ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠰᠠᠭ᠋ᠠᠳ ᠦᠬᠡᠢ ᠤᠷᠴᠢᠨ ᠲᠤᠭᠤᠷᠢᠨ᠎ᠢ ᠪᠦᠳᠦᠬᠡᠨ ᠪᠠᠶ᠋ᠢᠭᠤᠯᠬᠤ ᠠᠷᠭ᠎ᠠ
ᠨᠡᠶ᠋ᠢᠲᠡᠯᠡᠭᠰᠡᠨ ᠴᠠᠭ᠄ 2018-10-22

      ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 232 ᠳ᠋ᠤᠭ᠋ᠠᠷ ᠲᠤᠭ᠋ᠠᠳᠤ
     《ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠰᠠᠭ᠋ᠠᠳ ᠦᠬᠡᠢ ᠤᠷᠴᠢᠨ ᠲᠤᠭᠤᠷᠢᠨ᠎ᠢ ᠪᠦᠳᠦᠬᠡᠨ ᠪᠠᠶ᠋ᠢᠭᠤᠯᠬᠤ ᠠᠷᠭ᠎ᠠ》 ᠵᠢ 2018 ᠤᠨ᠎ᠤ 5 ᠰᠠᠷ᠎ᠠ ᠵᠢᠨ 11᠎ᠤ ᠡᠳᠦᠷ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠲᠠᠪᠤᠳᠤᠭ᠋ᠠᠷ ᠤᠳᠠᠭ᠎ᠠ ᠵᠢᠨ ᠪᠠᠶ᠋ᠢᠩᠭᠤ ᠵᠢᠨ ᠬᠤᠷᠠᠯ ᠵᠶ᠋ᠠᠷ ᠬᠢᠨᠠᠨ ᠵᠦᠪᠯᠡᠵᠦ ᠪᠠᠳᠤᠯᠠᠭ᠋ᠠᠳ᠂ ᠡᠳᠦᠬᠡ ᠨᠡᠶ᠋ᠢᠳᠡᠯᠡᠪᠡ᠂ 2018 ᠤᠨ᠎ᠤ 7 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠬᠦᠯᠦᠨ᠎ᠠ᠃
ᠥᠪᠡᠷᠲᠡᠭᠡᠨ ᠵᠠᠰᠠᠬᠤ ᠤᠷᠤᠨ᠎ᠤ ᠲᠡᠷᠢᠭᠦᠯᠡᠭᠴᠢ ᠪᠦ᠋ ᠰᠢᠶᠣᠣ ᠯᠢᠨ 2018 ᠣᠨ᠎ᠤ 5 ᠰᠠᠷ᠎ᠠ ᠵᠢᠨ 31᠎ᠤ ᠡᠳᠦᠷ
      ᠨᠢᠬᠡᠳᠦᠬᠡᠷ ᠪᠦᠯᠦᠭ       ᠶᠡᠷᠦᠩᠬᠡᠢ ᠲᠦᠷᠢᠮ
      ᠨᠢᠬᠡᠳᠦᠬᠡᠷ ᠵᠦᠢ᠍ᠯ       ᠰᠠᠭ᠋ᠠᠳ ᠦᠬᠡᠢ ᠤᠷᠴᠢᠨ ᠲᠤᠭᠤᠷᠢᠨ᠎ᠢ ᠡᠭᠦᠳᠴᠤ᠂ ᠨᠡᠶ᠋ᠢᠬᠡᠮ᠎ᠤᠨ ᠠᠮᠢᠳᠤᠷᠠᠯ᠎ᠳᠤ ᠵᠡᠮᠳᠡᠭᠴᠦᠳ ᠵᠡᠷᠬᠡ ᠨᠡᠶ᠋ᠢᠬᠡᠮ᠎ᠤᠨ ᠪᠦᠷᠢᠯᠳᠦᠭᠦᠨ᠎ᠨᠦᠭᠦᠳ᠎ᠤᠨ ᠨᠡᠶ᠋ᠢᠬᠡᠮ᠎ᠤᠨ ᠠᠮᠢᠳᠤᠷᠠᠯ᠎ᠳᠤ ᠡᠷᠬᠡ ᠲᠡᠭᠰᠢ᠎ᠪᠠᠷ ᠤᠷᠤᠯᠴᠠᠬᠤ ᠵᠢ ᠪᠠᠳᠤᠯᠠᠬᠤ ᠵᠢᠨ ᠲᠤᠰᠠᠳᠠ᠂ 《ᠪᠦᠭᠦᠳᠡ ᠨᠠᠶ᠋ᠢᠷᠠᠮᠳᠠᠬᠤ ᠲᠤᠮᠳᠠᠳᠤ ᠠᠷᠠᠳ ᠤᠯᠤᠰ᠎ᠤᠨ ᠵᠡᠮᠳᠡᠭᠴᠦᠳ᠎ᠤᠨ ᠪᠠᠳᠤᠯᠠᠭ᠎ᠠ ᠵᠢᠨ ᠬᠠᠤᠯᠢ》 《ᠰᠠᠭ᠋ᠠᠳ ᠦᠬᠡᠢ ᠤᠷᠴᠢᠨ ᠲᠤᠭᠤᠷᠢᠨ᠎ᠢ ᠪᠦᠳᠦᠬᠡᠨ ᠪᠠᠶ᠋ᠢᠭᠤᠯᠬᠤ ᠲᠦᠷᠢᠮ》 ᠪᠠ 《ᠪᠦᠳᠦᠬᠡᠨ ᠪᠠᠶ᠋ᠢᠭᠤᠯᠬᠤ ᠪᠠᠷᠢᠯᠭ᠎ᠠ ᠵᠢᠨ ᠶᠠᠰᠤ ᠴᠢᠨᠠᠷ᠎ᠤᠨ ᠬᠠᠮᠢᠶᠠᠷᠤᠯᠳᠠ ᠵᠢᠨ ᠲᠦᠷᠢᠮ》 ᠵᠡᠷᠬᠡ ᠬᠠᠤᠯᠢ ᠴᠠᠭ᠋ᠠᠵᠠ᠂ ᠬᠠᠤᠯᠢ ᠲᠤᠨᠨᠳᠠᠭ᠋ᠠᠯ᠎ᠢ ᠦᠨᠳᠦᠰᠦᠯᠡᠵᠦ᠂ ᠦᠪᠡᠷᠳᠡᠬᠡᠨ ᠵᠠᠰᠠᠬᠤ ᠤᠷᠤᠨ᠎ᠤ ᠪᠤᠳᠠᠳᠠᠢ᠎ᠲᠠᠢ ᠤᠶᠠᠯᠳᠤᠭᠤᠯᠤᠨ᠂ ᠲᠤᠰ ᠠᠷᠭ᠎ᠠ ᠵᠢ ᠲᠤᠨᠨᠳᠠᠭ᠋ᠠᠪᠠ᠃
      ᠬᠤᠶᠠᠳᠤᠭ᠋ᠠᠷ ᠵᠦᠢ᠍ᠯ     ᠦᠪᠡᠷᠳᠡᠬᠡᠨ ᠵᠠᠰᠠᠬᠤ ᠤᠷᠤᠨ᠎ᠤ ᠵᠠᠰᠠᠭ ᠵᠠᠬᠢᠷᠭ᠋ᠠᠨ᠎ᠤ ᠤᠷᠤᠨ ᠲᠤᠳᠤᠷᠠᠬᠢ ᠰᠠᠭ᠋ᠠᠳ ᠦᠬᠡᠢ ᠤᠷᠴᠢᠨ ᠲᠤᠭᠤᠷᠢᠨ᠎ᠤ ᠪᠦᠳᠦᠬᠡᠨ ᠪᠠᠶ᠋ᠢᠭᠤᠯᠤᠯᠳᠠ ᠵᠢᠴᠢ ᠬᠠᠮᠢᠶ᠎ᠠ ᠪᠦᠭᠦᠢ ᠬᠠᠮᠢᠶᠠᠷᠤᠯᠳᠠ ᠵᠢᠨ ᠠᠵᠢᠯᠯᠠᠭ᠎ᠠ᠎ᠳᠤ ᠲᠤᠰ ᠠᠷᠭ᠎ᠠ ᠬᠡᠷᠡᠭᠯᠡᠭᠳᠡᠨ᠎ᠡ᠃
      ᠭᠤᠷᠪᠠᠳᠤᠭ᠋ᠠᠷ ᠵᠦᠢ᠍ᠯ     ᠲᠤᠰ ᠠᠷᠭ᠎ᠠ᠎ᠳᠤ ᠬᠡᠯᠡᠵᠦ ᠪᠠᠶ᠋ᠢᠭ᠎ᠠ ᠰᠠᠭ᠋ᠠᠳ ᠦᠬᠡᠢ ᠤᠷᠴᠢᠨ ᠲᠤᠭᠤᠷᠢᠨ᠎ᠢ ᠪᠦᠳᠦᠬᠡᠨ ᠪᠠᠶ᠋ᠢᠭᠤᠯᠬᠤ ᠬᠡᠳᠡᠭ᠎ᠨᠢ ᠵᠡᠮᠳᠡᠭᠴᠦᠳ᠂ ᠨᠠᠰᠤᠳᠠᠶ᠋ᠢᠴᠦᠳ᠂ ᠰᠢᠷᠬᠠᠳᠤᠨᠨᠰᠠᠳ ᠡᠪᠡᠳᠴᠢᠯᠡᠭᠰᠡᠳ᠂ ᠵᠢᠷᠮᠤᠰᠦᠨ ᠪᠦᠰᠡᠭᠦ᠋ᠢ᠍ᠴᠦᠳ ᠪᠠ ᠬᠡᠤᠬᠡᠳ ᠵᠡᠷᠬᠡ ᠨᠡᠶ᠋ᠢᠬᠡᠮ᠎ᠤᠨ ᠪᠦᠷᠢᠯᠳᠦᠬᠦᠨ᠎ᠨᠦᠭᠦᠳ᠎ᠤᠨ ᠪᠡᠶ᠎ᠡ᠎ᠪᠠᠨ ᠲᠠᠭ᠋ᠠᠭ᠋ᠠᠵᠦ ᠠᠮᠤᠷ ᠲᠦᠪᠰᠢᠨ ᠵᠶ᠋ᠠᠷ ᠵᠠᠮ ᠦᠩᠬᠡᠷᠡᠬᠦ᠂ ᠬᠠᠮᠢᠶ᠎ᠠ ᠪᠦᠭᠦᠢ ᠬᠡᠷ ᠪᠠᠷᠢᠯᠭ᠎ᠠ᠎ᠪᠠᠷ ᠤᠷᠤᠵᠦ ᠭᠠᠷᠬᠤ᠂ ᠤᠯᠠᠨ ᠨᠡᠶ᠋ᠢᠳᠡ ᠵᠢᠨ ᠵᠠᠮ ᠬᠠᠷᠢᠯᠴᠠᠭ᠋ᠠᠨ᠎ᠤ ᠲᠡᠷᠬᠡ ᠭᠦᠰᠬᠡ᠎ᠳᠤ ᠰᠠᠭᠤᠬᠤ᠂ ᠮᠡᠳᠡᠭᠡ ᠵᠠᠩᠬᠢ ᠰᠤᠯᠢᠯᠴᠠᠬᠤ᠂ ᠨᠡᠶ᠋ᠢᠬᠡᠮ ᠲᠤᠭᠤᠷᠢᠭ᠎ᠤᠨ ᠦᠢ᠍ᠯᠡᠴᠢᠯᠡᠬᠡᠨ᠎ᠢ ᠤᠯᠵᠦ ᠭᠦᠷᠳᠡᠬᠦ᠎ᠳᠤ ᠲᠦᠭᠦᠮ ᠦᠵᠡᠬᠦᠯᠬᠦ ᠵᠢᠨ ᠲᠤᠰᠠᠳᠠ ᠶᠠᠪᠤᠨᠨᠳᠠᠭᠤᠯᠤᠨᠨᠰᠠᠨ ᠪᠦᠳᠦᠬᠡᠨ ᠪᠠᠶ᠋ᠢᠭᠤᠯᠬᠤ ᠠᠵᠢᠯᠯᠠᠭ᠎ᠠ ᠵᠢ ᠵᠢᠭ᠋ᠠᠵᠦ ᠪᠠᠶ᠋ᠢᠨ᠎ᠠ᠃
      ᠲᠦᠷᠪᠡᠳᠦᠬᠡᠷ ᠵᠦᠢ᠍ᠯ       ᠰᠠᠭ᠋ᠠᠳ ᠦᠬᠡᠢ ᠤᠷᠴᠢᠨ ᠲᠤᠭᠤᠷᠢᠨ᠎ᠢ ᠪᠠᠶ᠋ᠢᠭᠤᠯᠬᠤ᠎ᠳᠤ ᠵᠠᠪᠠᠯ ᠦᠪᠡᠷᠳᠡᠬᠡᠨ ᠵᠠᠰᠠᠬᠤ ᠤᠷᠤᠨ᠎ᠤ ᠠᠵᠦ ᠠᠬᠤᠢ ᠪᠠ ᠨᠡᠶ᠋ᠢᠬᠡᠮ᠎ᠤᠨ ᠭᠦᠭᠵᠢᠯᠳᠡ ᠵᠢᠨ ᠬᠢᠷᠢ ᠲᠦᠪᠰᠢᠨ᠎ᠲᠠᠢ ᠲᠤᠬᠢᠷᠠᠯᠴᠠᠭᠤᠯᠤᠨ᠂ ᠵᠡᠮᠳᠡᠭᠴᠦᠳ ᠵᠡᠷᠬᠡ ᠨᠡᠶ᠋ᠢᠬᠡᠮ᠎ᠤᠨ ᠪᠦᠷᠢᠯᠳᠦᠬᠦᠨ᠎ᠤ ᠪᠤᠳᠠᠳᠠᠢ ᠬᠡᠷᠡᠭᠴᠡᠭᠡ᠎ᠳᠤ ᠨᠡᠶ᠋ᠢᠴᠡᠬᠦᠯᠵᠦ᠂ ᠪᠤᠳᠠᠳᠤ ᠬᠡᠷᠡᠭᠴᠡᠭᠡ᠎ᠲᠠᠢ᠂ ᠬᠡᠷᠡᠭᠯᠡᠬᠦ᠎ᠳᠤ ᠬᠢᠯᠪᠡᠷ᠂ ᠦᠷᠬᠡᠨ ᠵᠶ᠋ᠠᠷ ᠠᠰᠢᠭ ᠭᠦᠷᠳᠡᠬᠦ ᠵᠠᠷᠴᠢᠮ᠎ᠢ ᠵᠢᠷᠤᠮᠯᠠᠬᠤ ᠬᠡᠷᠡᠭᠳᠡᠢ᠃
      ᠲᠠᠪᠤᠳᠤᠭ᠋ᠠᠷ ᠵᠦᠢ᠍ᠯ       ᠬᠤᠰᠢᠭᠤ ᠰᠢᠶᠠᠨ᠎ᠤ ᠱᠠᠳᠤᠨ᠎ᠠᠴᠠ ᠲᠡᠬᠡᠭᠰᠢᠬᠢ ᠠᠷᠠᠳ᠎ᠤᠨ ᠵᠠᠰᠠᠭ᠎ᠤᠨ ᠤᠷᠳᠤᠨ᠎ᠨᠢ ᠰᠠᠭ᠋ᠠᠳ ᠦᠬᠡᠢ ᠤᠷᠴᠢᠨ ᠲᠤᠭᠤᠷᠢᠨ᠎ᠢ ᠪᠦᠳᠦᠬᠡᠨ ᠪᠠᠶ᠋ᠢᠭᠤᠯᠬᠤ ᠭᠦᠭᠵᠢᠯᠳᠡ ᠵᠢᠨ ᠲᠦᠯᠦᠪᠵᠢᠬᠦᠯᠬᠡ ᠵᠢ ᠵᠤᠬᠢᠶᠠᠨ ᠪᠠᠶ᠋ᠢᠭᠤᠯᠵᠦ ᠨᠠᠶ᠋ᠢᠷᠠᠭᠤᠯᠤᠨ ᠵᠤᠬᠢᠶᠠᠬᠤ ᠵᠢᠨ ᠬᠠᠮᠳᠤ ᠵᠤᠬᠢᠶᠠᠨ ᠪᠠᠶ᠋ᠢᠭᠤᠯᠤᠨ ᠬᠡᠷᠡᠭᠵᠢᠬᠦᠯᠬᠦ ᠵᠢ ᠬᠠᠷᠢᠭᠤᠴᠠᠬᠤ ᠬᠡᠷᠡᠭᠳᠡᠢ᠃ ᠰᠠᠭ᠋ᠠᠳ ᠦᠬᠡᠢ ᠤᠷᠴᠢᠨ ᠲᠤᠭᠤᠷᠢᠨ᠎ᠢ ᠪᠦᠳᠦᠬᠡᠨ ᠪᠠᠶ᠋ᠢᠭᠤᠯᠬᠤ ᠭᠦᠭᠵᠢᠯᠳᠡ ᠵᠢᠨ ᠲᠦᠯᠦᠪᠵᠢᠬᠦᠯᠬᠡ ᠵᠢ ᠨᠠᠶ᠋ᠢᠷᠠᠭᠤᠯᠤᠨ ᠵᠤᠬᠢᠶᠠᠬᠤ᠎ᠳᠤ᠂ ᠵᠡᠮᠳᠡᠭᠴᠦᠳ᠎ᠤᠨ ᠵᠤᠬᠢᠶᠠᠨ ᠪᠠᠶ᠋ᠢᠭᠤᠯᠤᠯᠳᠠ᠂ ᠨᠠᠰᠤᠳᠠᠶ᠋ᠢᠴᠦᠳ᠎ᠤᠨ ᠵᠤᠬᠢᠶᠠᠨ ᠪᠠᠶ᠋ᠢᠭᠤᠯᠤᠯᠳᠠ ᠪᠠ ᠡᠮᠡᠭᠳᠡᠶ᠋ᠢᠴᠦᠳ᠎ᠤᠨ ᠵᠤᠬᠢᠶᠠᠨ ᠪᠠᠶ᠋ᠢᠭᠤᠯᠤᠯᠳᠠ ᠵᠡᠷᠬᠡ ᠨᠡᠶ᠋ᠢᠬᠡᠮ᠎ᠤᠨ ᠵᠤᠬᠢᠶᠠᠨ ᠪᠠᠶ᠋ᠢᠭᠤᠯᠤᠯᠳᠠ᠎ᠠᠴᠠ ᠰᠠᠨᠠᠯ ᠬᠤᠷᠢᠶᠠᠬᠤ ᠬᠡᠷᠡᠭᠳᠡᠢ᠃ ᠰᠠᠭ᠋ᠠᠳ ᠦᠬᠡᠢ ᠤᠷᠴᠢᠨ ᠲᠤᠭᠤᠷᠢᠨ᠎ᠢ ᠪᠦᠳᠦᠬᠡᠨ ᠪᠠᠶ᠋ᠢᠭᠤᠯᠬᠤ ᠭᠦᠭᠵᠢᠯᠳᠡ ᠵᠢᠨ ᠲᠦᠯᠦᠪᠵᠢᠬᠦᠯᠬᠡ ᠵᠢ ᠤᠯᠤᠰ ᠠᠷᠠᠳ᠎ᠤᠨ ᠠᠵᠦ ᠠᠬᠤᠢ ᠪᠠ ᠨᠡᠶ᠋ᠢᠬᠡᠮ᠎ᠤᠨ ᠭᠦᠭᠵᠢᠯᠳᠡ ᠵᠢᠨ ᠲᠦᠯᠦᠪᠵᠢᠬᠦᠯᠬᠡ ᠵᠢᠴᠢ ᠬᠤᠳᠠ ᠭᠦᠳᠡᠭᠡ ᠵᠢᠨ ᠲᠦᠯᠦᠪᠵᠢᠬᠦᠯᠬᠡ᠎ᠳᠤ ᠤᠷᠤᠭᠤᠯᠬᠤ ᠬᠡᠷᠡᠭᠳᠡᠢ᠃
