ᠠᠴᠠ ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ᠎ᠢ ᠬᠠᠮᠠᠭ᠋ᠠᠯᠠᠬᠤ ᠡᠭᠦᠷᠭᠡ ᠵᠢ ᠬᠡᠷᠡᠭᠵᠢᠭᠦᠯᠦᠨ᠎ᠡ᠃
ᠳᠥᠷᠪᠡᠳᠦᠭᠡᠷ ᠵᠣᠷᠪᠣᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ᠎ᠢ ᠬᠠᠮᠠᠭ᠋ᠠᠯᠠᠨ ᠬᠥᠭᠵᠢᠭᠦᠯᠬᠦ ᠪᠠ ᠵᠦᠢ ᠵᠣᠬᠢᠰᠲᠠᠶ᠎ᠪᠠᠷ ᠠᠰᠢᠭᠯᠠᠬᠤ ᠠᠵᠢᠯ᠎ᠢ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠯᠡᠭᠡ᠎ᠳᠤ ᠬᠠᠮᠤᠷᠠᠭᠤᠯᠤᠨ᠂ ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ᠎ᠤᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠬᠡᠭᠡᠷ᠎ᠡ ᠵᠢᠨ ᠠᠮᠢᠲᠠᠨ᠎ᠢ ᠠᠵᠢᠯ ᠥᠷᠨᠢᠭᠦᠯᠬᠦ ᠵᠢ ᠵᠣᠷᠢᠭᠵᠢᠭᠤᠯᠤᠨ ᠲᠡᠮᠵᠢᠨ᠎ᠠ᠃