      ᠵᠢᠷᠭᠤᠳᠤᠭ᠋ᠠᠷ ᠵᠦᠢ᠍ᠯ     ᠬᠤᠰᠢᠭᠤ ᠰᠢᠶᠠᠨ᠎ᠤ ᠱᠠᠳᠤᠨ᠎ᠠᠴᠠ ᠲᠡᠬᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠵᠡᠮᠳᠡᠭᠴᠦᠳ᠎ᠤᠨ ᠠᠵᠢᠯ᠎ᠤᠨ ᠵᠦᠪᠯᠡᠯ᠎ᠨᠢ ᠲᠤᠰ ᠵᠠᠰᠠᠭ ᠵᠠᠬᠢᠷᠭ᠋ᠠᠨ᠎ᠤ ᠤᠷᠤᠨ ᠲᠤᠳᠤᠷᠠᠬᠢ ᠰᠠᠭ᠋ᠠᠳ ᠦᠬᠡᠢ ᠤᠷᠴᠢᠨ ᠲᠤᠭᠤᠷᠢᠨ᠎ᠤ ᠪᠦᠳᠦᠬᠡᠨ ᠪᠠᠶ᠋ᠢᠭᠤᠯᠤᠯᠳᠠ ᠬᠢᠬᠡᠳ ᠬᠠᠮᠢᠶᠠᠷᠤᠯᠳᠠ ᠵᠢᠨ ᠠᠵᠢᠯ᠎ᠳᠤ ᠵᠤᠬᠢᠴᠠᠭᠤᠯᠭ᠎ᠠ ᠬᠢᠬᠦ ᠵᠢ ᠬᠠᠷᠢᠭᠤᠴᠠᠬᠤ ᠬᠡᠷᠡᠭᠳᠡᠢ᠃ ᠬᠤᠰᠢᠭᠤ ᠰᠢᠶᠠᠨ᠎ᠤ ᠱᠠᠳᠤᠨ᠎ᠠᠴᠠ ᠲᠡᠬᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠷᠤᠨ ᠰᠠᠭᠤᠴᠠ ᠬᠤᠳᠠ ᠭᠦᠳᠡᠭᠡ ᠵᠢᠨ ᠪᠦᠳᠦᠬᠡᠨ ᠪᠠᠶ᠋ᠢᠭᠤᠯᠤᠯᠳᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠲᠤᠰ ᠵᠠᠰᠠᠭ ᠵᠠᠬᠢᠷᠭ᠋ᠠᠨ᠎ᠤ ᠤᠷᠤᠨ ᠲᠤᠳᠤᠷᠠᠬᠢ ᠰᠠᠭ᠋ᠠᠳ ᠦᠬᠡᠢ ᠵᠢᠨ ᠪᠡᠯᠡᠳᠬᠡᠮᠵᠢ ᠵᠢᠨ ᠪᠠᠷᠢᠯᠭ᠎ᠠ ᠪᠦᠳᠦᠬᠡᠨ ᠪᠠᠶ᠋ᠢᠭᠤᠯᠬᠤ ᠠᠵᠢᠯᠯᠠᠭ᠋ᠠᠨ᠎ᠤ ᠬᠢᠨᠠᠯᠳᠠ ᠬᠠᠮᠢᠶᠠᠷᠤᠯᠳᠠ ᠵᠢᠨ ᠠᠵᠢᠯ᠎ᠢ ᠬᠠᠷᠢᠭᠤᠴᠠᠬᠤ ᠬᠡᠷᠡᠭᠳᠡᠢ᠃ ᠬᠤᠰᠢᠭᠤ ᠰᠢᠶᠠᠨ᠎ᠤ ᠱᠠᠳᠤᠨ᠎ᠠᠴᠠ ᠲᠡᠬᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠭᠦᠭᠵᠢᠬᠦᠯᠦᠯᠳᠡ ᠦᠬᠡᠷᠡᠴᠢᠯᠡᠯᠳᠡ᠂ ᠠᠵᠦ ᠠᠬᠤᠢ ᠪᠠ ᠮᠡᠳᠡᠭᠡ ᠵᠠᠩᠬᠢᠵᠢᠯᠳᠠ᠂ ᠠᠷᠠᠳ᠎ᠤᠨ ᠶᠠᠪᠤᠳᠠᠯ᠂ ᠲᠤᠳᠤᠭ᠋ᠠᠳᠤ ᠵᠢ ᠬᠠᠮᠠᠭ᠋ᠠᠯᠠᠬᠤ᠂ ᠲᠦᠯᠦᠪᠵᠢᠬᠦᠯᠬᠡ᠂ ᠮᠦᠩᠭᠦᠨ ᠭᠦᠢ᠍ᠯᠬᠡᠬᠡ᠂ ᠴᠢᠮᠡᠭᠡ ᠬᠤᠯᠪᠤᠭ᠎ᠠ᠂ ᠰᠢᠤᠳᠠᠨ᠂ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠬᠡᠬᠡᠪᠦᠷᠢ ᠵᠡᠷᠬᠡ ᠬᠤᠯᠪᠤᠨᠨᠳᠠᠯ ᠪᠦᠭᠦᠢ ᠰᠠᠯᠠᠭ᠎ᠠ ᠮᠦᠴᠢᠷ᠎ᠨᠢ ᠲᠤᠰ ᠲᠤᠰ᠎ᠤᠨ ᠡᠭᠦᠷᠬᠡ ᠬᠠᠷᠢᠭᠤᠴᠠᠯᠭ᠎ᠠ ᠵᠢᠨ ᠬᠡᠪᠴᠢᠶᠡᠨ᠎ᠳᠠᠬᠢ ᠰᠠᠭ᠋ᠠᠳ ᠦᠬᠡᠢ ᠤᠷᠴᠢᠨ ᠲᠤᠭᠤᠷᠢᠨ᠎ᠤ ᠪᠦᠳᠦᠬᠡᠨ ᠪᠠᠶ᠋ᠢᠭᠤᠯᠤᠯᠳᠠ ᠬᠢᠬᠡᠳ ᠬᠠᠮᠢᠶᠠᠷᠤᠯᠳᠠ ᠵᠢᠨ ᠠᠵᠢᠯ᠎ᠢ ᠰᠠᠶ᠋ᠢᠳᠤᠷ ᠬᠢᠬᠦ ᠬᠡᠷᠡᠭᠳᠡᠢ᠃ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠤᠷᠳᠤᠨ᠂ ᠵᠡᠬᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠨᠢ ᠬᠤᠯᠪᠤᠨᠨᠳᠠᠯ ᠪᠦᠭᠦᠢ ᠰᠠᠯᠠᠭ᠎ᠠ ᠮᠦᠴᠢᠷ᠎ᠲᠠᠢ ᠬᠠᠮᠵᠢᠯᠴᠠᠵᠦ ᠪᠠᠶ᠋ᠢᠭ᠋ᠠᠳ ᠰᠠᠭ᠋ᠠᠳ ᠦᠬᠡᠢ ᠤᠷᠴᠢᠨ ᠲᠤᠭᠤᠷᠢᠨ᠎ᠤ ᠪᠦᠳᠦᠬᠡᠨ ᠪᠠᠶ᠋ᠢᠭᠤᠯᠤᠯᠳᠠ ᠬᠢᠬᠡᠳ ᠬᠠᠮᠢᠶᠠᠷᠤᠯᠳᠠ ᠵᠢᠨ ᠠᠵᠢᠯ᠎ᠢ ᠰᠠᠶ᠋ᠢᠳᠤᠷ ᠬᠢᠬᠦ ᠬᠡᠷᠡᠭᠳᠡᠢ᠃
      ᠲᠤᠯᠤᠳᠤᠭ᠋ᠠᠷ ᠵᠦᠢ᠍ᠯ       ᠬᠤᠰᠢᠭᠤ ᠰᠢᠶᠠᠨ᠎ᠤ ᠱᠠᠳᠤᠨ᠎ᠠᠴᠠ ᠲᠡᠬᠡᠭᠰᠢᠬᠢ ᠠᠷᠠᠳ᠎ᠤᠨ ᠵᠠᠰᠠᠭ᠎ᠤᠨ ᠤᠷᠳᠤᠨ ᠵᠢᠴᠢ ᠬᠤᠯᠪᠤᠨᠨᠳᠠᠯ ᠪᠦᠭᠦᠢ ᠰᠠᠯᠠᠭ᠎ᠠ ᠮᠦᠴᠢᠷ᠎ᠨᠢ ᠷᠠᠳᠢᠤ᠋᠂ ᠲᠧᠯᠸᠢᠰ᠂ ᠰᠤᠨᠢᠨ ᠰᠡᠳᠬᠦᠯ᠂ ᠢᠨᠲ᠋ᠧᠷ ᠰᠦᠯᠵᠢᠶ᠎ᠡ ᠵᠡᠷᠬᠡ ᠵᠠᠭᠤᠴᠢᠯᠠᠭᠤᠷ᠎ᠢ ᠠᠰᠢᠨᠨᠯᠠᠵᠦ᠂ ᠰᠠᠭ᠋ᠠᠳ ᠦᠬᠡᠢ ᠤᠷᠴᠢᠨ ᠲᠤᠭᠤᠷᠢᠨ᠎ᠤ ᠪᠦᠳᠦᠬᠡᠨ ᠪᠠᠶ᠋ᠢᠭᠤᠯᠤᠯᠳᠠ ᠵᠢᠨ ᠲᠠᠯ᠎ᠠ᠎ᠪᠠᠷ᠎ᠬᠢ ᠤᠬᠠᠭᠤᠯᠭ᠎ᠠ ᠵᠢ ᠴᠢᠩᠭ᠋ᠠᠳᠬᠠᠨ᠂ ᠰᠠᠭ᠋ᠠᠳ ᠦᠬᠡᠢ ᠤᠷᠴᠢᠨ ᠲᠤᠭᠤᠷᠢᠨ᠎ᠢ ᠪᠦᠳᠦᠬᠡᠨ ᠪᠠᠶ᠋ᠢᠭᠤᠯᠬᠤ ᠲᠠᠯ᠎ᠠ᠎ᠪᠠᠷ᠎ᠬᠢ ᠪᠦᠭᠦ ᠨᠡᠶ᠋ᠢᠬᠡᠮ᠎ᠤᠨ ᠪᠦᠷᠢᠯᠳᠦᠬᠦᠨ᠎ᠤ ᠦᠵᠡᠯ ᠤᠬᠠᠮᠰᠠᠷ᠎ᠢ ᠲᠡᠬᠡᠭᠰᠢᠯᠡᠬᠦᠯᠬᠦ ᠬᠡᠷᠡᠭᠳᠡᠢ᠃   ᠪᠠᠶ᠋ᠢᠭ᠋ᠠᠯᠢᠭ ᠭᠦᠮᠦᠨ᠂ ᠬᠠᠤᠯᠢ ᠵᠢᠨ ᠡᠷᠬᠡᠳᠡᠨ᠂ ᠬᠠᠤᠯᠢ ᠵᠢᠨ ᠡᠷᠬᠡᠳᠡᠨ᠎ᠤ ᠪᠤᠰᠤ ᠵᠤᠬᠢᠶᠠᠨ ᠪᠠᠶ᠋ᠢᠭᠤᠯᠤᠯᠳᠠ᠎ᠨᠤᠭᠤᠳ᠎ᠢ ᠵᠤᠷᠢᠨᠨᠵᠢᠭᠤᠯᠵᠦ ᠪᠠᠶ᠋ᠢᠭ᠋ᠠᠳ ᠰᠠᠭ᠋ᠠᠳ ᠦᠬᠡᠢ ᠤᠷᠴᠢᠨ ᠲᠤᠭᠤᠷᠢᠨ᠎ᠤ ᠪᠦᠳᠦᠬᠡᠨ ᠪᠠᠶ᠋ᠢᠭᠤᠯᠤᠯᠳᠠ᠎ᠳᠤ ᠬᠠᠨᠳᠢᠪ ᠲᠤᠰᠠᠯᠠᠮᠵᠢ ᠵᠢᠴᠢ ᠰᠠᠶ᠋ᠢᠨ ᠲᠤᠷ᠎ᠠ ᠵᠢᠨ ᠦᠢ᠍ᠯᠡᠴᠢᠯᠡᠭᠡ ᠬᠠᠩᠭ᠋ᠠᠬᠤ ᠬᠡᠷᠡᠭᠳᠡᠢ᠃
      ᠨᠠᠢ᠍ᠮᠠᠳᠣᠭ᠋ᠠᠷ ᠵᠦᠢ᠍ᠯ       ᠤᠯᠠᠨ ᠨᠡᠶ᠋ᠢᠳᠡ ᠵᠢᠨ ᠦᠢ᠍ᠯᠡᠴᠢᠯᠡᠭᠡ ᠬᠠᠩᠭ᠋ᠠᠵᠦ ᠪᠠᠶ᠋ᠢᠭ᠎ᠠ ᠲᠦᠷᠦ ᠵᠢᠨ ᠪᠠᠶ᠋ᠢᠭᠤᠯᠭ᠎ᠠ᠂ ᠨᠡᠶ᠋ᠢᠬᠡᠮ᠎ᠤᠨ ᠪᠦᠯᠭᠦᠮ᠂ ᠠᠵᠦ ᠠᠬᠤᠶ᠋ᠢᠯᠠᠯ ᠠᠵᠢᠯ ᠦᠢ᠍ᠯᠡᠰ᠎ᠤᠨ ᠨᠢᠬᠡᠴᠡ ᠪᠠ ᠦᠨᠳᠦᠰᠦᠨ ᠱᠠᠳᠤᠨ᠎ᠤ ᠤᠯᠠᠨ ᠲᠦᠮᠡᠨᠴᠢ ᠴᠢᠨᠠᠷᠳᠠᠢ ᠦᠪᠡᠰᠦᠪᠡᠨ ᠵᠠᠰᠠᠬᠤ ᠵᠤᠬᠢᠶᠠᠨ ᠪᠠᠶ᠋ᠢᠭᠤᠯᠤᠯᠳᠠ᠎ᠨᠤᠭᠤᠳ᠎ᠨᠢ ᠬᠠᠮᠢᠶ᠎ᠠ ᠪᠦᠭᠦᠢ ᠠᠵᠢᠯᠳᠠᠳ᠎ᠲᠤ ᠰᠠᠭ᠋ᠠᠳ ᠦᠬᠡᠢ ᠵᠢᠨ ᠮᠡᠳᠡᠯᠬᠡ ᠵᠢᠨ ᠭᠦᠮᠦᠵᠢᠯ ᠪᠠ ᠪᠤᠯᠪᠠᠰᠤᠷᠠᠭᠤᠯᠤᠯ ᠭᠦᠷᠳᠡᠬᠡᠬᠦ ᠬᠡᠷᠡᠭᠳᠡᠢ᠃                    

      ᠶᠢᠰᠦᠳᠦᠬᠡᠷ ᠵᠦᠢ᠍ᠯ ᠶᠠᠮᠠᠷᠪᠠ ᠨᠢᠬᠡᠴᠡ ᠪᠠ ᠬᠤᠪᠢ ᠭᠦᠮᠦᠨ ᠬᠡᠳ ᠬᠤᠯᠪᠤᠨᠨᠳᠠᠯ ᠪᠦᠭᠦᠢ ᠰᠠᠯᠠᠭ᠎ᠠ ᠮᠦᠴᠢᠷ᠎ᠲᠤ ᠰᠠᠭ᠋ᠠᠳ ᠦᠬᠡᠢ ᠤᠷᠴᠢᠨ ᠲᠤᠭᠤᠷᠢᠨ᠎ᠤ ᠪᠦᠳᠦᠬᠡᠨ ᠪᠠᠶ᠋ᠢᠭᠤᠯᠤᠯᠳᠠ ᠪᠠ ᠬᠠᠮᠢᠶᠠᠷᠤᠯᠳᠠ ᠵᠢᠨ ᠪᠠᠶ᠋ᠢᠳᠠᠯ᠎ᠤᠨ ᠲᠠᠯ᠎ᠠ᠎ᠪᠠᠷ᠎ᠬᠢ ᠰᠠᠨᠠᠯ ᠪᠤᠶᠤ ᠰᠠᠨᠠᠭᠤᠯᠭ᠎ᠠ ᠲᠤᠷᠠᠳᠴᠤ ᠪᠤᠯᠤᠨ᠎ᠠ᠂ ᠬᠤᠯᠪᠤᠨᠨᠳᠠᠯ ᠪᠦᠭᠦᠢ ᠰᠠᠯᠠᠭ᠎ᠠ ᠮᠦᠴᠢᠷ᠎ᠨᠢ ᠵᠠᠪᠠᠯ ᠴᠠᠭ ᠲᠤᠬᠠᠢ᠎ᠳᠤᠨᠢ ᠭᠦᠢ᠍ᠴᠡᠳᠬᠡᠬᠦ ᠵᠢᠨ ᠬᠠᠮᠳᠤ ᠬᠠᠷᠢᠭᠤ ᠦᠭᠭᠦ ᠬᠡᠷᠡᠭᠳᠡᠢ᠃
      ᠠᠷᠪᠠᠳᠤᠭ᠋ᠠᠷ ᠵᠦᠢ᠍ᠯ       ᠰᠠᠭ᠋ᠠᠳ ᠦᠬᠡᠢ ᠤᠷᠴᠢᠨ ᠲᠤᠭᠤᠷᠢᠨ᠎ᠢ ᠪᠦᠳᠦᠬᠡᠨ ᠪᠠᠶ᠋ᠢᠭᠤᠯᠬᠤ ᠠᠵᠢᠯ᠎ᠤᠨ ᠶᠠᠪᠤᠴᠠ᠎ᠳᠤ ᠮᠡᠳᠡᠭᠳᠡᠭᠦ᠋ᠢ᠍ᠴᠡ ᠬᠢᠷᠢ ᠪᠦᠳᠦᠮᠵᠢ ᠭᠠᠷᠭ᠋ᠠᠨᠨᠰᠠᠨ ᠨᠢᠬᠡᠴᠡ ᠪᠠ ᠬᠤᠪᠢ ᠭᠦᠮᠦᠨ᠎ᠢ ᠤᠯᠤᠰ᠎ᠤᠨ ᠬᠤᠯᠪᠤᠨᠨᠳᠠᠯ ᠪᠦᠭᠦᠢ ᠲᠤᠨᠨᠳᠠᠭ᠋ᠠᠯ ᠶᠤᠰᠤᠭ᠋ᠠᠷ ᠰᠠᠶ᠋ᠢᠰᠢᠶᠠᠨ ᠭᠦᠬᠢᠭᠦᠯᠬᠦ ᠪᠠ ᠱᠠᠩᠨᠠᠬᠤ ᠬᠡᠷᠡᠭᠳᠡᠢ᠃

      ᠬᠤᠶᠠᠳᠤᠭ᠋ᠠᠷ ᠪᠦᠯᠦᠭ       ᠰᠠᠭ᠋ᠠᠳ ᠦᠬᠡᠢ ᠵᠢᠨ ᠪᠡᠯᠡᠳᠬᠡᠮᠵᠢ ᠵᠢᠨ ᠪᠦᠳᠦᠬᠡᠨ ᠪᠠᠶ᠋ᠢᠭᠤᠯᠤᠯᠳᠠ

      ᠠᠷᠪᠠᠨ ᠨᠢᠬᠡᠳᠦᠬᠡᠷ ᠵᠦᠢ᠍ᠯ       ᠬᠤᠳᠠ ᠪᠠᠯᠭ᠋ᠠᠰᠤᠨ᠎ᠤ ᠰᠢᠨ᠎ᠠ᠎ᠪᠠᠷ ᠪᠠᠶ᠋ᠢᠭᠤᠯᠤᠨᠨᠰᠠᠨ᠂ ᠦᠬᠡᠷᠡᠴᠢᠯᠡᠨ ᠪᠠᠶ᠋ᠢᠭᠤᠯᠤᠨᠨᠰᠠᠨ᠂ ᠦᠷᠬᠡᠳᠬᠡᠨ ᠪᠠᠶ᠋ᠢᠭᠤᠯᠤᠨᠨᠰᠠᠨ ᠵᠠᠮ᠂ ᠬᠤᠳᠠ ᠵᠢᠨ ᠠᠭᠤᠳᠠᠮ ᠲᠠᠯᠠᠪᠠᠢ᠂ ᠬᠤᠳᠠ ᠵᠢᠨ ᠵᠦᠯᠬᠡ ᠭᠠᠵᠠᠷ᠂ ᠤᠯᠠᠨ ᠨᠡᠶ᠋ᠢᠳᠡ ᠵᠢᠨ ᠪᠠᠷᠢᠯᠭ᠎ᠠ᠂ ᠤᠯᠠᠨ ᠨᠡᠶ᠋ᠢᠳᠡ ᠵᠢᠨ ᠵᠠᠮ ᠬᠠᠷᠢᠯᠴᠠᠭ᠋ᠠᠨ᠎ᠤ ᠪᠡᠯᠡᠳᠬᠡᠮᠵᠢ᠂ ᠤᠷᠤᠨ ᠰᠠᠭᠤᠴᠠ ᠵᠢᠨ ᠪᠠᠷᠢᠯᠭ᠎ᠠ᠂ ᠤᠷᠤᠨ ᠰᠠᠭᠤᠴᠠ ᠵᠢᠨ ᠲᠤᠭᠤᠷᠢᠭ᠎ᠢ ᠵᠠᠪᠠᠯ ᠰᠠᠭ᠋ᠠᠳ ᠦᠬᠡᠢ ᠵᠢᠨ ᠪᠡᠯᠡᠳᠬᠡᠮᠵᠢ ᠵᠢᠨ ᠪᠠᠷᠢᠯᠭ᠎ᠠ ᠪᠠᠶ᠋ᠢᠭᠤᠯᠬᠤ ᠪᠠᠷᠢᠮᠵᠢᠶ᠎ᠠ᠎ᠳᠤ ᠨᠡᠶ᠋ᠢᠴᠡᠬᠦᠯᠬᠦ ᠬᠡᠷᠡᠭᠳᠡᠢ᠃ ᠰᠤᠮᠤ ᠰᠢᠶᠠᠩ ᠪᠠᠯᠭ᠋ᠠᠰᠤ᠂ ᠭᠠᠴᠠᠭ᠎ᠠ ᠲᠤᠰᠬᠤᠨ᠎ᠤ ᠪᠦᠳᠦᠬᠡᠨ ᠪᠠᠶ᠋ᠢᠭᠤᠯᠤᠯᠳᠠ ᠵᠢ ᠰᠠᠭ᠋ᠠᠳ ᠦᠬᠡᠢ ᠵᠢᠨ ᠪᠡᠯᠡᠳᠬᠡᠮᠵᠢ ᠵᠢᠨ ᠪᠠᠷᠢᠯᠭ᠎ᠠ ᠪᠠᠶ᠋ᠢᠭᠤᠯᠬᠤ ᠪᠠᠷᠢᠮᠵᠢᠶ᠎ᠠ᠎ᠳᠤ ᠠᠯᠬᠤᠮ ᠠᠯᠬᠤᠮ ᠵᠶ᠋ᠠᠷ ᠭᠦᠷᠬᠡᠬᠦ ᠬᠡᠷᠡᠭᠳᠡᠢ᠃
      ᠠᠷᠪᠠᠨ ᠬᠤᠶᠠᠳᠤᠭ᠋ᠠᠷ ᠵᠦᠢ᠍ᠯ       ᠰᠠᠭ᠋ᠠᠳ ᠦᠬᠡᠢ ᠵᠢᠨ ᠪᠡᠯᠡᠳᠬᠡᠮᠵᠢ ᠵᠢᠨ ᠪᠠᠷᠢᠯᠭ᠎ᠠ ᠵᠢ ᠵᠠᠪᠠᠯ ᠭᠤᠤᠯ ᠴᠤᠨᠨᠴᠠᠳᠤ ᠪᠠᠷᠢᠯᠭ᠎ᠠ᠎ᠲᠠᠢ ᠵᠡᠷᠬᠡ᠎ᠳᠤᠨᠢ ᠵᠢᠷᠤᠵᠦ ᠲᠦᠯᠦᠪᠯᠡᠨ᠂ ᠵᠡᠷᠬᠡ᠎ᠳᠤᠨᠢ ᠪᠠᠷᠢᠵᠦ ᠪᠠᠶ᠋ᠢᠭᠤᠯᠤᠨ᠂ ᠵᠡᠷᠬᠡ᠎ᠳᠤᠨᠢ ᠰᠢᠯᠭ᠋ᠠᠵᠦ ᠬᠤᠷᠢᠶᠠᠨ ᠠᠪᠴᠤ ᠬᠡᠷᠡᠭᠯᠡᠬᠡᠨ᠎ᠳᠤ ᠤᠷᠤᠭᠤᠯᠬᠤ ᠬᠡᠷᠡᠭᠳᠡᠢ᠃ ᠰᠢᠨ᠎ᠠ᠎ᠪᠠᠷ ᠪᠠᠶ᠋ᠢᠭᠤᠯᠤᠨᠨᠰᠠᠨ ᠰᠠᠭ᠋ᠠᠳ ᠦᠬᠡᠢ ᠵᠢᠨ ᠪᠡᠯᠡᠳᠬᠡᠮᠵᠢ ᠵᠢ ᠤᠶ᠋ᠢᠷ᠎ᠠ ᠬᠠᠪᠢ ᠵᠢᠨ ᠰᠠᠭ᠋ᠠᠳ ᠦᠬᠡᠢ ᠵᠢᠨ ᠪᠡᠯᠡᠳᠬᠡᠮᠵᠢ᠎ᠲᠠᠢ ᠬᠠᠷᠢᠯᠴᠠᠨ ᠵᠤᠯᠭ᠋ᠠᠭᠤᠯᠬᠤ ᠬᠡᠷᠡᠭᠳᠡᠢ᠃
      ᠠᠷᠪᠠᠨ ᠭᠤᠷᠪᠠᠳᠤᠭ᠋ᠠᠷ ᠵᠦᠢ᠍ᠯ       ᠵᠢᠷᠤᠵᠦ ᠲᠦᠯᠦᠪᠯᠡᠬᠦ ᠨᠢᠬᠡᠴᠡ᠎ᠨᠢ ᠵᠠᠪᠠᠯ 《ᠰᠠᠭ᠋ᠠᠳ ᠦᠬᠡᠢ ᠵᠢᠨ ᠵᠦᠢ᠍ᠯᠡᠰ᠎ᠢ ᠵᠢᠷᠤᠵᠦ ᠲᠦᠯᠦᠪᠯᠡᠬᠦ ᠵᠢᠷᠤᠮᠵᠢᠯ》 ᠵᠡᠷᠬᠡ ᠪᠠᠷᠢᠮᠵᠢᠶᠠᠳᠤ ᠵᠢᠷᠤᠮᠵᠢᠯ᠎ᠤᠨ ᠱᠠᠭ᠋ᠠᠷᠳᠠᠯᠭ᠎ᠠ ᠶᠤᠰᠤᠭ᠋ᠠᠷ᠂ ᠰᠠᠭ᠋ᠠᠳ ᠦᠬᠡᠢ ᠵᠢᠨ ᠲᠦᠭᠦᠷ ᠪᠡᠯᠡᠳᠬᠡᠮᠵᠢ ᠵᠢ ᠵᠢᠷᠤᠵᠦ ᠲᠦᠯᠦᠪᠯᠡᠬᠦ ᠬᠡᠷᠡᠭᠳᠡᠢ᠃ ᠪᠠᠷᠢᠯᠭ᠎ᠠ ᠪᠠᠷᠢᠬᠤ ᠵᠢᠷᠤᠭ᠎ᠤᠨ ᠵᠢᠷᠤᠵᠦ ᠲᠦᠯᠦᠪᠯᠡᠭᠰᠡᠨ ᠪᠢᠴᠢᠭ ᠮᠠᠲ᠋ᠧᠷᠢᠶᠠᠯ᠎ᠤᠨ ᠬᠢᠨᠠᠨ ᠪᠠᠶ᠋ᠢᠴᠠᠭ᠋ᠠᠬᠤ ᠪᠠᠶ᠋ᠢᠭᠤᠯᠤᠮᠵᠢ᠎ᠨᠢ ᠵᠠᠪᠠᠯ ᠵᠤᠬᠢᠬᠤ ᠪᠠᠷᠢᠮᠵᠢᠶᠠᠳᠤ ᠵᠢᠷᠤᠮᠵᠢᠯ ᠶᠤᠰᠤᠭ᠋ᠠᠷ ᠬᠢᠨᠠᠨ ᠪᠠᠶ᠋ᠢᠴᠠᠭ᠋ᠠᠬᠤ ᠬᠡᠷᠡᠭᠳᠡᠢ᠃ ᠪᠠᠷᠢᠯᠭ᠎ᠠ ᠪᠠᠷᠢᠬᠤ ᠨᠢᠬᠡᠴᠡ᠎ᠨᠢ ᠬᠢᠨᠠᠨ ᠪᠠᠶ᠋ᠢᠴᠠᠭ᠋ᠠᠯᠳᠠ᠎ᠳᠤ ᠬᠢᠷᠢ ᠲᠡᠩᠴᠡᠭᠰᠡᠨ ᠪᠠᠷᠢᠯᠭ᠎ᠠ ᠪᠠᠷᠢᠬᠤ ᠵᠢᠷᠤᠭ᠎ᠤᠨ ᠵᠢᠷᠤᠵᠦ ᠲᠦᠯᠦᠪᠯᠡᠭᠰᠡᠨ ᠪᠢᠴᠢᠭ ᠮᠠᠲ᠋ᠧᠷᠢᠶᠠᠯ ᠪᠠ 《ᠰᠠᠭ᠋ᠠᠳ ᠦᠬᠡᠢ ᠵᠢᠨ ᠪᠡᠯᠡᠳᠬᠡᠮᠵᠢ ᠵᠢᠨ ᠪᠠᠷᠢᠯᠭ᠎ᠠ ᠵᠢ ᠰᠢᠯᠭ᠋ᠠᠵᠦ ᠬᠤᠷᠢᠶᠠᠨ ᠠᠪᠬᠤ ᠪᠠ ᠬᠠᠮᠠᠭ᠋ᠠᠯᠠᠬᠤ ᠵᠢᠷᠤᠮᠵᠢᠯ》 ᠵᠡᠷᠬᠡ ᠪᠠᠷᠢᠯᠭ᠎ᠠ ᠪᠠᠷᠢᠬᠤ ᠬᠠᠮᠢᠶ᠎ᠠ ᠪᠦᠭᠦᠢ ᠮᠡᠷᠬᠡᠵᠢᠯ᠎ᠤᠨ ᠪᠠᠷᠢᠮᠵᠢᠶ᠎ᠠ ᠵᠢ ᠦᠨᠳᠦᠰᠦᠯᠡᠵᠦ᠂ ᠰᠠᠭ᠋ᠠᠳ ᠦᠬᠡᠢ ᠵᠢᠨ ᠪᠡᠯᠡᠳᠬᠡᠮᠵᠢ ᠵᠢᠨ ᠪᠠᠷᠢᠯᠭ᠎ᠠ ᠵᠢ ᠪᠠᠷᠢᠬᠤ ᠵᠢᠨ ᠬᠠᠮᠳᠤ᠂ ᠪᠠᠷᠢᠯᠭ᠎ᠠ ᠪᠠᠷᠢᠬᠤ ᠶᠠᠰᠤ ᠴᠢᠨᠠᠷ᠎ᠲᠤ ᠬᠠᠷᠢᠭᠤᠴᠠᠬᠤ ᠬᠡᠷᠡᠭᠳᠡᠢ᠃ ᠪᠠᠷᠢᠯᠭ᠎ᠠ ᠵᠢᠨ ᠬᠢᠨᠠᠨ ᠬᠠᠮᠢᠶᠠᠷᠬᠤ ᠨᠢᠬᠡᠴᠡ᠎ᠨᠢ ᠵᠠᠪᠠᠯ ᠬᠢᠨᠠᠨ ᠪᠠᠶ᠋ᠢᠴᠠᠭ᠋ᠠᠯᠳᠠ᠎ᠳᠤ ᠬᠢᠷᠢ ᠲᠡᠩᠴᠡᠭᠰᠡᠨ ᠪᠠᠷᠢᠯᠭ᠎ᠠ ᠪᠠᠷᠢᠬᠤ ᠵᠢᠷᠤᠭ᠎ᠤᠨ ᠵᠢᠷᠤᠵᠦ ᠲᠦᠯᠦᠪᠯᠡᠭᠰᠡᠨ ᠪᠢᠴᠢᠭ ᠮᠠᠲ᠋ᠧᠷᠢᠶᠠᠯ ᠪᠠ 《ᠰᠠᠭ᠋ᠠᠳ ᠦᠬᠡᠢ ᠵᠢᠨ ᠪᠡᠯᠡᠳᠬᠡᠮᠵᠢ ᠵᠢᠨ ᠪᠠᠷᠢᠯᠭ᠎ᠠ ᠵᠢ ᠰᠢᠯᠭ᠋ᠠᠵᠦ ᠬᠤᠷᠢᠶᠠᠨ ᠠᠪᠬᠤ ᠪᠠ ᠬᠠᠮᠠᠭ᠋ᠠᠯᠠᠬᠤ ᠵᠢᠷᠤᠮᠵᠢᠯ》 ᠵᠡᠷᠬᠡ ᠪᠠᠷᠢᠯᠭ᠎ᠠ ᠪᠠᠷᠢᠬᠤ᠂ ᠰᠢᠯᠭ᠋ᠠᠵᠦ ᠬᠤᠷᠢᠶᠠᠨ ᠠᠪᠬᠤ ᠬᠠᠮᠢᠶ᠎ᠠ ᠪᠦᠭᠦᠢ ᠲᠦᠷᠢᠮᠯᠡᠯ᠎ᠢ ᠦᠨᠳᠦᠰᠦᠯᠡᠨ᠂ ᠰᠠᠭ᠋ᠠᠳ ᠦᠬᠡᠢ ᠵᠢᠨ ᠪᠡᠯᠡᠳᠬᠡᠮᠵᠢ ᠵᠢᠨ ᠪᠠᠷᠢᠯᠭ᠎ᠠ ᠪᠠᠷᠢᠨᠨᠰᠠᠨ ᠶᠠᠰᠤ ᠴᠢᠨᠠᠷ᠎ᠢ ᠬᠢᠨᠠᠨ ᠬᠠᠮᠢᠶᠠᠷᠬᠤ ᠵᠢᠨ ᠬᠠᠮᠳᠤ᠂ ᠪᠠᠷᠢᠯᠭ᠎ᠠ ᠪᠠᠷᠢᠬᠤ ᠶᠠᠰᠤ ᠴᠢᠨᠠᠷ᠎ᠲᠤ ᠬᠢᠨᠠᠨ ᠬᠠᠮᠢᠶᠠᠷᠬᠤ ᠬᠠᠷᠢᠭᠤᠴᠠᠯᠭ᠎ᠠ ᠡᠭᠦᠷᠬᠡᠯᠡᠬᠦ ᠬᠡᠷᠡᠭᠳᠡᠢ᠃ ᠪᠦᠳᠦᠬᠡᠨ ᠪᠠᠶ᠋ᠢᠭᠤᠯᠬᠤ ᠨᠢᠬᠡᠴᠡ᠎ᠨᠢ ᠪᠦᠳᠦᠬᠡᠨ ᠪᠠᠶ᠋ᠢᠭᠤᠯᠵᠦ ᠲᠠᠭᠤᠰᠤᠨᠨᠰᠠᠨ ᠪᠠᠷᠢᠯᠭ᠎ᠠ ᠵᠢ ᠰᠢᠯᠭ᠋ᠠᠵᠦ ᠬᠤᠷᠢᠶᠠᠨ ᠠᠪᠬᠤ ᠵᠢ ᠵᠤᠬᠢᠶᠠᠨ ᠪᠠᠶ᠋ᠢᠭᠤᠯᠬᠤ᠎ᠳᠤ᠂ ᠰᠠᠭ᠋ᠠᠳ ᠦᠬᠡᠢ ᠵᠢᠨ ᠪᠡᠯᠡᠳᠬᠡᠮᠵᠢ ᠵᠢ ᠵᠡᠷᠬᠡ᠎ᠳᠤᠨᠢ ᠰᠢᠯᠭ᠋ᠠᠵᠦ ᠬᠤᠷᠢᠶᠠᠨ ᠠᠪᠬᠤ ᠬᠡᠷᠡᠭᠳᠡᠢ᠃ ᠰᠠᠭ᠋ᠠᠳ ᠦᠬᠡᠢ ᠵᠢᠨ ᠪᠡᠯᠡᠳᠬᠡᠮᠵᠢ᠎ᠨᠢ ᠬᠢᠨᠠᠨ ᠪᠠᠶ᠋ᠢᠴᠠᠭ᠋ᠠᠯᠳᠠ᠎ᠳᠤ ᠬᠢᠷᠢ ᠲᠡᠩᠴᠡᠭᠰᠡᠨ ᠪᠠᠷᠢᠯᠭ᠎ᠠ ᠪᠠᠷᠢᠬᠤ ᠵᠢᠷᠤᠭ᠎ᠤᠨ ᠵᠢᠷᠤᠵᠦ ᠲᠦᠯᠦᠪᠯᠡᠭᠰᠡᠨ ᠪᠢᠴᠢᠭ ᠮᠠᠲ᠋ᠧᠷᠢᠶᠠᠯ ᠪᠠ 《ᠰᠠᠭ᠋ᠠᠳ ᠦᠬᠡᠢ ᠵᠢᠨ ᠪᠡᠯᠡᠳᠬᠡᠮᠵᠢ ᠵᠢᠨ ᠪᠠᠷᠢᠯᠭ᠎ᠠ ᠵᠢ ᠰᠢᠯᠭ᠋ᠠᠵᠦ ᠬᠤᠷᠢᠶᠠᠨ ᠠᠪᠬᠤ ᠪᠠ ᠬᠠᠮᠠᠭ᠋ᠠᠯᠠᠬᠤ ᠵᠢᠷᠤᠮᠵᠢᠯ》 ᠵᠡᠷᠬᠡ ᠪᠠᠷᠢᠯᠭ᠎ᠠ ᠪᠠᠷᠢᠬᠤ ᠬᠠᠮᠢᠶ᠎ᠠ ᠪᠦᠭᠦᠢ ᠮᠡᠷᠬᠡᠵᠢᠯ᠎ᠤᠨ ᠪᠠᠷᠢᠮᠵᠢᠶ᠎ᠠ ᠵᠢ ᠦᠨᠳᠦᠰᠦᠯᠡᠭᠰᠡᠨ ᠦᠬᠡᠢ ᠪᠠᠶ᠋ᠢᠪᠠᠯ᠂ ᠪᠠᠷᠢᠯᠭ᠎ᠠ ᠲᠠᠭᠤᠰᠤᠨᠨᠰᠠᠨ᠎ᠢ᠎ᠨᠢ ᠰᠢᠯᠭ᠋ᠠᠵᠦ ᠬᠤᠷᠢᠶᠠᠨ ᠠᠪᠬᠤ᠎ᠪᠠᠷ ᠦᠩᠬᠡᠷᠡᠬᠡᠵᠦ ᠪᠤᠯᠬᠤ ᠦᠬᠡᠢ᠃
      ᠠᠷᠪᠠᠨ ᠲᠦᠷᠪᠡᠳᠦᠬᠡᠷ ᠵᠦᠢ᠍ᠯ       ᠰᠠᠭ᠋ᠠᠳ ᠦᠬᠡᠢ ᠵᠢᠨ ᠪᠡᠯᠡᠳᠬᠡᠮᠵᠢ ᠵᠢᠨ ᠪᠦᠳᠦᠬᠡᠨ ᠪᠠᠶ᠋ᠢᠭᠤᠯᠤᠯᠳᠠ ᠵᠢ ᠵᠠᠪᠠᠯ ᠠᠮᠤᠷ ᠲᠦᠪᠰᠢᠨ᠂ ᠬᠡᠷᠡᠭᠯᠡᠬᠦ᠎ᠳᠤ ᠲᠤᠬᠢᠷᠠᠮᠵᠢᠳᠠᠢ ᠪᠠ ᠬᠢᠯᠪᠡᠷ ᠲᠦᠭᠦᠮ ᠪᠠᠶ᠋ᠢᠯᠭ᠋ᠠᠬᠤ ᠦᠨᠳᠦᠰᠦᠨ ᠱᠠᠭ᠋ᠠᠷᠳᠠᠯᠭ᠎ᠠ᠎ᠳᠤ ᠨᠡᠶ᠋ᠢᠴᠡᠬᠦᠯᠬᠦ ᠵᠢᠨ ᠬᠠᠮᠳᠤ᠂ ᠲᠤᠤᠷᠠᠬᠢ ᠲᠤᠨᠨᠳᠠᠭ᠋ᠠᠯ᠎ᠢ ᠵᠢᠷᠤᠮᠯᠠᠬᠤ ᠬᠡᠷᠡᠭᠳᠡᠢ᠄
     (ᠨᠢᠬᠡ) ᠬᠤᠳᠠ ᠵᠢᠨ ᠭᠤᠤᠯ ᠵᠠᠮ᠂ ᠬᠤᠳᠠᠯᠳᠤᠭ᠋ᠠᠨ᠎ᠤ ᠭᠤᠤᠯ ᠲᠤᠭᠤᠷᠢᠭ᠂ ᠤᠷᠤᠨ ᠰᠠᠭᠤᠴᠠ ᠵᠢᠨ ᠲᠤᠮᠤ ᠲᠤᠭᠤᠷᠢᠭ᠎ᠲᠠᠬᠢ ᠵᠤᠷᠴᠢᠬᠤ ᠵᠦᠷᠢᠯᠬᠡ ᠭᠦᠭᠦᠷᠬᠡ ᠪᠠ ᠭᠠᠵᠠᠷ ᠲᠤᠤᠷᠠᠬᠢ ᠬᠤᠩᠬᠢᠯ ᠵᠠᠮ᠎ᠳᠤ ᠵᠠᠪᠠᠯ ᠰᠠᠭ᠋ᠠᠳ ᠦᠬᠡᠢ ᠵᠢᠨ ᠪᠡᠯᠡᠳᠬᠡᠮᠵᠢ ᠵᠢᠨ ᠪᠠᠷᠢᠯᠭ᠎ᠠ ᠪᠠᠶ᠋ᠢᠭᠤᠯᠬᠤ ᠪᠠᠷᠢᠮᠵᠢᠶ᠎ᠠ ᠶᠤᠰᠤᠭ᠋ᠠᠷ ᠰᠠᠭ᠋ᠠᠳ ᠦᠬᠡᠢ ᠵᠢᠨ ᠪᠡᠯᠡᠳᠬᠡᠮᠵᠢ ᠲᠤᠬᠢᠷᠠᠭᠤᠯᠬᠤ ᠬᠡᠷᠡᠭᠳᠡᠢ᠃ ᠶᠠᠪᠠᠭ᠋ᠠᠨ ᠭᠦᠮᠦᠨ᠎ᠤ ᠵᠠᠮ᠎ᠤᠨ ᠠᠭᠤᠯᠵᠠᠭᠤᠷ᠂ ᠤᠯᠠᠨ ᠨᠡᠶ᠋ᠢᠳᠡ ᠵᠢᠨ ᠬᠡᠷ ᠪᠠᠷᠢᠯᠭ᠎ᠠ ᠵᠢᠨ ᠭᠠᠵᠠᠷ᠎ᠤᠨ ᠭᠠᠳᠠᠷᠭᠤ ᠵᠢ ᠲᠡᠭᠰᠢ ᠪᠠᠶ᠋ᠢᠯᠭ᠋ᠠᠬᠤ ᠪᠦᠬᠡᠳ ᠬᠠᠯᠳᠤᠷᠢᠬᠤ᠎ᠠᠴᠠ ᠰᠡᠷᠬᠡᠶ᠋ᠢᠯᠡᠵᠦ᠂ ᠤᠷᠤᠵᠦ ᠭᠠᠷᠬᠤ ᠭᠠᠵᠠᠷ᠎ᠲᠤ ᠵᠠᠪᠠᠯ ᠭᠦᠷᠳᠦᠳᠦ ᠰᠠᠨᠳᠠᠯᠢ ᠦᠩᠬᠡᠷᠡᠬᠦ ᠨᠠᠯᠠᠤ ᠵᠠᠮ ᠭᠠᠷᠭ᠋ᠠᠬᠤ ᠬᠡᠷᠡᠭᠳᠡᠢ;
     (ᠬᠤᠶᠠᠷ) ᠬᠠᠷᠠᠭ᠎ᠠ ᠠᠯᠳ᠋ᠬᠠᠰᠠᠳ᠎ᠤᠨ ᠶᠠᠪᠤᠬᠤ ᠵᠠᠮ᠎ᠢ ᠲᠡᠪᠢᠰᠬᠦ᠎ᠳᠤ ᠵᠠᠪᠠᠯ ᠵᠠᠯᠭ᠋ᠠᠯᠳᠤᠭᠤᠯᠵᠦ᠂ ᠤᠶ᠋ᠢᠷ᠎ᠠ ᠬᠠᠪᠢ᠎ᠳᠠᠬᠢ ᠤᠯᠠᠨ ᠨᠡᠶ᠋ᠢᠳᠡ ᠵᠢᠨ ᠵᠠᠮ ᠬᠠᠷᠢᠯᠴᠠᠭ᠋ᠠᠨ᠎ᠤ ᠵᠤᠨᠨᠰᠤᠬᠤ ᠦᠷᠳᠡᠭᠡ᠂ ᠵᠠᠮ ᠤᠨᠨᠳᠤᠯᠵᠦ ᠭᠠᠷᠬᠤ ᠵᠦᠷᠢᠯᠬᠡ ᠭᠦᠭᠦᠷᠬᠡ᠂ ᠤᠯᠠᠨ ᠨᠡᠶ᠋ᠢᠳᠡ ᠵᠢᠨ ᠪᠠᠷᠢᠯᠭ᠎ᠠ ᠵᠢᠨ ᠰᠠᠭ᠋ᠠᠳ ᠦᠬᠡᠢ ᠵᠢᠨ ᠪᠡᠯᠡᠳᠬᠡᠮᠵᠢ᠎ᠲᠠᠢ ᠬᠠᠷᠢᠯᠴᠠᠨ ᠵᠠᠯᠭ᠋ᠠᠯᠳᠤᠭᠤᠯᠬᠤ ᠵᠢᠨ ᠬᠠᠮᠳᠤ᠂ ᠴᠠᠬᠢᠯᠭ᠋ᠠᠨ ᠤᠳᠠᠰᠤᠨ᠎ᠤ ᠱᠤᠩ᠂ ᠤᠳᠠᠰᠤ᠂ ᠭᠠᠵᠠᠷ ᠲᠤᠤᠷᠠᠬᠢ ᠵᠢ ᠪᠠᠶ᠋ᠢᠴᠠᠭ᠋ᠠᠬᠤ ᠬᠤᠳᠳᠤᠭ᠂ ᠮᠤᠳᠤ (ᠨᠦᠬᠡ) ᠵᠡᠷᠬᠡ ᠰᠠᠭ᠋ᠠᠳ ᠪᠤᠯᠬᠤ ᠪᠤᠳᠠᠰ᠎ᠠᠴᠠ ᠵᠠᠶ᠋ᠢᠯᠠᠭᠤᠯᠬᠤ ᠬᠡᠷᠡᠭᠳᠡᠢ;
     (ᠭᠤᠷᠪᠠ) ᠤᠯᠠᠨ ᠨᠡᠶ᠋ᠢᠳᠡ ᠵᠢᠨ ᠪᠠᠷᠢᠯᠭ᠎ᠠ᠂ ᠲᠡᠤᠬᠡ ᠰᠤᠶᠤᠯ᠎ᠤᠨ ᠬᠠᠮᠠᠭ᠋ᠠᠯᠠᠯᠳᠠ ᠵᠢᠨ ᠨᠢᠬᠡᠴᠡ ᠵᠢᠨ ᠪᠠᠷᠢᠯᠭ᠎ᠠ᠎ᠳᠠᠬᠢ ᠪᠢᠯᠧᠲ ᠬᠤᠳᠠᠯᠳᠤᠬᠤ ᠭᠠᠵᠠᠷ᠂ ᠦᠢ᠍ᠯᠡᠴᠢᠯᠡᠬᠦ ᠲᠠᠶ᠋ᠢᠰᠠ᠂ ᠤᠯᠠᠨ ᠨᠡᠶ᠋ᠢᠳᠡ ᠵᠢᠨ ᠤᠳᠠᠰᠤ᠂ ᠤᠤᠭᠤᠬᠤ ᠤᠰᠤᠨ᠎ᠤ ᠰᠠᠪᠠ ᠵᠡᠷᠬᠡ ᠤᠠᠯᠨ ᠨᠡᠶ᠋ᠢᠳᠡ ᠵᠢᠨ ᠪᠡᠯᠡᠳᠬᠡᠮᠵᠢ᠎ᠳᠤ ᠵᠠᠪᠠᠯ ᠦᠢ᠍ᠯᠡᠴᠢᠯᠡᠬᠡᠨ᠎ᠤ ᠪᠤᠭᠤᠨᠢᠬᠠᠨ ᠪᠡᠯᠡᠳᠬᠡᠮᠵᠢ ᠲᠤᠬᠢᠷᠠᠭᠤᠯᠬᠤ ᠬᠡᠷᠡᠭᠳᠡᠢ;
     (ᠲᠦᠷᠪᠡ) ᠤᠯᠠᠨ ᠨᠡᠶ᠋ᠢᠳᠡ ᠵᠢᠨ ᠪᠠᠷᠢᠯᠭ᠎ᠠ᠂ ᠤᠯᠠᠨ ᠨᠡᠶ᠋ᠢᠳᠡ ᠵᠢᠨ ᠵᠠᠮ ᠬᠠᠷᠢᠯᠴᠠᠭ᠋ᠠᠨ᠎ᠤ ᠪᠡᠯᠡᠳᠬᠡᠮᠵᠢ ᠵᠢᠨ ᠰᠢᠯ ᠡᠭᠦᠳᠡ᠂ ᠰᠢᠯ ᠬᠡᠷᠡᠮ᠂ ᠠᠰᠠᠷ᠎ᠤᠨ ᠱᠠᠳᠤ᠂ ᠴᠠᠬᠢᠯᠭ᠋ᠠᠨ ᠱᠠᠳᠤᠨ᠎ᠤ ᠡᠭᠦᠳᠡ ᠪᠠ ᠨᠡᠪᠳᠡᠷᠡᠬᠦ ᠬᠤᠩᠬᠢᠯ ᠵᠡᠷᠬᠡ ᠭᠠᠵᠠᠷ᠎ᠲᠤ ᠵᠠᠪᠠᠯ ᠰᠡᠷᠡᠮᠵᠢᠯᠡᠬᠦᠯᠬᠦ ᠲᠡᠮᠳᠡᠭ᠂ ᠲᠤᠬᠢᠶ᠎ᠠ ᠪᠤᠶᠤ ᠵᠢᠭ᠋ᠠᠯᠳᠠ ᠵᠢᠨ ᠲᠤᠨᠤᠨᠨᠯᠠᠯ ᠲᠤᠬᠢᠷᠠᠭᠤᠯᠬᠤ ᠬᠡᠷᠡᠭᠳᠡᠢ;
     (ᠲᠠᠪᠤ) ᠬᠤᠳᠠ ᠵᠢᠨ ᠭᠤᠤᠯ ᠵᠠᠮ᠂ ᠬᠤᠳᠠᠯᠳᠤᠭ᠋ᠠᠨ᠎ᠤ ᠭᠤᠤᠯ ᠲᠤᠭᠤᠷᠢᠭ ᠪᠠ ᠤᠷᠤᠨ ᠰᠠᠭᠤᠴᠠ ᠵᠢᠨ ᠲᠤᠮᠤ ᠲᠤᠭᠤᠷᠢᠭ᠎ᠲᠠᠬᠢ ᠶᠠᠪᠠᠭ᠋ᠠᠨ ᠭᠦᠮᠦᠨ᠎ᠤ ᠵᠤᠷᠴᠢᠬᠤ ᠵᠠᠮ᠎ᠤᠨ ᠲᠤᠬᠢᠶᠠᠨ ᠳ᠋ᠧᠩ᠎ᠳᠤ ᠵᠠᠪᠠᠯ ᠵᠠᠮ ᠤᠨᠨᠳᠤᠯᠵᠦ ᠭᠠᠷᠬᠤ ᠵᠢ ᠲᠠᠭᠤᠨ ᠵᠶ᠋ᠠᠷ ᠰᠠᠨᠠᠭᠤᠯᠬᠤ ᠲᠤᠨᠤᠨᠨᠯᠠᠯ ᠲᠤᠬᠢᠷᠠᠭᠤᠯᠬᠤ ᠬᠡᠷᠡᠭᠳᠡᠢ᠃ ᠰᠢᠨ᠎ᠠ᠎ᠪᠠᠷ ᠪᠠᠶ᠋ᠢᠭᠤᠯᠤᠨᠨᠰᠠᠨ ᠵᠠᠮ ᠬᠠᠷᠢᠯᠴᠠᠭ᠋ᠠᠨ᠎ᠤ ᠲᠤᠬᠢᠶᠠᠨ ᠳ᠋ᠧᠩ᠎ᠳᠤ ᠵᠠᠪᠠᠯ ᠵᠠᠮ ᠤᠨᠨᠳᠤᠯᠵᠦ ᠭᠠᠷᠬᠤ ᠵᠢ ᠲᠠᠭᠤᠨ ᠵᠶ᠋ᠠᠷ ᠰᠠᠨᠠᠭᠤᠯᠬᠤ ᠲᠤᠨᠤᠨᠨᠯᠠᠯ ᠲᠤᠬᠢᠷᠠᠭᠤᠯᠬᠤ ᠬᠡᠷᠡᠭᠳᠡᠢ᠃ ᠰᠠᠭ᠋ᠠᠳ ᠦᠬᠡᠢ ᠵᠢᠨ ᠪᠡᠯᠡᠳᠬᠡᠮᠵᠢ ᠵᠢ ᠵᠠᠪᠠᠯ ᠤᠯᠠᠨ ᠤᠯᠤᠰ᠎ᠲᠤ ᠨᠡᠶ᠋ᠢᠳᠡᠮ ᠬᠡᠷᠡᠭᠯᠡᠭᠳᠡᠵᠦ ᠪᠠᠶ᠋ᠢᠭ᠎ᠠ ᠰᠠᠭ᠋ᠠᠳ ᠦᠬᠡᠢ ᠵᠢᠨ ᠲᠡᠮᠳᠡᠭ ᠶᠤᠰᠤᠭ᠋ᠠᠷ ᠲᠤᠬᠢᠷᠠᠭᠤᠯᠵᠦ᠂ ᠵᠠᠮ᠂ ᠤᠯᠠᠨ ᠨᠡᠶ᠋ᠢᠳᠡ ᠵᠢᠨ ᠲᠠᠯᠠᠪᠤᠷ ᠭᠠᠵᠠᠷ᠎ᠲᠠᠬᠢ ᠰᠠᠭ᠋ᠠᠳ ᠦᠬᠡᠢ ᠵᠢᠨ ᠪᠡᠯᠡᠳᠬᠡᠮᠵᠢ ᠵᠢᠨ ᠵᠢᠷᠤᠭ ᠲᠦᠷᠰᠦᠳᠦ ᠢᠯᠭ᠋ᠠᠬᠤ ᠲᠡᠮᠳᠡᠭ᠂ ᠲᠡᠮᠳᠡᠭ᠎ᠢ ᠵᠠᠪᠠᠯ ᠤᠯᠤᠰ ᠵᠢᠴᠢ ᠤᠷᠤᠨ ᠨᠤᠳᠤᠭ᠎ᠤᠨ ᠪᠠᠷᠢᠮᠵᠢᠶ᠎ᠠ ᠶᠤᠰᠤᠭ᠋ᠠᠷ ᠲᠤᠬᠢᠷᠠᠭᠤᠯᠬᠤ ᠬᠡᠷᠡᠭᠳᠡᠢ᠃ ᠰᠠᠭ᠋ᠠᠳ ᠦᠬᠡᠢ ᠵᠢᠨ ᠲᠡᠮᠳᠡᠭ᠎ᠢ ᠵᠠᠪᠠᠯ ᠢᠯᠡ ᠪᠠᠶ᠋ᠢᠷᠢᠨ᠎ᠳᠤ ᠲᠤᠬᠢᠷᠠᠭᠤᠯᠵᠦ᠂ ᠠᠭᠤᠯᠭ᠎ᠠ ᠵᠢ᠎ᠨᠢ ᠢᠯᠡ ᠲᠤᠳᠤ᠂ ᠵᠢᠷᠤᠮᠵᠢᠯ᠎ᠲᠠᠢ ᠪᠠᠶ᠋ᠢᠯᠭ᠋ᠠᠬᠤ ᠬᠡᠷᠡᠭᠳᠡᠢ᠃
      ᠠᠷᠪᠠᠨ ᠲᠠᠪᠤᠳᠤᠭ᠋ᠠᠷ ᠵᠦᠢ᠍ᠯ         ᠰᠠᠭ᠋ᠠᠳ ᠦᠬᠡᠢ ᠵᠢᠨ ᠪᠡᠯᠡᠳᠬᠡᠮᠵᠢ ᠵᠢᠨ ᠦᠮᠴᠢᠯᠡᠬᠦ ᠡᠷᠬᠡ᠎ᠲᠠᠢ ᠭᠦᠮᠦᠨ ᠪᠠ ᠬᠠᠮᠢᠶᠠᠷᠬᠤ ᠭᠦᠮᠦᠨ᠎ᠨᠢ ᠵᠠᠪᠠᠯ ᠰᠠᠭ᠋ᠠᠳ ᠦᠬᠡᠢ ᠵᠢᠨ ᠪᠡᠯᠡᠳᠬᠡᠮᠵᠢ ᠵᠢ ᠬᠠᠮᠠᠭ᠋ᠠᠯᠠᠨ᠂ ᠡᠪᠳᠡᠨ ᠰᠦᠢ᠍ᠳᠬᠡᠭᠳᠡᠬᠦ ᠪᠤᠶᠤ ᠰᠠᠭ᠋ᠠᠳ ᠲᠤᠳᠬᠠᠷ ᠭᠠᠷᠪᠠᠯ ᠴᠠᠭ ᠲᠤᠬᠠᠢ᠎ᠳᠤᠨᠢ ᠰᠡᠯᠪᠢᠨ ᠵᠠᠰᠠᠵᠦ᠂ ᠰᠠᠭ᠋ᠠᠳ ᠦᠬᠡᠢ ᠵᠢᠨ ᠪᠡᠯᠡᠳᠬᠡᠮᠵᠢ ᠵᠢᠨ ᠬᠡᠪ ᠵᠶ᠋ᠠᠷ ᠬᠡᠷᠡᠭᠯᠡᠭᠳᠡᠬᠦ ᠵᠢ ᠦᠨᠡᠨᠬᠦ ᠪᠠᠳᠤᠯᠠᠬᠤ ᠬᠡᠷᠡᠭᠳᠡᠢ᠃
      ᠠᠷᠪᠠᠨ ᠵᠢᠷᠭᠤᠳᠤᠭ᠋ᠠᠷ ᠵᠦᠢ᠍ᠯ         ᠰᠠᠭ᠋ᠠᠳ ᠦᠬᠡᠢ ᠵᠢᠨ ᠪᠡᠯᠡᠳᠬᠡᠮᠵᠢ ᠵᠢ ᠡᠪᠳᠡᠨ ᠰᠦᠢ᠍ᠳᠬᠡᠬᠦ᠂ ᠲᠤᠷ᠎ᠠ᠎ᠪᠠᠷ ᠡᠵᠡᠯᠡᠵᠦ ᠬᠡᠷᠡᠭᠯᠡᠬᠦ ᠪᠤᠶᠤ ᠬᠡᠷᠡᠭᠯᠡᠬᠡᠨ᠎ᠢ᠎ᠨᠢ ᠦᠬᠡᠷᠡᠴᠢᠯᠡᠬᠦ ᠵᠢ ᠡᠷᠡᠰ ᠬᠤᠷᠢᠨᠨᠯᠠᠬᠤ ᠬᠡᠷᠡᠭᠳᠡᠢ᠃ ᠬᠤᠳᠠ ᠵᠢᠨ ᠪᠦᠳᠦᠬᠡᠨ ᠪᠠᠶ᠋ᠢᠭᠤᠯᠤᠯᠳᠠ᠂ ᠨᠡᠶ᠋ᠢᠬᠡᠮ᠎ᠤᠨ ᠠᠰᠠᠷᠠᠮᠵᠢ ᠵᠢᠨ ᠠᠵᠢᠯᠯᠠᠭ᠎ᠠ ᠵᠡᠷᠬᠡ ᠰᠢᠯᠳᠠᠭ᠋ᠠᠨ᠎ᠠᠴᠠ ᠪᠤᠯᠵᠦ ᠬᠤᠳᠠ ᠵᠢᠨ ᠵᠠᠮ᠎ᠢ ᠲᠦᠷ ᠴᠠᠭ ᠡᠵᠡᠯᠡᠨ ᠬᠡᠷᠡᠭᠯᠡᠬᠦ ᠴᠢᠬᠤᠯᠠ᠎ᠲᠠᠢ ᠪᠠᠶ᠋ᠢᠪᠠᠯ᠂ ᠰᠠᠭ᠋ᠠᠳ ᠦᠬᠡᠢ ᠵᠢᠨ ᠪᠡᠯᠡᠳᠬᠡᠮᠵᠢ ᠵᠢ ᠡᠵᠡᠯᠡᠵᠦ ᠬᠡᠷᠡᠭᠯᠡᠬᠦ᠎ᠠᠴᠠ ᠵᠠᠶ᠋ᠢᠯᠠᠰᠬᠢᠬᠤ ᠬᠡᠷᠡᠭᠳᠡᠢ; ᠡᠷᠬᠡᠪᠰᠢ ᠡᠵᠡᠯᠡᠨ ᠬᠡᠷᠡᠭᠯᠡᠬᠦ ᠴᠢᠬᠤᠯᠠ᠎ᠲᠠᠢ ᠪᠠᠶ᠋ᠢᠪᠠᠯ᠂ ᠰᠠᠭ᠋ᠠᠳ ᠦᠬᠡᠢ ᠵᠢᠨ ᠪᠡᠯᠡᠳᠬᠡᠮᠵᠢ ᠵᠢᠨ ᠦᠮᠴᠢᠯᠡᠬᠦ ᠡᠷᠬᠡ᠎ᠲᠠᠢ ᠭᠦᠮᠦᠨ ᠪᠤᠶᠤ ᠬᠠᠮᠢᠶᠠᠷᠬᠤ ᠭᠦᠮᠦᠨ᠎ᠨᠢ ᠵᠦᠪᠰᠢᠶᠡᠷᠡᠭᠰᠡᠨ ᠪᠠᠶ᠋ᠢᠬᠤ ᠬᠡᠷᠡᠭᠳᠡᠢ; ᠬᠠᠤᠯᠢ ᠶᠤᠰᠤᠭ᠋ᠠᠷ ᠬᠤᠯᠪᠤᠨᠨᠳᠠᠯ ᠪᠦᠭᠦᠢ ᠰᠠᠯᠠᠭ᠎ᠠ ᠮᠦᠴᠢᠷ ᠵᠶ᠋ᠠᠷ ᠵᠦᠪᠰᠢᠶᠡᠷᠡᠭᠦᠯᠬᠦ ᠴᠢᠬᠤᠯᠠ᠎ᠲᠠᠢ ᠪᠠᠶ᠋ᠢᠪᠠᠯ᠂ ᠬᠤᠯᠪᠤᠨᠨᠳᠠᠯ ᠪᠦᠭᠦᠢ ᠰᠠᠯᠠᠭ᠎ᠠ ᠮᠦᠴᠢᠷ᠎ᠲᠤ ᠮᠡᠳᠡᠭᠦᠯᠦᠨ ᠵᠦᠪᠰᠢᠶᠡᠷᠡᠭᠦᠯᠬᠦ ᠵᠢᠨ ᠬᠠᠮᠳᠤ᠂ ᠬᠠᠯᠬᠠᠪᠴᠢ ᠬᠡᠷᠡᠰᠬᠡ᠂ ᠰᠡᠷᠡᠮᠵᠢᠯᠡᠬᠦᠯᠬᠦ ᠲᠡᠮᠳᠡᠭ ᠪᠤᠶᠤ ᠲᠤᠬᠢᠶᠠᠨ᠎ᠤ ᠪᠡᠯᠡᠳᠬᠡᠮᠵᠢ ᠲᠤᠬᠢᠷᠠᠭᠤᠯᠵᠦ᠂ ᠴᠢᠬᠤᠯᠠ ᠪᠦᠭᠦᠢ ᠤᠷᠤᠯᠠᠭᠤᠯᠬᠤ ᠠᠷᠭ᠎ᠠ ᠬᠡᠮᠵᠢᠶ᠎ᠡ ᠠᠪᠬᠤ ᠬᠡᠷᠡᠭᠳᠡᠢ᠃ ᠲᠦᠷ ᠴᠠᠭ ᠡᠵᠡᠯᠡᠨ ᠬᠡᠷᠡᠭᠯᠡᠬᠦ ᠬᠤᠭᠤᠴᠠᠭ᠎ᠠ᠎ᠨᠢ ᠲᠤᠯᠪᠠᠯ᠂ ᠰᠠᠭ᠋ᠠᠳ ᠦᠬᠡᠢ ᠵᠢᠨ ᠪᠡᠯᠡᠳᠬᠡᠮᠵᠢ ᠵᠢ ᠬᠡᠷᠡᠭᠯᠡᠬᠦ ᠦᠢ᠍ᠯᠡᠳᠦᠯ ᠴᠢᠳᠠᠮᠵᠢ ᠵᠢ᠎ᠨᠢ   ᠴᠠᠭ ᠲᠤᠬᠠᠢ᠎ᠳᠤᠨᠢ ᠰᠡᠷᠭᠦᠬᠡᠬᠦ ᠬᠡᠷᠡᠭᠳᠡᠢ᠃
      ᠠᠷᠪᠠᠨ ᠲᠤᠯᠤᠳᠤᠭ᠋ᠠᠷ ᠵᠦᠢ᠍ᠯ       ᠬᠤᠳᠠ ᠪᠠᠯᠭ᠋ᠠᠰᠤᠨ᠎ᠳᠤ ᠨᠢᠬᠡᠨᠳᠡ ᠪᠠᠶ᠋ᠢᠭᠤᠯᠤᠨᠨᠰᠠᠨ ᠰᠠᠭ᠋ᠠᠳ ᠦᠬᠡᠢ ᠵᠢᠨ ᠪᠡᠯᠡᠳᠬᠡᠮᠵᠢ ᠵᠢᠨ ᠪᠠᠷᠢᠯᠭ᠎ᠠ ᠪᠠᠶ᠋ᠢᠭᠤᠯᠬᠤ ᠪᠠᠷᠢᠮᠵᠢᠶᠠᠨ᠎ᠳᠤ ᠦᠯᠦ ᠨᠡᠶ᠋ᠢᠴᠡᠬᠦ ᠵᠠᠮ᠂ ᠬᠤᠳᠠ ᠵᠢᠨ ᠠᠭᠤᠳᠠᠮ ᠲᠠᠯᠠᠪᠠᠢ᠂ ᠬᠤᠳᠠ ᠵᠢᠨ ᠵᠦᠯᠬᠡ ᠭᠠᠵᠠᠷ᠂ ᠤᠯᠠᠨ ᠨᠡᠶ᠋ᠢᠳᠡ ᠵᠢᠨ ᠪᠠᠷᠢᠯᠭ᠎ᠠ᠂ ᠤᠯᠠᠨ ᠨᠡᠶ᠋ᠢᠳᠡ ᠵᠢᠨ ᠵᠠᠮ ᠬᠠᠷᠢᠯᠴᠠᠭ᠋ᠠᠨ᠎ᠤ ᠪᠡᠯᠡᠳᠬᠡᠮᠵᠢ᠂ ᠤᠷᠤᠨ ᠰᠠᠭᠤᠴᠠ ᠵᠢᠨ ᠪᠠᠷᠢᠯᠭ᠎ᠠ᠂ ᠤᠷᠤᠨ ᠰᠠᠭᠤᠴᠠ ᠵᠢᠨ ᠲᠤᠭᠤᠷᠢᠭ ᠪᠠᠶ᠋ᠢᠪᠠᠯ᠂ ᠬᠤᠰᠢᠭᠤ ᠰᠢᠶᠠᠨ᠎ᠤ ᠱᠠᠳᠤᠨ᠎ᠠᠴᠠ ᠲᠡᠬᠡᠭᠰᠢᠬᠢ ᠠᠷᠠᠳ᠎ᠤᠨ ᠵᠠᠰᠠᠭ᠎ᠤᠨ ᠤᠷᠳᠤᠨ᠎ᠨᠢ ᠰᠠᠭ᠋ᠠᠳ ᠦᠬᠡᠢ ᠵᠢᠨ ᠪᠡᠯᠡᠳᠬᠡᠮᠵᠢ ᠵᠢ ᠦᠬᠡᠷᠡᠴᠢᠯᠡᠨ ᠵᠠᠰᠠᠬᠤ ᠲᠦᠯᠦᠪᠯᠡᠭᠡ ᠲᠤᠨᠨᠳᠠᠭ᠋ᠠᠬᠤ ᠵᠢᠨ ᠬᠠᠮᠳᠤ ᠵᠤᠬᠢᠶᠠᠨ ᠪᠠᠶ᠋ᠢᠭᠤᠯᠤᠨ ᠬᠡᠷᠡᠭᠵᠢᠬᠦᠯᠬᠦ ᠬᠡᠷᠡᠭᠳᠡᠢ᠃ ᠰᠠᠭ᠋ᠠᠳ ᠦᠬᠡᠢ ᠵᠢᠨ ᠪᠡᠯᠡᠳᠬᠡᠮᠵᠢ ᠵᠢᠨ ᠦᠬᠡᠷᠡᠴᠢᠯᠡᠨ ᠰᠢᠨᠡᠳᠬᠡᠬᠦ ᠵᠢ ᠦᠮᠴᠢᠯᠡᠬᠦ ᠡᠷᠬᠡ᠎ᠲᠠᠢ ᠭᠦᠮᠦᠨ ᠪᠤᠶᠤ ᠬᠠᠮᠢᠶᠠᠷᠬᠤ ᠭᠦᠮᠦᠨ᠎ᠨᠢ ᠬᠠᠷᠢᠭᠤᠴᠠᠬᠤ ᠬᠡᠷᠡᠭᠳᠡᠢ᠃
      ᠠᠷᠪᠠᠨ ᠨᠠᠢ᠍ᠮᠠᠳᠣᠭ᠋ᠠᠷ ᠵᠦᠢ᠍ᠯ       ᠬᠤᠰᠢᠭᠤ ᠰᠢᠶᠠᠨ᠎ᠤ ᠱᠠᠳᠤᠨ᠎ᠠᠴᠠ ᠲᠡᠬᠡᠭᠰᠢᠬᠢ ᠠᠷᠠᠳ᠎ᠤᠨ ᠵᠠᠰᠠᠭ᠎ᠤᠨ ᠤᠷᠳᠤᠨ᠎ᠨᠢ ᠡᠩ ᠲᠡᠷᠢᠬᠦᠨ᠎ᠳᠤ ᠲᠤᠤᠷᠠᠬᠢ ᠪᠠᠶ᠋ᠢᠭᠤᠯᠤᠮᠵᠢ᠂ ᠲᠠᠯᠠᠪᠤᠷ ᠭᠠᠵᠠᠷ᠎ᠲᠠᠬᠢ ᠰᠠᠭ᠋ᠠᠳ ᠦᠬᠡᠢ ᠵᠢᠨ ᠪᠡᠯᠡᠳᠬᠡᠮᠵᠢ ᠵᠢᠨ ᠦᠬᠡᠷᠡᠴᠢᠯᠡᠨ ᠵᠠᠰᠠᠬᠤ ᠵᠢ ᠠᠬᠢᠭᠤᠯᠬᠤ ᠬᠡᠷᠡᠭᠳᠡᠢ᠄
     (ᠨᠢᠬᠡ) ᠤᠨᠴᠤᠭᠤᠢ ᠰᠤᠷᠭ᠋ᠠᠨ ᠭᠦᠮᠦᠵᠢᠯ᠂ ᠡᠷᠡᠭᠦᠯᠵᠢᠯ᠂ ᠨᠠᠶ᠋ᠢᠳᠠᠨ ᠲᠡᠵᠢᠬᠡᠯᠬᠡᠬᠦ᠂ ᠨᠡᠶ᠋ᠢᠬᠡᠮ᠎ᠤᠨ ᠠᠰᠠᠷᠠᠮᠵᠢ ᠵᠡᠷᠬᠡ ᠪᠠᠶ᠋ᠢᠭᠤᠯᠤᠮᠵᠢ;
     (ᠬᠤᠶᠠᠷ) ᠲᠦᠷᠦ ᠵᠢᠨ ᠪᠠᠶ᠋ᠢᠭᠤᠯᠭ᠎ᠠ ᠵᠢᠨ ᠤᠯᠠᠨ ᠨᠡᠶ᠋ᠢᠳᠡ ᠵᠢᠨ ᠦᠢ᠍ᠯᠡᠴᠢᠯᠡᠬᠡᠨ᠎ᠤ ᠲᠠᠯᠠᠪᠤᠷ ᠭᠠᠵᠠᠷ;
     (ᠭᠤᠷᠪᠠ) ᠰᠤᠷᠭ᠋ᠠᠭᠤᠯᠢ᠂ ᠡᠮᠨᠡᠯᠬᠡ ᠵᠢᠨ ᠬᠤᠷᠢᠶ᠎ᠠ᠂ ᠪᠡᠶ᠎ᠡ ᠵᠢᠨ ᠲᠠᠮᠢᠷ᠎ᠤᠨ ᠲᠠᠯᠠᠪᠠᠢ ᠤᠷᠳᠤᠨ᠂ ᠨᠤᠮ᠎ᠤᠨ ᠰᠠᠩ᠂ ᠰᠤᠶᠤᠯ᠎ᠤᠨ ᠤᠷᠳᠤᠨ᠂ ᠮᠦᠽᠸᠢ᠂ ᠰᠢᠨᠵᠢᠯᠡᠬᠦ ᠤᠬᠠᠭ᠋ᠠᠨ ᠮᠡᠷᠬᠡᠵᠢᠯ᠎ᠤᠨ ᠤᠷᠳᠤᠨ᠂ ᠺᠢᠨᠤ᠋ ᠵᠦᠴᠦᠬᠡ ᠵᠢᠨ ᠲᠢᠶᠠᠳ᠋ᠷ ᠵᠡᠷᠬᠡ ᠤᠯᠠᠨ ᠨᠡᠶ᠋ᠢᠳᠡ ᠵᠢᠨ ᠦᠢ᠍ᠯᠡᠴᠢᠯᠡᠬᠡᠨ᠎ᠤ ᠲᠠᠯᠠᠪᠤᠷ ᠭᠠᠵᠠᠷ;
     (ᠲᠦᠷᠪᠡ) ᠨᠢᠰᠬᠡᠯ᠎ᠤᠨ ᠪᠠᠭᠤᠳᠠᠯ᠂ ᠭᠠᠯᠳᠤ ᠲᠡᠷᠬᠡᠨ᠎ᠤ ᠦᠷᠳᠡᠭᠡ᠂ ᠮᠠᠰᠢᠨ ᠲᠡᠷᠬᠡ ᠵᠢᠨ ᠠᠶᠠᠨᠴᠢᠨ᠎ᠤ ᠲᠡᠬᠡᠬᠡᠪᠦᠷᠢ ᠵᠢᠨ ᠦᠷᠳᠡᠭᠡ ᠵᠡᠷᠬᠡ ᠤᠯᠠᠨ ᠨᠡᠶ᠋ᠢᠳᠡ ᠵᠢᠨ ᠵᠠᠮ ᠬᠠᠷᠢᠯᠴᠠᠭ᠋ᠠᠨ᠎ᠤ ᠦᠢ᠍ᠯᠡᠴᠢᠯᠡᠬᠡᠨ᠎ᠤ ᠲᠠᠯᠠᠪᠤᠷ ᠭᠠᠵᠠᠷ;
     (ᠲᠠᠪᠤ) ᠮᠦᠩᠭᠦᠨ ᠭᠦᠢ᠍ᠯᠬᠡᠬᠡ᠂ ᠰᠢᠤᠳᠠᠨ᠂ ᠴᠢᠮᠡᠭᠡ ᠬᠤᠯᠪᠤᠭ᠎ᠠ᠂ ᠬᠤᠳᠠᠯᠳᠤᠭ᠋ᠠᠨ᠎ᠤ ᠦᠢ᠍ᠯᠡᠰ᠂   ᠵᠢᠭᠤᠯᠴᠢᠯᠠᠯ ᠵᠡᠷᠬᠡ ᠤᠯᠠᠨ ᠨᠡᠶ᠋ᠢᠳᠡ ᠵᠢᠨ ᠦᠢ᠍ᠯᠡᠴᠢᠯᠡᠬᠡᠨ᠎ᠤ ᠲᠠᠯᠠᠪᠤᠷ ᠭᠠᠵᠠᠷ;
     (ᠵᠢᠷᠭᠤᠭ᠎ᠠ) ᠬᠤᠳᠠ ᠵᠢᠨ ᠭᠤᠤᠯ ᠵᠠᠮ᠂ ᠲᠠᠯᠠᠪᠠᠢ᠂ ᠵᠦᠯᠬᠡ ᠭᠠᠵᠠᠷ᠂ ᠴᠡᠴᠡᠷᠯᠢᠭ ᠵᠡᠷᠬᠡ ᠤᠯᠠᠨ ᠨᠡᠶ᠋ᠢᠳᠡ ᠵᠢᠨ ᠦᠢ᠍ᠯᠡᠴᠢᠯᠡᠬᠡᠨ᠎ᠤ ᠲᠠᠯᠠᠪᠤᠷ ᠭᠠᠵᠠᠷ;
     (ᠲᠤᠯᠤᠭ᠎ᠠ) ᠵᠡᠮᠳᠡᠭᠴᠦᠳ᠎ᠤᠨ ᠠᠵᠢᠯ᠂ ᠠᠮᠢᠳᠤᠷᠠᠯ᠎ᠲᠠᠢ ᠨᠢᠨᠨᠳᠡ ᠬᠤᠯᠪᠤᠭ᠎ᠠ ᠪᠦᠭᠦᠢ ᠪᠤᠰᠤᠳ ᠦᠢ᠍ᠯᠡᠴᠢᠯᠡᠬᠡᠨ᠎ᠤ ᠲᠠᠯᠠᠪᠤᠷ ᠭᠠᠵᠠᠷ;
      ᠠᠷᠪᠠ ᠶᠢᠰᠦᠳᠦᠬᠡᠷ ᠵᠦᠢ᠍ᠯ       ᠤᠯᠠᠨ ᠨᠡᠶ᠋ᠢᠳᠡ ᠵᠢᠨ ᠮᠠᠰᠢᠨ ᠲᠡᠷᠬᠡ᠂ ᠬᠤᠳᠠ ᠵᠢᠨ ᠵᠢᠮᠳᠤ ᠵᠠᠮ ᠬᠠᠷᠢᠯᠴᠠᠭ᠋ᠠᠨ᠎ᠤ ᠲᠡᠷᠬᠡ ᠭᠦᠰᠬᠡ ᠵᠢᠨ ᠵᠤᠨᠨᠰᠤᠬᠤ ᠦᠷᠳᠡᠭᠡ᠎ᠳᠤ ᠬᠠᠷᠠᠭ᠎ᠠ ᠠᠯᠳ᠋ᠬᠠᠰᠠᠳ᠎ᠤᠨ ᠲᠡᠮᠳᠡᠷᠢᠬᠦᠯ ᠦᠰᠦᠭ᠎ᠲᠠᠢ ᠦᠷᠳᠡᠬᠡᠨ ᠫᠠᠶ᠋ᠢᠰᠠ ᠲᠤᠬᠢᠷᠠᠭᠤᠯᠬᠤ᠎ᠳᠤ᠂ ᠦᠷᠳᠡᠬᠡᠨ ᠫᠠᠶ᠋ᠢᠰᠠ ᠵᠢᠨ ᠤᠷᠤᠨ ᠪᠠᠶ᠋ᠢᠷᠢ᠂ ᠦᠨᠳᠦᠷᠴᠡ᠂ ᠬᠡᠯᠪᠡᠷᠢ ᠪᠠ ᠠᠭᠤᠯᠭ᠎ᠠ ᠵᠢ ᠵᠠᠪᠠᠯ ᠬᠠᠷᠠᠭ᠎ᠠ᠎ᠨᠢ ᠰᠠᠭ᠋ᠠᠳ᠎ᠲᠠᠢ ᠭᠦᠮᠦᠰ᠎ᠤᠨ ᠬᠡᠷᠡᠭᠯᠡᠬᠦ᠎ᠳᠤ ᠲᠤᠬᠢᠷᠠᠭᠤᠯᠤᠨᠨᠰᠠᠨ ᠪᠠᠶ᠋ᠢᠬᠤ ᠬᠡᠷᠡᠭᠳᠡᠢ᠃ ᠤᠯᠠᠨ ᠨᠡᠶ᠋ᠢᠳᠡ ᠵᠢᠨ ᠮᠠᠰᠢᠨ ᠲᠡᠷᠬᠡ ᠪᠠ ᠵᠢᠮᠳᠤ ᠵᠠᠮ ᠬᠠᠷᠢᠯᠴᠠᠭ᠋ᠠᠨ᠎ᠤ ᠲᠡᠷᠬᠡ ᠭᠦᠰᠬᠡ᠎ᠳᠤ ᠠᠯᠬᠤᠮ ᠠᠯᠬᠤᠮ ᠵᠶ᠋ᠠᠷ ᠵᠤᠨᠨᠰᠤᠭ᠋ᠠᠯ ᠦᠷᠳᠡᠭᠡ ᠵᠢ ᠦᠰᠦᠭ᠎ᠲᠠᠢ ᠲᠡᠯᠬᠡᠴᠡ᠂ ᠠᠪᠢᠶ᠎ᠠ᠎ᠪᠠᠷ ᠮᠡᠳᠡᠬᠡᠯᠡᠬᠦ ᠲᠤᠨᠤᠨᠨᠯᠠᠯ ᠪᠠ ᠬᠠᠷᠠᠭ᠎ᠠ᠎ᠨᠢ ᠰᠠᠭ᠋ᠠᠳ᠎ᠲᠠᠢ ᠭᠦᠮᠦᠰ᠎ᠤᠨ ᠢᠯᠭ᠋ᠠᠨ ᠲᠠᠨᠢᠵᠦ ᠴᠢᠳᠠᠬᠤᠶ᠋ᠢᠴᠠ ᠲᠡᠷᠬᠡ ᠭᠦᠰᠬᠡ ᠵᠢᠨ ᠵᠠᠮᠴᠢᠯᠠᠬᠤ ᠰᠢᠰᠲ᠋ᠧᠮ ᠤᠨᠨᠰᠠᠷᠠᠬᠤ ᠬᠡᠷᠡᠭᠳᠡᠢ᠃
      ᠬᠤᠷᠢᠳᠤᠭ᠋ᠠᠷ ᠵᠦᠢ᠍ᠯ       ᠲᠤᠤᠷᠠᠬᠢ ᠲᠡᠷᠬᠡ ᠵᠤᠨᠨᠰᠤᠬᠤ ᠲᠠᠯᠠᠪᠤᠷ᠎ᠲᠤ ᠵᠠᠪᠠᠯ 《ᠰᠠᠭ᠋ᠠᠳ ᠦᠬᠡᠢ ᠵᠢᠨ ᠵᠦᠢ᠍ᠯᠡᠰ᠎ᠢ ᠵᠢᠷᠤᠵᠦ ᠲᠦᠯᠦᠪᠯᠡᠬᠦ ᠵᠢᠷᠤᠮᠵᠢᠯ》᠂         《ᠬᠤᠳᠠ ᠵᠢᠨ ᠤᠯᠠᠨ ᠨᠡᠶ᠋ᠢᠳᠡ ᠵᠢᠨ ᠲᠡᠷᠬᠡ ᠵᠤᠨᠨᠰᠤᠬᠤ ᠲᠡᠯᠠᠪᠤᠷ᠎ᠤᠨ ᠪᠠᠷᠢᠯᠭ᠎ᠠ ᠵᠢᠨ ᠲᠦᠷᠦᠯ ᠵᠦᠢ᠍ᠯ᠎ᠢ ᠪᠦᠳᠦᠬᠡᠨ ᠪᠠᠶ᠋ᠢᠭᠤᠯᠬᠤ ᠪᠠᠷᠢᠮᠵᠢᠶ᠎ᠠ》 ᠵᠡᠷᠬᠡ ᠤᠯᠤᠰ᠎ᠤᠨ ᠪᠠᠷᠢᠮᠵᠢᠶ᠎ᠠ ᠶᠤᠰᠤᠭ᠋ᠠᠷ᠂ ᠶᠠᠪᠤᠵᠦ ᠵᠤᠷᠴᠢᠬᠤ᠎ᠳᠤ ᠲᠦᠭᠦᠮ ᠪᠠᠶ᠋ᠢᠬᠤ ᠤᠷᠤᠨ ᠪᠠᠶ᠋ᠢᠷᠢ᠎ᠳᠤ ᠰᠠᠭ᠋ᠠᠳ ᠦᠬᠡᠢ᠎ᠪᠠᠷ ᠲᠡᠷᠬᠡ ᠵᠤᠨᠨᠰᠤᠬᠤ ᠤᠷᠤ ᠵᠢ ᠲᠤᠬᠢᠷᠠᠭᠤᠯᠬᠤ ᠵᠢᠨ ᠬᠠᠮᠳᠤ ᠲᠤᠳᠤᠷᠬᠠᠶ᠋ᠢᠯᠠᠬᠤ ᠬᠡᠷᠡᠭᠳᠡᠢ᠄
     (ᠨᠢᠬᠡ) ᠲᠦᠷᠦ ᠵᠢᠨ ᠪᠠᠶ᠋ᠢᠭᠤᠯᠭ᠎ᠠ ᠵᠢᠨ ᠤᠯᠠᠨ ᠨᠡᠶ᠋ᠢᠳᠡ ᠵᠢᠨ ᠦᠢ᠍ᠯᠡᠴᠢᠯᠡᠬᠡᠨ᠎ᠤ ᠲᠠᠯᠠᠪᠤᠷ ᠭᠠᠵᠠᠷ᠎ᠲᠠᠬᠢ ᠲᠡᠷᠬᠡ ᠵᠤᠨᠨᠰᠤᠭ᠋ᠠᠬᠤ ᠲᠠᠯᠠᠪᠤᠷ;
     (ᠬᠤᠶᠠᠷ) ᠲᠤᠮᠤ ᠬᠡᠯᠪᠡᠷᠢ ᠵᠢᠨ ᠬᠤᠳᠠᠯᠳᠤᠭ᠋ᠠᠨ᠎ᠤ ᠭᠠᠵᠠᠷ᠂ ᠬᠤᠶᠠᠳᠤᠭ᠋ᠠᠷ ᠲᠡᠰ᠎ᠠᠴᠠ ᠲᠡᠬᠡᠭᠰᠢᠬᠢ ᠡᠮᠨᠡᠯᠬᠡ ᠵᠢᠨ ᠬᠤᠷᠢᠶ᠎ᠠ᠂ ᠭᠤᠷᠪᠠᠨ ᠤᠳᠤ᠎ᠲᠠᠢ ᠵᠢᠨ ᠲᠡᠰ᠎ᠠᠴᠠ ᠲᠡᠬᠡᠭᠰᠢᠬᠢ ᠪᠠᠭᠤᠳᠠᠯ᠎ᠤᠨ ᠲᠡᠷᠬᠡ ᠵᠤᠨᠨᠰᠤᠭ᠋ᠠᠬᠤ ᠲᠠᠯᠠᠪᠤᠷ;
     (ᠭᠤᠷᠪᠠ) ᠵᠡᠮᠳᠡᠭᠴᠦᠳ᠎ᠤᠨ ᠦᠢ᠍ᠯᠡᠴᠢᠯᠡᠭᠡ᠂ ᠤᠨᠴᠤᠭᠤᠢ ᠰᠤᠷᠭ᠋ᠠᠨ ᠭᠦᠮᠦᠵᠢᠯ᠂ ᠡᠷᠡᠭᠦᠯᠵᠢᠯ᠂ ᠨᠠᠶ᠋ᠢᠳᠠᠨ ᠲᠡᠵᠢᠬᠡᠯᠬᠡᠬᠦ᠂ ᠪᠤᠯᠪᠠᠰᠤᠷᠭ᠋ᠠᠤᠯᠤᠯ ᠵᠡᠷᠬᠡ ᠪᠠᠶ᠋ᠢᠭᠤᠯᠤᠮᠵᠢ ᠵᠢᠨ ᠦᠢ᠍ᠯᠡᠴᠢᠯᠡᠬᠡᠨ᠎ᠤ ᠲᠠᠯᠠᠪᠤᠷ ᠭᠠᠵᠠᠷ᠎ᠤᠨ ᠲᠡᠷᠬᠡ ᠵᠤᠨᠨᠰᠤᠭ᠋ᠠᠬᠤ ᠲᠠᠯᠠᠪᠤᠷ;
     (ᠲᠦᠷᠪᠡ) ᠲᠡᠷᠬᠡ ᠵᠤᠨᠨᠰᠤᠬᠤ ᠤᠷᠤ᠎ᠨᠢ ᠲᠠᠪᠢ᠎ᠠᠴᠠ ᠲᠡᠬᠡᠭᠰᠢᠬᠢ ᠪᠠᠶ᠋ᠢᠬᠤ ᠤᠯᠠᠨ ᠨᠡᠶ᠋ᠢᠳᠡ ᠵᠢᠨ ᠲᠡᠷᠬᠡ ᠵᠤᠨᠨᠰᠤᠭ᠋ᠠᠬᠤ ᠲᠠᠯᠠᠪᠤᠷ;
     (ᠲᠠᠪᠤ) ᠤᠷᠤᠨ ᠰᠠᠭᠤᠴᠠ ᠵᠢᠨ ᠲᠤᠮᠤ ᠲᠤᠭᠤᠷᠢᠭ᠎ᠲᠠᠬᠢ ᠤᠯᠠᠨ ᠨᠡᠶ᠋ᠢᠳᠡ ᠵᠢᠨ ᠲᠡᠷᠬᠡ ᠵᠤᠨᠨᠰᠤᠭ᠋ᠠᠬᠤ ᠲᠠᠯᠠᠪᠤᠷ᠃ ᠰᠠᠭ᠋ᠠᠳ ᠦᠬᠡᠢ᠎ᠪᠠᠷ ᠲᠡᠷᠬᠡ ᠵᠤᠨᠨᠰᠤᠭ᠋ᠠᠬᠤ ᠤᠷᠤ ᠵᠢ ᠦᠶ᠎ᠡ ᠮᠦᠴᠢ᠎ᠨᠢ ᠵᠡᠮᠳᠡᠭ ᠵᠢᠯᠤᠭᠤᠴᠢ ᠪᠤᠶᠤ ᠲᠡᠳᠡᠨ᠎ᠤ ᠰᠠᠭᠤᠨᠨᠰᠠᠨ ᠮᠠᠰᠢᠨᠳᠤ ᠲᠡᠷᠬᠡ ᠵᠤᠨᠨᠰᠤᠭ᠋ᠠᠬᠤ᠎ᠳᠤ ᠲᠤᠰᠬᠠᠢ ᠬᠡᠷᠡᠭᠯᠡᠬᠦᠯᠦᠨ᠂ ᠰᠠᠭ᠋ᠠᠳ ᠦᠬᠡᠢ᠎ᠪᠠᠷ ᠲᠡᠷᠬᠡ ᠵᠤᠨᠨᠰᠤᠭ᠋ᠠᠬᠤ ᠤᠷᠤ ᠵᠢᠨ ᠭᠠᠵᠠᠷ᠎ᠤᠨ ᠭᠠᠳᠠᠷᠭᠤ ᠵᠢ ᠵᠡᠮᠳᠡᠭᠴᠦᠳ᠎ᠲᠤ ᠲᠤᠰᠬᠠᠢ ᠬᠡᠷᠡᠭᠯᠡᠬᠦᠯᠬᠦ ᠲᠡᠷᠬᠡ ᠵᠤᠨᠨᠰᠤᠭ᠋ᠠᠬᠤ ᠤᠷᠤ ᠵᠢᠨ ᠲᠡᠮᠳᠡᠭᠳᠦ ᠵᠢᠷᠤᠭ᠋ᠠᠰᠤ᠂ ᠭᠦᠷᠳᠦᠳᠦ ᠲᠡᠷᠬᠡ ᠨᠡᠪᠳᠡᠷᠡᠬᠦ ᠵᠢᠷᠤᠭ᠋ᠠᠰᠤ ᠪᠠ ᠰᠠᠭ᠋ᠠᠳ ᠦᠬᠡᠢ ᠵᠢᠨ ᠲᠡᠮᠳᠡᠭ᠎ᠢ ᠦᠩᠬᠡᠯᠡᠨ ᠪᠤᠳᠤᠬᠤ ᠬᠡᠷᠡᠭᠳᠡᠢ᠃ ᠦᠶ᠎ᠡ ᠮᠦᠴᠢ᠎ᠨᠢ ᠵᠡᠮᠳᠡᠭᠴᠦᠳ ᠰᠠᠭ᠋ᠠᠳ ᠦᠬᠡᠢ᠎ᠪᠠᠷ ᠲᠡᠷᠬᠡ ᠵᠤᠨᠨᠰᠤᠭ᠋ᠠᠬᠤ ᠤᠷᠤ ᠵᠢ ᠬᠡᠷᠡᠭᠯᠡᠬᠦ᠎ᠳᠤ᠂ ᠵᠠᠪᠠᠯ ᠲᠡᠷᠬᠡ ᠭᠦᠰᠬᠡ ᠵᠢᠨ ᠢᠯᠡ ᠪᠠᠶ᠋ᠢᠷᠢᠨ᠎ᠳᠤ 《ᠪᠦᠭᠦᠳᠡ ᠨᠠᠶ᠋ᠢᠷᠠᠮᠳᠠᠬᠤ ᠲᠤᠮᠳᠠᠳᠤ ᠠᠷᠠᠳ ᠤᠯᠤᠰ᠎ᠤᠨ ᠵᠡᠮᠳᠡᠭᠴᠦᠳ᠎ᠤᠨ ᠦᠨᠡᠮᠯᠡᠯ》᠎ᠢ ᠲᠠᠯᠪᠢᠬᠤ ᠬᠡᠷᠡᠭᠳᠡᠢ᠃ ᠲᠡᠷᠬᠡ ᠵᠤᠨᠨᠰᠤᠭ᠋ᠠᠬᠤ ᠲᠠᠯᠠᠪᠤᠷ᠎ᠤᠨ ᠡᠵᠡᠩᠨᠡᠭᠴᠢᠳ᠎ᠢ ᠵᠤᠷᠢᠨᠨᠵᠢᠭᠤᠯᠵᠦ ᠵᠡᠮᠳᠡᠭᠴᠦᠳ᠎ᠤᠨ ᠲᠡᠷᠬᠡ ᠵᠤᠨᠨᠰᠤᠭ᠋ᠠᠬᠤ ᠵᠠᠷᠤᠳᠠᠯ᠎ᠢ᠎ᠨᠢ ᠬᠡᠯᠳᠦᠷᠢᠬᠦᠯᠬᠦ ᠪᠤᠶᠤ ᠪᠠᠭ᠋ᠠᠰᠬᠠᠬᠤ ᠬᠡᠷᠡᠭᠳᠡᠢ᠃
      ᠬᠤᠷᠢᠨ ᠨᠢᠬᠡᠳᠦᠬᠡᠷ ᠵᠦᠢ᠍ᠯ       ᠬᠠᠷᠠᠭ᠎ᠠ᠎ᠨᠢ ᠰᠠᠭ᠋ᠠᠳ᠎ᠲᠠᠢ ᠭᠦᠮᠦᠰ ᠭᠦᠳᠦᠴᠢ ᠨᠤᠬᠠᠢ ᠭᠦᠳᠦᠯᠵᠦ ᠤᠯᠠᠨ ᠨᠡᠶ᠋ᠢᠳᠡ ᠵᠢᠨ ᠲᠠᠯᠠᠪᠤᠷ ᠭᠠᠵᠠᠷ ᠵᠶ᠋ᠠᠷ ᠤᠷᠤᠵᠦ ᠭᠠᠷᠬᠤ ᠪᠠ ᠤᠯᠠᠨ ᠨᠡᠶ᠋ᠢᠳᠡ ᠵᠢᠨ ᠵᠠᠮ ᠬᠠᠷᠢᠯᠴᠠᠭ᠋ᠠᠨ᠎ᠤ ᠲᠡᠷᠬᠡ ᠭᠦᠰᠬᠡ᠎ᠳᠤ ᠰᠠᠭᠤᠪᠠᠯ᠂ ᠵᠠᠪᠠᠯ ᠤᠯᠤᠰ᠎ᠤᠨ ᠬᠤᠯᠪᠤᠨᠨᠳᠠᠯ ᠪᠦᠭᠦᠢ ᠲᠤᠨᠨᠳᠠᠭ᠋ᠠᠯ᠎ᠢ ᠵᠢᠷᠤᠮᠯᠠᠨ᠎ᠠ᠂ ᠤᠯᠠᠨ ᠨᠡᠶ᠋ᠢᠳᠡ ᠵᠢᠨ ᠲᠠᠯᠠᠪᠤᠷ ᠭᠠᠵᠠᠷ᠎ᠲᠠᠬᠢ ᠠᠵᠢᠯᠳᠠᠳ᠎ᠨᠢ ᠵᠠᠪᠠᠯ ᠤᠯᠤᠰ᠎ᠤᠨ ᠬᠤᠯᠪᠤᠨᠨᠳᠠᠯ ᠪᠦᠭᠦᠢ ᠲᠤᠨᠨᠳᠠᠭ᠋ᠠᠯ ᠶᠤᠰᠤᠭ᠋ᠠᠷ ᠰᠠᠭ᠋ᠠᠳ ᠦᠬᠡᠢ ᠵᠢᠨ ᠦᠢ᠍ᠯᠡᠴᠢᠯᠡᠭᠡ ᠬᠠᠩᠭ᠋ᠠᠵᠦ ᠦᠭᠭᠦ ᠬᠡᠷᠡᠭᠳᠡᠢ᠃
      ᠭᠤᠷᠪᠠᠳᠤᠭ᠋ᠠᠷ ᠪᠦᠯᠦᠭ       ᠰᠠᠭ᠋ᠠᠳ ᠦᠬᠡᠢ ᠵᠢᠨ ᠮᠡᠳᠡᠭᠡ ᠵᠠᠩᠬᠢ ᠵᠢᠨ ᠰᠤᠯᠢᠯᠴᠠᠭ᠎ᠠ
      ᠬᠤᠷᠢᠨ ᠬᠤᠶᠠᠳᠤᠭ᠋ᠠᠷ ᠵᠦᠢ᠍ᠯ       ᠤᠯᠤᠰ ᠪᠠ ᠦᠪᠡᠷᠳᠡᠬᠡᠨ ᠵᠠᠰᠠᠬᠤ ᠤᠷᠤᠨ᠎ᠠᠴᠠ ᠡᠷᠬᠢᠯᠡᠭᠰᠡᠨ ᠡᠯ᠎ᠡ   ᠲᠦᠷᠦᠯ᠎ᠤᠨ ᠰᠤᠷᠭ᠋ᠠᠭᠤᠯᠢ᠎ᠳᠤ ᠲᠡᠪᠰᠢᠬᠦ᠂ ᠠᠵᠢᠯ ᠮᠡᠷᠬᠡᠵᠢᠯ᠎ᠤᠨ ᠬᠢᠷᠢ ᠬᠡᠮ᠂ ᠲᠤᠰᠢᠶᠠᠯ᠎ᠳᠤ ᠲᠤᠮᠢᠯᠬᠠᠳᠠᠬᠤ ᠵᠡᠷᠬᠡ ᠰᠢᠯᠭ᠋ᠠᠯᠳᠠ᠎ᠳᠤ᠂ ᠬᠠᠷᠠᠭ᠎ᠠ᠎ᠨᠢ ᠰᠠᠭ᠋ᠠᠳ᠎ᠲᠠᠢ ᠭᠦᠮᠦᠨ ᠤᠷᠤᠯᠴᠬᠠᠰᠠᠨ ᠪᠠᠶ᠋ᠢᠪᠠᠯ᠂ ᠰᠢᠯᠭ᠋ᠠᠯᠳᠠ ᠵᠤᠬᠢᠶᠠᠨ ᠪᠠᠶ᠋ᠢᠭᠤᠯᠵᠦ ᠪᠠᠶ᠋ᠢᠭ᠎ᠠ ᠨᠢᠬᠡᠴᠡ᠎ᠨᠢ ᠬᠠᠷᠠᠭ᠎ᠠ᠎ᠨᠢ ᠰᠠᠭ᠋ᠠᠳ᠎ᠲᠠᠢ ᠭᠦᠮᠦᠰ᠎ᠲᠤ ᠬᠠᠷᠠᠭ᠎ᠠ ᠠᠯᠳ᠋ᠬᠠᠰᠠᠳ᠎ᠤᠨ ᠲᠡᠮᠳᠡᠷᠢᠬᠦᠯ ᠦᠰᠦᠭ᠎ᠤᠨ ᠰᠢᠯᠭ᠋ᠠᠯᠳᠠ ᠵᠢᠨ ᠬᠠᠭᠤᠳᠠᠰᠤ᠂ ᠡᠯᠧᠺᠳ᠋ᠷᠤᠨ ᠰᠢᠯᠭ᠋ᠠᠯᠳᠠ ᠵᠢᠨ ᠬᠠᠭᠤᠳᠠᠰᠤ ᠬᠠᠩᠭ᠋ᠠᠬᠤ ᠪᠤᠶᠤ ᠠᠵᠢᠯᠳᠠᠳ᠎ᠨᠢ ᠬᠠᠮᠵᠢᠯᠴᠠᠬᠤ ᠬᠡᠷᠡᠭᠳᠡᠢ᠃
      ᠬᠤᠷᠢᠨ ᠭᠤᠷᠪᠠᠳᠤᠭ᠋ᠠᠷ ᠵᠦᠢ᠍ᠯ     ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠂ ᠠᠶ᠋ᠢᠮᠠᠭ᠎ᠤᠨ ᠵᠠᠬᠢᠷᠭ᠎ᠠ᠂ ᠲᠤᠭᠤᠷᠢᠭ ᠪᠠᠶ᠋ᠢᠭᠤᠯᠤᠨᠨᠰᠠᠨ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠠᠴᠠ ᠪᠠᠶ᠋ᠢᠭᠤᠯᠤᠨᠨᠰᠠᠨ ᠲᠧᠯᠸᠢᠰ ᠬᠤᠷᠢᠶ᠎ᠠ᠎ᠨᠢ ᠲᠤᠬᠢᠶᠠᠨ᠎ᠤ ᠬᠡᠯᠡ ᠲᠤᠬᠢᠷᠠᠭᠤᠯᠤᠨᠨᠰᠠᠨ ᠰᠤᠨᠢᠨ ᠮᠡᠳᠡᠬᠡᠨ᠎ᠤ ᠲᠡᠯᠬᠡᠴᠡ ᠵᠢ ᠭᠠᠷᠠᠭ᠎ᠲᠤ ᠨᠠᠭ᠋ᠠᠳᠤ ᠵᠠᠬ᠎ᠠ᠎ᠳᠠᠭᠠᠨ ᠨᠢᠬᠡ ᠤᠳᠠᠭ᠎ᠠ ᠨᠡᠪᠳᠡᠷᠡᠬᠦᠯᠵᠦ᠂ ᠬᠤᠰᠢᠭᠤ ᠰᠢᠶᠠᠨ᠎ᠤ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠪᠠᠶ᠋ᠢᠭᠤᠯᠤᠨᠨᠰᠠᠨ ᠲᠧᠯᠸᠢᠰ ᠬᠤᠷᠢᠶ᠎ᠠ᠎ᠨᠢ ᠲᠤᠬᠢᠶᠠᠨ᠎ᠤ ᠬᠡᠯᠡ ᠲᠤᠬᠢᠷᠠᠭᠤᠯᠤᠨᠨᠰᠠᠨ ᠰᠤᠨᠢᠨ ᠮᠡᠳᠡᠬᠡᠨ᠎ᠤ ᠲᠡᠯᠬᠡᠴᠡ ᠵᠢ ᠠᠯᠬᠤᠮ ᠠᠯᠬᠤᠮ ᠵᠶ᠋ᠠᠷ ᠨᠡᠪᠳᠡᠷᠡᠬᠦᠯᠬᠦ ᠬᠡᠷᠡᠭᠳᠡᠢ᠃
      ᠬᠤᠷᠢᠨ ᠲᠦᠷᠪᠡᠳᠦᠬᠡᠷ ᠵᠦᠢ᠍ᠯ       ᠰᠤᠨᠤᠷ᠎ᠨᠢ ᠰᠠᠭ᠋ᠠᠳ᠎ᠲᠠᠢ ᠭᠦᠮᠦᠰ ᠲᠦᠪᠯᠡᠷᠡᠨ ᠤᠷᠤᠯᠴᠠᠬᠤ ᠬᠤᠷᠠᠯ ᠪᠠ ᠠᠵᠢᠯᠯᠠᠭ᠎ᠠ ᠡᠷᠬᠢᠯᠡᠬᠦ᠎ᠳᠤ᠂ ᠡᠷᠬᠢᠯᠡᠬᠦ ᠨᠢᠬᠡᠴᠡ᠎ᠨᠢ ᠵᠠᠪᠠᠯ ᠲᠤᠬᠢᠶᠠᠨ᠎ᠤ ᠬᠡᠯᠡᠨ᠎ᠤ ᠦᠢ᠍ᠯᠡᠴᠢᠯᠡᠭᠡ ᠬᠠᠩᠭ᠋ᠠᠬᠤ ᠪᠤᠶᠤ ᠦᠰᠦᠭ᠎ᠤᠨ ᠲᠡᠯᠬᠡᠴᠡ ᠲᠤᠬᠢᠷᠠᠭᠤᠯᠬᠤ ᠬᠡᠷᠡᠭᠳᠡᠢ᠃
      ᠬᠤᠷᠢᠨ ᠲᠠᠪᠤᠳᠤᠭ᠋ᠠᠷ ᠵᠦᠢ᠍ᠯ       ᠬᠤᠰᠢᠭᠤ ᠰᠢᠶᠠᠨ᠎ᠤ ᠱᠠᠳᠤᠨ᠎ᠠᠴᠠ ᠲᠡᠬᠡᠭᠰᠢᠬᠢ ᠠᠷᠠᠳ᠎ᠤᠨ ᠵᠠᠰᠠᠭ᠎ᠤᠨ ᠤᠷᠳᠤᠨ᠎ᠠᠴᠠ ᠪᠠᠶ᠋ᠢᠭᠤᠯᠤᠨᠨᠰᠠᠨ ᠤᠯᠠᠨ ᠨᠡᠶ᠋ᠢᠳᠡ ᠵᠢᠨ ᠨᠤᠮ᠎ᠤᠨ ᠰᠠᠩ᠎ᠨᠢ ᠵᠠᠪᠠᠯ ᠬᠠᠷᠠᠭ᠎ᠠ᠎ᠨᠢ ᠰᠠᠭ᠋ᠠᠳ᠎ᠲᠠᠢ ᠭᠦᠮᠦᠰ᠎ᠤᠨ ᠤᠩᠰᠢᠯᠭ᠎ᠠ ᠵᠢᠨ ᠲᠠᠰᠤᠭ ᠭᠠᠷᠭ᠋ᠠᠨ᠂ ᠬᠠᠷᠠᠭ᠎ᠠ ᠠᠯᠳ᠋ᠬᠠᠰᠠᠳ᠎ᠤᠨ ᠲᠡᠮᠳᠡᠷᠢᠬᠦᠯ ᠦᠰᠦᠭ᠎ᠲᠠᠢ ᠤᠩᠰᠢᠬᠤ ᠪᠢᠴᠢᠭ᠂ ᠲᠠᠭᠤ᠎ᠲᠠᠢ ᠤᠩᠰᠢᠬᠤ ᠪᠢᠴᠢᠭ ᠬᠠᠩᠭ᠋ᠠᠵᠦ᠂ ᠠᠪᠢᠶᠠᠨ ᠲᠡᠯᠬᠡᠴᠡ᠎ᠲᠠᠢ ᠤᠩᠰᠢᠯᠭ᠎ᠠ ᠵᠢᠨ ᠵᠦᠬᠡᠯᠡᠨ ᠲᠤᠨᠤᠭ ᠲᠤᠬᠢᠷᠠᠭᠤᠯᠤᠨ᠂ ᠬᠠᠷᠠᠭ᠎ᠠ᠎ᠨᠢ ᠰᠠᠭ᠋ᠠᠳ᠎ᠲᠠᠢ ᠭᠦᠮᠦᠰ᠎ᠤᠨ ᠨᠤᠮ ᠪᠢᠴᠢᠭ ᠤᠩᠰᠢᠬᠤ᠂ ᠢᠨᠲ᠋ᠧᠷ   ᠰᠦᠯᠵᠢᠶ᠎ᠡ ᠬᠡᠷᠡᠭᠯᠡᠬᠦ᠎ᠳᠤ ᠲᠦᠭᠦᠮ ᠦᠵᠡᠬᠦᠯᠬᠦ ᠬᠡᠷᠡᠭᠳᠡᠢ᠃
      ᠬᠤᠷᠢᠨ ᠵᠢᠷᠭᠤᠳᠤᠭ᠋ᠠᠷ ᠵᠦᠢ᠍ᠯ       ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠂ ᠠᠶ᠋ᠢᠮᠠᠭ᠎ᠤᠨ ᠵᠠᠬᠢᠷᠭ᠎ᠠ᠂ ᠲᠤᠭᠤᠷᠢᠭ ᠪᠠᠶ᠋ᠢᠭᠤᠯᠤᠨᠨᠰᠠᠨ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠰᠦᠯᠵᠢᠶ᠎ᠡ᠂ ᠵᠠᠰᠠᠭ᠎ᠤᠨ ᠤᠷᠳᠤᠨ᠎ᠤ ᠨᠡᠶ᠋ᠢᠳᠡ ᠵᠢᠨ ᠠᠰᠠᠷᠠᠮᠵᠢ ᠵᠢᠨ ᠠᠵᠢᠯᠯᠠᠭ᠋ᠠᠨ᠎ᠤ ᠰᠦᠯᠵᠢᠶ᠎ᠡ᠂ ᠵᠡᠮᠳᠡᠭᠴᠦᠳ᠎ᠤᠨ ᠵᠤᠬᠢᠶᠠᠨ ᠪᠠᠶ᠋ᠢᠭᠤᠯᠤᠨᠨᠰᠠᠨ ᠰᠦᠯᠵᠢᠶ᠎ᠡ᠎ᠨᠢ ᠵᠠᠪᠠᠯ ᠰᠠᠭ᠋ᠠᠳ ᠦᠬᠡᠢ ᠰᠦᠯᠵᠢᠶ᠎ᠡ ᠵᠢᠨ ᠵᠢᠷᠤᠭ ᠲᠦᠯᠦᠪᠯᠡᠭᠡ ᠵᠢᠨ ᠪᠠᠷᠢᠮᠵᠢᠶ᠎ᠠ᠎ᠳᠤ ᠭᠦᠷᠦᠭᠰᠡᠨ ᠪᠠᠶ᠋ᠢᠬᠤ ᠬᠡᠷᠡᠭᠳᠡᠢ᠃
      ᠬᠤᠷᠢᠨ ᠲᠤᠯᠤᠳᠤᠭ᠋ᠠᠷ ᠵᠦᠢ᠍ᠯ       ᠴᠢᠮᠡᠭᠡ ᠬᠤᠯᠪᠤᠭ᠋ᠠᠨ᠎ᠤ ᠲᠤᠬᠠᠶ᠋ᠢᠯᠬᠠᠰᠠᠨ ᠠᠵᠢᠯ᠎ᠤᠨ ᠡᠵᠡᠩᠨᠡᠭᠴᠢᠳ᠎ᠨᠢ ᠴᠢᠮᠡᠭᠡ ᠬᠤᠯᠪᠤᠭ᠋ᠠᠨ᠎ᠤ ᠦᠢ᠍ᠯᠡᠴᠢᠯᠡᠭᠡ ᠬᠠᠩᠭ᠋ᠠᠬᠤ᠎ᠳᠤ᠂ ᠵᠠᠪᠠᠯ ᠨᠦᠭᠦᠴᠡᠯ ᠡᠭᠦᠳᠴᠤ ᠪᠠᠶ᠋ᠢᠭ᠋ᠠᠳ ᠬᠡᠷᠡᠭᠯᠡᠬᠦ ᠱᠠᠭ᠋ᠠᠷᠳᠠᠯᠭ᠎ᠠ᠎ᠲᠠᠢ ᠰᠤᠨᠤᠷ ᠪᠠ ᠬᠡᠯᠡ᠎ᠨᠢ ᠰᠠᠭ᠋ᠠᠳ᠎ᠲᠠᠢ ᠭᠦᠮᠦᠰ᠎ᠲᠤ ᠦᠰᠦᠭ ᠪᠢᠴᠢᠭ᠎ᠲᠠᠢ ᠮᠡᠳᠡᠭᠡ ᠵᠠᠩᠬᠢ ᠵᠢᠨ ᠦᠢ᠍ᠯᠡᠴᠢᠯᠡᠭᠡ ᠬᠠᠩᠭ᠋ᠠᠵᠦ᠂ ᠬᠡᠷᠡᠭᠯᠡᠬᠦ ᠱᠠᠭ᠋ᠠᠷᠳᠠᠯᠭ᠎ᠠ᠎ᠲᠠᠢ ᠬᠠᠷᠠᠭ᠎ᠠ᠎ᠨᠢ ᠰᠠᠭ᠋ᠠᠳ᠎ᠲᠠᠢ ᠭᠦᠮᠦᠰ᠎ᠲᠤ ᠠᠪᠢᠶᠠᠨ ᠮᠡᠳᠡᠭᠡ ᠵᠠᠩᠬᠢ ᠵᠢᠨ ᠦᠢ᠍ᠯᠡᠴᠢᠯᠡᠭᠡ ᠬᠠᠩᠭ᠋ᠠᠬᠤ ᠬᠡᠷᠡᠭᠳᠡᠢ᠃
      ᠲᠦᠷᠪᠡᠳᠦᠬᠡᠷ ᠪᠦᠯᠦᠭ         ᠰᠠᠭ᠋ᠠᠳ ᠦᠬᠡᠢ ᠵᠢᠨ ᠨᠡᠶ᠋ᠢᠬᠡᠮ ᠲᠤᠭᠤᠷᠢᠭ᠎ᠤᠨ ᠦᠢ᠍ᠯᠡᠴᠢᠯᠡᠭᠡ
      ᠬᠤᠷᠢᠨ ᠨᠠᠢ᠍ᠮᠠᠳᠣᠭ᠋ᠠᠷ ᠵᠦᠢ᠍ᠯ       ᠨᠡᠶ᠋ᠢᠬᠡᠮ ᠲᠤᠭᠤᠷᠢᠭ᠎ᠤᠨ ᠤᠯᠠᠨ ᠨᠡᠶ᠋ᠢᠳᠡ ᠵᠢᠨ ᠦᠢ᠍ᠯᠡᠴᠢᠯᠡᠬᠡᠨ᠎ᠤ ᠪᠡᠯᠡᠳᠬᠡᠮᠵᠢ᠎ᠳᠤ ᠰᠠᠭ᠋ᠠᠳ ᠦᠬᠡᠢ ᠵᠢᠨ ᠦᠢ᠍ᠯᠡᠴᠢᠯᠡᠭᠡ ᠵᠢᠨ ᠦᠢ᠍ᠯᠡᠳᠦᠯ ᠴᠢᠳᠠᠮᠵᠢ ᠵᠢ ᠠᠯᠬᠤᠮ ᠠᠯᠬᠤᠮ ᠵᠶ᠋ᠠᠷ ᠲᠡᠭᠦᠯᠳᠡᠷᠵᠢᠬᠦᠯᠵᠦ᠂ ᠨᠡᠶ᠋ᠢᠬᠡᠮ ᠲᠤᠭᠤᠷᠢᠭ᠎ᠤᠨ ᠠᠵᠢᠯᠯᠠᠭ᠎ᠠ᠎ᠳᠤ ᠵᠡᠮᠳᠡᠭᠴᠦᠳ ᠵᠡᠷᠬᠡ ᠨᠡᠶ᠋ᠢᠬᠡᠮ᠎ᠤᠨ ᠪᠦᠷᠢᠯᠳᠦᠬᠦᠨ᠎ᠤ ᠤᠷᠤᠯᠴᠠᠬᠤ᠎ᠳᠤ ᠲᠦᠭᠦᠮ ᠦᠵᠡᠬᠦᠯᠬᠦ ᠬᠡᠷᠡᠭᠳᠡᠢ᠃
      ᠬᠤᠷᠢ ᠶᠢᠰᠦᠳᠦᠬᠡᠷ ᠵᠦᠢ᠍ᠯ       ᠡᠯ᠎ᠡ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠨᠢ ᠵᠢᠷᠤᠭ ᠪᠠ ᠦᠰᠦᠭ ᠪᠢᠴᠢᠭ᠎ᠲᠠᠢ ᠮᠡᠳᠡᠭᠡ ᠵᠠᠩᠬᠢ᠎ᠪᠠᠷ ᠲᠦᠭᠰᠢᠭᠦᠷᠢ ᠮᠡᠳᠡᠬᠡᠯᠡᠬᠦ᠂ ᠲᠠᠭᠤᠳᠠᠯᠭ᠎ᠠ ᠵᠢᠨ ᠴᠢᠳᠠᠪᠬᠢ᠎ᠪᠠᠷ ᠲᠦᠭᠰᠢᠭᠦᠷᠢ ᠮᠡᠳᠡᠬᠡᠯᠡᠬᠦ᠂ ᠡᠮᠴᠢᠯᠡᠬᠡᠨ᠎ᠤ ᠪᠠᠴᠢᠮ ᠠᠪᠤᠷᠠᠯᠳᠠ ᠬᠢᠬᠦ ᠵᠡᠷᠬᠡ ᠪᠠᠴᠢᠮ ᠶᠠᠭ᠋ᠠᠷᠠᠤ ᠲᠠᠭᠤᠳᠠᠯᠭ᠎ᠠ ᠵᠢᠨ ᠰᠢᠰᠲ᠋ᠧᠮ᠎ᠢ ᠪᠦᠷᠢᠳᠦᠭᠦᠯᠦᠭᠰᠡᠨ ᠪᠦᠳᠦᠬᠡᠨ ᠪᠠᠶ᠋ᠢᠭᠤᠯᠤᠯᠳᠠ᠎ᠪᠠᠨ ᠲᠡᠭᠦᠯᠳᠡᠷᠵᠢᠬᠦᠯᠵᠦ᠂ ᠰᠤᠨᠤᠷ ᠪᠠ ᠬᠡᠯᠡ᠎ᠨᠢ ᠰᠠᠭ᠋ᠠᠳ᠎ᠲᠠᠢ ᠭᠦᠮᠦᠰ᠎ᠲᠤ ᠲᠦᠭᠰᠢᠭᠦᠷᠢ ᠮᠡᠳᠡᠬᠡᠯᠡᠬᠦ᠂ ᠠᠪᠤᠷᠠᠯᠳᠠ ᠬᠢᠯᠬᠡᠬᠦ᠎ᠪᠠᠷ ᠲᠠᠭᠤᠳᠠᠬᠤ᠎ᠳᠤ ᠲᠦᠭᠦᠮ ᠦᠵᠡᠭᠦᠯᠬᠦ ᠬᠡᠷᠡᠭᠳᠡᠢ᠃
      ᠭᠤᠴᠢᠳᠤᠭ᠋ᠠᠷ ᠵᠦᠢ᠍ᠯ       ᠬᠤᠰᠢᠭᠤ ᠰᠢᠶᠠᠨ᠎ᠤ ᠱᠠᠳᠤᠨ᠎ᠠᠴᠠ ᠲᠡᠬᠡᠭᠰᠢᠬᠢ ᠠᠷᠠᠳ᠎ᠤᠨ ᠵᠠᠰᠠᠭ᠎ᠤᠨ ᠤᠷᠳᠤᠨ᠎ᠨᠢ ᠶᠠᠳᠠᠭᠤ ᠭᠦᠴᠢᠷᠳᠡᠯᠳᠡᠢ ᠵᠡᠮᠳᠡᠭᠴᠦᠳ᠎ᠤᠨ ᠬᠡᠷ ᠪᠦᠯᠢ ᠵᠢᠨ ᠰᠠᠭ᠋ᠠᠳ ᠦᠬᠡᠢ ᠵᠢᠨ ᠪᠡᠯᠡᠳᠬᠡᠮᠵᠢ ᠵᠢ᠎ᠨᠢ ᠦᠬᠡᠷᠡᠴᠢᠯᠡᠨ ᠰᠢᠨᠡᠳᠬᠡᠬᠦ ᠵᠢ ᠤᠯᠠᠨ ᠨᠡᠶ᠋ᠢᠳᠡ ᠵᠢᠨ ᠦᠨᠳᠦᠰᠦᠨ ᠦᠢ᠍ᠯᠡᠴᠢᠯᠡᠬᠡᠨ᠎ᠤ ᠬᠡᠪᠴᠢᠶᠡᠨ᠎ᠳᠤ ᠤᠷᠤᠭᠤᠯᠬᠤ ᠵᠢᠨ ᠬᠠᠮᠳᠤ ᠵᠤᠬᠢᠬᠤ ᠨᠦᠭᠦᠪᠦᠷᠢ ᠦᠭᠭᠦ ᠬᠡᠷᠡᠭᠳᠡᠢ᠃
      ᠭᠤᠴᠢᠨ ᠨᠢᠬᠡᠳᠦᠬᠡᠷ ᠵᠦᠢ᠍ᠯ       ᠲᠦᠷᠦ ᠵᠢᠨ ᠪᠠᠶ᠋ᠢᠭᠤᠯᠭ᠎ᠠ᠂ ᠨᠡᠶ᠋ᠢᠬᠡᠮ᠎ᠤᠨ ᠪᠦᠯᠭᠦᠮ ᠵᠢᠴᠢ ᠦᠨᠳᠦᠰᠦᠨ ᠱᠠᠳᠤᠨ᠎ᠤ ᠤᠯᠠᠨ ᠲᠦᠮᠡᠨ᠎ᠤ ᠦᠪᠡᠰᠦᠪᠡᠨ ᠵᠠᠰᠠᠬᠤ ᠵᠤᠬᠢᠶᠠᠨ ᠪᠠᠶ᠋ᠢᠭᠤᠯᠤᠯᠳᠠ ᠵᠡᠷᠬᠡ ᠰᠤᠩᠭᠤᠭᠤᠯᠢ ᠵᠢ ᠵᠤᠬᠢᠶᠠᠨ ᠪᠠᠶ᠋ᠢᠭᠤᠯᠬᠤ ᠨᠢᠬᠡᠴᠡ᠎ᠨᠢ ᠵᠡᠮᠳᠡᠭᠴᠦᠳ᠎ᠤᠨ ᠰᠤᠩᠭᠤᠭᠤᠯᠢ᠎ᠳᠤ ᠤᠷᠤᠯᠴᠠᠬᠤ᠎ᠳᠤ ᠲᠦᠭᠦᠮ ᠦᠵᠡᠬᠦᠯᠬᠦ ᠵᠢᠨ ᠬᠠᠮᠳᠤ᠂ ᠬᠡᠷᠡᠭᠴᠡᠭᠡ᠎ᠪᠠᠨ ᠦᠨᠳᠦᠰᠦᠯᠡᠨ ᠬᠠᠷᠠᠭ᠎ᠠ᠎ᠨᠢ ᠰᠠᠭ᠋ᠠᠳ᠎ᠲᠠᠢ ᠭᠦᠮᠦᠰ᠎ᠲᠤ ᠬᠠᠷᠠᠭ᠎ᠠ ᠠᠯᠳ᠋ᠬᠠᠰᠠᠳ᠎ᠤᠨ ᠲᠡᠮᠳᠡᠷᠢᠬᠦᠯ ᠦᠰᠦᠭ᠎ᠲᠠᠢ ᠰᠤᠩᠭᠤᠭᠤᠯᠢ ᠵᠢᠨ ᠪᠢᠯᠧᠲ ᠬᠠᠩᠭ᠋ᠠᠬᠤ ᠬᠡᠷᠡᠭᠳᠡᠢ᠃
      ᠲᠠᠪᠤᠳᠤᠭ᠋ᠠᠷ ᠪᠦᠯᠦᠭ       ᠬᠠᠤᠯᠢ ᠴᠠᠭ᠋ᠠᠵᠠ ᠵᠢᠨ ᠬᠠᠷᠢᠭᠤᠴᠠᠯᠭ᠎ᠠ
      ᠭᠤᠴᠢᠨ ᠬᠤᠶᠠᠳᠤᠭ᠋ᠠᠷ ᠵᠦᠢ᠍ᠯ       ᠲᠤᠰ ᠠᠷᠭ᠎ᠠ ᠵᠢᠨ ᠲᠤᠨᠨᠳᠠᠭ᠋ᠠᠯ᠎ᠢ ᠵᠦᠷᠢᠴᠡᠭᠰᠡᠨ ᠦᠢ᠍ᠯᠡ ᠠᠵᠢᠯᠯᠠᠭ᠎ᠠ᠎ᠳᠤ 《ᠪᠦᠭᠦᠳᠡ ᠨᠠᠶ᠋ᠢᠷᠠᠮᠳᠠᠬᠤ ᠲᠤᠮᠳᠠᠳᠤ ᠠᠷᠠᠳ ᠤᠯᠤᠰ᠎ᠤᠨ ᠵᠡᠮᠳᠡᠭᠴᠦᠳ᠎ᠤᠨ ᠪᠠᠳᠤᠯᠠᠭ᠎ᠠ ᠵᠢᠨ ᠬᠠᠤᠯᠢ》 《ᠰᠠᠭ᠋ᠠᠳ ᠦᠬᠡᠢ ᠤᠷᠴᠢᠨ ᠲᠤᠭᠤᠷᠢᠨ᠎ᠢ ᠪᠦᠳᠦᠬᠡᠨ ᠪᠠᠶ᠋ᠢᠭᠤᠯᠬᠤ ᠲᠦᠷᠢᠮ》 ᠵᠡᠷᠬᠡ ᠬᠠᠤᠯᠢ ᠴᠠᠭ᠋ᠠᠵᠠ᠂ ᠬᠠᠤᠯᠢ ᠲᠤᠨᠨᠳᠠᠭ᠋ᠠᠯ ᠵᠶ᠋ᠠᠷ ᠨᠢᠬᠡᠨᠳᠡ ᠪᠤᠳᠠᠳᠠᠢ ᠰᠢᠳᠬᠡᠨ ᠲᠤᠷᠭ᠋ᠠᠬᠤ ᠲᠤᠨᠨᠳᠠᠭ᠋ᠠᠯ ᠭᠠᠷᠭ᠋ᠠᠨᠨᠰᠠᠨ ᠪᠠᠶ᠋ᠢᠪᠠᠯ᠂ ᠲᠡᠷᠡ ᠬᠦ᠌ ᠲᠤᠨᠨᠳᠠᠭ᠋ᠠᠯ᠎ᠢ ᠵᠢᠷᠤᠮᠯᠠᠬᠤ ᠬᠡᠷᠡᠭᠳᠡᠢ᠃

      ᠭᠤᠴᠢᠨ ᠭᠤᠷᠪᠠᠳᠤᠭ᠋ᠠᠷ ᠵᠦᠢ᠍ᠯ       ᠲᠤᠰ ᠠᠷᠭ᠎ᠠ ᠵᠢᠨ ᠠᠷᠪᠠᠨ ᠵᠢᠷᠭᠤᠳᠤᠭ᠋ᠠᠷ ᠵᠦᠢ᠍ᠯ᠎ᠤᠨ ᠨᠢᠬᠡᠳᠦᠬᠡᠷ ᠵᠤᠷᠪᠤᠰ᠎ᠤᠨ ᠲᠤᠨᠨᠳᠠᠭ᠋ᠠᠯ᠎ᠢ ᠵᠦᠷᠢᠴᠡᠵᠦ᠂ ᠰᠠᠭ᠋ᠠᠳ ᠦᠬᠡᠢ ᠵᠢᠨ ᠪᠡᠯᠡᠳᠬᠡᠮᠵᠢ ᠵᠢ ᠡᠪᠳᠡᠨ ᠰᠦᠢ᠍ᠳᠬᠡᠭᠰᠡᠨ᠎ᠤ ᠬᠠᠮᠳᠤ᠂ ᠰᠠᠭ᠋ᠠᠳ ᠦᠬᠡᠢ ᠵᠢᠨ ᠪᠡᠯᠡᠳᠬᠡᠮᠵᠢ ᠬᠡᠷᠡᠭᠯᠡᠬᠦ ᠵᠢ ᠨᠦᠯᠦᠬᠡᠯᠡᠪᠡᠯ᠂ ᠲᠤᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠨᠢ  《ᠪᠦᠭᠦᠳᠡ ᠨᠠᠶ᠋ᠢᠷᠠᠮᠳᠠᠬᠤ ᠲᠤᠮᠳᠠᠳᠤ ᠠᠷᠠᠳ ᠤᠯᠤᠰ᠎ᠤᠨ ᠠᠮᠤᠷ᠎ᠢ ᠬᠠᠮᠠᠭ᠋ᠠᠯᠠᠬᠤ ᠬᠠᠮᠢᠶᠠᠷᠤᠯᠳᠠ ᠵᠢᠨ ᠰᠢᠳᠬᠡᠯ ᠲᠤᠷᠭ᠋ᠠᠭᠤᠯᠢ ᠵᠢᠨ ᠬᠠᠤᠯᠢ》 ᠵᠡᠷᠬᠡ ᠬᠠᠤᠯᠢ ᠴᠠᠭ᠋ᠠᠵᠠ᠂ ᠬᠠᠤᠯᠢ ᠲᠤᠨᠨᠳᠠᠭ᠋ᠠᠯ ᠶᠤᠰᠤᠭ᠋ᠠᠷ ᠰᠢᠳᠬᠡᠨ ᠲᠤᠷᠭ᠋ᠠᠬᠤ ᠬᠡᠷᠡᠭᠳᠡᠢ᠃ ᠰᠠᠭ᠋ᠠᠳ ᠦᠬᠡᠢ ᠵᠢᠨ ᠪᠡᠯᠡᠳᠬᠡᠮᠵᠢ ᠵᠢ ᠲᠤᠷ᠎ᠠ᠎ᠪᠠᠷ ᠡᠵᠡᠯᠡᠨ ᠬᠡᠷᠡᠭᠯᠡᠭᠰᠡᠨ ᠪᠤᠶᠤ ᠬᠡᠷᠡᠭᠴᠡᠭᠡ ᠵᠢ᠎ᠨᠢ ᠬᠤᠪᠢᠷᠠᠭᠤᠯᠤᠨᠨᠰᠠᠨ ᠪᠤᠯ᠂ ᠤᠷᠤᠨ ᠰᠠᠭᠤᠴᠠ ᠬᠤᠳᠠ ᠭᠦᠳᠡᠭᠡ ᠵᠢᠨ ᠪᠦᠳᠦᠬᠡᠨ ᠪᠠᠶ᠋ᠢᠭᠤᠯᠤᠯᠳᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ 《ᠪᠦᠳᠦᠬᠡᠨ ᠪᠠᠶ᠋ᠢᠭᠤᠯᠬᠤ ᠪᠠᠷᠢᠯᠭ᠎ᠠ ᠵᠢᠨ ᠶᠠᠰᠤ ᠴᠢᠨᠠᠷ᠎ᠤᠨ ᠬᠠᠮᠢᠶᠠᠷᠤᠯᠳᠠ ᠵᠢᠨ ᠲᠦᠷᠢᠮ》 ᠶᠤᠰᠤᠭ᠋ᠠᠷ ᠰᠢᠳᠬᠡᠨ ᠲᠤᠷᠭ᠋ᠠᠬᠤ ᠬᠡᠷᠡᠭᠳᠡᠢ᠃ ᠶᠠᠯ᠎ᠠ᠎ᠳᠤ ᠭᠦᠷᠦᠭᠰᠡᠨ ᠪᠤᠯ᠂ ᠬᠠᠤᠯᠢ ᠶᠤᠰᠤᠭ᠋ᠠᠷ ᠡᠷᠡᠭᠦᠦ ᠵᠢᠨ ᠬᠡᠷᠡᠭ᠎ᠤᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠃ ᠬᠡᠷᠡᠭᠯᠡᠭᠰᠡᠨ ᠭᠦᠮᠦᠨ᠎ᠤ ᠪᠡᠶ᠎ᠡ ᠮᠠᠬᠠᠪᠤᠳ᠂ ᠡᠳ᠋ ᠭᠦᠷᠦᠩᠬᠡ᠎ᠳᠤ ᠬᠤᠬᠢᠷᠠᠯ ᠤᠴᠠᠷᠠᠭᠤᠯᠤᠨᠨᠰᠠᠨ ᠪᠤᠯ᠂ ᠠᠵᠦ ᠠᠬᠤᠢ ᠵᠢᠨ ᠲᠦᠯᠦᠪᠦᠷᠢ ᠵᠢᠨ ᠬᠠᠷᠢᠭᠤᠴᠠᠯᠭ᠎ᠠ ᠵᠢ ᠵᠡᠷᠬᠡ᠎ᠳᠤᠨᠢ ᠡᠭᠦᠷᠬᠡᠯᠡᠬᠦᠯᠬᠦ ᠬᠡᠷᠡᠭᠳᠡᠢ᠃
      ᠭᠤᠴᠢᠨ ᠲᠦᠷᠪᠡᠳᠦᠬᠡᠷ ᠵᠦᠢ᠍ᠯ       ᠲᠤᠰ ᠠᠷᠭ᠎ᠠ ᠵᠢᠨ ᠬᠤᠷᠢᠳᠤᠭ᠋ᠠᠷ ᠵᠦᠢ᠍ᠯ᠎ᠤᠨ ᠬᠤᠶᠠᠳᠤᠭ᠋ᠠᠷ ᠵᠤᠷᠪᠤᠰ᠎ᠤᠨ ᠲᠤᠨᠨᠳᠠᠭ᠋ᠠᠯ᠎ᠢ ᠵᠦᠷᠢᠴᠡᠭᠰᠡᠨ ᠪᠤᠯ᠂ ᠦᠶ᠎ᠡ ᠮᠦᠴᠢ᠎ᠨᠢ ᠵᠡᠮᠳᠡᠭ ᠵᠢᠯᠤᠭᠤᠴᠢ ᠪᠤᠶᠤ ᠰᠠᠭᠤᠨᠨᠰᠠᠳ᠎ᠤᠨ ᠮᠠᠰᠢᠨᠳᠦ ᠲᠡᠷᠬᠡ᠎ᠠᠴᠠ ᠪᠤᠰᠤᠳ ᠮᠠᠰᠢᠨᠳᠦ ᠲᠡᠷᠬᠡ ᠰᠠᠭ᠋ᠠᠳ ᠦᠬᠡᠢ᠎ᠪᠠᠷ ᠲᠡᠷᠬᠡ ᠵᠤᠨᠨᠰᠤᠭ᠋ᠠᠬᠤ ᠤᠷᠤ ᠵᠢ ᠡᠵᠡᠯᠡᠵᠦ᠂ ᠦᠶ᠎ᠡ ᠮᠦᠴᠢ᠎ᠨᠢ ᠵᠡᠮᠳᠡᠭ ᠭᠦᠮᠦᠰ᠎ᠤᠨ ᠬᠡᠷᠡᠭᠯᠡᠬᠦ ᠵᠢ ᠨᠦᠯᠦᠬᠡᠯᠡᠭᠰᠡᠨ ᠪᠤᠯ᠂ ᠲᠤᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠳᠠ ᠵᠢᠨ ᠰᠠᠯᠠᠭ᠎ᠠ ᠮᠦᠴᠢᠷ᠎ᠠᠴᠠ ᠠᠯᠪᠠᠳᠠᠨ ᠵᠠᠯᠠᠷᠠᠭᠤᠯᠵᠦ᠂ ᠰᠡᠷᠡᠮᠵᠢᠯᠡᠬᠦᠯᠬᠦ ᠬᠡᠷᠡᠭᠳᠡᠢ; ᠵᠠᠯᠠᠷᠠᠭᠤᠯᠬᠤ ᠵᠢ ᠲᠡᠪᠴᠢᠭᠰᠡᠨ ᠪᠤᠯ᠂ 200 ᠲᠦᠭᠦᠷᠢᠭ ᠵᠤᠭᠤᠰ ᠵᠶ᠋ᠠᠷ ᠲᠤᠷᠭ᠋ᠠᠨ ᠰᠢᠳᠬᠡᠬᠦ ᠬᠡᠷᠡᠭᠳᠡᠢ᠃
      ᠭᠤᠴᠢᠨ ᠲᠠᠪᠤᠳᠤᠭ᠋ᠠᠷ ᠵᠦᠢ᠍ᠯ       ᠰᠠᠭ᠋ᠠᠳ ᠦᠬᠡᠢ ᠤᠷᠴᠢᠨ ᠲᠤᠭᠤᠷᠢᠨ᠎ᠤ ᠪᠦᠳᠦᠬᠡᠨ ᠪᠠᠶ᠋ᠢᠭᠤᠯᠤᠯᠳᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠤᠨ ᠠᠵᠢᠯᠳᠠᠳ᠎ᠨᠢ ᠲᠤᠰᠢᠶᠠᠯ᠎ᠤᠨ ᠡᠷᠬᠡ᠎ᠪᠠᠨ ᠲᠤᠷ᠎ᠠ᠎ᠪᠠᠷ ᠬᠡᠷᠡᠭᠯᠡᠵᠦ᠂ ᠡᠭᠦᠷᠬᠡ ᠲᠤᠰᠢᠶᠠᠯ᠎ᠳᠠᠭᠠᠨ ᠠᠯᠮᠠᠶ᠋ᠢᠷᠠᠨ ᠤᠰᠤᠯᠳᠠᠵᠦ᠂ ᠬᠤᠪᠢ ᠵᠢᠨ ᠨᠠᠶ᠋ᠢᠷ ᠬᠠᠷᠠᠵᠤ ᠬᠠᠤᠯᠢ ᠶᠣᠰᠣ ᠵᠢ ᠵᠦᠷᠢᠴᠡᠭᠰᠡᠨ ᠪᠤᠯ᠂ ᠬᠠᠤᠯᠢ ᠶᠤᠰᠤᠭ᠋ᠠᠷ ᠰᠢᠳᠬᠡᠯ ᠦᠭᠭᠦ ᠬᠡᠷᠡᠭᠳᠡᠢ; ᠶᠠᠯ᠎ᠠ᠎ᠳᠤ ᠭᠦᠷᠦᠭᠰᠡᠨ ᠪᠤᠯ᠂ ᠬᠠᠤᠯᠢ ᠶᠤᠰᠤᠭ᠋ᠠᠷ ᠡᠷᠡᠭᠦᠦ ᠵᠢᠨ ᠬᠡᠷᠡᠭ᠎ᠤᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠃
ᠵᠢᠷᠭᠤᠳᠤᠭ᠋ᠠᠷ ᠪᠦᠯᠦᠭ       ᠲᠠᠭ᠋ᠠᠯᠳᠤᠭᠤᠯᠤᠯ ᠲᠦᠷᠢᠮ
      ᠭᠤᠴᠢᠨ ᠵᠢᠷᠭᠤᠳᠤᠭ᠋ᠠᠷ ᠵᠦᠢ᠍ᠯ     ᠲᠤᠰ ᠠᠷᠭ᠎ᠠ ᠵᠢ 2018 ᠤᠨ᠎ᠤ 7 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠬᠦᠯᠦᠨ᠎ᠠ᠃ 2008 ᠤᠨ᠎ᠤ 4 ᠰᠠᠷ᠎ᠠ ᠵᠢᠨ 8᠎ᠤ ᠡᠳᠦᠷ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠨᠡᠶ᠋ᠢᠳᠡᠯᠡᠭᠰᠡᠨ 《ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠰᠠᠭ᠋ᠠᠳ ᠦᠬᠡᠢ ᠵᠢᠨ ᠪᠦᠳᠦᠬᠡᠨ ᠪᠠᠶ᠋ᠢᠭᠤᠯᠤᠯᠳᠠ ᠵᠢᠨ ᠬᠠᠮᠢᠶᠠᠷᠤᠯᠳᠠ ᠵᠢᠨ ᠠᠷᠭ᠎ᠠ》 (ᠦᠪᠦᠷ ᠮᠤᠩᠭᠤᠯ᠎ᠤᠨ ᠦᠪᠡᠷᠳᠡᠬᠡᠨ ᠵᠠᠰᠬᠠᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠵᠠᠷᠯᠢᠭ 156 ᠳ᠋ᠤᠭ᠋ᠠᠷ ᠲᠤᠭ᠋ᠠᠳᠤ) ᠵᠢ ᠵᠡᠷᠬᠡ᠎ᠳᠤᠨᠢ ᠭᠦᠴᠦᠨ ᠦᠬᠡᠢ ᠪᠤᠯᠭ᠋ᠠᠨ᠎ᠠ᠃
      ᠥᠪᠥᠷ ᠮᠤᠩᠭᠤᠯ᠎ᠤᠨ ᠥᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ 2018 ᠤᠨ᠎ᠤ 6 ᠰᠠᠷ᠎ᠠ ᠵᠢᠨ 8᠎ᠤ ᠡᠳᠥᠷ ᠲᠠᠷᠤᠮᠠᠯᠯᠠᠨ ᠲᠠᠷᠬᠠᠭ᠋ᠠᠪᠠ (ᠦᠪᠦᠷ ᠮᠣᠩᠭᠣᠯ᠎ᠤᠨ ᠦᠪᠡᠷᠲᠡᠭᠡᠨ ᠵᠠᠰᠠᠬᠣ ᠣᠷᠣᠨ᠎ᠤ ᠵᠠᠰᠠᠭ᠎ᠤᠨ ᠣᠷᠳᠣᠨ᠎ᠤ ᠰᠦᠯᠵᠢᠶ᠎ᠡ)  


ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠣ ᠣᠷᠣᠨ᠎ᠤ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯ ᠪᠣᠯᠬᠤ ᠣᠶ᠋ᠢᠵᠢᠭᠤᠯᠬᠤ ᠮᠣᠳᠣᠨ᠎ᠤ ᠲᠦᠷᠦᠯ᠎ᠤᠨ ᠦᠷ᠎ᠡ ᠵᠢᠨ ᠶᠠᠰᠤ ᠴᠢᠨᠠᠷ᠎ᠢ ᠳᠡᠰ ᠬᠤᠪᠢᠶᠠᠬᠤ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠮᠣᠳᠣᠨ᠎ᠤ ᠦᠷ᠎ᠡ ᠪᠠ ᠵᠤᠯᠵᠠᠭ᠎ᠠ ᠮᠣᠳᠣᠨ᠎ᠤ ᠲᠥᠷᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠬᠠᠤᠯᠢ》 ᠵᠢ ᠬᠡᠷᠡᠭᠵᠢᠭᠦᠯᠬᠦ ᠠᠷᠭ᠎ᠠ
ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠣ ᠬᠠᠣᠯᠢ ᠵᠡᠷᠭᠡ 15 ᠪᠦᠯᠦᠭ ᠬᠠᠣᠯᠢ ᠵᠢᠨ ᠵᠠᠰᠠᠪᠣᠷᠢ ᠣᠷᠣᠭᠣᠯᠬᠣ ᠲᠥᠰᠦᠯ᠎ᠢ ᠠᠷᠠᠳ᠎ᠤᠨ ᠲᠥᠯᠦᠭᠡᠯᠡᠭᠴᠢᠳ᠎ᠤᠨ ᠪᠠᠢ᠌ᠩᠭᠣ ᠵᠢᠨ ᠬᠣᠷᠢᠶ᠎ᠠ᠎ᠳᠤ ᠬᠢᠨᠠᠨ ᠶᠠᠷᠢᠯᠴᠠᠭᠣᠯᠬᠣ᠎ᠪᠠᠷ ᠳᠡᠪᠰᠢᠭᠦᠯᠪᠡ
《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠷᠤᠨ ᠨᠤᠳᠤᠬ᠎ᠤᠨ ᠨᠡᠭᠦᠷᠡᠰᠦᠨ ᠠᠭᠤᠷᠬᠠᠢ ᠵᠢᠨ ᠬᠠᠮᠢᠶᠠᠷᠤᠯᠳᠠ ᠵᠢᠨ ᠲᠦᠷᠢᠮ》 ᠵᠡᠷᠭᠡ 7 ᠤᠷᠤᠨ ᠨᠤᠳᠤᠬ᠎ᠤᠨ ᠴᠢᠨᠠᠷᠳᠠᠢ ᠬᠠᠤᠯᠢ ᠲᠤᠭᠳᠠᠭ᠋ᠠᠯ᠎ᠢ ᠬᠦᠴᠦᠨ ᠦᠭᠡᠢ ᠪᠤᠯᠭ᠋ᠠᠬᠤ ᠲᠤᠬᠠᠢ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠲᠤᠬᠳᠠᠭ᠋ᠠᠯ
 
             蒙ICP备05000248号